ᠣᠳᠣᠬᠠᠨ ᠳᠤ᠂ ᠥᠪᠥᠷ ᠮᠣᠩᠭᠤᠯ ᠤᠨ ᠲᠡᠯᠡᠦᠠ ᠠᠵᠤ ᠠᠬᠤᠶ ᠶᠢᠨ ᠨᠡᠬᠡᠬᠡᠯᠲᠡ ᠶᠢᠨ ᠣᠷᠣᠨ ᠨᠢ | ᠬᠦᠷᠢᠶᠡᠯᠡᠩ ᠲᠣᠭᠤᠷᠢᠭ ᠤᠨ ᠤᠶᠤᠨᠲᠤ ᠴᠠᠬᠢᠯᠭᠠᠨ ᠬᠡᠷᠡᠭᠯᠡᠬᠦ ᠲᠠᠪᠴᠠᠩ ᠤᠨ ᠲᠤᠷᠰᠢᠯᠲᠠ ᠶᠢᠨ ᠴᠡᠭ ᠤᠨ ᠪᠥᠲᠥᠭᠡᠨ | ᠪᠠᠶᠢᠭᠤᠯᠤᠯᠲᠠ ᠶᠢ ᠡᠬᠢᠯᠡᠭᠦᠯᠵᠦ᠂ ᠰᠢᠩ ᠬᠤᠢ᠂ ᠮᠧᠩ ᠲᠠᠢ᠂ ᠵᠦᠩ ᠰᠢᠤᠸᠠᠨ᠂ ᠢ ᠯᠢ ᠴᠡᠪᠡᠷ ᠡᠨᠧᠷᠭᠢ᠂ ᠰᠢᠨ | ᠢ ᠲᠡᠮᠦᠷᠯᠢᠭ ᠪᠣᠯᠪᠠᠰᠤᠷᠠᠭᠤᠯᠬᠤ ᠵᠡᠷᠭᠡ 8 ᠠᠵᠤ ᠠᠬᠤᠶᠢᠯᠠᠯ ᠢ ᠤᠶᠤᠨᠲᠤ ᠴᠠᠬᠢᠯᠭᠠᠨ ᠬᠡᠷᠡᠭᠯᠡᠬᠦ ᠲᠠᠪᠴᠠᠩ ᠳᠤ | ᠵᠠᠯᠭᠠᠨ ᠣᠷᠤᠭᠤᠯᠪᠠ᠃ ᠲᠣᠰ ᠲᠠᠪᠴᠠᠩ ᠨᠢ ᠴᠠᠬᠢᠯᠭᠠᠨ ᠡᠨᠧᠷᠭᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ | ᠬᠠᠳᠠᠭᠠᠯᠠᠬᠤ᠂ ᠬᠠᠮᠢᠶᠠᠷᠬᠤ ᠪᠠ ᠪᠦᠲᠦᠮᠵᠢᠲᠡᠶ ᠠᠰᠢᠭᠯᠠᠬᠤ ᠶᠢ ᠪᠦᠷᠢᠨᠰᠢᠭᠦᠯᠵᠦ᠂ ᠬᠦᠷᠢᠶᠡᠯᠡᠩ ᠲᠣᠭᠤᠷᠢᠭ ᠤᠨ ᠳᠡᠰ | ᠳᠠᠪᠬᠤᠷᠭ᠎ᠠ ᠠᠴᠠ ᠴᠠᠬᠢᠯᠭᠠᠨ ᠡᠨᠧᠷᠭᠢ ᠶᠢᠨ ᠰᠢᠰᠲ᠋ᠧᠮ ᠳᠤ ᠳᠠᠷᠬᠠᠶ ᠡᠵᠡᠮᠰᠢᠯ ᠪᠠ ᠨᠢᠭᠡ ᠴᠣᠭᠴᠠᠵᠢᠭᠤᠯᠬᠤ | ᠬᠠᠮᠢᠶᠠᠷᠤᠯᠲᠠ ᠶᠢ ᠪᠡᠶᠡᠯᠡᠭᠦᠯᠵᠦ ᠴᠢᠳᠠᠨ᠎ᠠ︔ ᠬᠠᠮᠢᠶᠠᠷᠤᠯᠲᠠ ᠶᠢᠨ ᠭᠤᠭᠴᠤᠭ᠎ᠠ ᠶᠢ ᠪᠠᠭᠠᠰᠬᠠᠵᠤ᠂ | ᠬᠠᠮᠢᠶᠠᠷᠤᠯᠲᠠ ᠶᠢᠨ ᠶᠠᠪᠤᠴᠠ ᠶᠢ ᠰᠢᠯᠢᠳᠡᠭᠵᠢᠭᠦᠯᠦᠨ᠂ ᠴᠠᠬᠢᠯᠭᠠᠨ ᠡᠨᠧᠷᠭᠢ ᠶᠢᠨ ᠬᠤᠷᠣᠭᠳᠠᠯ ᠢ ᠪᠤᠰᠤᠳᠴᠢ ᠪᠠᠷ | ᠦᠨᠡᠯᠡᠬᠦ ᠰᠢᠰᠲ᠋ᠧᠮᠵᠢ ᠶᠢ ᠪᠠᠶᠢᠭᠤᠯᠤᠨ᠎ᠠ︔ ᠴᠠᠬᠢᠯᠭᠠᠨ ᠡᠨᠧᠷᠭᠢ ᠶᠢᠨ ᠰᠢᠰᠲ᠋ᠧᠮ ᠤᠨ ᠠᠵᠢᠯᠯᠠᠭᠠᠨ ᠤ ᠥᠪᠡᠷ ᠤᠨ | ᠦᠷᠳᠡᠭ ᠢ ᠪᠠᠭᠤᠷᠠᠭᠤᠯᠵᠤ᠂ ᠬᠥᠳᠡᠯᠮᠦᠷᠢ ᠦᠢᠯᠡᠳᠪᠦᠷᠢᠯᠡᠯ ᠤᠨ ᠦᠷ᠎ᠡ ᠪᠦᠲᠦᠭᠡᠯ ᠢ ᠳᠡᠭᠡᠭᠰᠢᠯᠡᠭᠦᠯᠦᠨ᠎ᠡ︔ | ᠰᠢᠰᠲ᠋ᠧᠮ ᠤᠨ ᠭᠡᠮᠲᠦᠯ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠦᠢᠯᠡᠳᠪᠦᠷᠢ ᠶᠢᠨ ᠴᠢᠨᠠᠷᠲᠠᠶ | ᠴᠠᠬᠢᠯᠭᠠᠨ ᠬᠡᠷᠡᠭᠯᠡᠬᠦ ᠠᠳᠡᠯ ᠳᠠᠬᠢ ᠲᠤᠰᠬᠠᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ︔ ᠥᠨᠳᠥᠷ ᠪᠦᠲᠦᠮᠵᠢᠲᠦ | ᠬᠠᠮᠵᠢᠯᠴᠠᠨ ᠬᠠᠮᠢᠶᠠᠷᠴᠤ ᠡᠵᠡᠮᠳᠡᠬᠦ ᠴᠢᠳᠠᠪᠤᠷᠢ ᠨᠢ ᠬᠠᠮᠢᠶ᠎ᠠ ᠪᠦᠬᠦᠢ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠠᠬᠢ ᠠᠵᠤ ᠠᠬᠤᠶᠢᠯᠠᠯ ᠤᠨ ᠴᠠᠬᠢᠯᠭᠠᠨ ᠡᠨᠧᠷᠭᠢ᠂ ᠠᠵᠤ | ᠠᠬᠤᠶ ᠶᠢᠨ ᠠᠵᠢᠯᠯᠠᠭᠠᠨ ᠳᠤ ᠰᠢᠢᠳᠪᠦᠷᠢᠲᠦ ᠪᠤᠳᠤᠯᠭ᠎ᠠ ᠶᠢᠨ ᠳᠡᠮᠵᠢᠯᠭᠡ ᠦᠵᠡᠭᠦᠯᠦᠨ᠎ᠡ᠃ | ᠬᠦᠷᠢᠶᠡᠯᠡᠩ ᠲᠣᠭᠤᠷᠢᠭ ᠤᠨ ᠤᠶᠤᠨᠲᠤ ᠴᠠᠬᠢᠯᠭᠠᠨ ᠬᠡᠷᠡᠭᠯᠡᠬᠦ ᠲᠠᠪᠴᠠᠩ ᠨᠢ ᠲᠡᠷᠢᠭᠦᠨ ᠤ ᠮᠡᠳᠡᠭᠡ | ᠵᠠᠩᠬᠢᠴᠢᠯᠠᠯᠲᠠ ᠶᠢᠨ ᠠᠷᠭ᠎ᠠ ᠬᠡᠮᠵᠢᠶ᠎ᠡ ᠪᠠᠷ ᠳᠠᠮᠵᠢᠨ ᠬᠦᠷᠢᠶᠡᠯᠡᠩ ᠲᠣᠭᠤᠷᠢᠭ ᠤᠨ ᠴᠠᠬᠢᠯᠭᠠᠨ ᠬᠤᠷᠣᠭᠳᠠᠯ ᠢ | ᠰᠦᠯᠵᠢᠶᠡᠨ ᠳᠡᠭᠡᠷ᠎ᠡ ᠬᠢᠨᠠᠵᠤ ᠬᠡᠮᠵᠢᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠬᠦᠷᠢᠶᠡᠯᠡᠩ | ᠲᠣᠭᠤᠷᠢᠭ ᠤᠨ ᠡᠯ᠎ᠡ ᠰᠠᠯᠠᠭ᠎ᠠ ᠮᠥᠴᠢᠷ ᠢ ᠬᠠᠮᠵᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠶᠡᠷᠦᠩᠬᠡᠶ | ᠴᠠᠬᠢᠯᠭᠠᠨ ᠬᠡᠷᠡᠭᠯᠡᠬᠦ ᠬᠠᠨᠳᠤᠰᠢ ᠪᠠ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠪᠦᠬᠦ ᠲᠠᠯ᠎ᠠ ᠪᠠᠷ ᠡᠵᠡᠮᠰᠢᠵᠦ᠂ | ᠴᠠᠬᠢᠯᠭᠠᠨ ᠡᠨᠧᠷᠭᠢ ᠶᠢ ᠰᠢᠯᠢᠳᠡᠭᠵᠢᠭᠦᠯᠦᠨ ᠲᠡᠩᠴᠡᠭᠦᠷᠢᠰᠢᠭᠦᠯᠬᠦ ᠶᠢ ᠰᠠᠶᠢᠵᠢᠷᠠᠭᠤᠯᠵᠦ᠂ ᠰᠢᠰᠲ᠋ᠧᠮ ᠤᠨ | ᠴᠢᠨᠠᠷᠲᠠᠶ ᠪᠠᠷ ᠡᠨᠧᠷᠭᠢ ᠠᠷᠪᠢᠯᠠᠨ ᠬᠤᠷᠣᠭᠳᠠᠯ ᠢ ᠪᠠᠭᠠᠰᠬᠠᠵᠦ᠂ ᠬᠦᠷᠢᠶᠡᠯᠡᠩ ᠲᠣᠭᠤᠷᠢᠭ ᠤᠨ ᠥᠪᠡᠷ ᠤᠨ | ᠥᠷᠲᠡᠭ ᠢ ᠤᠯᠠᠮ ᠨᠢᠭᠡ ᠠᠯᠬᠤᠮ ᠪᠠᠭᠤᠷᠠᠭᠤᠯᠬᠤ ᠳᠤ ᠦᠢᠯᠡᠴᠢᠯᠡᠨ᠂ ᠬᠦᠷᠢᠶᠡᠯᠡᠩ ᠲᠣᠭᠤᠷᠢᠭ ᠤᠨ ᠡᠨᠧᠷᠭᠢ | ᠠᠷᠪᠢᠯᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠡᠨᠧᠷᠭᠢ ᠠᠷᠪᠢᠯᠠᠬᠤ ᠠᠵᠢᠯ ᠢ ᠬᠢᠨᠠᠨ | ᠪᠠᠶᠢᠴᠠᠭᠠᠬᠤ ᠬᠢᠷᠢ ᠲᠥᠪᠰᠢᠨ ᠢ ᠴᠢᠩᠭᠠᠷᠠᠭᠤᠯᠵᠤ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠨ ᠮᠡᠳᠡᠭᠡ ᠵᠠᠩᠬᠢᠴᠢᠯᠠᠭᠰᠠᠨ ᠠᠵᠢᠯ ᠤᠨ ᠬᠢᠷᠢ ᠲᠥᠪᠰᠢᠨ ᠢ ᠳᠡᠭᠡᠭᠰᠢᠯᠡᠭᠦᠯᠵᠦ᠂ | ᠬᠦᠷᠢᠶᠡᠯᠡᠩ ᠲᠣᠭᠤᠷᠢᠭ ᠤᠨ ᠲᠣᠭᠲᠠᠭᠤᠨ᠂ ᠲᠥᠷᠭᠡᠨ᠂ ᠦᠷᠭᠦᠯᠵᠢᠯᠡᠬᠦ ᠬᠥᠭᠵᠢᠯᠲᠡ ᠶᠢ ᠠᠬᠢᠭᠤᠯᠤᠨ᠎ᠠ᠃ | ᠬᠤᠶᠢᠰᠢᠳᠠ ᠶᠢᠨ ᠬᠡᠳᠦᠨ ᠵᠢᠯ ᠳᠤ᠂ ᠨᠡᠬᠡᠬᠡᠯᠲᠡ ᠶᠢᠨ ᠣᠷᠣᠨ ᠤ ᠣᠷᠣᠨ ᠪᠠᠶᠢᠷᠢ ᠶᠢᠨ ᠳᠠᠪᠠᠭᠤᠯᠢᠭ ᠲᠠᠯ᠎ᠠ᠂ | ᠨᠢᠭᠡᠨᠲᠡ ᠪᠣᠢ ᠪᠣᠯᠣᠭᠰᠠᠨ ᠠᠵᠤ ᠦᠢᠯᠡᠰ ᠤᠨ ᠬᠡᠪᠴᠢᠶᠡᠵᠢᠯ᠂ ᠤᠳᠤ ᠪᠠᠶᠢᠭ᠎ᠠ ᠠᠵᠤ ᠦᠢᠯᠡᠰ ᠤᠨ ᠨᠥᠬᠦᠴᠡᠯ | ᠪᠣᠯᠤᠨ ᠤᠳᠤ ᠦᠶ᠎ᠡ ᠶᠢᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠦᠵᠦᠭᠦᠷᠯᠢᠭ ᠣᠶᠤᠨᠴᠢ | ᠡᠨᠧᠷᠭᠢ ᠶᠢᠨ ᠰᠤᠷᠪᠤᠯᠵᠢ ᠶᠢᠨ ᠲᠤᠷᠰᠢᠯᠲᠠ ᠶᠢᠨ ᠴᠡᠭ ᠢ ᠪᠦᠲᠦᠭᠡᠨ ᠪᠠᠶᠢᠭᠤᠯᠬᠤ ᠲᠠᠢ ᠤᠶᠠᠯᠳᠤᠭᠤᠯᠤᠨ ᠠᠵᠤ | ᠠᠬᠤᠶᠢᠯᠠᠯ ᠤᠳ ᠲᠤ ᠨᠡᠭᠦᠷᠡᠰᠦ᠂ ᠳᠤᠯᠠᠭᠠᠯᠠᠭ᠎ᠠ᠂ ᠢᠯᠴᠢ᠂ ᠤᠰᠤ᠂ ᠴᠠᠬᠢᠯᠭᠠᠨ᠂ ᠬᠡᠢ ᠵᠡᠷᠭᠡ ᠣᠶᠤᠨᠴᠢ | ᠡᠨᠧᠷᠭᠢ ᠶᠢᠨ ᠰᠤᠷᠪᠤᠯᠵᠢ ᠶᠢᠨ ᠪᠦᠬᠦ ᠲᠠᠯ᠎ᠠ ᠶᠢᠨ ᠦᠵᠦᠭᠦᠷᠯᠢᠭ ᠨᠡᠶᠢᠭᠡᠮᠴᠢᠯᠡᠭᠰᠡᠨ ᠦᠢᠯᠡᠴᠢᠯᠡᠭᠡ ᠶᠢ ᠬᠠᠩᠭᠠᠬᠤ | ᠪᠣᠯᠣᠨ᠎ᠠ᠃ |