ᠦᠢᠷ᠎ᠠ ᠶᠢᠨ ᠡᠳᠦᠷ᠂ ᠴᠡᠭᠡ ᠪᠣᠭᠤᠮᠲᠠ ᠪᠠᠷ ᠣᠷᠣᠵᠤ ᠢᠷᠡᠭᠰᠡᠨ ᠨᠡᠭᠦᠷᠡᠰᠦ ᠲᠡᠭᠡᠭᠡᠪᠦᠷᠢᠯᠡᠭᠰᠡᠨ ᠲᠡᠷᠭᠡ | 1429 ᠪᠠᠶᠢᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ | ᠬᠡᠮᠵᠢᠶ᠎ᠡ ᠨᠢ 14.56 ᠲᠦᠮᠡᠨ ᠲᠣᠨ ᠳᠤ ᠬᠦᠷᠴᠦ᠂ ᠪᠣᠭᠤᠮᠲᠠ ᠨᠡᠬᠡᠬᠡᠭᠰᠡᠨ 27 ᠵᠢᠯ ᠤᠨ ᠲᠤᠷᠰᠢᠬᠢ ᠨᠢᠭᠡ | ᠡᠳᠦᠷ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢᠨ | ᠰᠢᠨ᠎ᠡ ᠲᠡᠮᠳᠡᠭᠯᠡᠯ ᠢ ᠡᠭᠦᠳᠴᠡᠶ᠃ | 2018 ᠣᠨ ᠤ 10 ᠳ᠋ᠤᠭᠠᠷ ᠰᠠᠷ᠎ᠠ ᠳᠤ᠂ ᠴᠡᠭᠡ ᠬᠢᠯᠢ ᠶᠢᠨ ᠪᠣᠭᠤᠮᠲᠠ ᠶᠢᠨ ︽ᠳᠠᠩ ᠭᠠᠭᠴᠠ | ᠴᠣᠩᠬᠤᠪᠴᠢ︾ ᠤᠶᠤᠨᠲᠤ ᠬᠠᠭᠠᠯᠭ᠎ᠠ ᠶᠢ ᠪᠠᠶᠢᠭᠤᠯᠤᠨ ᠠᠰᠢᠭᠯᠠᠯᠲᠠ ᠳᠤ ᠣᠷᠤᠭᠤᠯᠤᠭᠰᠠᠨ ᠨᠢ᠂ ᠬᠢᠯᠢ ᠶᠢᠨ | ᠪᠣᠭᠤᠮᠲᠠ ᠶᠢᠨ ᠤᠶᠤᠨᠴᠢᠯᠠᠬᠰᠠᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠪᠠ᠃ ᠤᠶᠤᠨᠲᠤ | ᠬᠠᠭᠠᠯᠭ᠎ᠠ ᠶᠢ ᠠᠰᠢᠭᠯᠠᠨ ᠬᠡᠷᠡᠭᠯᠡᠭᠰᠡᠨ ᠠᠴᠠ ᠨᠠᠭᠠᠰᠢ᠂ ᠨᠡᠭᠡᠭᠡᠨ ᠬᠥᠭᠵᠢᠭᠦᠯᠦᠯᠲᠡ ᠶᠢᠨ ᠣᠷᠣᠨ ᠤ | ᠬᠠᠮᠢᠶᠠᠷᠤᠯᠲᠠ ᠶᠢᠨ ᠵᠥᠪᠯᠡᠯ᠂ ᠪᠣᠭᠤᠮᠲᠠ ᠶᠢᠨ ᠬᠤᠯᠪᠣᠭᠠᠲᠤ ᠪᠠᠶᠢᠴᠠᠭᠠᠬᠤ ᠰᠠᠯᠠᠭ᠎ᠠ ᠮᠥᠴᠢᠷ ᠵᠢᠴᠢ ᠮᠣᠩᠭᠤᠯ | ᠤᠯᠤᠰ ᠤᠨ ᠬᠤᠯᠪᠣᠭᠠᠲᠤ ᠪᠠᠶᠢᠴᠠᠭᠠᠬᠤ ᠨᠢᠭᠡᠴᠢ ᠶᠢᠨ ᠬᠠᠮᠲᠤ ᠶᠢᠨ ᠴᠢᠷᠮᠠᠶᠢᠯᠭ᠎ᠠ ᠬᠠᠮᠵᠢᠯᠴᠠᠭ᠎ᠠ ᠳᠣᠣᠷ᠎ᠠ᠂ ᠬᠡᠳᠦᠨ | ᠰᠠᠷ᠎ᠠ ᠲᠤᠷᠰᠢᠨ ᠠᠵᠢᠯᠯᠠᠭᠤᠯᠬᠤ ᠪᠠᠷ ᠳᠠᠮᠵᠢᠨ᠂ ᠪᠣᠭᠤᠮᠲᠠ ᠪᠠᠷ ᠥᠩᠭᠡᠷᠡᠬᠦ ᠨᠤᠷᠮ᠎ᠠ ᠪᠦᠲᠦᠮᠵᠢᠲᠡᠶ ᠳᠡᠭᠡᠭᠰᠢᠯᠡᠵᠦ᠂ | ᠠᠷᠠᠯᠵᠢᠶᠠᠨ ᠤ ᠥᠪᠡᠷ ᠤᠨ ᠦᠷᠳᠡᠭ ᠢ ᠪᠦᠲᠦᠮᠵᠢᠲᠡᠢ ᠪᠠᠭᠤᠷᠠᠭᠤᠯᠤᠨ᠂ ᠪᠣᠭᠤᠮᠲᠠ ᠪᠠᠷ ᠥᠩᠭᠡᠷᠡᠬᠦ ᠭᠠᠷᠳᠠᠮ ᠢ | ᠪᠦᠲᠦᠮᠵᠢᠲᠡᠶ ᠳᠥᠭᠦᠮᠴᠢᠯᠡᠪᠡ᠃ 2019 ᠣᠨ ᠤ 3 ᠳ᠋ᠤᠭᠠᠷ ᠰᠠᠷ᠎ᠠ ᠶᠢᠨ 14 ᠤ ᠡᠳᠦᠷ᠂ ᠪᠣᠭᠤᠮᠲᠠ ᠥᠩᠭᠡᠷᠡᠬᠦ | ᠰᠢᠨ᠎ᠡ ᠰᠢᠰᠲ᠋ᠧᠮ ᠢ ᠠᠰᠢᠭᠯᠠᠨ ᠬᠡᠷᠡᠭᠯᠡᠭᠰᠡᠨ ᠤ ᠲᠠᠷᠠᠭ᠎ᠠ ᠠᠩᠬᠠᠳᠠᠭᠴᠢ ᠲᠡᠦᠬᠡᠨ ᠰᠢᠨ᠎ᠡ ᠲᠡᠮᠳᠡᠭᠯᠡᠯ ᠢ ᠡᠭᠦᠳᠴᠡᠶ᠃ | |