ᠪᠢᠳᠡᠬᠦᠨ ᠤ ᠰᠦᠨᠢ᠂ ᠦᠯᠵᠡᠶᠢᠳᠦ ᠡᠳᠦᠷ ᠤᠨ ᠤᠯᠠᠨ ᠲᠦᠮᠡᠨ ᠤ ᠠᠵᠢᠯᠯᠠᠭ᠎ᠠ ᠶᠢᠨ ᠠᠮᠤᠷ ᠲᠦᠪᠰᠢᠨ ᠢ | ᠪᠠᠳᠣᠯᠠᠬᠤ ᠠᠵᠢᠯ ᠢ ᠰᠠᠶᠢᠳᠤᠷ ᠬᠢᠬᠦ ᠶᠢᠨ ᠲᠦᠯᠦᠭᠡ᠂ ᠬᠦᠬᠡᠬᠤᠳᠠ ᠣᠢᠢᠷ᠎ᠠ ᠳᠤ ᠳᠣᠰᠬᠠᠢ ᠬᠤᠷᠠᠯ ᠬᠢᠵᠦ 2019 | ᠤᠨ ᠤ ᠶᠡᠭᠡ ᠵᠤᠤ ᠰᠦᠮ᠎ᠠ ᠶᠢᠨ ᠲᠤᠭᠤᠷᠢᠬ ᠤᠨ ᠪᠢᠳᠡᠬᠦᠨ ᠤ ᠰᠦᠨᠢ᠂ ᠦᠯᠵᠡᠶᠢᠳᠦ ᠡᠳᠦᠷ ᠤᠨ ᠠᠮᠤᠷ | ᠲᠦᠪᠰᠢᠨ ᠢ ᠪᠠᠳᠣᠯᠠᠬᠤ ᠠᠵᠢᠯ ᠢ ᠪᠠᠶᠢᠷᠢᠯᠠᠭᠤᠯᠪᠠ᠃ | ᠬᠤᠷᠠᠯ ᠠᠴᠠ ᠱᠠᠭᠠᠷᠳᠠᠭᠰᠠᠨ ᠨᠢ᠂ 2019 ᠤᠨ ᠤ ᠢᠦᠢ ᠴᠢᠶᠤᠸᠠᠨ ᠲᠤᠭᠤᠷᠢᠬ ᠤᠨ ᠶᠡᠭᠡ ᠵᠤᠤ | ᠰᠦᠮ᠎ᠠ ᠶᠢᠨ ᠴᠤᠬᠯᠠᠭᠠᠨ ᠪᠤᠯᠤᠨ ᠴᠠᠭᠠᠨ ᠰᠠᠷ᠎ᠠ᠂ ᠦᠯᠵᠡᠶᠢᠳᠦ ᠡᠳᠦᠷ ᠤᠨ ᠪᠠᠶᠠᠷ ᠤᠨ ᠬᠤᠭᠤᠴᠠᠭᠠᠨ ᠤ ᠠᠮᠤᠷ ᠢ | ᠬᠠᠮᠠᠭᠠᠯᠠᠬᠤ᠂ ᠭᠠᠯ ᠰᠡᠷᠬᠡᠶᠢᠯᠡᠵᠦ ᠭᠠᠯ ᠤᠨᠳᠠᠷᠠᠭᠠᠬᠤ ᠵᠡᠷᠬᠡ ᠲᠠᠯ᠎ᠠ ᠶᠢᠨ ᠠᠵᠢᠯ ᠤᠨ ᠪᠠᠶᠢᠳᠠᠯ ᠤᠨ ᠬᠠᠷᠢᠭᠤ | ᠮᠡᠳᠡᠬᠦᠯᠦᠯᠳᠡ ᠶᠢ ᠰᠤᠨᠤᠰᠣᠭᠰᠠᠨ ᠤ ᠳᠠᠷᠠᠭ᠎ᠠ᠂ ᠡᠯ᠎ᠡ ᠪᠠᠶᠢᠭᠤᠯᠭ᠎ᠠ ᠲᠡᠭᠡᠳᠦ ᠬᠡᠮᠵᠢᠶ᠎ᠠ ᠪᠠᠷ ᠬᠦᠨᠳᠦᠳᠬᠡᠵᠦ᠂ ᠠᠮᠤᠷ | ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠰᠡᠳᠬᠢᠯ ᠢᠶᠠᠨ ᠨᠢᠬᠡᠳᠭᠡᠨ ᠬᠦᠴᠦᠨ ᠢᠶᠠᠨ ᠬᠠᠮᠳᠤᠳᠬᠠᠵᠤ | ᠡᠨᠡ ᠤᠳᠠᠭ᠎ᠠ ᠶᠢᠨ ᠠᠮᠤᠷ ᠢ ᠬᠠᠮᠠᠭᠠᠯᠠᠬᠤ ᠡᠬᠦᠷᠬᠡ ᠶᠢ ᠰᠠᠶᠢᠳᠤᠷ ᠪᠡᠶᠡᠯᠡᠬᠦᠯᠬᠦ ᠬᠡᠷᠡᠭᠳᠡᠢ᠃ ᠡᠯ᠎ᠡ ᠪᠠᠶᠢᠭᠤᠯᠭ᠎ᠠ | ᠠᠵᠢᠯ ᠤᠨ ᠡᠬᠦᠷᠬᠡ᠂ ᠠᠵᠢᠯ ᠤᠨ ᠬᠠᠷᠢᠭᠤᠴᠠᠯᠭ᠎ᠠ ᠪᠠᠨ ᠴᠢᠨᠠᠬᠰᠢᠳᠠ ᠲᠤᠳᠤᠷᠬᠠᠢᠢᠯᠠᠨ᠂ ᠠᠵᠢᠯ ᠤᠨ ᠪᠠᠶᠢᠷᠢ ᠶᠢᠨ | ᠵᠢᠵᠢᠬᠦᠷᠯᠡᠬᠦ ᠲᠦᠷᠢᠮ ᠢᠶᠠᠨ ᠴᠢᠩᠭᠠᠷᠠᠭᠤᠯᠬᠤ ᠬᠡᠷᠡᠭᠳᠡᠢ︔ ᠭᠤᠤᠯ ᠴᠤᠬᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ ᠠᠵᠢᠯ ᠤᠨ ᠠᠷᠭ᠎ᠠ ᠬᠡᠮᠵᠢᠶ᠎ᠠ ᠪᠠᠨ ᠨᠠᠷᠢᠯᠢᠬᠵᠢᠭᠤᠯᠤᠨ᠂ ᠠᠵᠢᠯ ᠤᠨ ᠲᠦᠰᠦᠯ ᠢ ᠰᠠᠶᠢᠳᠤᠷ | ᠬᠢᠬᠦ ᠶᠢᠨ ᠬᠠᠮᠳᠤ ᠠᠬᠤᠢ ᠲᠠᠯᠠᠪᠠᠢ ᠶᠢ ᠬᠠᠮᠢᠶᠠᠷᠤᠨ ᠡᠵᠡᠮᠳᠡᠬᠦ ᠪᠤᠯᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ | ᠰᠠᠶᠢᠳᠤᠷ ᠬᠢᠬᠦ ᠬᠡᠷᠡᠭᠳᠡᠢ︔ ᠠᠵᠢᠯ ᠤᠨ ᠲᠤᠮᠳᠠ ᠬᠦᠴᠦᠨ ᠢᠶᠠᠨ ᠬᠠᠮᠳᠤᠳᠬᠠᠵᠤ᠂ ᠵᠢᠯᠤᠭᠤᠳᠤᠯᠭ᠎ᠠ ᠲᠤᠬᠢᠷᠠᠭᠤᠯᠭ᠎ᠠ | ᠨᠢᠬᠡᠳᠦᠯᠳᠡᠢ ᠪᠠᠶᠢᠵᠤ᠂ ᠡᠯ᠎ᠡ ᠵᠦᠢᠯ ᠤᠨ ᠠᠵᠢᠯ ᠤᠨ ᠡᠮᠬᠢ ᠵᠢᠷᠣᠮ ᠲᠠᠢ ᠶᠠᠪᠤᠬᠳᠠᠬᠤ ᠶᠢ ᠪᠠᠳᠤᠯᠠᠵᠤ᠂ ᠤᠷᠤᠨ ᠤ | ᠲᠦᠪ ᠬᠤᠳᠠ ᠶᠢᠨ ᠤᠯᠠᠨ ᠲᠦᠮᠡᠨ ᠢ ᠠᠮᠤᠷ ᠲᠦᠪᠰᠢᠨ ᠡᠶ᠎ᠡ ᠨᠠᠶᠢᠷᠳᠠᠢ ᠪᠠᠷ ᠪᠠᠶᠠᠷ ᠤᠨ ᠡᠳᠦᠷ ᠢ ᠦᠩᠬᠡᠷᠡᠬᠦᠯᠬᠦ | ᠬᠡᠷᠡᠭᠳᠡᠢ ᠭᠡᠵᠡᠢ᠃ |