ᠡᠷᠢᠶᠡᠨ ᠬᠤᠲᠠ 2019 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ | ᠳᠠᠭᠠᠳᠬᠠᠯ ᠤᠨ ᠲᠥᠪᠯᠡᠷᠡᠭᠦᠯᠦᠨ ᠲᠠᠲᠠᠪᠤᠷᠢᠯᠠᠵᠤ ᠬᠤᠷᠢᠶᠠᠬᠤ ᠠᠵᠢᠯ ᠴᠦᠮ ᠳᠠᠭᠤᠰᠴᠠᠢ᠃ ᠲᠤᠭᠲᠠᠭᠰᠠᠨ | ᠰᠦᠢᠳᠬᠡᠯ ᠲᠤᠰᠢᠶᠠᠬᠤ ᠬᠤᠭᠤᠴᠠᠭᠠᠨ ᠳᠤ᠂ ᠨᠡᠶᠢᠲᠡ 20586 ᠰᠠᠭᠤᠭᠠᠯᠢ ᠠᠷᠠᠳ ᠳᠠᠭᠠᠳᠬᠠᠯ ᠳᠤ ᠣᠷᠣᠯᠴᠠᠵᠤ | ᠰᠦᠢᠳᠬᠡᠯ ᠲᠤᠰᠢᠶᠠᠵᠠᠢ᠃ ᠡᠭᠦᠨ ᠳᠤ᠄ ᠨᠠᠰᠤᠨ ᠳᠤ ᠦᠯᠦ ᠬᠦᠷᠦᠭᠰᠡᠳ 9325 ᠬᠥᠮᠦᠨ᠂ ᠨᠠᠰᠤᠨ ᠳᠤ | ᠬᠦᠷᠦᠭᠰᠡᠨ 11261 ᠬᠥᠮᠦᠨ ᠪᠠᠶᠢᠨ᠎ᠠ᠃ | ᠨᠢᠭᠡ ᠳᠤ᠂ 2018 ᠤᠨ ᠤ 9 ᠳ᠋ᠦ᠋ᠭᠡᠷ ᠰᠠᠷ᠎ᠠ ᠳᠤ᠂ ᠭᠡᠷᠡᠯᠲᠦ ᠤᠳᠤ ᠰᠤᠮᠤᠨ ᠤ ᠵᠠᠰᠠᠭ ᠤᠨ ᠣᠷᠳᠣᠨ | 2019 ᠣᠨ ᠤ ᠭᠠᠴᠠᠭᠠᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ | ᠲᠤᠰᠢᠶᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠵᠢᠴᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ | ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠤᠳᠤᠯᠭ᠎ᠠ ᠶᠢᠨ ᠪᠣᠯᠪᠠᠰᠤᠷᠠᠭᠤᠯᠤᠯ ᠤᠨ ᠬᠤᠷᠠᠯ ᠬᠢᠪᠡ᠃ ᠭᠡᠷᠡᠯᠲᠦ | ᠤᠳᠤ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠣᠷ᠎ᠠ᠂ 5 ᠭᠠᠴᠠᠭᠠᠨ ᠤ | ︽ᠬᠤᠶᠠᠷ ᠵᠥᠪᠯᠡᠯ︾ ᠤᠨ ᠭᠡᠰᠢᠭᠦᠳ ᠤᠨ ᠰᠢᠷᠭᠠᠭᠤ ᠬᠠᠲᠠᠭᠤᠵᠢᠯᠲᠠᠶ ᠠᠵᠢᠯ ᠢᠶᠠᠷ ᠳᠠᠮᠵᠢᠭᠤᠯᠤᠨ᠂ 2019 | ᠣᠨ ᠳᠤ ᠤᠤᠯ ᠤᠨ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠳᠠᠭᠠᠳᠬᠠᠯ ᠳᠤ | ᠣᠷᠣᠯᠴᠠᠭᠰᠠᠨ ᠬᠦᠮᠦᠰ 100% ᠢᠶᠠᠷ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠪᠠ᠃ | ᠬᠤᠶᠠᠷ ᠲᠤ᠂ ᠬᠤᠲᠠ ᠶᠢᠨ ᠡᠮᠨᠡᠯᠭᠡ ᠶᠢᠨ ᠬᠤᠷᠢᠶ᠎ᠠ᠂ ᠬᠤᠲᠠ ᠶᠢᠨ ᠡᠮᠡᠭᠲᠡᠶᠢᠴᠦᠳ ᠨᠢᠯᠬᠠᠰ ᠤᠨ ᠡᠷᠡᠭᠦᠯ | ᠮᠡᠨᠳᠦ ᠶᠢᠨ ᠬᠤᠷᠢᠶ᠎ᠠ᠂ ᠤᠯᠠᠨ ᠤᠯᠤᠰ ᠤᠨ ᠵᠢᠭᠤᠯᠴᠢᠯᠠᠯ ᠤᠨ ᠡᠷᠡᠭᠦᠯ ᠬᠠᠮᠠᠭᠠᠯᠠᠯ ᠡᠷᠡᠭᠦᠯᠵᠢᠯ ᠤᠨ ᠲᠥᠪ ᠨᠢ | 2018 ᠣᠨ ᠤ ᠰᠠᠭᠤᠭᠠᠯᠢ ᠠᠷᠠᠳ ᠤᠨ ᠪᠡᠶ᠎ᠡ ᠪᠠᠶᠢᠴᠠᠭᠠᠬᠤ ᠪᠠᠶᠢᠴᠠᠭᠠᠯᠲᠠ ᠶᠢ ᠳᠠᠭᠠᠭᠠᠴᠢᠯᠠᠬᠤ ᠨᠢᠭᠡᠴᠢ ᠶᠢᠨ | ᠪᠢᠴᠢᠭᠡᠰᠦ ᠡᠯᠭᠦᠵᠦ᠂ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠲᠤ ᠲᠣᠭᠲᠠᠭᠠᠭᠰᠠᠨ ᠬᠤᠭᠤᠴᠠᠭᠠᠨ | ᠳᠤ ᠪᠠᠨ 2019 ᠣᠨ ᠤ ᠳᠠᠭᠠᠳᠬᠠᠯ ᠤᠨ ᠰᠦᠢᠳᠬᠡᠯ ᠢᠶᠠᠨ ᠲᠤᠰᠢᠶᠠᠬᠤ ᠶᠢ ᠰᠠᠨᠠᠭᠤᠯᠵᠠᠢ᠃ | ᠭᠤᠷᠪᠠ ᠳᠤ᠂ ᠡᠷᠢᠶᠡᠨ ᠬᠤᠲᠠ ᠶᠢᠨ ᠲᠧᠯᠸᠢᠰ ᠬᠤᠷᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠶᠢᠨ | ᠲᠤᠪᠴᠢᠶ᠎ᠠ ᠶᠢᠨ ᠸᠢᠴᠠᠲ ᠤᠨ ᠤᠯᠠᠨ ᠨᠡᠶᠢᠲᠡ ᠶᠢᠨ ᠨᠤᠮᠧᠷ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠢ | ᠠᠰᠢᠭᠯᠠᠨ᠂ ᠰᠦᠢᠳᠬᠡᠯ ᠲᠤᠰᠢᠶᠠᠬᠤ ᠮᠡᠳᠡᠭᠳᠡᠯ ᠨᠡᠶᠢᠲᠡᠯᠡᠵᠦ᠂ ᠰᠠᠭᠤᠭᠠᠯᠢ ᠠᠷᠠᠳ ᠲᠤᠭᠲᠠᠭᠰᠠᠨ ᠬᠤᠭᠤᠴᠠᠭᠠᠨ ᠳᠤ | ᠳᠠᠭᠠᠳᠬᠠᠯ ᠳᠤ ᠤᠷᠤᠯᠴᠠᠵᠤ ᠰᠦᠢᠳᠬᠡᠯ ᠲᠤᠰᠢᠶᠠᠬᠤ ᠶᠢ ᠰᠠᠨᠠᠭᠤᠯᠵᠠᠢ᠃ | ᠲᠦᠷᠪᠡ ᠳᠤ᠂ 2018 ᠣᠨ ᠳᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠰᠠᠭᠤᠭᠠᠯᠢ | ᠠᠷᠠᠳ ᠤᠨ ᠡᠭᠡ ᠲᠠᠩᠰᠠ ᠲᠠᠢ ᠠᠳᠠᠯᠢᠳᠬᠠᠬᠤ ᠪᠠᠷ ᠳᠠᠮᠵᠢᠭᠤᠯᠤᠨ᠂ ᠪᠠᠶᠢᠴᠠᠭᠠᠵᠤ᠂ 2018 ᠣᠨ ᠳᠤ | ᠳᠠᠭᠠᠳᠬᠠᠯ ᠳᠤ ᠣᠷᠣᠯᠴᠠᠭᠰᠠᠨ ᠪᠣᠯᠪᠠᠴᠤ 2019 ᠣᠨ ᠳᠤ ᠵᠠᠷᠤᠳᠠᠯ ᠲᠤᠰᠢᠶᠠᠭᠠᠳᠤᠢ 1800 ᠭᠠᠷᠤᠢ | ᠳᠠᠭᠠᠳᠬᠠᠯ ᠳᠤ ᠤᠷᠤᠯᠴᠠᠭᠰᠠᠨ ᠰᠠᠭᠤᠭᠠᠯᠢ ᠠᠷᠠᠳ ᠢ ᠪᠠᠶᠢᠴᠠᠭᠠᠵᠤ ᠭᠠᠷᠭᠠᠭᠠᠳ᠂ ᠠᠵᠢᠯᠯᠠᠬᠤ ᠴᠠᠭ ᠢ ᠠᠰᠢᠭᠯᠠᠨ | ᠳᠤᠭᠤᠶᠢᠯᠠᠩ ᠬᠤᠪᠢᠶᠠᠨ ᠤᠲᠠᠰᠤ ᠪᠠᠷ ᠳᠠᠭᠠᠳᠬᠠᠯ ᠳᠤ ᠤᠷᠤᠯᠴᠠᠭᠰᠠᠨ ᠰᠠᠭᠤᠭᠠᠯᠢ ᠠᠷᠠᠳ ᠲᠤ 2019 ᠤᠨ ᠤ | ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢᠶᠠᠨ ᠲᠤᠰᠢᠶᠠᠬᠤ ᠶᠢ ᠨᠢᠭᠡᠳ ᠨᠢᠭᠡ ᠪᠠᠷ ᠮᠡᠳᠡᠭᠳᠡᠵᠡᠢ᠃ ᠨᠢᠭᠡ | ᠪᠦᠯᠦᠭ ᠤᠲᠠᠰᠤᠨ ᠨᠣᠮᠧᠷ ᠨᠢ ᠬᠤᠪᠢᠷᠠᠭᠰᠠᠨ᠂ ᠮᠠᠰᠢᠨ ᠨᠢ ᠵᠤᠭᠰᠤᠭᠰᠠᠨ ᠵᠡᠷᠭᠡ ᠰᠢᠯᠲᠠᠭᠠᠨ ᠠᠴᠠ ᠪᠣᠯᠵᠣ | ᠬᠠᠷᠢᠯᠴᠠᠵᠤ ᠳᠡᠶᠢᠯᠬᠦ ᠦᠭᠡᠢ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠯᠤᠭ᠎ᠠ ᠰᠠᠨᠠᠭᠠᠴᠢᠯᠠᠭ᠎ᠠ ᠠᠴᠠ ᠪᠠᠨ | ᠬᠤᠲᠠ ᠶᠢᠨ ᠰᠢᠯᠵᠢᠮᠡᠯ ᠬᠤᠯᠪᠤᠭ᠎ᠠ᠂ ᠬᠠᠮᠲᠤᠷᠠᠭᠰᠠᠨ ᠬᠤᠯᠪᠤᠭ᠎ᠠ᠂ ᠴᠠᠬᠢᠯᠭᠠᠨ ᠬᠤᠯᠪᠣᠭᠠᠨ ᠤ ᠰᠠᠯᠠᠭ᠎ᠠ ᠮᠦᠴᠢᠷ | ᠲᠠᠢ ᠬᠠᠷᠢᠯᠴᠠᠵᠤ ᠪᠠᠶᠢᠭᠠᠳ᠂ ᠳᠡᠭᠡᠷ᠎ᠡ ᠳᠤᠷᠠᠳᠤᠭᠰᠠᠨ ᠰᠠᠯᠠᠭ᠎ᠠ ᠮᠥᠴᠢᠷ ᠤᠨ ᠬᠠᠪᠰᠤᠷᠤᠯᠭ᠎ᠠ ᠳᠣᠤᠷ᠎ᠠ ᠴᠦᠮ | ᠬᠤᠯᠪᠣᠭ᠎ᠠ ᠠᠪᠴᠦ᠂ 2019 ᠣᠨ ᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠰᠦᠢᠳᠬᠡᠯ ᠲᠤᠰᠢᠶᠠᠬᠤ | ᠠᠵᠢᠯ ᠢ ᠤᠷᠤᠭᠰᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠪᠠ᠃ |