ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ | ᠰᠢᠯᠭᠠᠯᠲᠠ ᠶᠢᠨ ᠲᠥᠪ ᠤᠨ ᠠᠯᠪᠠᠨ ᠸᠢᠴᠠᠲ ᠢᠶᠠᠷ ᠨᠡᠶᠢᠲᠡᠯᠡᠭᠰᠡᠨ ᠮᠡᠳᠡᠭᠡ ᠶᠢ ᠦᠨᠳᠦᠰᠦᠯᠡᠪᠡᠯ᠂ 2019 ᠣᠨ ᠤ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠡᠯᠰᠡᠬᠦ | ᠰᠢᠯᠭᠠᠯᠲᠠ ᠨᠢ ᠦᠷᠭᠦᠯᠵᠢᠯᠡᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠶᠢ ᠬᠡᠷᠡᠭᠵᠢᠭᠦᠯᠦᠨ᠎ᠡ᠃ | ᠰᠢᠯᠭᠠᠭᠤᠯᠤᠭᠴᠢᠳ ᠤᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠴᠠᠭ ᠨᠢ 3 ᠳ᠋ᠤᠭᠠᠷ ᠰᠠᠷ᠎ᠠ ᠶᠢᠨ 21— 31 ᠤ | ᠡᠳᠦᠷ ᠪᠣᠯᠲᠠᠯ᠎ᠠ ᠶᠠᠪᠤᠭᠳᠠᠵᠤ᠂ ᠡᠳᠦᠷ ᠪᠦᠷᠢ ᠶᠢᠨ 7:00 — 22:00 ᠬᠤᠭᠤᠷᠣᠨᠳᠤ ᠨᠡᠷ᠎ᠡ ᠮᠡᠳᠡᠭᠦᠯᠦᠨ᠎ᠡ᠃ | ᠲᠤᠬᠠᠶ ᠶᠢᠨ ᠲᠠᠯᠠᠪᠤᠷ ᠲᠤ ᠨᠤᠲᠠᠯᠠᠬᠤ ᠠᠵᠢᠯ ᠢ ᠳᠡᠭᠡᠷ᠎ᠡ ᠳᠤᠷᠠᠳᠤᠭᠰᠠᠨ ᠬᠤᠭᠤᠴᠠᠭᠠᠨ ᠳᠤ ᠭᠦᠢᠴᠡᠳᠬᠡᠵᠦ᠂ ᠡᠳᠦᠷ | ᠪᠦᠷᠢ ᠶᠢᠨ ᠲᠤᠬᠠᠶ ᠶᠢᠨ ᠲᠠᠯᠠᠪᠤᠷ ᠲᠤ ᠨᠤᠲᠠᠯᠠᠬᠤ ᠴᠠᠭ ᠢ ᠡᠯ᠎ᠡ ᠭᠠᠵᠠᠷ ᠤᠨ ᠬᠢᠨ ᠠᠵᠢᠯᠯᠠᠵᠤ ᠠᠮᠠᠷᠠᠬᠤ ᠴᠠᠭ ᠢᠶᠠᠨ | ᠥᠨᠳᠥᠰᠥᠯᠡᠨ ᠲᠣᠬᠢᠷᠠᠭᠤᠯᠬᠤ ᠬᠡᠷᠡᠭᠲᠡᠶ ︵ᠭᠠᠷᠠᠭ ᠤᠨ ᠵᠢᠷᠭᠤᠭᠠᠨ ᠭᠠᠷᠠᠭ ᠤᠨ ᠡᠳᠦᠷ ᠠᠮᠠᠷᠠᠬᠤ ᠦᠭᠡᠶ︶ | ᠭᠡᠵᠡᠶ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ | ᠰᠢᠯᠭᠠᠯᠲᠠ ᠶᠢᠨ ᠲᠥᠪ ᠠᠴᠠ ᠴᠢᠬᠤᠯᠠᠴᠢᠯᠠᠭᠰᠠᠨ ᠨᠢ᠂ ᠨᠡᠷ᠎ᠡ ᠮᠡᠳᠡᠭᠦᠯᠬᠦ ᠠᠵᠢᠯ ᠳᠠᠭᠤᠰᠤᠭᠰᠠᠨ ᠤ ᠳᠠᠷᠠᠭ᠎ᠠ ᠵᠠᠷᠴᠢᠮ | ᠳᠡᠭᠡᠷ᠎ᠡ ᠪᠠᠨ ᠨᠥᠬᠦᠵᠦ ᠨᠡᠷ᠎ᠡ ᠮᠡᠳᠡᠭᠦᠯᠬᠦ ᠶᠠᠪᠤᠳᠠᠯ ᠳᠠᠭᠢᠵᠤ ᠲᠣᠬᠢᠷᠠᠭᠤᠯᠬᠤ ᠦᠭᠡᠢ ᠭᠡᠪᠡ᠃ | ᠲᠠᠨᠢᠯᠴᠠᠭᠤᠯᠤᠭᠰᠠᠨ ᠢᠶᠠᠷ᠂ 2019 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠨᠥᠬᠦᠴᠡᠯ᠂ ᠬᠢᠷᠢ | ᠭᠡᠮ ᠤᠨ ᠬᠢᠨᠠᠯᠲᠠ ᠬᠠᠷᠭᠤᠭᠤᠯᠤᠯᠲᠠ᠂ ᠨᠡᠷ᠎ᠡ ᠮᠡᠳᠡᠭᠦᠯᠬᠦ ᠴᠣᠪᠤᠷᠠᠯ ᠵᠡᠷᠭᠡ ᠬᠠᠮᠢᠶ᠎ᠠ ᠪᠦᠬᠦᠢ ᠲᠣᠭᠲᠠᠭᠠᠯ ᠢ ᠡᠯ᠎ᠡ | ᠠᠶᠢᠮᠠᠭ ᠬᠤᠲᠠ ᠨᠤᠭᠤᠳ ᠥᠪᠡᠷᠲᠡᠭᠡᠨ ᠲᠣᠭᠲᠠᠭᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃ ᠨᠡᠷ᠎ᠡ ᠮᠡᠳᠡᠭᠦᠯᠬᠦ | ᠦᠶ᠎ᠡ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ | ᠪᠣᠯᠣᠨ ᠲᠠᠪᠤᠨ ᠵᠢᠯ ᠤᠨ ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ᠭᠡᠵᠦ ᠢᠯᠭᠠᠬᠤ ᠦᠭᠡᠢ᠃ | ᠰᠢᠯᠭᠠᠭᠤᠯᠤᠭᠴᠢᠳ ᠥᠪᠡᠷ ᠢᠶᠠᠨ ᠨᠡᠷ᠎ᠡ ᠮᠡᠳᠡᠭᠦᠯᠬᠦ ᠨᠢᠭᠤᠴᠠ ᠨᠣᠮᠧᠷ ᠲᠣᠬᠢᠷᠠᠭᠤᠯᠬᠤ ᠪᠦᠭᠡᠳ ᠲᠡᠭᠦᠨ ᠢᠶᠠᠨ | ᠪᠠᠲᠤ ᠴᠡᠭᠡᠵᠢᠯᠡᠵᠦ᠂ ᠨᠡᠷ᠎ᠡ ᠮᠡᠳᠡᠭᠦᠯᠬᠦ ᠨᠢᠭᠤᠴᠠ ᠨᠣᠮᠧᠷ ᠢ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠥᠪᠰᠢᠨ ᠤ ᠰᠢᠯᠭᠠᠯᠲᠠ ᠶᠢᠨ ᠰᠢᠯᠭᠠᠭᠤᠯᠬᠤ | ᠬᠠᠷᠢᠶᠠᠯᠠᠯ ᠢᠶᠠᠨ ᠳᠠᠩᠰᠠᠯᠠᠭᠤᠯᠬᠤ ᠪᠠ ᠲᠠᠪᠤᠨ ᠵᠢᠯ ᠤᠨ ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠳᠤ ᠡᠷᠡᠮᠡᠯᠵᠡᠯ ᠲᠠᠭᠯᠠᠬᠤ ᠦᠶ᠎ᠡ ᠳᠤ ᠦᠷᠭᠦᠯᠵᠢᠯᠡᠨ ᠬᠡᠷᠡᠭᠯᠡᠨ᠎ᠡ᠃ ᠨᠡᠷ᠎ᠡ ᠮᠡᠳᠡᠭᠦᠯᠬᠦ ᠨᠢᠭᠤᠴᠠ | ᠨᠣᠮᠧᠷ ᠢᠶᠠᠨ ᠪᠤᠰᠤᠳ ᠲᠤ ᠬᠡᠯᠡᠭᠰᠡᠨ ᠪᠤᠶᠤ ᠵᠠᠳᠠᠷᠠᠭᠤᠯᠤᠭᠰᠠᠨ ᠠᠴᠠ ᠪᠣᠯᠵᠤ ᠤᠴᠠᠷᠠᠭᠤᠯᠤᠭᠰᠠᠨ ᠬᠤᠬᠢᠷᠠᠯ ᠪᠤᠶᠤ | ᠨᠥᠯᠥᠭᠡ ᠳᠤ ᠰᠢᠯᠭᠠᠭᠤᠯᠤᠭᠴᠢᠳ ᠥᠪᠡᠷᠲᠡᠭᠡᠨ ᠬᠠᠷᠢᠭᠤᠴᠠᠯᠭ᠎ᠠ ᠡᠭᠦᠷᠭᠡᠯᠡᠨ᠎ᠡ᠃ ᠰᠢᠯᠭᠠᠭᠤᠯᠤᠭᠴᠢ ᠶᠢᠨ ᠨᠡᠷ᠎ᠡ | ᠮᠡᠳᠡᠭᠦᠯᠬᠦ ᠦᠶ᠎ᠡ ᠳᠤ ᠣᠯᠣᠭᠰᠠᠨ ᠰᠢᠯᠭᠠᠭᠤᠯᠤᠭᠴᠢ ᠶᠢᠨ ᠨᠣᠮᠧᠷ ᠪᠣᠯ ᠳᠠᠷᠤᠢ ᠡᠩ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠳᠤ ᠳᠠᠪᠰᠢᠭᠰᠠᠨ ᠤ ᠳᠠᠷᠠᠭ᠎ᠠ ᠰᠤᠷᠤᠯᠭ᠎ᠠ ᠶᠢᠨ ᠬᠢᠷᠢ ᠲᠥᠪᠰᠢᠨ ᠤ ᠰᠢᠯᠭᠠᠯᠲᠠ ᠳᠤ | ᠣᠷᠤᠯᠴᠠᠬᠤ ᠰᠢᠯᠭᠠᠭᠤᠯᠬᠤ ᠬᠠᠷᠢᠶᠠᠯᠠᠯ ᠤᠨ ᠨᠣᠮᠧᠷ ᠪᠣᠯᠣᠨ᠎ᠠ᠃ | ᠬᠤᠰᠢᠭᠤ ᠰᠢᠶᠠᠨ ︵ᠬᠤᠲᠠ᠂ ᠲᠣᠭᠤᠷᠢᠭ︶ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ | ᠰᠢᠯᠭᠠᠯᠲᠠ ᠶᠢᠨ ᠪᠠᠶᠢᠭᠤᠯᠤᠮᠵᠢ ᠨᠤᠭᠤᠳ ᠰᠢᠯᠭᠠᠭᠤᠯᠤᠭᠴᠢᠳ ᠢ ᠵᠣᠬᠢᠶᠠᠨ ᠪᠠᠶᠢᠭᠤᠯᠵᠤ ᠪᠠᠶᠢᠭᠠᠳ ᠬᠤᠷᠤᠭᠤᠨ ᠤ | ᠨᠠᠮᠵᠢᠭᠤᠨ ᠰᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠭᠡᠷᠡᠯ ᠵᠢᠷᠤᠭ ᠠᠪᠬᠤ ᠪᠠ ᠨᠡᠷ᠎ᠡ ᠮᠡᠳᠡᠭᠦᠯᠦᠭᠰᠡᠨ | ᠮᠡᠳᠡᠭᠡ ᠵᠠᠩᠭᠢ ᠶᠢ ᠨᠤᠲᠠᠯᠠᠬᠤ ᠠᠵᠢᠯ ᠢ ᠭᠦᠢᠴᠡᠳᠬᠡᠨ᠎ᠡ᠃ ᠰᠢᠯᠭᠠᠭᠤᠯᠤᠭᠴᠢᠳ ᠡᠷᠬᠡᠪᠰᠢ ᠬᠤᠶᠠᠳᠤᠭᠠᠷ ᠦᠶ᠎ᠡ ᠶᠢᠨ | ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠷ ᠢᠶᠠᠨ ᠪᠡᠶ᠎ᠡ ᠶᠢᠨ ᠬᠢᠷᠢ ᠬᠡᠮ ᠢᠶᠠᠨ ᠭᠡᠷᠡᠴᠢᠯᠡᠭᠦᠯᠦᠨᠡ᠂ ᠡᠰᠡ | ᠲᠡᠶᠢᠮᠦ ᠪᠣᠯ ᠨᠡᠷ᠎ᠡ ᠮᠡᠳᠡᠭᠦᠯᠬᠦ ᠭᠠᠷᠳᠠᠮ ᠢᠶᠠᠨ ᠪᠡᠶᠡᠯᠡᠭᠦᠯᠵᠦ ᠳᠡᠶᠢᠯᠬᠦ ᠦᠭᠡᠢ︔ ᠬᠤᠶᠠᠳᠤᠭᠠᠷ ᠦᠶ᠎ᠡ ᠶᠢᠨ | ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠭᠡᠭᠡᠭᠰᠡᠨ ᠪᠤᠶᠤ ᠭᠦᠢᠴᠡᠳᠬᠡᠭᠡᠳᠦᠢ ᠰᠢᠯᠭᠠᠭᠤᠯᠤᠭᠴᠢ ᠤᠷᠢᠳᠠᠪᠠᠷ | ᠲᠤᠬᠠᠶ ᠶᠢᠨ ᠭᠠᠵᠠᠷ ᠤᠨ ᠢᠶᠠᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ ᠬᠦᠷᠴᠦ ᠭᠦᠢᠴᠡᠳᠬᠡᠬᠦ ᠬᠡᠷᠡᠭᠲᠡᠢ᠃ | ᠰᠢᠯᠭᠠᠭᠤᠯᠤᠭᠴᠢ ᠬᠤᠶᠢᠰᠢᠳᠠ ᠶᠢᠨ ᠰᠢᠯᠭᠠᠯᠲᠠ ᠳᠠᠬᠢ ᠪᠡᠶ᠎ᠡ ᠶᠢᠨ ᠬᠢᠷᠢ ᠬᠡᠮ ᠢ ᠭᠡᠷᠡᠴᠢᠯᠡᠭᠦᠯᠬᠦ᠂ ᠡᠯᠰᠡᠭᠳᠡᠬᠦ᠂ | ᠳᠠᠩᠰᠠᠯᠠᠨ ᠲᠡᠮᠳᠡᠭᠯᠡᠬᠦ᠂ ᠲᠠᠪᠤᠨ ᠵᠢᠯ ᠤᠨ ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵3 | + 2︶ ᠶᠢᠨ ᠱᠠᠲᠤ ᠰᠢᠯᠵᠢᠨ ᠰᠤᠷᠤᠭᠴᠢ ᠡᠯᠰᠡᠬᠦ ᠵᠡᠷᠭᠡ ᠶᠢ ᠨᠥᠯᠥᠭᠡᠯᠡᠬᠦ ᠠᠴᠠ ᠵᠠᠶᠢᠯᠠᠰᠬᠢᠬᠦ ᠶᠢᠨ ᠲᠤᠰᠠᠳᠠ ᠨᠡᠷ᠎ᠡ | ᠮᠡᠳᠡᠭᠦᠯᠬᠦ ᠮᠡᠳᠡᠭᠡ ᠵᠠᠩᠭᠢ ᠶᠢ ᠨᠤᠲᠠᠯᠠᠭᠰᠠᠨ ᠪᠦᠭᠡᠳ ᠨᠡᠷ᠎ᠡ ᠮᠡᠳᠡᠭᠦᠯᠬᠦ ᠠᠵᠢᠯ ᠪᠦᠬᠦᠨ ᠢᠶᠠᠷ ᠢᠶᠠᠨ ᠳᠠᠭᠤᠰᠤᠭᠰᠠᠨ ᠤ | ᠳᠠᠷᠠᠭ᠎ᠠ᠂ ᠪᠡᠶ᠎ᠡ ᠬᠡᠮ ᠤᠨ ᠮᠡᠳᠡᠭᠡ ᠵᠠᠩᠭᠢ ᠪᠠᠨ ᠳᠠᠬᠢᠨ ᠬᠤᠪᠢᠷᠠᠭᠤᠯᠵᠤ ᠪᠣᠯᠬᠤ ᠦᠭᠡᠢ᠃ |