ᠦᠢᠷ᠎ᠠ ᠶᠢᠨ ᠡᠳᠦᠷ᠂ ᠪᠦᠬᠦ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠦᠨᠡᠯᠡᠬᠦ | ᠬᠠᠮᠢᠶᠠᠷᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠪᠢᠴᠢᠭ ᠮᠠᠲ᠋ᠧᠷᠢᠶᠠᠯ | ᠪᠠᠭᠤᠯᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2018 ᠣᠨ ᠤ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠤᠨ ᠳᠠᠩᠰᠠᠯᠠᠯᠲᠠ ᠳᠤ ᠴᠣᠬᠤᠯᠠᠪᠤᠷᠢ ᠥᠭᠪᠡ᠃ ᠠᠯᠠᠱᠠ ᠠᠶᠢᠮᠠᠭ ᠤᠨ 3 ᠠᠵᠤ | ᠠᠬᠤᠶᠢᠯᠠᠯ ᠨᠢ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠦᠨᠡᠯᠡᠭᠳᠡᠵᠡᠢ᠂ ᠡᠭᠦᠨ ᠳᠤ᠂ | ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠤᠶᠠᠷ ᠠᠵᠤ ᠠᠬᠤᠶᠢᠯᠠᠯ ᠲᠣᠳᠣᠷᠠᠪᠠ᠂ ᠲᠣᠰ ᠲᠣᠰ ᠥᠪᠥᠷ | ᠮᠣᠩᠭᠤᠯ ᠤᠨ ᠴᠢᠩ ᠬᠤᠸᠠ ᠪᠦᠯᠦᠭᠯᠡᠯ ᠤᠨ ᠤᠰᠤᠲᠠᠢ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ | ᠺᠣᠮᠫᠠᠨᠢ᠂ ᠠᠯᠠᠱᠠ ᠳ᠋ᠠ ᠺᠠᠩ ᠭᠤᠷᠪᠠ ᠳᠥᠷᠪᠡ ᠾᠯᠤᠷᠤ᠋ ᠡᠲ᠋ᠧᠨ ᠤ ᠬᠢᠵᠠᠭᠠᠷᠲᠤ ᠺᠣᠮᠫᠠᠨᠢ ᠪᠣᠯᠣᠨ᠎ᠠ᠃ | ᠣᠶᠢᠷ᠎ᠠ ᠶᠢᠨ ᠵᠢᠯ ᠠᠴᠠ ᠨᠠᠭᠠᠰᠢ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠠᠴᠠ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠬᠦᠨᠳᠦᠳᠬᠡᠵᠦ᠂ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠬᠤ ᠠᠵᠢᠯ ᠢ ᠴᠢᠬᠤᠯᠠᠴᠢᠯᠠᠨ᠂ ︽ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ ᠠᠵᠤ ᠠᠬᠤᠶ ᠶᠢᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠲᠤᠬᠠᠶ ᠰᠠᠨᠠᠯ︾ ᠵᠡᠷᠭᠡ ᠠᠯᠢ ᠣᠯᠠᠨ ᠬᠠᠷᠠᠭᠠᠯᠵᠠᠯᠲᠤ | ᠲᠥᠷᠥ ᠶᠢᠨ ᠪᠣᠳᠣᠯᠭ᠎ᠠ ᠶᠢ ᠨᠡᠶᠢᠲᠡᠯᠡᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢ | ᠳᠡᠮᠵᠢᠭᠰᠡᠭᠡᠷ ᠢᠷᠡᠪᠡ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠦᠨᠡᠯᠡᠬᠦ ᠵᠢᠴᠢ ᠲᠤᠰᠬᠠᠶ ᠠᠰᠢᠭ ᠤᠨ | ᠪᠣᠯᠪᠠᠰᠤᠷᠠᠭᠤᠯᠤᠯ ᠤᠨ ᠠᠩᠭᠢ ᠶᠢ ᠢᠳᠡᠪᠬᠢᠲᠡᠶ ᠵᠣᠬᠢᠶᠠᠨ ᠪᠠᠶᠢᠭᠤᠯᠤᠨ ᠡᠷᠬᠢᠯᠡᠵᠦ᠂ ᠠᠵᠤ ᠠᠬᠤᠶᠢᠯᠠᠯ ᠤᠳ ᠲᠤ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠦᠨᠡᠯᠡᠬᠦ ᠨᠥᠬᠦᠴᠡᠯ ᠤᠨ ᠲᠠᠶᠢᠯᠤᠮᠵᠢ ᠬᠢᠪᠡ︔ ᠠᠵᠤ | ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ | ᠲᠦᠷᠦ ᠶᠢᠨ ᠪᠤᠳᠤᠯᠭ᠎ᠠ ᠶᠢ ᠤᠬᠠᠭᠤᠯᠪᠠ︔ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ | ᠠᠬᠤᠶᠢᠯᠠᠯ ᠤᠨ ᠡᠩᠨᠡᠭᠡ ᠶᠢ ᠪᠣᠶᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ | ᠠᠵᠤ ᠠᠬᠤᠶᠢᠯᠠᠯ ᠢ ᠢᠳᠡᠪᠬᠢᠲᠡᠶ ᠪᠠᠷ ᠬᠥᠮᠥᠷᠭᠡ ᠳᠤ ᠣᠷᠤᠭᠤᠯᠤᠨ ᠪᠣᠶᠢᠵᠢᠭᠤᠯᠬᠤ ᠶᠢ ᠵᠣᠬᠢᠶᠠᠨ ᠪᠠᠶᠢᠭᠤᠯᠵᠤ᠂ | ᠠᠵᠤ ᠠᠬᠤᠶᠢᠯᠠᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠭᠤᠶᠤᠴᠢᠯᠠᠨ ᠮᠡᠳᠡᠭᠦᠯᠬᠦ ᠵᠡᠷᠭᠡ ᠠᠯᠢ | ᠤᠯᠠᠨ ᠯᠠᠪᠳᠠᠭᠤᠨ ᠪᠠᠲᠤᠲᠠᠶ ᠦᠷ᠎ᠡ ᠪᠦᠲᠦᠮᠵᠢ ᠲᠠᠢ ᠠᠵᠢᠯᠯᠠᠬᠤ ᠶᠢ ᠬᠥᠲᠥᠯᠦᠨ ᠵᠢᠯᠣᠭᠤᠳᠪᠠ᠃ | ᠣᠳᠣᠬᠠᠨ ᠪᠣᠯᠲᠠᠯ᠎ᠠ᠂ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠢ ᠨᠡᠬᠡᠬᠡᠨ ᠬᠥᠭᠵᠢᠭᠦᠯᠬᠦ | ᠲᠣᠭᠤᠷᠢᠭ ᠤᠨ ᠮᠡᠷᠭᠡᠵᠢᠯ ᠤᠨ ᠠᠵᠤ ᠠᠬᠤᠶᠢᠯᠠᠯ ᠨᠢ ᠨᠢᠭᠡᠨᠲᠡ 12 ᠪᠣᠯᠵᠤ᠂ ᠡᠭᠦᠨ ᠤ ᠳᠣᠲᠣᠷ᠎ᠠ ᠳᠡᠭᠡᠳᠦ ᠰᠢᠨ᠎ᠡ | ᠮᠡᠷᠭᠡᠵᠢᠯ ᠤᠨ ᠲᠣᠭᠤᠷᠢᠭ ᠤᠨ ᠬᠢᠨ 9 ᠪᠠᠶᠢᠨ᠎ᠠ᠃ | |