3 ᠳ᠋ᠤᠭᠠᠷ ᠰᠠᠷ᠎ᠠ ᠶᠢᠨ 18 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠤᠷᠢᠶᠠᠨ ᠤ | ᠡᠷᠬᠢᠯᠡᠭᠴᠢ ᠯᠢ ᠵᠢᠢ ᠾᠧᠩ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠯᠤᠰ ᠤᠨ ᠠᠮᠤᠷ | ᠲᠦᠪᠰᠢᠨ ᠤ ᠬᠤᠷᠢᠶᠠᠨ ᠤ ᠠᠩᠬᠠᠳᠤᠭᠠᠷ ᠬᠤᠷᠠᠯ ᠢ ᠡᠷᠬᠢᠯᠡᠨ ᠬᠤᠷᠠᠯᠳᠤᠭᠤᠯᠤᠭᠰᠠᠨ ᠪᠦᠭᠡᠳ ᠶᠠᠷᠢᠶ᠎ᠡ ᠲᠠᠯᠪᠢᠪᠠ᠃ | ᠲᠡᠷᠨ ᠴᠢᠬᠤᠯᠠᠴᠢᠯᠠᠭᠰᠠᠨ ᠨᠢ᠂ ᠤᠯᠤᠰ ᠤᠨ ᠶᠡᠷᠤᠩᠭᠡᠢ ᠠᠮᠤᠷ ᠲᠦᠪᠰᠢᠨ ᠤ ᠦᠵᠡᠯᠳᠠ ᠶᠢ ᠡᠷᠡᠰ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭᠠᠳᠤ ᠤᠬᠠᠮᠰᠠᠷ ᠪᠠᠴᠢᠮ ᠲᠤᠯᠭᠠᠮ | ᠰᠡᠳᠬᠢᠯᠭᠡ ᠪᠠᠨ ᠤᠯᠠᠮ ᠴᠢᠨᠠᠬᠰᠢᠳᠠ ᠴᠢᠩᠭᠠᠳᠬᠠᠵᠤ᠂ ᠮᠠᠨ ᠤ ᠤᠷᠤᠨ ᠤ ᠤᠯᠤᠰ ᠤᠨ ᠠᠮᠤᠷ ᠲᠦᠪᠰᠢᠨ ᠤ ᠡᠯ᠎ᠡ | ᠵᠦᠢᠯ ᠤᠨ ᠠᠵᠢᠯ ᠢ ᠯᠠᠪᠳᠠᠭᠤᠨ ᠪᠦᠭᠡᠳ ᠡᠷᠴᠢᠮᠳᠠᠢ ᠰᠠᠶᠢᠲᠤᠷ ᠬᠢᠵᠤ᠂ ᠦᠵᠡᠰᠬᠦᠯᠠᠩᠳᠤ ᠰᠠᠶᠢᠬᠠᠨ ᠦᠪᠦᠷ | ᠮᠤᠩᠭᠤᠯ ᠢ ᠪᠦᠳᠦᠭᠡᠨ ᠪᠠᠶᠢᠭᠤᠯᠬᠤ ᠳᠤ ᠬᠦᠴᠤᠳᠠᠢ ᠠᠮᠤᠷ ᠲᠦᠪᠰᠢᠨ ᠤ ᠪᠠᠳᠤᠯᠠᠭ᠎ᠠ ᠬᠠᠨᠭ᠍ᠭᠠᠬᠤ ᠭᠡᠷᠡᠭᠳᠠᠢ ᠭᠡᠵᠡᠢ᠃ | ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ | ᠤᠯᠤᠰ ᠤᠨ ᠠᠮᠤᠷ ᠲᠦᠪᠰᠢᠨ ᠤ ᠬᠤᠷᠢᠶᠠᠨ ᠤ ᠲᠡᠳ᠋ ᠡᠷᠬᠢᠯᠡᠭᠴᠢ ᠪᠦ᠋ ᠰᠢᠶᠤᠤ ᠯᠢᠨ ᠬᠤᠷᠠᠯ ᠳᠤ ᠤᠷᠤᠯᠴᠠᠵᠠᠢ᠃ | ᠬᠤᠷᠠᠯ ᠠᠴᠠ ᠵᠢᠭᠠᠭᠰᠠᠨ ᠨᠢ᠂ ᠶᠡᠷᠤᠩᠭᠡᠢ ᠱᠦᠵᠢ ᠰᠢ ᠶᠢᠨ ᠫᠢᠩ ᠤᠨ ᠲᠤᠷᠠᠳᠤᠬᠰᠡᠨ ᠤᠯᠤᠰ ᠤᠨ | ᠶᠡᠷᠤᠩᠭᠡᠢ ᠠᠮᠤᠷ ᠲᠦᠪᠰᠢᠨ ᠤ ᠦᠵᠡᠯᠳᠠ ᠪᠤᠯ ᠤᠯᠤᠰ ᠤᠨ ᠠᠮᠤᠷ ᠲᠦᠪᠰᠢᠨ ᠤ ᠤᠨᠤᠯ ᠤᠨ ᠴᠢᠬᠤᠯᠠ ᠶᠡᠭᠡ | ᠰᠢᠨ᠎ᠡ ᠡᠬᠦᠳᠦᠯᠳᠠ ᠮᠦᠨ᠂ ᠪᠢᠳᠠᠨ ᠤ ᠤᠯᠤᠰ ᠤᠨ ᠲᠤᠳᠤᠭᠠᠳᠤ ᠭᠠᠳᠠᠭᠠᠳᠦ ᠶᠢᠨ ᠠᠮᠤᠷ ᠲᠦᠪᠰᠢᠨ ᠤ | ᠦᠷᠢᠰᠦᠯᠳᠦᠭᠡᠨ ᠢ ᠨᠡᠩ ᠰᠠᠶᠢᠲᠤᠷ ᠠᠷᠭᠠᠴᠠᠭᠠᠵᠤ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠠᠮᠤᠷ | ᠲᠤᠬᠳᠠᠭᠤᠨ ᠢ ᠬᠠᠮᠠᠭᠠᠯᠠᠬᠤ ᠳᠤ ᠬᠦᠴᠦᠷᠭᠡᠭ ᠶᠡᠭᠡ ᠦᠵᠡᠯ ᠰᠠᠨᠠᠭᠠᠨ ᠤ ᠵᠡᠪᠰᠡᠭ ᠪᠠ ᠰᠢᠨᠵᠢᠯᠡᠬᠦ ᠤᠬᠠᠭᠠᠨᠴᠢ | ᠠᠵᠢᠯᠯᠠᠭᠠᠨ ᠤ ᠵᠦᠭᠯᠡᠬᠦᠷ ᠬᠠᠨᠭ᠍ᠭᠠᠪᠠ᠃ ᠪᠢᠳᠠ ᠡᠷᠬᠡᠪᠰᠢ ᠬᠦᠨᠵᠡᠭᠡᠢ ᠰᠤᠷᠤᠯᠴᠠᠨ ᠤᠶᠢᠯᠠᠭᠠᠵᠤ᠂ ᠤᠯᠤᠰ ᠤᠨ | ᠶᠡᠷᠤᠩᠭᠡᠢ ᠠᠮᠤᠷ ᠲᠦᠪᠰᠢᠨ ᠤ ᠦᠵᠡᠯᠳᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ | ᠲᠠᠨᠢᠯᠳᠠ ᠪᠠᠨ ᠲᠡᠭᠡᠭᠰᠢᠯᠡᠬᠦᠯᠵᠤ᠂ ᠲᠦᠭᠰᠢᠬᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ | ᠰᠡᠳᠬᠢᠬᠦᠢ ᠶᠢ ᠪᠠᠷᠢᠮᠳᠠᠯᠠᠵᠤ᠂ ᠲᠠᠮᠠᠴᠡᠯ ᠤᠨ ᠵᠤᠷᠢᠭ ᠰᠠᠨᠠᠭ᠎ᠠ ᠪᠠᠨ ᠪᠠᠳᠤᠯᠠᠵᠤ᠂ ᠤᠯᠤᠰ ᠲᠦᠷᠦ ᠶᠢᠨ ᠠᠮᠤᠷ | ᠲᠦᠪᠰᠢᠨ ᠢ ᠬᠠᠮᠠᠭᠠᠯᠠᠬᠤ ᠶᠢ ᠲᠡᠷᠢᠬᠦᠨ ᠴᠢᠬᠤᠯᠠ ᠪᠠᠶᠢᠷᠢᠨ ᠳᠤ ᠲᠠᠯᠪᠢᠵᠤ᠂ ᠡᠯ᠎ᠡ ᠵᠦᠢᠯ ᠤᠨ ᠠᠶᠤᠯ | ᠲᠦᠭᠰᠢᠬᠦᠷᠢ ᠶᠢᠨ ᠬᠡᠮ ᠰᠤᠭᠤᠭ ᠢ ᠬᠦᠴᠦᠯᠠᠨ ᠰᠡᠷᠭᠡᠶᠢᠯᠡᠬᠦ ᠪᠠ ᠠᠷᠢᠯᠭᠠᠵᠤ᠂ ᠠᠮᠢ ᠠᠬᠤᠢ ᠶᠢᠨ ᠪᠤᠯᠪᠠᠰᠤᠨ ᠤ | ᠪᠠᠶᠢᠭᠤᠯᠤᠯᠲᠠ ᠶᠢ ᠪᠦᠬᠦ ᠲᠠᠯ᠎ᠡ ᠪᠠᠷ ᠴᠢᠩᠭᠠᠳᠬᠠᠵᠤ᠂ ᠠᠮᠦᠷ ᠠᠮᠤᠭᠤᠯᠠᠩ ᠦᠪᠦᠷ ᠮᠤᠩᠭᠤᠯ ᠤᠨ ᠪᠦᠳᠦᠭᠡᠨ | ᠪᠠᠶᠢᠭᠤᠯᠤᠯᠲᠠ ᠶᠢ ᠶᠡᠭᠡ ᠬᠦᠴᠦ ᠪᠠᠷ ᠠᠬᠢᠭᠤᠯᠵᠤ᠂ ᠠᠮᠤᠷ ᠲᠦᠪᠰᠢᠨ ᠤ ᠬᠡᠮ ᠰᠤᠭᠤᠭ ᠤᠨ ᠶᠡᠭᠡ ᠪᠠᠶᠢᠴᠠᠭᠠᠯᠲᠠ | ᠶᠡᠭᠡ ᠴᠡᠭᠴᠡᠯᠡᠨ ᠵᠠᠰᠠᠯᠳᠠ ᠶᠢᠨ ᠠᠵᠢᠯᠯᠠᠭ᠎ᠠ ᠶᠢ ᠬᠦᠨᠵᠡᠭᠡᠢ ᠦᠷᠨᠢᠬᠦᠯᠵᠤ᠂ ᠡᠯ᠎ᠡ ᠬᠦᠷᠢᠶᠠᠨ ᠳᠠᠬᠢ ᠠᠮᠤᠷ ᠲᠦᠪᠰᠢᠨ | ᠤ ᠠᠵᠢᠯ ᠢ ᠨᠢᠭᠡᠳᠦᠯᠳᠠᠢ ᠲᠦᠯᠦᠪᠵᠢᠬᠦᠯᠤᠨ ᠠᠬᠢᠭᠤᠯᠵᠤ᠂ ᠮᠠᠨ ᠤ ᠤᠷᠤᠨ ᠤ ᠤᠯᠤᠰ ᠤᠨ ᠠᠮᠤᠷ ᠲᠦᠪᠰᠢᠨ ᠤ | ᠠᠵᠢᠯ ᠤᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠨᠡᠭᠡᠭᠡᠨ ᠡᠬᠦᠳᠬᠦ ᠭᠡᠷᠡᠭᠳᠠᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠤᠨ ᠠᠮᠤᠷ ᠲᠦᠪᠰᠢᠨ ᠤ ᠠᠵᠢᠯ ᠤᠨ ᠵᠤᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠬᠤ ᠭᠡᠷᠡᠭᠳᠠᠢ᠃ ᠡᠯ᠎ᠡ ᠱᠠᠳᠤᠨ ᠤ ᠨᠠᠮ ᠤᠨ | ᠬᠤᠷᠢᠶ᠎ᠡ ︵ᠨᠠᠮ ᠤᠨ ᠤᠳᠤᠷᠢᠳᠬᠤ ᠳᠤᠭᠤᠶᠢᠯᠠᠩ︶ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠭᠤᠤᠯ | ᠴᠤᠬᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠱᠠᠳᠤᠨ ᠤ ᠨᠠᠮ ᠤᠨ ᠬᠤᠷᠢᠶ᠎ᠡ ︵ᠨᠠᠮ | ᠤᠨ ᠤᠳᠤᠷᠢᠳᠬᠤ ᠳᠤᠭᠤᠶᠢᠯᠠᠩ︶ ᠶᠢᠨ ᠱᠦᠵᠢ ᠲᠤᠰ ᠭᠠᠵᠠᠷ ᠤᠷᠤᠨ ᠲᠤᠰ ᠰᠠᠯᠠᠭ᠎ᠠ ᠮᠦᠴᠢᠷ ᠤᠨ ᠢᠶᠠᠨ ᠤᠯᠤᠰ | ᠤᠨ ᠠᠮᠤᠷ ᠲᠦᠪᠰᠢᠨ ᠢ ᠬᠠᠮᠠᠭᠠᠯᠠᠬᠤ ᠨᠢᠭᠡᠳᠦᠭᠡᠷ ᠬᠠᠷᠢᠭᠤᠴᠠᠯᠭᠠᠳᠠᠨ ᠤ ᠡᠭᠦᠷᠭᠡ ᠬᠠᠷᠢᠭᠤᠴᠠᠯᠭ᠎ᠠ ᠪᠠᠨ ᠨᠠᠷᠢᠨ | ᠬᠢᠨᠠᠮᠠᠭᠠᠢ ᠬᠦᠢᠴᠡᠳᠭᠡᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ | ᠤ ᠬᠤᠷᠢᠶ᠎ᠡ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠨᠢᠭᠡᠳᠦᠯᠳᠠᠢ ᠲᠦᠯᠦᠪᠵᠢᠬᠦᠯᠤᠨ ᠵᠤᠬᠢᠴᠠᠭᠤᠯᠬᠤ | ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠤᠯᠤᠰ ᠤᠨ ᠠᠮᠤᠷ ᠲᠦᠪᠰᠢᠨ ᠤ ᠬᠤᠷᠢᠶᠠᠨ ᠤ ᠠᠯᠪᠡᠨ ᠬᠡᠷ | ᠶᠡᠷᠦᠩᠬᠡᠶᠢᠯᠡᠨ ᠵᠤᠬᠢᠴᠠᠭᠤᠯᠬᠤ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠡᠯ᠎ᠡ ᠪᠦᠷᠢᠯᠳᠦᠬᠦᠨ ᠨᠢᠭᠡᠴᠢ ᠡᠭᠦᠷᠭᠡ | ᠬᠠᠷᠢᠭᠤᠴᠠᠯᠭ᠎ᠠ ᠪᠠᠨ ᠦᠨᠳᠦᠰᠦᠯᠡᠨ ᠲᠤᠰ ᠲᠤᠰ ᠤᠨ ᠠᠵᠢᠯ ᠢᠶᠠᠨ ᠰᠠᠶᠢᠲᠤᠷ ᠬᠢᠵᠤ᠂ ᠤᠯᠤᠰ ᠤᠨ ᠠᠮᠤᠷ | ᠲᠦᠪᠰᠢᠨ ᠤ ᠡᠯ᠎ᠡ ᠵᠦᠢᠯ ᠤᠨ ᠡᠬᠦᠷᠭᠡ ᠶᠢ ᠪᠤᠲᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠳᠤᠯᠠᠬᠤ ᠭᠡᠷᠡᠭᠳᠠᠢ | ᠭᠡᠵᠡᠢ᠃ | ᠬᠤᠷᠠᠯ ᠠᠴᠠ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠯᠤᠰ | ᠤᠨ ᠠᠮᠤᠷ ᠲᠦᠪᠰᠢᠨ ᠤ ᠬᠤᠷᠢᠶᠠᠨ ᠤ ᠠᠵᠢᠯ ᠤᠨ ᠲᠦᠷᠢᠮ︾᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠤᠷᠢᠶᠠᠨ ᠤ ᠠᠯᠪᠡᠨ ᠭᠡᠷ ᠤᠨ ᠠᠵᠢᠯ ᠤᠨ | ᠨᠠᠷᠢᠨ ᠲᠦᠷᠢᠮ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠦᠪᠯᠡᠵᠤ ᠪᠠᠳᠤᠯᠠᠨ᠂ ᠦᠪᠡᠷᠳᠡᠭᠡᠨ ᠵᠠᠰᠠᠬᠤ ᠤᠷᠤᠨ ᠤ | ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠤᠷᠢᠶᠠᠨ ᠤ 2019 ᠤᠨ ᠤ ᠠᠵᠢᠯ ᠤᠨ | ᠲᠤᠬᠢᠷᠠᠭᠤᠯᠤᠯᠳᠠ ᠶᠢᠨ ᠬᠠᠷᠢᠭᠤ ᠮᠡᠳᠡᠬᠦᠯᠦᠯᠳᠠ ᠶᠢ ᠰᠤᠨᠤᠰᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠤᠷᠢᠶᠠᠨ ᠤ | ᠪᠠᠶᠢᠩᠭᠤ ᠶᠢᠨ ᠭᠡᠰᠢᠬᠦᠨ᠂ ᠭᠡᠰᠢᠬᠦᠳ ᠬᠤᠷᠠᠯ ᠳᠤ ᠤᠷᠤᠯᠴᠠᠵᠤ᠂ ᠬᠤᠯᠪᠤᠬᠳᠠᠯ ᠪᠦᠬᠦᠢ ᠲᠠᠯ᠎ᠡ ᠶᠢᠨ | ᠬᠠᠷᠢᠭᠤᠴᠠᠯᠭᠠᠳᠠᠨ ᠨᠦᠬᠦᠳ ᠬᠤᠷᠠᠯ ᠳᠤ ᠰᠤᠯᠠ ᠤᠷᠤᠯᠴᠠᠵᠠᠢ᠃ |