ᠲᠥᠩᠯᠢᠶᠣᠣ ᠬᠤᠲᠠ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠥᠭᠡᠷᠡᠴᠢᠯᠡᠯᠲᠡ ᠶᠢᠨ ᠠᠵᠢᠯ ᠢ ᠲᠣᠭᠲᠠᠭᠤᠨ ᠢᠶᠠᠷ ᠲᠦᠯᠬᠢᠨ ᠠᠬᠢᠭᠤᠯᠵᠤ ᠪᠣᠢ
ᠨᠡᠶᠢᠲᠡᠯᠡᠭᠰᠡᠨ ᠴᠠᠭ᠄
2019/3/21
     2018 ᠣᠨ ᠳᠤ᠂ ᠲᠦᠩᠯᠢᠶᠣᠤ ᠬᠤᠲᠠ ᠥᠪᠡᠷᠲᠡᠭᠡᠨ ᠵᠠᠰᠠᠬᠤ ᠣᠷᠣᠨ ᠤ ︽ᠵᠠᠰᠠᠭ ᠤᠨ ᠣᠷᠳᠣᠨ ᠤ ᠨᠡᠶᠢᠭᠡᠮ ᠤᠨ ᠬᠦᠴᠦᠨ ᠠᠴᠠ ᠦᠢᠯᠡᠴᠢᠯᠡᠭᠡ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ︾᠎ ᠶᠢ ᠢᠳᠡᠪᠬᠢᠲᠡᠶ ᠲᠤᠭᠤᠰᠢᠯᠠᠭᠤᠯᠤᠨ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠬᠤ᠂ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ ᠳᠤ ᠢᠯᠡᠷᠡᠭᠰᠡᠨ ᠠᠰᠠᠭᠤᠳᠠᠯ ᠢ ᠴᠤᠭᠯᠠᠭᠤᠯᠬᠤ᠂ ᠡᠯ᠎ᠡ ᠰᠠᠯᠠᠭ᠎ᠠ ᠲᠠᠰᠤᠭ ᠤᠨ ᠰᠠᠨᠠᠯ ᠢ ᠬᠤᠷᠢᠶᠠᠬᠤ᠂ ᠪᠥᠬᠦ ᠬᠤᠲᠠ ᠶᠢᠨ ᠪᠣᠯᠪᠠᠰᠤᠷᠠᠭᠤᠯᠤᠯ ᠤᠨ ᠠᠩᠭᠢ ᠶᠢ ᠡᠷᠬᠢᠯᠡᠬᠦ ᠪᠠ ᠵᠢᠱᠢᠶ᠎ᠡ ᠦᠵᠡᠭᠦᠯᠬᠦ ᠲᠥᠷᠥᠯ ᠵᠦᠢᠯ ᠢ ᠭᠤᠶᠣᠴᠢᠯᠠᠨ ᠮᠡᠳᠡᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ ᠰᠠᠨᠠᠭᠠᠴᠢᠯᠠᠭ᠎ᠠ ᠠᠴᠠ ᠎ ᠪᠠᠨ ᠤᠬᠠᠭᠤᠯᠭ᠎ᠠ ᠬᠢᠵᠦ᠂ ᠡᠯ᠎ᠡ ᠨᠢᠭᠡᠴᠢ ︵ᠰᠠᠯᠠᠭ᠎ᠠ ᠮᠥᠴᠢᠷ︶᠎ ᠶᠢ ᠢᠳᠡᠪᠬᠢᠲᠡᠶ ᠪᠠᠷ ᠵᠢᠭᠠᠨ ᠵᠢᠯᠣᠭᠤᠳᠴᠤ ᠪᠠᠶᠢᠭᠠᠳ ᠵᠢᠷᠤᠮᠵᠢᠯ ᠶᠣᠰᠣᠭᠠᠷ ᠭᠦᠢᠴᠡᠳᠬᠡᠯᠭᠡᠵᠦ᠂ ᠡᠭᠦᠨ ᠤ ᠬᠠᠮᠲᠤ ᠡᠯ᠎ᠡ ᠬᠤᠰᠢᠭᠤ ᠰᠢᠶᠠᠨ ᠤ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠥᠭᠡᠷᠡᠴᠢᠯᠡᠯᠲᠡ ᠶᠢ ᠬᠥᠲᠥᠯᠥᠨ ᠵᠢᠯᠣᠭᠤᠳᠴᠤ᠂ ᠲᠦᠩᠯᠢᠶᠣᠤ ᠬᠤᠲᠠ ᠶᠢᠨ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠪᠠ᠃ 2018 ᠣᠨ ᠤ ᠡᠴᠦᠰ ᠪᠣᠯᠲᠠᠯ᠎ᠠ᠂ ᠲᠦᠩᠯᠢᠶᠣᠤ ᠬᠤᠲᠠ ᠵᠠᠰᠠᠭ ᠤᠨ ᠣᠷᠳᠣᠨ ᠤ 24 ᠳᠦᠷᠦᠯ ᠵᠦᠢᠯ ᠳᠤ ᠦᠢᠯᠡᠴᠢᠯᠡᠭᠡ ᠬᠤᠳᠠᠯᠳᠤᠨ ᠠᠪᠬᠤ ᠶᠢ ᠥᠷᠨᠢᠭᠦᠯᠵᠦ᠂ ᠡᠳᠡᠭᠡᠷ ᠨᠢ ᠰᠣᠶᠣᠯ᠂ ᠪᠡᠶ᠎ᠡ ᠶᠢᠨ ᠲᠠᠮᠢᠷ᠂ ᠵᠠᠭᠤᠴᠢᠯᠠᠭᠤᠷ᠂ ᠨᠡᠶᠢᠭᠡᠮ ᠤᠨ ᠳᠠᠭᠠᠳᠬᠠᠯ ᠪᠠ ᠠᠵᠢᠯ ᠣᠯᠭᠤᠯᠲᠠ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠵᠡᠷᠭᠡ 9 ᠶᠡᠭᠡ ᠬᠦᠷᠢᠶ᠎ᠡ ᠳᠤ ᠬᠤᠯᠪᠣᠭᠳᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号