ᠮᠡᠳᠡᠭᠡ ᠵᠠᠩᠭᠢᠵᠢᠯᠲᠠ ᠪᠣᠯ ᠣᠳᠣᠬᠢ ᠴᠠᠭ ᠦᠶ᠎ᠡ ᠶᠢᠨ ᠬᠥᠭᠵᠢᠯᠲᠡ ᠶᠢᠨ ᠶᠡᠭᠡ ᠬᠠᠨᠳᠤᠰᠢ ᠮᠦᠨ᠂ ᠮᠡᠳᠡᠭᠡ | ᠵᠠᠩᠭᠢ ᠶᠢᠨ ᠰᠠᠭᠤᠷᠢ ᠪᠡᠯᠡᠳᠬᠡᠮᠵᠢ ᠶᠢᠨ ᠪᠦᠬᠦ ᠲᠠᠯ᠎ᠠ ᠶᠢᠨ ᠲᠡᠰ ᠲᠡᠪᠰᠢᠯᠳᠡ ᠨᠢ ᠨᠡᠶᠢᠭᠡᠮ ᠤᠨ ᠲᠠᠪᠰᠢᠯᠳᠠ ᠪᠠ | ᠬᠦᠭᠵᠢᠯᠲᠡ ᠶᠢᠨ ᠢᠯᠡᠷᠡᠯ ᠪᠤᠯᠬᠤ ᠮᠦᠷᠲᠡᠭᠡᠨ᠂ ᠪᠠᠰᠠ ᠠᠵᠤ ᠠᠬᠤᠶ ᠶᠢᠨ ᠬᠥᠭᠵᠢᠯᠲᠡ ᠳᠤ ᠢᠯᠡᠳᠲᠡ ᠳᠠᠶᠢᠴᠢᠯᠠᠬᠤ | ᠦᠢᠯᠡᠳᠦᠯ ᠦᠵᠡᠭᠦᠯᠳᠡᠭ ᠶᠤᠮ᠃ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠬᠥᠭᠵᠢᠭᠦᠯᠦᠯᠲᠡ | ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠤᠳᠤᠬᠠᠨ ᠳᠤ᠂ ᠪᠥᠬᠦ ᠣᠷᠣᠨ ᠤ ᠳ᠋ᠠᠶᠢᠲ᠋ᠠ ᠶᠢᠨ | ᠲᠥᠪ ᠤᠨ ᠦᠢᠯᠡᠴᠢᠯᠡᠬᠦᠷ ᠤᠨ ᠮᠠᠰᠢᠨ ᠴᠣᠭᠴᠠᠯᠠᠪᠤᠷᠢ ᠶᠢᠨ ᠴᠢᠳᠠᠪᠤᠷᠢ ᠨᠢ 100 ᠲᠦᠮᠡᠨ ᠰᠠᠭᠤᠷᠢ ᠶᠢ ᠳᠠᠪᠠᠵᠤ᠂ | ᠪᠦᠬᠦ ᠤᠯᠤᠰ ᠲᠤ ᠤᠷᠤᠶᠢᠯᠠᠵᠤ᠂ ᠶᠡᠷᠦᠩᠬᠡᠶ ᠮᠠᠰᠢᠨ ᠴᠣᠭᠴᠠᠯᠠᠪᠤᠷᠢ ᠶᠢᠨ ᠬᠡᠮᠵᠢᠶ᠎ᠡ ᠨᠢ 35 ᠲᠦᠮᠡᠨ ᠰᠠᠭᠤᠷᠢ ᠶᠢ | ᠳᠠᠪᠠᠵᠤ᠂ ᠶᠡᠷᠦᠩᠬᠡᠶᠢᠯᠡᠨ ᠠᠰᠢᠭᠯᠠᠬᠤ ᠨᠤᠷᠮ᠎ᠠ ᠨᠢ 40% ᠶᠢ ᠳᠠᠪᠠᠵᠤ᠂ ᠳ᠋ᠠᠶᠢᠲ᠋ᠠ ᠶᠢᠨ ᠲᠥᠪ ᠤᠨ ᠵᠠᠬ᠎ᠠ | ᠳᠡᠯᠭᠡᠭᠦᠷᠴᠢᠯᠡᠬᠦ ᠬᠡᠮᠵᠢᠶ᠎ᠡ ᠶᠡᠭᠡ ᠪᠠᠷ ᠳᠡᠭᠡᠭᠰᠢᠯᠡᠪᠡ᠃ | ᠥᠩᠭᠡᠷᠡᠭᠰᠡᠨ ᠨᠢᠭᠡ ᠵᠢᠯ ᠳᠤ᠂ ᠥᠪᠥᠷ ᠮᠣᠩᠭᠤᠯ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢᠨ | ᠪᠠᠶᠢᠯᠳᠤᠬᠤ ᠪᠤᠳᠤᠯᠭ᠎ᠠ ᠶᠢᠨ ᠴᠢᠨᠠᠷ᠂ ᠰᠠᠭᠤᠷᠢ ᠴᠢᠨᠠᠷ ᠪᠣᠯᠤᠨ ᠵᠢᠯᠣᠭᠤᠳᠬᠤ ᠴᠢᠨᠠᠷ ᠢ ᠭᠦᠢᠴᠡᠳ ᠪᠠᠳᠠᠷᠠᠭᠤᠯᠵᠤ᠂ | ᠬᠤᠷᠳᠤᠨ᠂ ᠰᠢᠯᠵᠢᠮᠡᠯ᠂ ᠠᠮᠤᠷ ᠲᠦᠪᠰᠢᠨ᠂ ᠦᠷᠭᠡᠨ ᠳᠡᠯᠭᠡᠷ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠴᠢᠮᠡᠭᠡ | ᠬᠤᠯᠪᠤᠭᠠᠨ ᠤ ᠰᠠᠭᠤᠷᠢ ᠪᠡᠯᠡᠳᠬᠡᠮᠵᠢ ᠶᠢ ᠲᠦᠷᠭᠡᠪᠴᠢᠯᠡᠨ ᠪᠠᠶᠢᠭᠤᠯᠵᠤ᠂ ᠪᠣᠬᠢᠷᠲᠤᠯ ᠦᠭᠡᠢ ᠳ᠋ᠠᠶᠢᠲ᠋ᠠ ᠶᠢᠨ | ᠲᠥᠪ ᠤᠨ ᠬᠥᠭᠵᠢᠯᠲᠡ ᠶᠢᠨ ᠰᠢᠨ᠎ᠡ ᠬᠡᠪ ᠵᠠᠭᠪᠤᠷ ᠢ ᠡᠭᠦᠳᠴᠦ᠂ ᠲᠣᠭᠠᠴᠢᠯᠠᠭᠰᠠᠨ ᠳᠤᠮᠳᠠᠳᠤ ᠤᠯᠤᠰ᠂ ᠣᠶᠤᠨᠴᠢ | ᠨᠡᠶᠢᠭᠡᠮ ᠢ ᠪᠠᠶᠢᠭᠤᠯᠬᠤ ᠳᠤ ᠴᠢᠬᠤᠯᠠ ᠰᠠᠭᠤᠷᠢ ᠪᠡᠯᠡᠳᠬᠡᠮᠵᠢ ᠶᠢᠨ ᠪᠠᠲᠤᠯᠠᠭ᠎ᠠ ᠬᠠᠩᠭᠠᠪᠠ᠃ | ᠥᠪᠥᠷ ᠮᠣᠩᠭᠤᠯ ᠤᠨ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠴᠢᠮᠡᠭᠡ ᠬᠤᠯᠪᠣᠭᠠᠨ ᠤ ᠲᠣᠣᠷ ᠡᠳᠦᠷ | ᠢᠷᠡᠬᠦᠶ᠎ᠡ ᠪᠦᠷᠢᠨᠰᠢᠵᠦ ᠪᠠᠶᠢᠨ᠎ᠠ᠃ ᠥᠪᠥᠷ ᠮᠣᠩᠭᠤᠯ ᠤᠯᠠᠨ ᠤᠯᠤᠰ᠂ ᠮᠤᠵᠢ ᠶᠢᠨ ᠬᠤᠭᠤᠷᠤᠨᠳᠤᠬᠢ ᠭᠤᠣᠯ | ᠱᠤᠭᠤᠮ ᠤᠨ ᠭᠡᠷᠡᠯᠯᠢᠭ ᠳᠡᠭᠡᠰᠦ ᠪᠠ ︽ᠥᠷᠭᠡᠨ ᠪᠦᠰᠡᠲᠦ ᠥᠪᠥᠷ ᠮᠣᠩᠭᠤᠯ︾᠂ ︽ᠥᠷᠭᠡᠨ ᠪᠦᠰᠡᠲᠦ ᠬᠥᠳᠡᠭᠡ | ᠲᠣᠰᠬᠤᠨ︾᠂ ᠴᠠᠬᠢᠯᠭᠠᠨ ᠬᠤᠯᠪᠣᠭᠠᠨ ᠤ ᠲᠦᠭᠡᠮᠡᠯ ᠦᠶᠯᠡᠴᠢᠯᠡᠭᠡ ᠶᠢᠨ ᠲᠤᠷᠰᠢᠯᠲᠠ ᠶᠢᠨ ᠴᠡᠭ ᠵᠡᠷᠭᠡ ᠪᠦᠳᠦᠬᠡᠨ | ᠪᠠᠶᠢᠭᠤᠯᠤᠯᠲᠠ ᠶᠢ ᠲᠦᠯᠬᠢᠨ ᠠᠬᠢᠭᠤᠯᠵᠠᠢ᠃ ᠪᠤᠭᠤᠲᠤ᠂ ᠤᠷᠳᠦᠰ᠂ ᠤᠯᠠᠭᠠᠨᠴᠠᠪ ᠵᠡᠷᠭᠡ ᠠᠶᠢᠮᠠᠭ ᠬᠤᠲᠠ ᠶᠢᠨ | ᠪᠡᠭᠡᠵᠢᠩ ᠳᠤ ᠰᠢᠭᠤᠳ ᠨᠡᠪᠲᠡᠷᠡᠬᠦ ᠭᠡᠷᠡᠯᠯᠢᠭ ᠳᠡᠭᠡᠰᠦ ᠶᠢᠨ ᠪᠦᠲᠡᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ | ᠠᠬᠢᠭᠤᠯᠵᠤ᠂ ᠤᠯᠠᠭᠠᠨᠴᠠᠪ ᠬᠤᠲᠠ᠂ ᠣᠷᠳᠣᠰ ᠬᠤᠲᠠ ᠶᠢᠨ ᠪᠡᠭᠡᠵᠢᠩ ᠳᠤ ᠰᠢᠭᠤᠳ ᠨᠡᠪᠲᠡᠷᠡᠬᠦ ᠭᠡᠷᠡᠯᠯᠢᠭ | ᠳᠡᠭᠡᠰᠦ ᠶᠢ ᠪᠠᠶᠢᠭᠤᠯᠵᠠᠢ᠃ ᠬᠥᠬᠡᠬᠤᠲᠠ ᠶᠢᠨ ᠤᠯᠤᠰ ᠤᠨ ᠲᠡᠰ ᠤᠨ ᠢᠨᠲ᠋ᠧᠷ ᠰᠦᠯᠵᠢᠶᠡᠨ ᠤ ᠰᠢᠭᠤᠳ ᠬᠤᠯᠪᠣᠭ᠎ᠠ | ᠠᠪᠬᠤ ᠭᠤᠤᠯᠯᠠᠬᠤ ᠴᠡᠭ ᠪᠠ ᠬᠤᠷᠢᠨᠭᠡᠷ ᠰᠢᠨ᠎ᠡ ᠲᠣᠭᠤᠷᠢᠭ ᠤᠨ ᠣᠯᠠᠨ ᠤᠯᠤᠰ ᠤᠨ ᠢᠨᠲ᠋ᠧᠷ ᠰᠦᠯᠵᠢᠶᠡᠨ ᠤ | ᠳ᠋ᠠᠶᠢᠲ᠋ᠠ ᠶᠢᠨ ᠲᠤᠰᠬᠠᠶ ᠨᠡᠪᠲᠡᠷᠡᠬᠦ ᠵᠠᠮ ᠤᠨ ᠪᠥᠳᠥᠭᠡᠨ ᠪᠠᠶᠢᠭᠤᠯᠤᠯᠲᠠ ᠶᠢ ᠢᠳᠡᠪᠬᠢᠲᠡᠢ ᠲᠦᠯᠬᠢᠨ ᠠᠬᠢᠭᠤᠯᠵᠠᠢ᠃ | ᠤᠳᠤᠬᠠᠨ ᠳᠤ᠂ ᠪᠦᠬᠦ ᠣᠷᠣᠨ ᠤ ᠲᠣᠣᠷ ᠰᠦᠯᠵᠢᠶ᠎ᠡ ᠶᠢᠨ ᠤᠷᠤᠨ ᠠᠴᠠ ᠭᠠᠷᠭᠠᠬᠤ ᠪᠦᠰᠡ ᠶᠢᠨ ᠦᠷᠭᠡᠨ | ᠨᠢ 18.97 T ︵ᠳ᠋ᠠᠶᠢᠲ᠋ᠠ ᠶᠢᠨ ᠲᠥᠪ ᠪᠠᠭᠲᠠᠨ᠎ᠠ︶ ᠳᠤ ᠬᠦᠷᠴᠦ᠂ 4 G ᠰᠠᠭᠤᠷᠢ ᠦᠷᠲᠡᠭᠡ ᠶᠢ 6.2 | ᠲᠦᠮᠡ ᠪᠠᠶᠢᠭᠤᠯᠵᠤ᠂ ᠭᠡᠷᠡᠯᠯᠢᠭ ᠰᠢᠷᠬᠡᠭᠲᠦ ᠥᠷᠭᠡᠨ ᠪᠦᠰᠡ ᠶᠢᠨ ᠬᠡᠷᠡᠭᠯᠡᠭᠴᠢᠳ 409.1 ᠲᠦᠮᠡᠨ ᠡᠷᠦᠬᠡ ᠳᠤ | ᠬᠦᠷᠴᠦ᠂ ᠰᠢᠯᠵᠢᠮᠡᠯ ᠳ᠋ᠢᠶᠠᠩᠬᠤᠸᠠ ᠶᠢᠨ ᠬᠡᠷᠡᠭᠯᠡᠭᠴᠢ 3052 ᠲᠦᠮᠡᠨ ᠡᠷᠦᠬᠡ ᠳᠤ ᠬᠦᠷᠪᠡ᠃ NB-loT ︵ | ᠨᠠᠷᠢᠨ ᠪᠦᠰᠡᠲᠦ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ︶ ᠶᠢᠨ ᠪᠠᠶᠢᠭᠤᠯᠤᠯᠲᠠ ᠶᠢ ᠢᠳᠡᠪᠬᠢᠲᠡᠢ | ᠲᠦᠯᠬᠢᠨ ᠠᠬᠢᠭᠤᠯᠵᠤ᠂ ᠵᠠᠮ ᠬᠠᠷᠢᠯᠴᠠᠭ᠎ᠠ᠂ ᠴᠠᠬᠢᠯᠭᠠᠨ ᠬᠦᠴᠦ᠂ ᠤᠰᠤᠨ ᠠᠰᠢᠭᠯᠠᠯᠲᠠ᠂ ᠰᠢᠲᠠᠮᠠᠬᠠᠶ ᠬᠡᠢ ᠵᠡᠷᠭᠡ | ᠤᠯᠠᠮᠵᠢᠯᠠᠯᠲᠤ ᠰᠠᠭᠤᠷᠢ ᠪᠡᠯᠡᠳᠬᠡᠮᠵᠢ ᠶᠢᠨ ᠪᠤᠳᠠᠰᠳᠤ ᠢᠨᠲ᠋ᠧᠷᠨᠧ ᠤᠨ ᠬᠡᠷᠡᠭᠯᠡᠯᠲᠡ ᠪᠠ ᠤᠶᠤᠨᠴᠢᠯᠠᠯᠲᠠ ᠶᠢᠨ | ᠦᠭᠡᠷᠡᠴᠢᠯᠡᠯᠲᠡ ᠶᠢ ᠳᠡᠮᠵᠢᠵᠡᠢ᠃ | ᠥᠪᠥᠷ ᠮᠣᠩᠭᠤᠯ ᠤᠨ ᠳ᠋ᠠᠶᠢᠲ᠋ᠠ ᠶᠢᠨ ᠲᠥᠪ ᠪᠣᠬᠢᠷᠲᠤᠯ ᠥᠬᠡᠶ ᠡᠷᠡᠭᠦᠯ ᠢᠶᠠᠷ ᠬᠦᠭᠵᠢᠵᠦ ᠪᠠᠶᠢᠨ᠎ᠠ᠃ | 2018 ᠣᠨ ᠳᠤ᠂ ᠥᠪᠥᠷ ᠮᠣᠩᠭᠤᠯ ᠠ ᠯᠢ ᠪᠠ ᠪᠠ᠂ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ᠂ ᠬᠤᠸᠠ | ᠸᠧᠢ᠂ ᠶᠠ ᠰᠢᠨ ᠳ᠋ᠠᠶᠢᠲ᠋ᠠ ᠶᠢᠨ ᠭᠠᠷᠠᠮ᠂ ᠶᠸᠥ ᠺᠧ ᠳ᠋ᠧ᠂ ᠢ ᠯᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ | ᠳ᠋ᠠᠶᠢᠲ᠋ᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠫᠢᠩᠭᠦᠸᠧ ᠳᠤᠮᠳᠠᠳᠤ ᠤᠯᠤᠰ ᠤᠨ | ᠤᠮᠠᠷᠠᠲᠤ ᠤᠷᠤᠨ ᠤ ᠳ᠋ᠠᠶᠢᠲ᠋ᠠ ᠶᠢᠨ ᠲᠥᠪ᠂ ᠲᠦᠩ ᠵᠧᠦ ᠾᠦᠢ ᠲᠦᠩ ᠳ᠋ᠠᠶᠢᠲ᠋ᠠ ᠶᠢᠨ ᠲᠥᠪ ᠪᠣᠯᠤᠨ ᠤᠯᠤᠰ ᠤᠨ | ᠡᠯᠧᠺᠲᠷᠣᠨ ᠵᠠᠰᠠᠭ ᠤᠨ ᠶᠠᠪᠤᠳᠠᠯ ᠤᠨ ᠡᠭᠦᠯᠡᠨ ᠪᠤᠳᠤᠯᠳᠠ ᠶᠢᠨ ᠳ᠋ᠠᠶᠢᠲ᠋ᠠ ᠶᠢᠨ ᠲᠦᠪ ᠤᠨ ᠤᠮᠠᠷᠠᠲᠤ ᠣᠷᠣᠨ ᠤ | ᠵᠠᠩᠭᠢᠯᠠᠭ᠎ᠠ ᠶᠢᠨ ᠴᠡᠭ ᠨᠢ ᠥᠪᠥᠷ ᠮᠣᠩᠭᠤᠯ ᠳᠤ ᠰᠠᠭᠤᠷᠢᠰᠢᠵᠠᠢ᠃ | ᠡᠭᠦᠨ ᠤ ᠬᠠᠮᠲᠤ᠂ ᠥᠪᠥᠷ ᠮᠣᠩᠭᠤᠯ ᠳ᠋ᠠᠶᠢᠲ᠋ᠠ ᠶᠢᠨ ᠲᠥᠪ ᠤᠨ ᠠᠵᠤ ᠦᠢᠯᠡᠰ ᠤᠨ ᠬᠥᠭᠵᠢᠯᠲᠡ ᠶᠢᠨ | ᠰᠢᠨ᠎ᠡ ᠬᠡᠪ ᠵᠠᠭᠪᠤᠷ ᠢ ᠢᠳᠡᠪᠬᠢᠲᠡᠶ ᠬᠠᠶᠢᠨ ᠰᠦᠪᠡᠭᠴᠢᠯᠡᠵᠦ᠂ ︽ᠳ᠋ᠠᠶᠢᠲ᠋ᠠ ᠪᠠᠷ ᠬᠤᠳᠠᠯᠳᠤᠭᠠᠴᠢᠨ ᠤᠷᠢᠬᠤ︾ ᠶᠢ | ᠶᠡᠭᠡ ᠪᠠᠷ ᠦᠷᠨᠢᠭᠦᠯᠵᠦ᠂ ᠬᠤᠸᠠ ᠲᠠᠩ ᠳᠠᠭᠤᠳᠠᠯᠭ᠎ᠠ ᠶᠢᠨ ᠲᠥᠪ᠂ ᠵᠢᠩ ᠳ᠋ᠦᠩ ᠠᠽᠢᠶ᠎ᠠ ᠨᠢᠭᠡᠳᠦᠭᠡᠷ ᠨᠣᠮᠧᠷᠲᠤ | ᠡᠳ᠋ ᠪᠠᠷᠠᠭᠠᠨ ᠤ ᠤᠶᠤᠯᠢᠬ ᠭᠦᠶᠯᠭᠡᠭᠡᠨ ᠤ ᠬᠦᠮᠦᠷᠭᠡ᠂ ᠮᠢᠺᠷᠤᠰᠤᠹᠲ ᠲᠤᠮᠤ ᠳ᠋ᠠᠶᠢᠲ᠋ᠠ ᠵᠢᠴᠢ ᠵᠣᠬᠢᠶᠠᠮᠠᠯ ᠣᠶᠤᠨᠴᠢ | ᠴᠢᠳᠠᠪᠤᠷᠢ ᠶᠢᠨ ᠬᠡᠷᠡᠭᠯᠡᠭᠡᠨ ᠤ ᠨᠡᠪᠴᠢᠭᠦᠯᠦᠭᠦᠷ ᠤᠨ ᠰᠠᠭᠤᠷᠢᠨ ᠭᠠᠵᠠᠷ᠂ ᠪᠧᠢ ᠳ᠋ᠧᠦ ᠮᠡᠳᠡᠭᠡ ᠵᠠᠩᠭᠢ ᠶᠢᠨ | ᠶᠡᠷᠦᠩᠬᠡᠶᠢᠯᠡᠭᠰᠡᠨ ᠦᠶᠯᠡᠴᠢᠯᠡᠭᠡᠨ ᠤ ᠲᠠᠪᠴᠠᠩ᠂ ᠳ᠋ᠦᠩ ᠹᠠᠩ ᠭᠥᠸᠧ ᠰᠢᠨ ᠠᠵᠤ ᠦᠢᠯᠡᠳᠪᠦᠷᠢ ᠶᠢᠨ ᠢᠨᠲ᠋ᠧᠷ | ᠰᠦᠯᠵᠢᠶ᠎ᠡ᠂ ᠾᠥᠸᠧ ᠴᠧ ᠪᠠᠩ ᠥᠪᠥᠷ ᠮᠣᠩᠭᠤᠯ ᠤᠨ ᠵᠠᠰᠠᠮᠠᠯ ᠵᠠᠮ ᠤᠨ ᠡᠳ᠋ ᠪᠠᠷᠠᠭᠠᠨ ᠤ ᠭᠦᠢᠯᠭᠡᠭᠡᠨ ᠤ ᠮᠡᠳᠡᠭᠡ | ᠵᠠᠩᠭᠢ ᠶᠢᠨ ᠲᠥᠪ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠨᠢᠭᠡᠳᠦᠭᠡᠷ ᠰᠠᠯᠠᠪᠤᠷᠢ ᠶᠢᠨ ︽ ᠢᠨᠲ᠋ᠧᠷ ᠰᠦᠯᠵᠢᠶ᠎ᠡ | +︾ ᠶᠢᠨ ᠢᠲᠡᠭᠡᠮᠵᠢᠲᠦ ᠪᠡᠶ᠎ᠡ ᠶᠢᠨ ᠦᠨᠡᠮᠯᠡᠯ ᠤᠨ ᠭᠡᠷᠡᠴᠢᠯᠡᠯ ᠤᠨ ᠲᠠᠪᠴᠠᠩ᠂ ᠰᠠᠨᠰᠠᠷ ᠤᠨ ᠠᠶᠠᠯᠠᠯ ᠤᠨ ᠮᠡᠳᠡᠭᠡ | ᠵᠠᠩᠭᠢ ᠶᠢᠨ ᠮᠠᠰᠢᠨ ᠲᠡᠷᠭᠡᠨ ᠤ ᠡᠯᠧᠺᠲᠷᠣᠨ ᠢᠯᠡᠷᠬᠡᠶᠢᠯᠡᠭᠴᠢ᠂ ᠲᠥᠷᠥ ᠶᠢᠨ ᠶᠠᠪᠤᠳᠠᠯ ᠤᠨ ᠬᠤᠷᠢᠶᠠᠨ ᠤ ᠵᠠᠬᠢᠳᠠᠯ | ᠰᠤᠷᠪᠤᠯᠵᠢᠯᠠᠭ᠎ᠠ ᠶᠢᠨ ᠰᠢᠯᠢᠳᠡᠭ ᠳᠦᠬᠦᠮ ᠲᠤᠮᠤ ᠳ᠋ᠠᠶᠢᠲ᠋ᠠ ᠶᠢᠨ ᠠᠮᠢ ᠠᠬᠤᠶ ᠶᠢᠨ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠲᠦᠷᠦᠯ ᠵᠦᠢᠯ ᠦᠪᠦᠷ ᠮᠤᠩᠭᠤᠯ ᠳᠤ ᠰᠠᠭᠤᠷᠢᠰᠢᠬᠤ ᠶᠢ ᠲᠦᠯᠬᠢᠨ | ᠠᠬᠢᠭᠤᠯᠵᠠᠢ᠃ ᠡᠭᠦᠨ ᠤ ᠬᠠᠮᠲᠤ᠂ ᠶᠠᠭ ᠰᠤᠳᠤᠯᠤᠨ ᠲᠣᠭᠲᠠᠭᠠᠵᠤ ᠪᠠᠶᠢᠭ᠎ᠠ ︽ᠳ᠋ᠠᠶᠢᠲ᠋ᠠ ᠶᠢᠨ ᠲᠥᠪ ᠵᠢᠴᠢ | ᠬᠤᠯᠪᠣᠭᠳᠠᠯ ᠪᠦᠬᠦᠢ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠶ ᠦᠪᠡᠷᠲᠡᠭᠡᠨ | ᠵᠠᠰᠠᠬᠤ ᠤᠷᠤᠨ ᠤ ᠵᠢᠯᠣᠭᠤᠳᠬᠤ ᠰᠠᠨᠠᠯ︾ ᠨᠢ ᠳ᠋ᠠᠶᠢᠲ᠋ᠠ ᠶᠢᠨ ᠲᠥᠪ ᠵᠢᠴᠢ ᠳᠡᠭᠡᠳᠦ ᠳᠣᠤᠷᠠᠳᠤ ᠤᠷᠤᠰᠬᠠᠯ ᠤᠨ | ᠢᠵᠢ ᠪᠦᠷᠢᠳᠦᠭᠰᠡᠨ ᠠᠵᠤ ᠦᠢᠯᠡᠰ ᠤᠨ ᠴᠢᠨᠠᠷ ᠰᠠᠶᠢᠲᠠᠢ ᠬᠦᠭᠵᠢᠯᠲᠡ ᠶᠢ ᠢᠳᠡᠪᠬᠢᠲᠡᠢ ᠲᠦᠯᠬᠢᠨ ᠠᠬᠢᠭᠤᠯᠬᠤ | ᠪᠤᠯᠤᠨ᠎ᠠ᠃ |