ᠪᠦᠬᠦ ᠤᠷᠤᠨ ᠤ ᠤᠢ ᠰᠢᠭᠤᠢ ᠨᠤᠳᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠤᠨ ᠲᠧᠯᠧᠢᠰ ᠳ᠋ᠢᠶᠠᠩᠬᠤᠸᠠ ᠬᠤᠷᠠᠯ ᠬᠤᠷᠠᠯᠳᠤᠵᠠᠢ
ᠨᠡᠶᠢᠲᠡᠯᠡᠭᠰᠡᠨ ᠴᠠᠭ᠄
2019/2/26

     2 ᠳ᠋ᠤᠭᠠᠷ ᠰᠠᠷ᠎ᠠ ᠶᠢᠨ 25 ᠤ ᠡᠳᠦᠷ ᠤᠨ ᠦᠳᠡ ᠶᠢᠨ ᠡᠮᠤᠨ᠎ᠠ᠂ ᠪᠦᠬᠦ ᠤᠷᠤᠨ ᠤ ᠤᠢ ᠰᠢᠭᠤᠢ ᠨᠤᠳᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠤᠨ ᠲᠧᠯᠧᠢᠰ ᠳ᠋ᠢᠶᠠᠩᠬᠤᠸᠠ ᠬᠤᠷᠠᠯ ᠬᠤᠷᠠᠯᠳᠤᠵᠤ᠂ ᠨᠠᠮ ᠤᠨ ᠲᠦᠪ ᠬᠤᠷᠢᠶᠠᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠡᠯ᠎ᠠ ᠵᠦᠢᠯ ᠤᠨ ᠱᠠᠭᠠᠷᠳᠠᠯᠭ᠎ᠠ ᠶᠢ ᠬᠦᠨᠵᠡᠬᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠤᠷᠤᠨ ᠤ ᠤᠢ ᠰᠢᠭᠤᠢ ᠨᠤᠳᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠳᠤ ᠲᠤᠯᠭᠠᠷᠠᠵᠤ ᠪᠠᠶᠢᠭ᠎ᠠ ᠬᠦᠨᠳᠤ ᠰᠦᠷᠡᠬᠡᠢ ᠪᠠᠶᠢᠳᠠᠯ ᠢ ᠵᠠᠳᠠᠯᠵᠤ᠂ ᠤᠢ ᠰᠢᠭᠤᠢ ᠨᠤᠳᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠲᠠᠷᠠᠭᠠᠴᠢ ᠶᠢᠨ ᠠᠵᠢᠯ ᠢ ᠪᠠᠶᠢᠷᠢᠯᠠᠭᠤᠯᠪᠠ᠃
     ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠬᠦᠯᠡᠭᠴᠢ ᠮᠠ ᠰᠢᠦᠧᠠᠢ ᠵᠢᠶᠦ᠋ᠨ ᠬᠤᠷᠠᠯ ᠳᠤ ᠤᠷᠤᠯᠴᠠᠨ ᠶᠠᠷᠢᠶ᠎ᠠ ᠲᠠᠯᠪᠢᠵᠤ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠯᠢ ᠪᠢᠩ ᠷᠦᠩ ᠬᠤᠷᠠᠯ ᠡᠷᠬᠢᠯᠡᠪᠡ᠃
     ᠮᠠ ᠰᠢᠦᠧᠠᠢ ᠵᠢᠶᠦ᠋ᠨ ᠵᠢᠭᠠᠵᠤ ᠭᠠᠷᠭᠠᠭᠰᠠᠨ ᠨᠢ᠂ ᠤᠢ ᠰᠢᠭᠤᠢ ᠨᠤᠳᠤᠭ ᠪᠡᠯᠴᠢᠭᠡᠷ ᠪᠤᠯ ᠮᠠᠨ ᠤ ᠤᠷᠤᠨ ᠤ ᠮᠠᠰᠢ ᠬᠤᠪᠤᠷ ᠨᠠᠨᠳᠢᠨ ᠰᠠᠭᠤᠷᠢ ᠴᠢᠨᠠᠷᠳᠡᠢ᠂ ᠪᠠᠶᠢᠯᠳᠤᠬᠤ ᠪᠤᠳᠤᠯᠭ᠎ᠠ ᠶᠢᠨ ᠴᠢᠨᠠᠷᠳᠡᠢ ᠠᠮᠢ ᠠᠬᠤᠢ ᠶᠢᠨ ᠡᠬᠢ ᠪᠠᠶᠠᠯᠢᠭ ᠪᠠᠶᠢᠵᠤ᠂ ᠤᠢ ᠰᠢᠭᠤᠢ ᠨᠤᠳᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠢ ᠰᠠᠶᠢᠳᠤᠷ ᠬᠢᠬᠦ ᠨᠢ᠂ ᠦᠪᠤᠷ ᠮᠤᠩᠭᠤᠯ ᠢ ᠮᠠᠨ ᠤ ᠤᠯᠤᠰ ᠤᠨ ᠤᠮᠠᠷᠠᠳᠤ ᠤᠷᠤᠨ ᠤ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠤᠯᠭᠠᠨ ᠪᠦᠳᠦᠭᠡᠨ ᠪᠠᠶᠢᠭᠤᠯᠬᠤ ᠶᠢᠨ ᠴᠢᠬᠤᠯᠠ ᠠᠭᠤᠯᠭ᠎ᠠ ᠪᠠᠶᠢᠵᠤ᠂ ᠠᠮᠢ ᠠᠬᠤᠢ ᠶᠢᠨ ᠠᠮᠤᠷ ᠲᠦᠪᠰᠢᠨ᠂ ᠤᠯᠠᠨ ᠲᠦᠮᠡᠨ ᠤ ᠠᠮᠤᠷ ᠠᠮᠤᠭᠤᠯᠠᠩ᠂ ᠨᠡᠶᠢᠭᠡᠮ ᠤᠨ ᠠᠮᠤᠷ ᠲᠤᠭᠳᠠᠭᠤᠨ ᠲᠠᠢ ᠬᠤᠯᠪᠤᠭᠳᠠᠵᠤ ᠪᠠᠶᠢᠳᠠᠭ᠃ ᠡᠷᠭᠡᠪᠰᠢ ︽ᠲᠦᠷᠪᠡᠨ ᠤᠬᠠᠮᠰᠠᠷ︾ ᠢᠶᠠᠨ ᠪᠠᠳᠤ ᠱᠤᠭᠤᠵᠤ᠂ ︽ᠬᠤᠶᠠᠷ ᠢ ᠡᠷᠡᠰ ᠬᠠᠮᠠᠭᠠᠯᠠᠬᠤ︾ ᠤᠯᠤᠰ ᠲᠦᠷᠦ ᠶᠢᠨ ᠦᠨᠳᠤᠷᠴᠡ ᠳᠤ ᠵᠤᠭᠰᠤᠵᠤ᠂ ᠶᠡᠷᠤᠩᠬᠡᠢ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠴᠢᠬᠤᠯᠠ ᠦᠬᠦᠯᠡᠯᠳᠡ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠪᠤᠯᠤᠨ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠳᠠᠯᠠᠵᠤ᠂ ᠠᠶᠤᠯ ᠲᠦᠭᠰᠢᠬᠦᠷᠢ ᠶᠢᠨ ᠤᠬᠠᠮᠰᠠᠷ ᠪᠠ ᠬᠠᠷᠢᠭᠤᠴᠠᠯᠭ᠎ᠠ ᠡᠬᠦᠷᠭᠡᠯᠡᠬᠦ ᠪᠠᠨ ᠴᠢᠩᠭᠠᠳᠬᠠᠵᠤ᠂ ᠡᠬᠦᠷᠭᠡ ᠴᠢᠳᠠᠪᠤᠷᠢ ᠶᠢᠨ ᠵᠤᠯᠭᠠᠯᠴᠠᠭ᠎ᠠ ᠶᠢ ᠰᠠᠶᠢᠳᠤᠷ ᠬᠢᠵᠤ᠂ ᠬᠦᠴᠦ ᠪᠠᠨ ᠬᠠᠮᠳᠤᠳᠬᠠᠨ ᠬᠠᠮᠵᠢᠯᠴᠠᠭ᠎ᠠ ᠶᠢ ᠵᠤᠬᠢᠴᠠᠭᠤᠯᠵᠤ᠂ ᠤᠬᠠᠭᠤᠯᠭ᠎ᠠ ᠬᠦᠮᠦᠵᠢᠯ᠂ ᠭᠡᠮ ᠰᠤᠭᠤᠭ ᠢ ᠪᠠᠶᠢᠴᠠᠭᠠᠠ ᠠᠷᠢᠯᠭᠠᠬᠤ᠂ ᠬᠢᠨᠡᠨ ᠬᠡᠮᠵᠢᠵᠤ ᠤᠷᠢᠳᠴᠢᠯᠠᠨ ᠰᠡᠷᠡᠮᠵᠢᠯᠡᠬᠦ᠂ ᠪᠠᠴᠢᠮ ᠪᠠᠶᠢᠳᠠᠯ ᠢ ᠠᠷᠭᠠᠴᠠᠭᠠᠵᠤ ᠰᠢᠢᠳᠪᠤᠷᠢᠯᠡᠬᠦ᠂ ᠪᠡᠯᠡ ᠤᠷᠤᠭᠤᠯᠤᠯᠳᠠ ᠶᠢ ᠪᠠᠳᠤᠯᠠᠬᠤ ᠵᠡᠷᠭᠡ ᠡᠯ᠎ᠠ ᠭᠤᠭᠴᠤᠭ᠎ᠠ ᠶᠢᠨ ᠡᠬᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠢ ᠰᠢᠭᠤᠢ ᠨᠤᠳᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠬᠦ ᠬᠡᠷᠡᠭᠳᠡᠢ ᠭᠡᠵᠡᠢ᠃
     ᠮᠠ ᠰᠢᠦᠧᠠᠢ ᠵᠢᠶᠦ᠋ᠨ ᠱᠠᠭᠠᠷᠳᠠᠭᠰᠠᠨ ᠨᠢ᠂ ᠦᠪᠡᠷᠳᠡᠭᠡᠨ ᠵᠠᠰᠠᠬᠤ ᠤᠷᠤᠨ ᠤ ᠭᠠᠯ ᠰᠡᠷᠭᠡᠶᠢᠯᠡᠵᠤ ᠭᠠᠯ ᠤᠨᠳᠠᠷᠠᠭᠠᠬᠤ ᠵᠢᠯᠤᠭᠤᠳᠬᠤ ᠭᠠᠵᠠᠷ ᠨᠢᠭᠡ ᠤᠳᠠᠭᠠᠨ ᠤ ᠪᠦᠬᠦ ᠤᠷᠤᠨ ᠤ ᠴᠢᠨᠠᠷᠳᠡᠢ ᠤᠢ ᠰᠢᠭᠤᠢ ᠨᠤᠳᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠤ ᠲᠦᠢᠮᠡᠷ ᠤᠨᠳᠠᠷᠠᠭᠠᠬᠤ ᠰᠢᠮᠳᠠᠭᠤᠯᠤᠨ ᠪᠠᠶᠢᠴᠠᠭᠠᠬᠤ ᠠᠵᠢᠯᠯᠠᠭ᠎ᠠ ᠶᠢ ᠲᠠᠷᠦ᠋ᠢᠬᠠᠨ ᠵᠤᠬᠢᠶᠠᠨ ᠪᠠᠶᠢᠭᠤᠯᠵᠤ ᠦᠷᠨᠢᠬᠦᠯᠤᠨ᠂ ᠬᠠᠪᠤᠷ ᠤᠨ ᠤᠯᠠᠷᠢᠯ ᠤᠨ ᠲᠦᠢᠮᠡᠷ ᠢ ᠰᠡᠷᠭᠡᠶᠢᠯᠡᠬᠦ ᠬᠤᠭᠤᠴᠠᠭᠠᠨ ᠳᠠᠬᠢ ᠦᠨᠳᠤᠷ ᠲᠠᠷᠤᠯᠳᠠᠳᠤ ᠪᠠᠶᠢᠳᠠᠯ ᠢ ᠪᠤᠢ ᠪᠤᠯᠭᠠᠵᠤ᠂ ᠤᠢ ᠰᠢᠭᠤᠢ ᠨᠤᠳᠤᠭ ᠪᠡᠯᠴᠢᠭᠡᠷ ᠤᠨ ᠲᠦᠢᠮᠡᠷ ᠤᠨ ᠭᠠᠮᠰᠢᠭ ᠡᠬᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠳᠡᠢ ᠭᠡᠵᠡᠢ᠃

ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ