| | | ᠦᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠶᠡᠭᠡ ᠳᠡᠭᠡᠳᠦ | ᠰᠤᠷᠭᠠᠭᠤᠯᠢ ᠶᠢᠨ ᠠᠵᠢᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | 2019 ᠣᠨ ᠤ ᠪᠦᠬᠦ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠬᠠᠷᠠᠭᠠᠨ ᠳᠠᠪᠲᠠᠮᠵᠢ ᠶᠢᠨ ᠬᠤᠷᠠᠯ ᠬᠢᠪᠡ᠃ | ᠬᠤᠷᠠᠯ ᠠᠴᠠ ᠣᠳᠣᠬᠠᠨ ᠤ ᠪᠦᠬᠦ ᠣᠷᠣᠨ ᠤ ᠰᠤᠷᠭᠠᠨ ᠬᠥᠮᠦᠵᠢᠯ ᠤᠨ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ | ᠪᠠᠶᠢᠳᠠᠯ ᠳᠤ ᠵᠠᠳᠠᠯᠤᠯᠲᠠ ᠬᠢᠵᠦ ᠰᠤᠳᠤᠯᠤᠨ ᠮᠠᠭᠠᠳᠯᠠᠵᠤ᠂ 2019 ᠣᠨ ᠤ ᠪᠦᠬᠦ ᠣᠷᠣᠨ ᠤ ᠰᠤᠷᠭᠠᠨ | ᠬᠥᠮᠦᠵᠢᠯ ᠤᠨ ᠥᠭᠡᠷᠡᠴᠢᠯᠡᠯᠲᠡ ᠪᠠ ᠬᠥᠭᠵᠢᠭᠦᠯᠦᠯᠲᠡ ᠶᠢ ᠲᠣᠭᠲᠠᠭᠤᠨ ᠪᠠᠶᠢᠯᠭᠠᠬᠤ ᠭᠤᠣᠯᠳᠠᠯᠭ᠎ᠠ ᠲᠠᠢ ᠡᠭᠦᠷᠭᠡ ᠶᠢ | ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ ᠳᠤᠷᠠᠳᠤᠭᠰᠠᠨ ᠨᠢ᠂ 2019 ᠣᠨ ᠳᠤ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ | 10 ︽ᠲᠥᠪᠯᠡᠷᠡᠯ︾ ᠢ ᠠᠬᠢᠭᠤᠯᠵᠤ ᠪᠠᠶᠢᠭᠠᠳ ᠰᠤᠷᠭᠠᠨ ᠬᠥᠮᠦᠵᠢᠯ ᠤᠨ ᠬᠥᠭᠵᠢᠯᠲᠡ ᠶᠢᠨ ᠳᠤᠲᠠᠭᠤᠳᠠᠯ ᠢ | ᠨᠥᠬᠦᠪᠥᠷᠢᠯᠡᠬᠦ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠪᠠᠲᠤ ᠰᠠᠶᠢᠲᠤᠷ ᠬᠢᠬᠦ ᠬᠡᠷᠡᠭᠲᠡᠢ᠃ ᠲᠦᠢᠯ ᠤᠨ | ᠣᠨᠣᠪᠴᠢᠲᠠᠢ ᠠᠷᠭ᠎ᠠ ᠪᠤᠳᠤᠯᠭ᠎ᠠ ᠬᠡᠷᠡᠭᠵᠢᠭᠦᠯᠦᠨ ᠰᠤᠷᠭᠠᠨ ᠬᠥᠮᠦᠵᠢᠯ ᠢᠶᠠᠷ ᠶᠠᠳᠠᠭᠤ ᠠᠴᠠ ᠠᠩᠭᠢᠵᠢᠷᠠᠭᠤᠯᠬᠤ ᠶᠢ | ᠲᠥᠯᠬᠢᠨ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠶᠤᠨ ᠲᠠᠷᠢᠬᠢ ᠪᠠᠨ ᠰᠠᠶᠢᠲᠤᠷ ᠬᠥᠳᠡᠯᠭᠡᠨ | ᠠᠯᠵᠠᠭᠤᠷᠠᠵᠤ ᠵᠠᠯᠬᠠᠭᠤᠷᠠᠯ ᠦᠭᠡᠢ ᠪᠠᠷ ᠰᠤᠷᠤᠯᠭ᠎ᠠ ᠠᠴᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ | ᠰᠤᠷᠤᠯᠴᠠᠭᠤᠯᠬᠤ ᠶᠢ ᠪᠠᠲᠤᠯᠠᠬᠤ ᠶᠢ ᠲᠦᠢᠯ ᠤᠨ ᠣᠨᠣᠪᠴᠢᠲᠠᠢ ᠪᠠᠷ ᠰᠠᠶᠢᠲᠤᠷ ᠠᠳᠬᠤᠵᠦ᠂ ᠰᠤᠷᠭᠠᠨ | ᠬᠥᠮᠦᠵᠢᠯ ᠢᠶᠠᠷ ᠶᠠᠳᠠᠭᠤ ᠠᠴᠠ ᠠᠩᠭᠢᠵᠢᠷᠠᠭᠤᠯᠬᠤ ︽ᠬᠠᠮ ᠨᠢᠳᠤᠷᠭ᠎ᠠ︾ ᠶᠢ ᠨᠢᠭᠡᠳᠦᠯᠲᠡᠶ ᠲᠥᠯᠥᠪᠵᠢᠭᠦᠯᠦᠨ | ᠬᠡᠷᠡᠭᠵᠢᠭᠦᠯᠬᠦ ᠬᠦᠴᠦᠨ ᠴᠢᠳᠠᠯ ᠢᠶᠠᠨ ᠨᠠᠩ ᠣᠨᠣᠪᠴᠢᠲᠠᠢ ᠪᠠᠶᠢᠯᠭᠠᠬᠤ ᠬᠡᠷᠡᠭᠲᠡᠶ︔ ᠰᠤᠷᠭᠠᠭᠤᠯᠢ ᠶᠢᠨ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢ ᠲᠦᠭᠡᠮᠡᠯ ᠬᠠᠷᠠᠭᠠᠯᠵᠠᠯ ᠲᠠᠢ ᠡᠷᠡᠭᠦᠯ ᠢᠶᠠᠷ ᠠᠬᠢᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ︽ᠲᠦᠭᠡᠮᠡᠯ ᠬᠠᠷᠠᠭᠠᠯᠵᠠᠯ ᠲᠠᠢ ᠠᠮᠤᠷ ᠲᠦᠪᠰᠢᠨ ᠴᠢᠨᠠᠷ ᠰᠠᠶᠢᠲᠠᠶ ᠪᠠᠶᠢᠬᠤ ᠶᠢ | ᠲᠦᠭᠡᠮᠡᠯᠵᠢᠭᠦᠯᠬᠦ︾ ᠬᠠᠷᠠᠯᠲᠠ ᠶᠢ ᠪᠠᠷᠢᠮᠲᠠᠯᠠᠨ᠂ ᠲᠦᠭᠡᠮᠡᠯ ᠬᠠᠷᠠᠭᠠᠯᠵᠠᠯ ᠬᠦᠷᠦᠯᠴᠡᠬᠦ ᠦᠭᠡᠢ ᠪᠠ ᠬᠢᠨᠠᠯᠲᠠ | ᠬᠠᠮᠢᠶᠠᠷᠤᠯᠲᠠ ᠬᠦᠷᠦᠯᠴᠡᠬᠦ ᠦᠭᠡᠢ ᠪᠠᠶᠢᠬᠤ ᠳᠤᠲᠠᠭᠤᠳᠠᠯ ᠢ ᠨᠥᠬᠦᠪᠥᠷᠢᠯᠡᠬᠦ ᠬᠡᠷᠡᠭᠲᠡᠢ︔ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠬᠥᠭᠵᠢᠯᠲᠡ ᠶᠢ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠲᠦᠯᠬᠢᠨ ᠠᠬᠢᠭᠤᠯᠬᠤ ᠳᠤ | ᠠᠩᠬᠠᠷᠣᠯ ᠢᠶᠠᠨ ᠲᠥᠪᠯᠡᠷᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ | ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠵᠦ᠂ ᠰᠤᠷᠭᠠᠭᠤᠯᠢ ᠡᠷᠬᠢᠯᠡᠬᠦ ᠨᠥᠬᠦᠴᠡᠯ ᠢ ᠦᠷᠭᠦᠯᠵᠢᠯᠡᠨ | ᠰᠠᠶᠢᠵᠢᠷᠠᠭᠤᠯᠵᠦ᠂ ᠰᠤᠷᠭᠠᠭᠤᠯᠢ ᠡᠷᠭᠢᠯᠡᠬᠦ ᠠᠵᠢᠯᠯᠠᠭᠠᠨ ᠢ ᠵᠢᠷᠤᠮᠵᠢᠭᠤᠯᠬᠤ ᠶᠢ ᠦᠷᠭᠦᠯᠵᠢᠯᠡᠨ ᠰᠠᠶᠢᠲᠤᠷ ᠠᠳᠬᠤᠬᠤ | ᠬᠡᠷᠡᠭᠲᠡᠢ︔ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢ | ᠴᠢᠨᠠᠷ ᠰᠠᠶᠢᠲᠠᠶ ᠪᠦᠭᠡᠳ ᠥᠪᠡᠷᠮᠢᠴᠡ ᠣᠨᠴᠠᠯᠢᠭ ᠲᠠᠢ ᠪᠠᠷ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠢ ᠲᠦᠭᠡᠮᠡᠯᠵᠢᠭᠦᠯᠬᠦ | ᠰᠢᠪᠲᠤᠯᠤᠯᠲᠠ ᠶᠢ ᠲᠦᠯᠬᠢᠨ ᠠᠬᠢᠭᠤᠯᠵᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠴᠢᠨᠠᠷ | ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠥᠷᠭᠡᠳᠬᠡᠵᠦ᠂ ᠰᠤᠷᠭᠠᠭᠤᠯᠢ ᠡᠷᠬᠢᠯᠡᠬᠦ | ᠨᠥᠬᠦᠴᠡᠯ ᠢ ᠰᠠᠶᠢᠵᠢᠷᠠᠭᠤᠯᠤᠨ᠂ ᠥᠪᠡᠷᠮᠢᠴᠡ ᠣᠨᠴᠠᠯᠢᠭᠲᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠪᠠᠨ ᠲᠥᠷᠭᠡᠳᠬᠡᠬᠦ ᠶᠢ ᠠᠬᠢᠭᠤᠯᠬᠤ ᠬᠡᠷᠡᠭᠲᠡᠢ︔ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢ ᠲᠥᠷᠥᠯ ᠬᠡᠯᠪᠡᠷᠢ ᠪᠠᠷ ᠨᠢ ᠬᠥᠭᠵᠢᠭᠦᠯᠦᠨ | ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠳᠪᠦᠷᠢᠯᠡᠯ ᠰᠤᠷᠭᠠᠨ ᠬᠦᠮᠦᠵᠢᠯ ᠤᠨ ᠠᠭᠤᠰᠤᠯᠴᠠᠯ᠂ | ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠬᠦᠮᠦᠵᠢᠯ ᠪᠣᠯᠪᠠᠰᠤᠷᠠᠭᠤᠯᠤᠯ ᠤᠨ ᠤᠶᠠᠯᠳᠤᠯ ᠢ | ᠭᠦᠨᠵᠡᠭᠡᠶᠢᠷᠡᠭᠦᠯᠵᠦ᠂ ︽ᠳᠤᠮᠳᠠᠳᠤ ᠤᠯᠤᠰ ᠤᠨ ᠣᠨᠴᠠᠯᠢᠭ ᠲᠠᠢ ᠥᠨᠳᠥᠷ ᠬᠢᠷᠢ ᠲᠦᠪᠰᠢᠨ ᠪᠦᠬᠦᠢ ᠳᠡᠭᠡᠳᠦ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠤᠨ ᠲᠤᠰᠬᠠᠶ ᠮᠡᠷᠭᠡᠵᠢᠯ ᠤᠨ ᠪᠦᠲᠦᠭᠡᠨ ᠪᠠᠶᠢᠭᠤᠯᠤᠯᠲᠠ ᠶᠢᠨ | ᠲᠥᠯᠥᠪᠯᠡᠭᠡ︾ ᠶᠢ ᠰᠠᠶᠢᠲᠤᠷ ᠬᠡᠷᠡᠭᠵᠢᠭᠦᠯᠵᠦ᠂ ︽1 + X︾ ᠦᠨᠡᠮᠯᠡᠯ ᠤᠨ ᠲᠦᠷᠢᠮ ᠤᠨ ᠲᠤᠷᠰᠢᠯᠲᠠ ᠶᠢᠨ | ᠴᠡᠭ ᠢ ᠲᠥᠯᠬᠢᠨ ᠠᠬᠢᠭᠤᠯᠬᠤ ᠬᠡᠷᠡᠭᠲᠡᠢ︔ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢ | ᠦᠢᠯᠡᠴᠢᠯᠡᠭᠡᠨ ᠤ ᠴᠢᠳᠠᠪᠤᠷᠢ ᠪᠣᠯᠣᠨ ︽ᠬᠤᠤᠰ ᠲᠡᠷᠢᠭᠦᠨ ᠲᠠᠰ︾ ᠤᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠩᠬᠢᠨᠢ ᠠᠩᠭᠢ ᠶᠢᠨ ᠰᠠᠭᠤᠷᠢ ᠶᠢ ᠪᠠᠬᠢᠵᠢᠭᠦᠯᠦᠨ᠂ ᠰᠢᠨ᠎ᠡ ᠶᠢ | ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ | ᠠᠪᠴᠢᠷᠠᠬᠤ ᠪᠠ ᠬᠥᠮᠦᠵᠢᠭᠦᠯᠬᠦ ᠪᠠᠨ ᠴᠢᠩᠭᠠᠳᠬᠠᠨ᠂ ᠰᠢᠯᠭᠠᠨ ᠥᠨᠡᠯᠡᠬᠦ ᠰᠢᠰᠲ᠋ᠧᠮᠵᠢ ᠶᠢᠨ ᠥᠭᠡᠷᠡᠴᠢᠯᠡᠯᠲᠡ ᠶᠢ | ᠲᠦᠯᠬᠢᠨ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠤᠨ | ᠠᠵᠢᠯ ᠢ ᠰᠠᠶᠢᠲᠤᠷ ᠠᠳᠬᠤᠬᠤ ᠬᠡᠷᠡᠭᠲᠡᠶ︔ ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠯᠲᠡ ᠶᠢ | ᠪᠠᠬᠢᠵᠢᠭᠦᠯᠦᠨ ᠳᠡᠭᠡᠭᠰᠢᠯᠡᠭᠦᠯᠵᠦ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠬᠥᠮᠦᠵᠢᠯ ᠢ ᠭᠦᠨᠵᠡᠭᠡᠶ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠪᠣᠯ ᠬᠠᠮᠲᠤ ᠶᠢᠨ ᠴᠣᠭᠴᠠ | ᠪᠣᠯᠬᠤ ᠦᠵᠡᠯ ᠰᠠᠨᠠᠭᠠᠨ ᠤ ᠰᠠᠭᠤᠷᠢ ᠶᠢ ᠪᠠᠲᠤ ᠪᠠᠬᠢ ᠪᠤᠢ ᠪᠣᠯᠭᠠᠵᠤ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ | ᠵᠢᠭᠠᠨ ᠰᠤᠷᠭᠠᠯᠲᠠ ᠶᠢᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ︔ ᠠᠷᠠᠳ ᠠᠴᠠ ᠡᠷᠬᠢᠯᠡᠬᠦ ᠰᠤᠷᠭᠠᠨ | ᠬᠥᠮᠦᠵᠢᠯ ᠤᠨ ᠬᠥᠭᠵᠢᠯᠲᠡ ᠶᠢ ᠵᠢᠷᠤᠮᠵᠢᠭᠤᠯᠤᠨ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠢᠮ ᠤᠨ | ᠵᠢᠷᠤᠮᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠭᠠᠭᠤᠯᠢ | ᠡᠷᠬᠢᠯᠡᠬᠦ ᠦᠢᠯᠡ ᠠᠵᠢᠯᠯᠠᠭ᠎ᠠ ᠶᠢ ᠴᠢᠩᠭ᠎ᠠ ᠵᠢᠷᠤᠮᠵᠢᠭᠤᠯᠬᠤ ᠬᠡᠷᠡᠭᠲᠡᠶ︔ ᠡᠬᠢ ᠪᠠᠶᠠᠯᠢᠭ ᠤᠨ ᠪᠠᠲᠤᠯᠠᠭ᠎ᠠ ᠪᠠᠷ | ᠣᠨᠴᠠᠭᠠᠶ ᠰᠤᠷᠭᠠᠨ ᠬᠥᠮᠦᠵᠢᠯ ᠤᠨ ᠬᠥᠭᠵᠢᠯᠲᠡ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠨᠴᠠᠭᠠᠶ | ᠰᠤᠷᠭᠠᠨ ᠬᠥᠮᠦᠵᠢᠯ ᠢ ᠳᠡᠭᠡᠭᠰᠢᠯᠡᠭᠦᠯᠬᠦ ᠲᠥᠯᠥᠪᠯᠡᠭᠡ ᠶᠢᠨ ᠬᠤᠶᠠᠳᠤᠭᠠᠷ ᠬᠤᠭᠤᠴᠠᠭᠠᠨ ᠤ ᠠᠵᠢᠯ ᠢ ᠦᠷᠭᠦᠯᠵᠢᠯᠡᠨ | ᠬᠡᠷᠡᠭᠵᠢᠭᠦᠯᠵᠦ᠂ ᠡᠩ ᠤᠨ ᠳᠤᠮᠳᠠᠳᠤ ᠪᠠᠭ᠎ᠠ ᠰᠤᠷᠭᠠᠭᠤᠯᠢ ᠶᠢᠨ ᠠᠩᠭᠢ ᠳᠠᠭᠠᠵᠤ ᠰᠤᠷᠤᠯᠴᠠᠬᠤ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ︔ ᠰᠢᠨ᠎ᠡ ᠪᠠᠷ ᠬᠥᠭᠵᠢᠭᠰᠡᠨ ᠬᠡᠷᠡᠭᠴᠡᠭᠡ ᠪᠠᠷ ᠦᠷᠭᠦᠯᠵᠢᠯᠡᠭᠰᠡᠨ ᠰᠤᠷᠭᠠᠨ | ᠬᠥᠮᠦᠵᠢᠯ ᠤᠨ ᠬᠥᠭᠵᠢᠯᠲᠡ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠬᠢᠭᠡᠳ ᠡᠩ ᠤᠨ ᠰᠤᠷᠭᠠᠨ ᠬᠥᠮᠦᠵᠢᠯ᠂ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠬᠢᠭᠡᠳ | ᠰᠤᠷᠤᠯᠭ᠎ᠠ ᠶᠢᠨ ᠨᠠᠮᠲᠠᠷ ᠤᠨ ᠪᠤᠰᠤ ᠰᠤᠷᠭᠠᠨ ᠬᠥᠮᠦᠵᠢᠯ᠂ ᠠᠵᠢᠯ ᠳᠤ ᠣᠷᠣᠬᠤ ᠠᠴᠠ ᠡᠮᠦᠨᠡᠬᠢ ᠰᠤᠷᠭᠠᠨ ᠬᠥᠮᠦᠵᠢᠯ | ᠬᠢᠭᠡᠳ ᠠᠵᠢᠯ ᠳᠤ ᠤᠷᠤᠭᠰᠠᠨ ᠤ ᠳᠠᠷᠠᠭᠠᠬᠢ ᠰᠤᠷᠭᠠᠨ ᠬᠥᠮᠦᠵᠢᠯ ᠤᠨ ᠠᠭᠤᠰᠤᠯᠴᠠᠨ ᠵᠣᠯᠭᠠᠬᠤ ᠶᠢ ᠲᠦᠯᠬᠢᠨ | ᠠᠬᠢᠭᠤᠯᠵᠤ᠂ ᠨᠠᠰᠤᠨ ᠲᠤᠷᠰᠢᠳᠠ ᠰᠤᠷᠤᠯᠴᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠬᠦ ᠬᠡᠷᠡᠭᠲᠡᠢ᠃ |