ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯ ᠢ ᠪᠦᠬᠦ ᠳᠠᠯ᠎ᠠ ᠪᠠᠷ ᠴᠢᠩᠭᠠᠳᠬᠠᠬᠤ ᠳᠤᠬᠠᠢ ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2019/3/21
                             ᠥᠪᠥᠷ ᠵᠠᠰᠠᠭ ᠲᠠᠷᠬᠠᠭᠠᠭᠰᠠᠨ ﹇2018﹈ 39 ᠳ᠋ᠤᠭᠡᠷ ᠲᠤᠭᠠᠳᠤ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠲᠡᠭᠡᠨ ᠵᠠᠰᠠᠬᠤ ᠤᠷᠤᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ︽ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯ ᠢ ᠪᠦᠬᠦ ᠳᠠᠯ᠎ᠠ ᠪᠠᠷ ᠴᠢᠩᠭᠠᠳᠬᠠᠬᠤ ᠳᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ︵ᠲᠥᠷᠥ ᠳᠠᠷᠬᠠᠭᠠᠭᠰᠠᠨ ﹇2018﹈ 4 ᠳ᠋ᠤᠭᠡᠷ ᠲᠣᠭᠠᠲᠤ︶ ᠤᠨ ᠵᠤᠷᠢᠭ ᠰᠠᠨᠠᠭ᠎ᠠ ᠶᠢ ᠳᠣᠭᠤᠰᠢᠯᠠᠭᠤᠯᠣᠨ ᠨᠠᠶᠢᠳᠠᠪᠤᠷᠢᠵᠢᠭᠤᠯᠵᠦ᠂ ᠦᠪᠡᠷᠳᠡᠭᠡᠨ ᠵᠠᠰᠠᠬᠤ ᠤᠷᠤᠨ ᠤ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠩᠬᠠᠨ ᠤ ᠰᠢᠨ᠎ᠡ ᠶᠢ ᠡᠭᠦᠳᠬᠦ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠬᠦ ᠶᠢᠨ ᠲᠤᠰᠠᠲᠠ᠂ ᠦᠪᠡᠷᠳᠡᠭᠡᠨ ᠵᠠᠰᠠᠬᠤ ᠤᠷᠤᠨ ᠤ ᠪᠤᠳᠠᠲᠠᠢ ᠲᠠᠢ ᠤᠶᠠᠯᠳᠤᠭᠤᠯᠤᠨ᠂ ᠡᠳᠦᠭᠡ ᠳᠤᠤᠷᠠᠬᠢ ᠮᠡᠳᠦ ᠬᠡᠷᠡᠭᠵᠢᠭᠦᠯᠬᠦ ᠰᠠᠨᠠᠯ ᠢ ᠳᠤᠷᠠᠳᠪᠠ᠃      ᠨᠢᠭᠡ᠂ ᠶᠡᠷᠦᠩᠬᠡᠢ ᠱᠠᠭᠠᠷᠳᠠᠯᠭ᠎ᠠ      ︵ᠨᠢᠭᠡ︶ ᠵᠢᠯᠤᠭᠤᠳᠬᠤ ᠦᠵᠡᠯ ᠰᠠᠨᠠᠭ᠎ᠠ      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠳᠠᠯ᠎ᠠ ᠪᠠᠷ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠤᠯᠭᠠᠭᠰᠠᠨ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠶᠢᠷᠡᠨ ᠬᠡᠷᠡᠭᠵᠢᠭᠦᠯᠵᠦ᠂ ᠦᠪᠡᠷᠳᠡᠭᠡᠨ ᠵᠠᠰᠠᠬᠤ ᠤᠷᠤᠨ ᠤ ᠳᠠᠪᠠᠭᠤᠯᠢᠭ ᠪᠦᠭᠡᠳ ᠤᠨᠴᠠᠯᠢᠭᠲᠤ ᠬᠦᠷᠢᠶ᠎ᠡ ᠴᠠᠷᠠᠭ᠎ᠠ ᠪᠠ ᠭᠤᠣᠯᠳᠠᠯᠭ᠎ᠠ ᠲᠠᠢ ᠰᠢᠨᠵᠢᠯᠡᠭᠡᠨ ᠳᠤ ᠰᠠᠭᠤᠷᠢᠯᠠᠵᠤ᠂ ᠳᠡᠯᠡᠬᠡᠢ ᠶᠢᠨ ᠬᠤᠰᠢᠭᠤᠷᠠᠭᠰᠠᠨ ᠰᠢᠨᠵᠢᠯᠡᠬᠦ ᠤᠬᠠᠭᠠᠨ ᠮᠡᠷᠭᠡᠵᠢᠯ ᠢ ᠬᠠᠷᠠᠭᠠᠯᠠᠵᠤ᠂ ᠤᠯᠤᠰ ᠤᠨ ᠪᠠ ᠦᠪᠡᠷᠳᠡᠭᠡᠨ ᠵᠠᠰᠠᠬᠤ ᠤᠷᠤᠨ ᠤ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠶᠢᠨ ᠳᠤᠭᠤᠷᠢᠨ ᠳᠤ᠂ ᠰᠠᠭᠤᠷᠢ ᠰᠤᠳᠤᠯᠤᠯ ᠢ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠤᠨ ᠦᠭᠡᠷᠡᠴᠢᠯᠡᠯᠳᠡ ᠶᠢ ᠬᠦᠨᠵᠡᠭᠡᠶᠢᠷᠡᠭᠦᠯᠵᠤ᠂ ᠰᠠᠭᠤᠷᠢ ᠰᠤᠳᠤᠯᠤᠯ ᠢ ᠬᠡᠷᠡᠭᠯᠡᠭᠡᠨ ᠤ ᠰᠤᠳᠤᠯᠤᠯ ᠯᠤᠭ᠎ᠠ ᠠᠭᠤᠰᠤᠯᠴᠠᠭᠤᠯᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠪᠠᠷᠠᠭᠠᠯᠭᠢᠯᠠᠯᠲᠤ ᠴᠢᠨᠠᠷᠳᠠᠢ ᠰᠠᠭᠤᠷᠢ ᠰᠤᠳᠤᠯᠤᠯ᠂ ᠬᠦᠳᠦᠯᠦᠨ ᠳᠠᠭᠠᠭᠤᠯᠬᠤ ᠴᠢᠨᠠᠷᠲᠠᠢ ᠠᠩᠬᠠᠨ ᠤ ᠡᠭᠦᠳᠦᠯᠳᠡ ᠶᠢᠨ ᠦᠷ᠎ᠡ ᠪᠦᠳᠦᠭᠡᠯ ᠪᠠ ᠵᠠᠩᠭᠢᠯᠭ᠎ᠠ ᠶᠢᠨ ᠨᠡᠶᠢᠲᠡᠯᠢᠭ ᠴᠢᠨᠠᠷᠲᠠᠢ ᠮᠡᠷᠭᠡᠵᠢᠯ᠂ ᠬᠤᠰᠢᠭᠤᠷᠠᠵᠤ ᠬᠦᠳᠦᠯᠦᠨ ᠳᠠᠭᠠᠭᠤᠯᠬᠤ ᠮᠡᠷᠭᠡᠵᠢᠯ᠂ ᠤᠳᠤ ᠦᠶ᠎ᠡ ᠶᠢᠨ ᠢᠨᠵᠧᠨᠧᠷᠢᠩ ᠤᠨ ᠮᠡᠷᠭᠡᠵᠢᠯ ᠤᠨ ᠴᠢᠬᠤᠯᠠ ᠶᠡᠭᠡ ᠰᠢᠪᠳᠤᠯᠤᠯᠲᠠ ᠵᠡᠷᠭᠡ ᠶᠢ ᠬᠦᠴᠦᠯᠡᠨ ᠪᠡᠶᠡᠯᠡᠭᠦᠯᠵᠦ᠂ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠶᠢᠨ ᠴᠢᠨᠠᠷᠵᠢᠭᠤᠨ ᠬᠦᠭᠵᠢᠯᠳᠡ ᠶᠢ ᠪᠡᠶᠡᠯᠡᠭᠦᠯᠬᠦ ᠳᠤ ᠬᠦᠴᠦᠳᠡᠢ ᠳᠤᠯᠭᠠᠭᠤᠷᠢᠯᠠᠯ ᠬᠠᠩᠭᠠᠨ᠎ᠠ᠃      ︵ᠬᠤᠶᠠᠷ︶ ᠦᠨᠳᠦᠰᠦᠨ ᠵᠠᠷᠴᠢᠮ      ᠰᠢᠨᠵᠢᠯᠡᠬᠦ ᠤᠬᠠᠭᠠᠨ ᠤ ᠵᠢᠮ᠎ᠡ ᠬᠠᠤᠯᠢ ᠶᠢ ᠵᠢᠷᠤᠮᠯᠠᠵᠤ᠂ ᠲᠦᠷᠥᠯ ᠬᠤᠪᠢᠶᠠᠨ ᠵᠢᠯᠤᠭᠤᠳᠬᠤ ᠶᠢ ᠪᠠᠷᠢᠮᠳᠠᠯᠠᠨ᠎ᠠ᠃ ᠰᠢᠨᠵᠢᠯᠡᠬᠦ ᠤᠬᠠᠭᠠᠨ ᠤ ᠰᠤᠳᠤᠯᠤᠯ ᠤᠨ ᠬᠤᠷᠴᠠ ᠰᠡᠷᠡᠯ ᠤᠨ ᠠᠭᠱᠠᠨ ᠴᠢᠨᠠᠷ᠂ ᠬᠡᠯᠪᠡᠷᠢ ᠮᠠᠶ᠋ᠢᠭ ᠤᠨ ᠴᠢᠯᠦᠭᠡᠳᠦ ᠴᠢᠨᠠᠷ᠂ ᠠᠷᠭ᠎ᠠ ᠵᠠᠮ ᠤᠨ ᠳᠤᠭᠳᠠᠭᠤᠨ ᠪᠤᠰᠤ ᠴᠢᠨᠠᠷ ᠤᠨ ᠤᠨᠴᠠᠯᠢᠭ ᠢ ᠴᠢᠬᠤᠯᠠᠴᠢᠯᠠᠨ᠂ ᠰᠢᠨ᠎ᠡ ᠶᠢ ᠡᠭᠦᠳᠬᠦ ᠳᠤ ᠠᠰᠢᠭᠳᠠᠢ ᠤᠷᠴᠢᠨ ᠨᠦᠬᠦᠴᠡᠯ ᠪᠠ ᠰᠤᠶᠤᠯ ᠢ ᠪᠣᠢ ᠪᠣᠯᠭᠠᠵᠤ᠂ ᠰᠢᠨᠵᠢᠯᠡᠬᠦ ᠤᠬᠠᠭᠠᠨᠳᠠᠨ ᠤ ᠴᠢᠯᠦᠭᠡᠳᠡᠢ ᠤᠷᠠᠯᠠᠨ ᠰᠡᠳᠬᠢᠬᠦ᠂ ᠵᠤᠷᠢᠭᠲᠠᠢ ᠵᠢᠱᠢᠨ ᠪᠤᠳᠤᠬᠤ᠂ ᠬᠢᠨᠠᠮᠠᠭᠠᠢ ᠬᠡᠷᠡᠴᠢᠯᠡᠵᠦ ᠪᠠᠳᠤᠯᠠᠬᠤ ᠶᠢ ᠵᠤᠷᠢᠬᠵᠢᠭᠤᠯᠤᠨ᠎ᠠ᠃ ᠴᠢᠯᠦᠭᠡᠳᠡᠢ ᠰᠦᠪᠡᠭᠴᠢᠯᠡᠬᠦ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢᠨ ᠤᠷᠭᠠᠨᠢᠭ ᠤᠶᠠᠯᠳᠤᠭᠤᠯᠬᠤ ᠶᠢ ᠠᠬᠢᠭᠤᠯᠵᠤ᠂ ᠴᠢᠯᠦᠭᠡᠳᠡᠢ ᠰᠦᠪᠡᠭᠴᠢᠯᠡᠬᠦ ᠲᠥᠷᠥᠯ ᠤᠨ ᠰᠠᠭᠤᠷᠢ ᠰᠤᠳᠤᠯᠤᠯ ᠢᠶᠠᠷ ᠲᠠᠨᠢᠭᠳᠠᠭᠠᠳᠤᠢ ᠰᠢᠨᠵᠢᠯᠡᠬᠦ ᠤᠬᠠᠭᠠᠨ ᠤ ᠠᠰᠠᠭᠤᠳᠠᠯ ᠢ ᠰᠦᠪᠡᠭᠴᠢᠯᠡᠬᠦ ᠳᠤ ᠲᠦᠪᠯᠡᠷᠡᠭᠦᠯᠵᠦ᠂ ᠰᠢᠨᠵᠢᠯᠡᠬᠦ ᠤᠬᠠᠭᠠᠨ ᠤ ᠨᠤᠶᠠᠨ ᠤᠷᠬᠢᠯ ᠳᠡᠶᠢᠰᠢ ᠵᠤᠷᠢᠭᠲᠠᠢ ᠪᠠᠷ ᠵᠣᠷᠢᠨ᠎ᠠ︔ ᠬᠠᠷᠠᠯᠲᠠ ᠪᠠᠷ ᠤᠳᠤᠷᠢᠳᠤᠮᠵᠢ ᠪᠣᠯᠭᠠᠬᠤ ᠲᠥᠷᠥᠯ ᠤᠨ ᠰᠠᠭᠤᠷᠢ ᠰᠤᠳᠤᠯᠤᠯ ᠢ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠬᠡᠷᠡᠭᠴᠡᠭᠡ ᠱᠠᠭᠠᠷᠳᠠᠯᠭ᠎ᠠ ᠲᠠᠢ ᠨᠢᠬᠲᠠ ᠤᠶᠠᠯᠳᠤᠭᠤᠯᠵᠤ᠂ ᠳᠠᠪᠠᠭᠤᠯᠢᠭ ᠪᠦᠭᠡᠳ ᠤᠨᠴᠠᠯᠢᠬᠳᠦ ᠬᠦᠷᠢᠶ᠎ᠡ ᠴᠠᠷᠠᠭᠠᠨ ᠳᠠᠬᠢ ᠪᠠᠷᠠᠭᠠᠯᠭᠢᠯᠠᠯᠲᠤ ᠪᠠᠶᠢᠷᠢᠯᠠᠭᠤᠯᠤᠯᠲᠠ ᠶᠢ ᠴᠢᠩᠭᠠᠳᠬᠠᠨ᠎ᠠ᠃ ᠠᠩᠬᠠᠨ ᠤ ᠰᠢᠨ᠎ᠡ ᠡᠭᠦᠳᠦᠯᠳᠡ ᠶᠢ ᠳᠤᠪᠤᠶᠢᠯᠭᠠᠵᠤ᠂ ᠠᠭᠤᠰᠤᠯᠴᠠᠨ ᠨᠡᠪᠳᠡᠷᠡᠯᠴᠡᠵᠦ ᠬᠦᠭᠵᠢᠬᠦ ᠶᠢ ᠠᠬᠢᠭᠤᠯᠤᠨ᠎ᠠ᠃      ᠠᠩᠬᠠᠨ ᠤ ᠰᠢᠨ᠎ᠡ ᠡᠭᠦᠳᠦᠯᠳᠡ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠶᠢ ᠨᠡᠩᠳᠡ ᠴᠢᠬᠤᠯᠠᠴᠢᠯᠠᠵᠤ᠂ ᠰᠢᠨ᠎ᠡ ᠶᠢ ᠡᠭᠦᠳᠬᠦ ᠢᠳᠡᠭᠡᠯ ᠢ ᠪᠠᠳᠤ ᠪᠤᠯᠭᠠᠵᠤ᠂ ᠬᠤᠰᠢᠭᠤᠷᠠᠭᠰᠠᠨ ᠰᠢᠨᠵᠢᠯᠡᠬᠦ ᠤᠬᠠᠭᠠᠨ ᠤ ᠰᠤᠳᠤᠯᠤᠯ ᠤᠨ ᠠᠰᠠᠭᠤᠳᠠᠯ ᠳᠤ ᠵᠤᠷᠢᠭᠲᠠᠢ ᠪᠠᠷ ᠤᠷᠤᠯᠴᠠᠨ᠂ ᠨᠡᠩ ᠤᠯᠠᠨ ᠠᠩᠬᠠᠨ ᠤ ᠡᠭᠦᠳᠦᠯᠳᠡ ᠶᠢᠨ ᠤᠨᠤᠯ ᠪᠠ ᠠᠩᠬᠠᠨ ᠤ ᠡᠭᠦᠳᠦᠯᠲᠡ ᠶᠢᠨ ᠢᠯᠡᠷᠡᠭᠦᠯᠦᠯᠳᠡ ᠶᠢ ᠳᠤᠷᠠᠳᠤᠨ ᠭᠠᠷᠭᠠᠬᠤ ᠬᠡᠷᠡᠭᠳᠡᠢ᠃ ᠰᠢᠨᠵᠢᠯᠡᠬᠦ ᠤᠬᠠᠭᠠᠨ ᠪᠠ ᠰᠤᠷᠭᠠᠨ ᠬᠦᠮᠦᠵᠢᠯ ᠢ ᠠᠭᠤᠰᠤᠯᠴᠠᠭᠤᠯᠬᠤ᠂ ᠴᠡᠷᠢᠭ ᠪᠠ ᠠᠷᠠᠳ ᠤᠨ ᠬᠡᠷᠡᠭᠴᠡᠭᠡ ᠶᠢ ᠠᠭᠤᠰᠤᠯᠴᠠᠭᠤᠯᠬᠤ ᠬᠢᠭᠡᠳ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠭᠦᠨ ᠠᠭᠤᠰᠤᠯᠴᠠᠭᠤᠯᠬᠤ ᠪᠠᠨ ᠴᠢᠩᠭᠠᠷᠠᠭᠤᠯᠵᠤ᠂ ᠰᠤᠳᠤᠯᠤᠯ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠵᠤ᠂ ᠰᠠᠭᠤᠷᠢ ᠰᠤᠳᠤᠯᠤᠯ ᠪᠠ ᠬᠡᠷᠡᠭᠯᠡᠭᠡᠨ ᠤ ᠰᠤᠳᠤᠯᠤᠯ ᠢ ᠠᠵᠤ ᠦᠢᠯᠡᠰᠵᠢᠭᠦᠯᠬᠦ ᠲᠠᠢ ᠵᠠᠯᠭᠠᠯᠳᠤᠭᠤᠯᠤᠨ ᠨᠡᠪᠳᠡᠷᠡᠯᠴᠡᠬᠦᠯᠬᠦ ᠶᠢ ᠠᠬᠢᠭᠤᠯᠵᠤ᠂ ᠠᠳᠠᠯᠢ ᠪᠤᠰᠤ ᠠᠵᠢᠯ ᠲᠥᠷᠥᠯ ᠪᠠ ᠬᠦᠷᠢᠶ᠎ᠡ ᠴᠠᠷᠠᠭᠠᠨ ᠳᠠᠬᠢ ᠰᠢᠨ᠎ᠡ ᠶᠢ ᠡᠭᠦᠳᠬᠦ ᠬᠦᠴᠦᠨ ᠵᠦᠢᠯ ᠤᠨ ᠪᠦᠳᠦᠮᠵᠢᠳᠡᠢ ᠵᠠᠯᠭᠠᠯᠳᠤᠬᠤ ᠶᠢ ᠲᠦᠯᠬᠢᠨ ᠠᠬᠢᠭᠤᠯᠤᠨ᠎ᠠ᠃      ᠪᠠᠶᠢᠭᠤᠯᠤᠯ ᠳᠤᠭᠳᠠᠴᠠ ᠳᠤ ᠰᠢᠨ᠎ᠡ ᠶᠢ ᠡᠭᠦᠳᠴᠦ᠂ ᠰᠢᠨ᠎ᠡ ᠡᠭᠦᠳᠦᠯᠳᠡ ᠶᠢᠨ ᠠᠮᠢᠵᠢᠷᠠᠯ ᠤᠨ ᠬᠦᠴᠦᠨ ᠢ ᠴᠢᠩᠭᠠᠷᠠᠭᠤᠯᠤᠨ᠎ᠠ᠃ ᠰᠢᠨᠵᠢᠯᠡᠬᠦ ᠤᠬᠠᠭᠠᠨ ᠤ ᠰᠤᠳᠤᠯᠤᠯ ᠤᠨ ᠲᠦᠷᠥᠯ ᠵᠦᠢᠯ ᠪᠠ ᠵᠠᠷᠤᠳᠠᠯ ᠤᠨ ᠬᠠᠮᠢᠶᠠᠷᠤᠯᠲᠠ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠤ ᠰᠤᠳᠤᠯᠤᠯ ᠳᠤ ᠠᠭᠤᠵᠢᠭᠤ ᠴᠢᠯᠦᠭᠡᠳᠡᠢ ᠤᠷᠴᠢᠨ ᠨᠦᠬᠦᠴᠡᠯ ᠢ ᠪᠣᠢ ᠪᠤᠯᠭᠠᠨ᠂ ᠰᠤᠳᠤᠯᠭᠠᠳᠠᠳ ᠢ ᠰᠡᠳᠭᠢᠯ ᠰᠢᠭᠤᠳᠴᠦ ᠤᠷᠳᠤ ᠬᠤᠭᠤᠴᠠᠭ᠎ᠠ ᠪᠠᠷ ᠰᠠᠭᠤᠷᠢ ᠰᠤᠳᠤᠯᠤᠯ ᠬᠢᠬᠦ ᠪᠣᠯᠭᠠᠨ᠎ᠠ᠃ ᠲᠦᠷᠥᠯ ᠠᠩᠭᠢᠯᠠᠨ ᠦᠨᠡᠯᠡᠬᠦ ᠳᠤᠭᠳᠠᠴᠠ ᠶᠢ ᠳᠡᠭᠦᠯᠳᠡᠷᠵᠢᠭᠦᠯᠵᠤ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠪᠠ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠮᠡᠷᠭᠡᠵᠢᠯᠳᠡᠳ ᠤᠨ ᠢᠳᠡᠪᠬᠢᠵᠢᠯ ᠪᠠ ᠪᠦᠳᠦᠭᠡᠯᠴᠢ ᠴᠢᠨᠠᠷ ᠢ ᠳᠠᠶᠢᠴᠢᠯᠠᠨ᠎ᠠ᠃ ᠵᠠᠰᠠᠭ ᠤᠨ ᠤᠷᠳᠤᠨ ᠤ ᠬᠠᠮᠢᠶᠠᠷᠤᠯᠲᠠ ᠶᠢᠨ ᠬᠡᠯᠪᠡᠷᠢ ᠳᠤ ᠰᠢᠨ᠎ᠡ ᠶᠢ ᠡᠭᠦᠳᠦᠨ᠂ ᠠᠵᠤ ᠠᠬᠤᠶᠢᠯᠠᠯ ᠢ ᠬᠦᠳᠦᠯᠦᠨ ᠵᠢᠯᠤᠭᠤᠳᠴᠦ ᠪᠠᠶᠢᠭᠠᠳ ᠰᠠᠭᠤᠷᠢ ᠰᠤᠳᠤᠯᠤᠯ ᠢ ᠴᠢᠩᠭᠠᠳᠬᠠᠵᠤ᠂ ᠠᠵᠢᠯ ᠲᠥᠷᠥᠯ ᠤᠨ ᠬᠢᠨ ᠤ ᠦᠷᠢᠰᠦᠯᠳᠦᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃      ᠬᠠᠮᠵᠢᠯᠴᠠᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠴᠢᠯᠦᠭᠡᠳᠡᠢ ᠬᠠᠮᠲᠤᠷᠠᠯᠴᠠᠬᠤ ᠶᠢ ᠦᠷᠭᠡᠳᠭᠡᠨ᠎ᠡ᠃ ᠬᠠᠮ ᠰᠢᠨᠵᠢᠯᠡᠬᠦ ᠤᠬᠠᠭᠠᠨ᠂ ᠲᠤᠮᠤ ᠳ᠋ᠠᠶᠢᠲ᠋ᠠ᠂ ᠢᠨᠲ᠋ᠧᠷ ᠰᠦᠯᠵᠢᠶᠡᠨ ᠤ ᠴᠠᠭ ᠦᠶ᠎ᠡ ᠶᠢᠨ ᠰᠢᠨ᠎ᠡ ᠱᠠᠭᠠᠷᠳᠠᠯᠭ᠎ᠠ ᠳᠤ ᠳᠤᠬᠢᠷᠠᠯᠴᠠᠭᠤᠯᠤᠨ᠂ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠯᠠᠭ᠎ᠠ ᠶᠢᠨ ᠬᠠᠮᠵᠢᠯᠴᠠᠨ ᠬᠤᠷᠰᠢᠯᠴᠠᠬᠤ ᠶᠢ ᠢᠳᠡᠪᠬᠢᠳᠡᠢ ᠰᠦᠪᠡᠭᠴᠢᠯᠡᠵᠤ᠂ ᠰᠢᠨᠵᠢᠯᠡᠬᠦ ᠤᠬᠠᠭᠠᠨ ᠤ ᠪᠡᠷᠬᠡ ᠠᠰᠠᠭᠤᠳᠠᠯ ᠢ ᠰᠢᠢᠳᠪᠦᠷᠢᠯᠡᠨ᠂ ᠰᠢᠨ᠎ᠡ ᠡᠭᠦᠳᠦᠯᠳᠡ ᠶᠢᠨ ᠦᠷ᠎ᠡ ᠪᠦᠳᠦᠭᠡᠯ ᠢ ᠬᠠᠮᠳᠤ ᠳᠤ ᠪᠠᠨ ᠬᠦᠷᠲᠡᠨ᠎ᠡ᠃ ᠴᠢᠳᠠᠪᠤᠷᠢᠳᠠᠨ ᠬᠦᠮᠦᠵᠢᠭᠦᠯᠬᠦ ᠳᠤᠭᠳᠠᠴᠠ ᠳᠤ ᠰᠢᠨ᠎ᠡ ᠶᠢ ᠡᠭᠦᠳᠴᠦ᠂ ᠤᠯᠠᠨ ᠳᠠᠯ᠎ᠠ ᠪᠠᠷ ᠴᠢᠳᠠᠪᠤᠷᠢᠳᠠᠨ ᠤᠷᠢᠵᠤ ᠤᠶᠤᠨ ᠤ ᠮᠡᠳᠡᠯᠭᠡ ᠶᠢ ᠣᠷᠤᠭᠤᠯᠤᠨ ᠠᠪᠴᠢᠷᠠᠨ᠎ᠠ᠃ ᠪᠦᠬᠦ ᠪᠦᠮᠪᠦᠷᠴᠡᠭ ᠪᠠ ᠪᠦᠬᠦ ᠤᠯᠤᠰ ᠤᠨ ᠰᠢᠨ᠎ᠡ ᠶᠢ ᠡᠭᠦᠳᠬᠦ ᠰᠦᠯᠵᠢᠶᠡᠨ ᠳᠤ ᠰᠠᠨᠠᠭᠠᠴᠢᠯᠠᠭ᠎ᠠ ᠠᠴᠠ ᠪᠠᠨ ᠤᠷᠤᠯᠴᠠᠵᠤ᠂ ᠰᠢᠨ᠎ᠡ ᠶᠢ ᠡᠭᠦᠳᠬᠦ ᠴᠢᠳᠠᠪᠤᠷᠢ ᠶᠢᠨ ᠲᠠᠯ᠎ᠠ ᠪᠠᠷ ᠴᠢᠯᠦᠭᠡᠳᠡᠢ ᠬᠠᠮᠲᠤᠷᠠᠯᠴᠠᠬᠤ ᠶᠢ ᠴᠢᠩᠭᠠᠳᠬᠠᠵᠤ᠂ ᠪᠦᠬᠦ ᠪᠦᠮᠪᠦᠷᠴᠡᠭ ᠤᠨ ᠠᠩᠬᠠᠷᠴᠦ ᠪᠠᠶᠢᠭ᠎ᠠ ᠴᠢᠬᠤᠯᠠ ᠶᠡᠭᠡ ᠰᠢᠨᠵᠢᠯᠡᠬᠦ ᠤᠬᠠᠭᠠᠨ ᠤ ᠦᠷᠢᠰᠦᠯᠳᠦᠭᠡᠨ ᠢ ᠬᠠᠮᠳᠦ ᠪᠠᠷ ᠠᠷᠭᠠᠴᠠᠭᠠᠨ᠎ᠠ᠃      ᠳᠤᠬᠳᠠᠭᠤᠨ ᠢᠶᠠᠷ ᠳᠡᠮᠵᠢᠬᠦ ᠶᠢ ᠴᠢᠩᠭᠠᠷᠠᠭᠤᠯᠵᠤ᠂ ᠤᠷᠤᠭᠤᠯᠤᠯᠲᠠ ᠶᠢᠨ ᠪᠦᠳᠦᠴᠡ ᠶᠢ ᠰᠢᠯᠢᠳᠡᠭᠵᠢᠭᠦᠯᠦᠨ᠎ᠡ᠃ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠠᠴᠠ ᠰᠠᠭᠤᠷᠢ ᠰᠤᠳᠤᠯᠤᠯ ᠢ ᠳᠤᠬᠳᠠᠭᠤᠨ ᠢᠶᠠᠷ ᠳᠡᠮᠵᠢᠬᠦ ᠡᠷᠴᠢᠮ ᠢ ᠴᠢᠩᠭᠠᠷᠠᠭᠤᠯᠵᠤ᠂ ᠰᠠᠭᠤᠷᠢ ᠰᠤᠳᠤᠯᠤᠯ ᠤᠨ ᠣᠯᠠᠨ ᠡᠰᠢᠵᠢᠭᠰᠡᠨ ᠤᠷᠤᠭᠤᠯᠤᠯᠲᠠ ᠶᠢᠨ ᠳᠤᠭᠳᠠᠴᠠ ᠶᠢ ᠪᠠᠶᠢᠭᠤᠯᠵᠤ᠂ ᠠᠶᠢᠮᠠᠭ ᠬᠤᠳᠠ᠂ ᠠᠵᠤ ᠠᠬᠤᠶᠢᠯᠠᠯ ᠪᠠ ᠨᠡᠶᠢᠭᠡᠮ ᠤᠨ ᠬᠢᠨ ᠤ ᠬᠦᠴᠦᠨ ᠢ ᠵᠤᠷᠢᠬᠵᠢᠭᠤᠯᠤᠨ ᠬᠦᠳᠦᠯᠦᠨ ᠵᠢᠯᠤᠭᠤᠳᠴᠦ ᠪᠠᠶᠢᠭᠠᠳ ᠰᠠᠭᠤᠷᠢ ᠰᠤᠳᠤᠯᠤᠯ ᠳᠤ ᠤᠷᠤᠭᠤᠯᠤᠯᠲᠠ ᠶᠢ ᠨᠢ ᠨᠡᠮᠡᠭᠳᠡᠭᠦᠯᠦᠨ᠎ᠡ᠃ ᠳᠤᠬᠳᠠᠭᠤᠨ ᠢᠶᠠᠷ ᠳᠡᠮᠵᠢᠬᠦ ᠪᠠ ᠦᠷᠢᠰᠦᠯᠳᠦᠬᠦ ᠴᠢᠨᠠᠷ ᠲᠠᠢ ᠳᠡᠮᠵᠢᠬᠦ ᠶᠢ ᠬᠠᠷᠢᠯᠴᠠᠨ ᠵᠤᠬᠢᠴᠠᠭᠤᠯᠤᠭᠰᠠᠨ ᠤᠷᠤᠭᠤᠯᠤᠯᠲᠠ ᠬᠢᠬᠦ ᠲᠤᠭᠳᠠᠴᠠ ᠶᠢ ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠳᠤᠯᠤᠯ᠂ ᠴᠢᠳᠠᠪᠤᠷᠢᠳᠠᠨ ᠬᠦᠮᠦᠵᠢᠭᠦᠯᠬᠦ᠂ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢᠨ ᠪᠦᠬᠦ ᠳᠠᠯ᠎ᠠ ᠪᠠᠷ ᠬᠦᠭᠵᠢᠬᠦ ᠶᠢ ᠲᠦᠯᠬᠢᠨ ᠠᠬᠢᠭᠤᠯᠤᠨ᠎ᠠ᠃      ︵ᠭᠤᠷᠪᠠ︶ ᠬᠦᠭᠵᠢᠯᠲᠡ ᠶᠢᠨ ᠬᠠᠷᠠᠯᠲᠠ      2020 ᠣᠨ ᠪᠤᠯᠬᠤ ᠳᠤ᠂ ᠦᠪᠡᠷᠳᠡᠭᠡᠨ ᠵᠠᠰᠠᠬᠤ ᠤᠷᠤᠨ ᠤ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯ ᠤᠨ ᠪᠦᠬᠦᠯᠢ ᠴᠤᠭᠴᠠ ᠶᠢᠨ ᠬᠢᠷᠢ ᠲᠦᠪᠰᠢᠨ ᠢ ᠳᠤᠪᠤᠶᠢᠮ᠎ᠠ ᠳᠡᠭᠡᠭᠰᠢᠯᠡᠭᠦᠯᠵᠦ᠂ ᠦᠪᠡᠷᠲᠡᠭᠡᠨ ᠵᠠᠰᠠᠬᠤ ᠤᠷᠤᠨ ᠤ ᠰᠢᠨ᠎ᠡ ᠶᠢ ᠡᠭᠦᠳᠬᠦ ᠬᠦᠭᠵᠢᠯᠳᠡ ᠶᠢ ᠳᠤᠯᠭᠠᠭᠤᠷᠢᠯᠠᠵᠤ ᠪᠠᠶᠢᠭ᠎ᠠ ᠡᠬᠢ ᠡᠭᠦᠰᠦᠯ ᠠᠴᠠ ᠨᠢ ᠬᠠᠩᠭᠠᠬᠤ ᠴᠢᠳᠠᠪᠤᠷᠢ ᠶᠢ ᠢᠯᠡᠷᠬᠡᠢ ᠨᠡᠮᠡᠭᠳᠡᠭᠦᠯᠵᠦ᠂ ᠠᠮᠢᠳᠤ ᠪᠤᠳᠠᠰ ᠤᠨ ᠤᠬᠠᠭᠠᠨ᠂ ᠮᠣᠩᠭᠤᠯ ᠠᠨᠠᠭᠠᠬᠤ ᠤᠬᠠᠭᠠᠨ᠂ ᠮᠣᠩᠭᠤᠯ ᠡᠮ ᠤᠨ ᠤᠬᠠᠭᠠᠨ ᠵᠡᠷᠭᠡ ᠬᠢᠴᠢᠶᠡᠯ ᠰᠢᠨᠵᠢᠯᠡᠭᠡᠨ ᠢ ᠤᠯᠤᠰ ᠤᠨ ᠳᠤᠳᠤᠭᠠᠳᠤ ᠶᠢᠨ ᠲᠡᠷᠢᠭᠦᠨ ᠤ ᠬᠢᠴᠢᠶᠡᠯ ᠰᠢᠨᠵᠢᠯᠡᠭᠡᠨ ᠤ ᠡᠮᠦᠨ᠎ᠡ ᠡᠩᠨᠡᠭᠡᠨ ᠳᠤ ᠤᠷᠤᠭᠤᠯᠬᠤ ᠪᠠᠷ ᠴᠢᠷᠮᠠᠶᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠢᠭᠡ ᠪᠦᠯᠦᠭ ᠳᠠᠭᠠᠭᠤᠯᠬᠤ ᠴᠢᠳᠠᠪᠤᠷᠢᠲᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠤᠣᠯᠯᠠᠭᠴᠢ ᠬᠦᠴᠦᠨ ᠤ ᠵᠠᠯᠠᠭᠤᠴᠤᠳ ᠪᠠ ᠦᠨᠳᠦᠷ ᠬᠢᠷᠢ ᠲᠦᠪᠰᠢᠨ ᠪᠦᠬᠦᠢ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠬᠦᠮᠦᠵᠢᠭᠦᠯᠵᠦ᠂ ᠤᠯᠤᠰ ᠤᠨ ᠭᠤᠣᠯᠳᠠᠯᠭ᠎ᠠ ᠲᠠᠢ ᠲᠤᠷᠰᠢᠯᠳᠠ ᠶᠢᠨ ᠳᠠᠰᠤᠭ ᠤᠨ ᠶᠡᠷᠦᠩᠬᠡᠢ ᠲᠤᠭ᠎ᠠ ᠶᠢ 4 — 5 ᠪᠤᠯᠭᠠᠵᠤ᠂ ᠦᠪᠡᠷᠳᠡᠭᠡᠨ ᠵᠠᠰᠠᠬᠤ ᠤᠷᠤᠨ ᠤ ᠭᠤᠣᠯᠳᠠᠯᠭ᠎ᠠ ᠲᠠᠢ ᠲᠤᠷᠰᠢᠯᠳᠠ ᠶᠢᠨ ᠳᠠᠰᠤᠭ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠢᠯᠡᠷᠭᠡᠢ ᠨᠡᠮᠡᠭᠳᠡᠭᠦᠯᠵᠦ᠂ ᠣᠳᠣ ᠦᠶ᠎ᠡ ᠶᠢᠨ ᠲᠤᠨᠤᠭ ᠲᠦᠬᠦᠭᠡᠷᠦᠮᠵᠢ ᠶᠢ ᠦᠢᠯᠡᠳᠬᠦ᠂ ᠰᠢᠨ᠎ᠡ ᠮᠠᠲ᠋ᠧᠷᠢᠶᠠᠯ᠂ ᠠᠮᠢᠳᠤ ᠪᠤᠳᠠᠰ ᠡᠮ ᠡᠮᠨᠡᠯᠭᠡ᠂ ᠡᠯᠧᠺᠲᠷᠦᠨ ᠮᠡᠳᠡᠭᠡ ᠵᠠᠩᠭᠢ᠂ ᠡᠨᠧᠷᠬᠢ ᠠᠷᠪᠢᠯᠠᠵᠤ ᠤᠷᠴᠢᠨ ᠲᠣᠭᠤᠷᠢᠨ ᠢ ᠬᠠᠮᠠᠭᠠᠯᠠᠬᠤ᠂ ᠣᠳᠣ ᠦᠶ᠎ᠡ ᠶᠢᠨ ᠮᠠᠯ ᠲᠠᠷᠢᠶᠠᠯᠠᠩ ᠵᠡᠷᠭᠡ ᠠᠵᠤ ᠦᠢᠯᠡᠰ ᠤᠨ ᠬᠦᠭᠵᠢᠯᠳᠡ ᠶᠢ ᠬᠦᠯᠢᠶᠡᠰᠦᠯᠡᠵᠦ ᠪᠠᠶᠢᠭ᠎ᠠ ᠰᠢᠨᠵᠢᠯᠡᠬᠦ ᠤᠬᠠᠭᠠᠨ ᠤ ᠴᠢᠬᠤᠯᠠ ᠶᠡᠭᠡ ᠠᠰᠠᠭᠤᠳᠠᠯ ᠤᠳ ᠢ ᠰᠢᠢᠳᠪᠦᠷᠢᠯᠡᠵᠦ᠂ ᠴᠢᠬᠤᠯᠠ ᠶᠡᠭᠡ ᠠᠩᠬᠠᠨ ᠤ ᠡᠭᠦᠳᠦᠯᠳᠡ ᠶᠢᠨ ᠴᠢᠨᠠᠷᠲᠠᠢ ᠰᠢᠨᠵᠢᠯᠡᠬᠦ ᠤᠬᠠᠭᠠᠨ ᠤ ᠦᠷ᠎ᠡ ᠪᠦᠳᠦᠭᠡᠯ ᠤᠳ ᠢ ᠣᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠬᠦᠴᠦᠳᠡᠢ ᠲᠤᠯᠭᠠᠭᠤᠷᠢᠯᠠᠯ ᠬᠠᠩᠭᠠᠨ᠎ᠠ᠃      2035 ᠣᠨ ᠪᠤᠯᠬᠤ ᠳᠤ᠂ ᠦᠪᠡᠷᠳᠡᠭᠡᠨ ᠵᠠᠰᠠᠬᠤ ᠤᠷᠤᠨ ᠤ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯ ᠤᠨ ᠪᠦᠬᠦᠯᠢ ᠴᠤᠭᠴᠠ ᠶᠢᠨ ᠬᠢᠷᠢ ᠲᠦᠪᠰᠢᠨ ᠪᠠ ᠨᠦᠯᠦᠭᠡᠯᠡᠬᠦ ᠬᠦᠴᠦᠨ ᠢ ᠶᠡᠭᠡ ᠪᠠᠷ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠬᠦᠭᠵᠢᠯᠳᠡ ᠳᠤ ᠠᠩᠬᠠᠨ ᠤ ᠰᠢᠨ᠎ᠡ ᠡᠭᠦᠳᠦᠯᠳᠡ ᠶᠢᠨ ᠲᠣᠯᠭᠠᠭᠤᠷᠢᠯᠠᠬᠤ ᠴᠢᠳᠠᠪᠤᠷᠢ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠠᠮᠢᠳᠤ ᠪᠤᠳᠠᠰ ᠤᠨ ᠤᠬᠠᠭᠠᠨ᠂ ᠮᠣᠩᠭᠤᠯ ᠠᠨᠠᠭᠠᠬᠤ ᠤᠬᠠᠭᠠᠨ᠂ ᠮᠣᠩᠭᠤᠯ ᠡᠮ ᠤᠨ ᠤᠬᠠᠭᠠᠨ ᠵᠡᠷᠭᠡ ᠬᠢᠴᠢᠶᠡᠯ ᠰᠢᠨᠵᠢᠯᠡᠭᠡᠨ ᠢ ᠪᠦᠬᠦ ᠳᠡᠯᠡᠬᠡᠢ ᠶᠢᠨ ᠲᠡᠷᠢᠭᠦᠨ ᠤ ᠬᠢᠴᠢᠶᠡᠯ ᠰᠢᠨᠵᠢᠯᠡᠭᠡᠨ ᠤ ᠬᠢᠷᠢ ᠲᠦᠪᠰᠢᠨ ᠳᠤ ᠬᠦᠷᠭᠡᠬᠦ ᠪᠠᠷ ᠴᠢᠷᠮᠠᠶᠢᠵᠤ᠂ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠢᠭᠡ ᠪᠦᠯᠦᠭ ᠴᠢᠳᠠᠪᠤᠷᠢᠳᠠᠨ ᠪᠠ ᠳᠡᠯᠡᠬᠡᠢ ᠶᠢᠨ ᠬᠢᠷᠢ ᠲᠦᠪᠰᠢᠨ ᠳᠤ ᠬᠦᠷᠬᠦ ᠰᠢᠨ᠎ᠡ ᠶᠢ ᠡᠭᠦᠳᠬᠦ ᠪᠦᠯᠬᠦᠮ ᠨᠡᠶᠢᠲᠡ ᠨᠦᠭᠦᠳ ᠢ ᠬᠦᠮᠦᠵᠢᠭᠦᠯᠦᠨ ᠪᠤᠶᠢᠵᠢᠭᠤᠯᠵᠤ᠂ ᠤᠯᠤᠰ ᠤᠨ ᠭᠤᠣᠯᠳᠠᠯᠭ᠎ᠠ ᠲᠠᠢ ᠲᠤᠷᠰᠢᠯᠳᠠ ᠶᠢᠨ ᠳᠠᠰᠤᠭ ᠤᠨ ᠶᠡᠷᠦᠩᠬᠡᠢ ᠲᠤᠭ᠎ᠠ ᠶᠢ 8 — 10 ᠪᠣᠯᠭᠠᠵᠤ ᠂ ᠣᠳᠣ ᠦᠶ᠎ᠡ ᠶᠢᠨ ᠲᠤᠨᠤᠭ ᠲᠦᠬᠦᠭᠡᠷᠦᠮᠵᠢ ᠦᠢᠯᠡᠳᠬᠦ᠂ ᠰᠢᠨ᠎ᠡ ᠮᠠᠲ᠋ᠧᠷᠢᠶᠠᠯ᠂ ᠠᠮᠢᠳᠤ ᠪᠤᠳᠠᠰ ᠡᠮ ᠡᠮᠨᠡᠯᠭᠡ᠂ ᠡᠯᠧᠺᠲᠷᠦᠨ ᠮᠡᠳᠡᠭᠡ ᠵᠠᠩᠭᠢ᠂ ᠡᠨᠧᠷᠬᠢ ᠠᠷᠪᠢᠯᠠᠵᠤ ᠤᠷᠴᠢᠨ ᠲᠣᠭᠤᠷᠢᠨ ᠢ ᠬᠠᠮᠠᠭᠠᠯᠠᠬᠤ᠂ ᠣᠳᠣ ᠦᠶ᠎ᠡ ᠶᠢᠨ ᠮᠠᠯ ᠲᠠᠷᠢᠶᠠᠯᠠᠩ ᠵᠡᠷᠭᠡ ᠠᠵᠤ ᠦᠢᠯᠡᠰ ᠤᠨ ᠲᠣᠭᠤᠷᠢᠨ ᠳᠤ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠭᠵᠢᠯᠳᠡ ᠪᠠ ᠪᠤᠯᠪᠠᠰᠤᠨ ᠤ ᠳᠠᠪᠰᠢᠯᠲᠠ ᠳᠤ ᠴᠢᠬᠤᠯᠠ ᠨᠦᠯᠦᠭᠡ ᠪᠣᠯᠬᠤ ᠠᠩᠬᠠᠨ ᠤ ᠡᠭᠦᠳᠦᠯᠳᠡ ᠶᠢᠨ ᠴᠢᠨᠠᠷᠲᠠᠢ ᠨᠢᠭᠡ ᠪᠦᠯᠦᠭ ᠰᠢᠨᠵᠢᠯᠡᠬᠦ ᠤᠬᠠᠭᠠᠨ ᠤ ᠦᠷ᠎ᠡ ᠪᠦᠳᠦᠭᠡᠯ ᠢ ᠭᠠᠷᠭᠠᠨ᠎ᠠ᠃      ᠬᠤᠶᠠᠷ᠂ ᠰᠠᠭᠤᠷᠢ ᠰᠤᠳᠤᠯᠤᠯ ᠤᠨ ᠪᠠᠶᠢᠷᠢᠰᠢᠭᠤᠯᠤᠯᠲᠠ ᠶᠢ ᠳᠡᠭᠦᠯᠳᠡᠷᠵᠢᠭᠦᠯᠦᠨ᠎ᠡ      ︵ᠳᠦᠷᠪᠡ︶ ᠰᠠᠭᠤᠷᠢ ᠰᠤᠳᠤᠯᠤᠯ ᠤᠨ ᠰᠢᠰᠲ᠋ᠧᠮ ᠤᠨ ᠵᠢᠷᠤᠭ ᠲᠦᠯᠦᠪᠯᠡᠭᠡ ᠶᠢ ᠴᠢᠩᠭᠠᠷᠠᠭᠤᠯᠤᠨ᠎ᠠ᠃ ᠰᠠᠭᠤᠷᠢ ᠰᠤᠳᠤᠯᠤᠯ ᠤᠨ ᠰᠢᠨᠵᠢᠯᠡᠭᠡᠨ ᠤ ᠪᠠᠶᠢᠷᠢᠰᠢᠭᠤᠯᠤᠯᠲᠠ ᠶᠢ ᠴᠢᠩᠭᠠᠳᠬᠠᠵᠤ᠂ ᠦᠪᠡᠷᠳᠡᠭᠡᠨ ᠵᠠᠰᠠᠬᠤ ᠤᠷᠤᠨ ᠤ ᠳᠠᠪᠠᠭᠤᠯᠢᠭ ᠪᠦᠭᠡᠳ ᠣᠨᠴᠠᠯᠢᠬᠳᠦ ᠰᠢᠨᠵᠢᠯᠡᠭᠡᠨ ᠤ ᠬᠦᠭᠵᠢᠯᠳᠡ ᠶᠢ ᠠᠬᠢᠭᠤᠯᠤᠨ᠂ ᠰᠠᠭᠤᠷᠢ ᠰᠢᠨᠵᠢᠯᠡᠭᠡᠨ ᠬᠢᠭᠡᠳ ᠬᠡᠷᠡᠭᠯᠡᠭᠡᠨ ᠤ ᠰᠢᠨᠵᠢᠯᠡᠭᠡᠨ ᠤ ᠳᠡᠩᠴᠡᠭᠦᠷᠢᠳᠡᠢ ᠪᠦᠭᠡᠳ ᠵᠤᠬᠢᠴᠠᠩᠭᠤᠢ ᠬᠦᠭᠵᠢᠬᠦ ᠶᠢ ᠲᠦᠯᠬᠢᠨ ᠠᠬᠢᠭᠤᠯᠵᠤ᠂ ᠠᠳᠠᠯᠢ ᠪᠤᠰᠤ ᠰᠢᠨᠵᠢᠯᠡᠭᠡᠨ ᠤ ᠬᠤᠭᠤᠷᠤᠨᠳᠤᠬᠢ ᠰᠣᠯᠪᠢᠴᠠᠨ ᠠᠭᠤᠰᠤᠯᠴᠠᠬᠤ ᠶᠢ ᠨᠢ ᠠᠬᠢᠭᠤᠯᠤᠨ᠎ᠠ᠃ ᠬᠤᠰᠢᠭᠤᠷᠠᠯ ᠰᠢᠨᠵᠢᠯᠡᠬᠦ ᠤᠬᠠᠭᠠᠨ ᠤ ᠰᠠᠭᠤᠷᠢ ᠰᠤᠳᠤᠯᠤᠯ ᠢ ᠴᠢᠩᠭᠠᠳᠬᠠᠵᠤ᠂ ᠰᠢᠨᠵᠢᠯᠡᠭᠡᠨ ᠤ ᠬᠤᠰᠢᠭᠤᠷᠠᠬᠤ ᠬᠦᠷᠢᠶ᠎ᠡ ᠴᠠᠷᠠᠭᠠᠨ ᠳᠠᠬᠢ ᠴᠢᠯᠦᠭᠡᠳᠡᠢ ᠰᠦᠪᠡᠭᠴᠢᠯᠡᠯ ᠢ ᠦᠷᠨᠢᠭᠦᠯᠬᠦ ᠶᠢᠨ ᠳᠤᠭᠤᠷᠢᠨ ᠳᠤ᠂ ᠠᠩᠬᠠᠨ ᠤ ᠡᠭᠦᠳᠦᠯᠳᠡ ᠶᠢᠨ ᠴᠢᠨᠠᠷᠲᠠᠢ ᠴᠢᠬᠤᠯᠠ ᠶᠡᠭᠡ ᠦᠷ᠎ᠡ ᠪᠦᠳᠦᠭᠡᠯ ᠢ ᠴᠢᠷᠮᠠᠶᠢᠨ ᠭᠠᠷᠭᠠᠵᠤ᠂ ᠬᠡᠷᠡᠭᠯᠡᠭᠡᠨ ᠤ ᠰᠠᠭᠤᠷᠢ ᠰᠤᠳᠤᠯᠤᠯ ᠳᠤ ᠤᠨᠤᠯ ᠤᠨ ᠰᠠᠭᠤᠷᠢ ᠶᠢ ᠲᠠᠯᠪᠢᠨ᠎ᠠ᠃ ᠬᠡᠷᠡᠭᠯᠡᠭᠡᠨ ᠤ ᠰᠠᠭᠤᠷᠢ ᠰᠤᠳᠤᠯᠤᠯ ᠢ ᠴᠢᠩᠭᠠᠳᠬᠠᠵᠤ᠂ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠪᠠ ᠠᠮᠤᠷ ᠲᠦᠪᠰᠢᠨ ᠤ ᠴᠢᠬᠤᠯᠠ ᠬᠡᠷᠡᠭᠴᠡᠭᠡ ᠱᠠᠭᠠᠷᠳᠠᠯᠭ᠎ᠠ ᠶᠢᠨ ᠳᠤᠭᠤᠷᠢᠨ ᠳᠤ᠂ ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠢ ᠮᠡᠷᠭᠡᠵᠢᠯ᠂ ᠬᠤᠰᠢᠭᠤᠷᠠᠵᠤ ᠬᠦᠳᠦᠯᠦᠨ ᠳᠠᠭᠠᠭᠤᠯᠬᠤ ᠮᠡᠷᠭᠡᠵᠢᠯ᠂ ᠣᠳᠤ ᠦᠶ᠎ᠡ ᠶᠢᠨ ᠢᠨᠵᠧᠨᠧᠷᠢᠩ ᠤᠨ ᠮᠡᠷᠭᠡᠵᠢᠯ ᠤᠨ ᠰᠢᠨ᠎ᠡ ᠡᠭᠦᠳᠦᠯᠲᠡ ᠶᠢ ᠳᠤᠪᠤᠶᠢᠯᠭᠠᠵᠤ᠂ ᠤᠳᠤ ᠦᠶ᠎ᠡ ᠶᠢᠨ ᠮᠠᠯ ᠳᠠᠷᠢᠶᠠᠯᠠᠩ᠂ ᠰᠢᠨ᠎ᠡ ᠮᠠᠲ᠋ᠧᠷᠢᠶᠠᠯ᠂ ᠣᠳᠣ ᠦᠶ᠎ᠡ ᠶᠢᠨ ᠲᠤᠨᠤᠭ ᠲᠦᠬᠦᠭᠡᠷᠦᠮᠵᠢ ᠦᠢᠯᠡᠳᠬᠦ ᠵᠡᠷᠭᠡ ᠠᠵᠤ ᠦᠢᠯᠡᠰ ᠤᠨ ᠳᠤᠭᠤᠷᠢᠨ ᠳᠤ᠂ ᠰᠠᠭᠤᠷᠢ ᠰᠢᠨᠵᠢᠯᠡᠬᠦ ᠤᠬᠠᠭᠠᠨ ᠤ ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠢ ᠨᠢᠭᠡ ᠪᠦᠯᠦᠭ ᠠᠰᠠᠭᠤᠳᠠᠯ ᠢ ᠬᠦᠴᠦ ᠪᠠᠨ ᠲᠦᠪᠯᠡᠷᠡᠭᠦᠯᠵᠤ ᠰᠢᠪᠳᠦᠯᠦᠨ ᠰᠢᠢᠳᠪᠦᠷᠢᠯᠡᠨ᠎ᠡ᠃ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠦᠷᠭᠦᠯᠵᠢᠯᠡᠭᠰᠡᠨ ᠬᠦᠭᠵᠢᠯᠳᠡ ᠶᠢ ᠠᠬᠢᠭᠤᠯᠬᠤ ᠳᠤᠯᠭᠠᠮ᠎ᠠ ᠬᠡᠷᠡᠭᠴᠡᠭᠡ ᠱᠠᠭᠠᠷᠳᠠᠯᠭ᠎ᠠ ᠶᠢᠨ ᠳᠤᠭᠤᠷᠢᠨ ᠳᠤ᠂ ᠡᠬᠢ ᠪᠠᠶᠠᠯᠢᠭ ᠤᠨ ᠤᠷᠴᠢᠨ ᠨᠦᠬᠦᠴᠡᠯ᠂ ᠠᠮᠢ ᠠᠬᠤᠢ ᠶᠢᠨ ᠬᠠᠮᠠᠭᠠᠯᠠᠯᠲᠠ᠂ ᠬᠦᠮᠦᠨ ᠠᠮᠠ ᠶᠢᠨ ᠡᠷᠡᠭᠦᠯ ᠮᠡᠨᠳᠦ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠴᠢᠯᠠᠯᠲᠠ᠂ ᠤᠯᠠᠨ ᠨᠡᠶᠢᠲᠡ ᠶᠢᠨ ᠠᠮᠤᠷ ᠲᠦᠪᠰᠢᠨ ᠵᠡᠷᠭᠡ ᠬᠦᠷᠢᠶᠡᠨ ᠳᠠᠬᠢ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯ ᠢ ᠤᠯᠠᠮ ᠨᠢᠭᠡ ᠠᠯᠬᠤᠮ ᠴᠢᠩᠭᠠᠳᠬᠠᠨ᠎ᠠ᠃ ︵ᠬᠠᠷᠢᠭᠤᠴᠠᠯᠭᠠᠳᠤ ᠨᠢᠭᠡᠴᠢ᠄ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠰᠤᠷᠭᠠᠨ ᠬᠦᠮᠦᠵᠢᠯ ᠤᠨ ᠲᠢᠩᠭᠢᠮ᠂ ᠬᠦᠭᠵᠢᠭᠦᠯᠦᠯᠲᠡ ᠪᠠ ᠦᠭᠡᠷᠡᠴᠢᠯᠡᠯᠳᠡ ᠶᠢᠨ ᠵᠦᠪᠯᠡᠯ᠂ ᠡᠷᠡᠭᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠵᠦᠪᠯᠡᠯ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ︶       ︵ᠲᠠᠪᠤ︶ ᠰᠠᠭᠤᠷᠢ ᠰᠤᠳᠤᠯᠤᠯ ᠤᠨ ᠳᠡᠮᠵᠢᠬᠦ ᠰᠢᠰᠲ᠋ᠧᠮᠵᠢ ᠶᠢ ᠳᠡᠭᠦᠯᠳᠡᠷᠵᠢᠭᠦᠯᠦᠨ᠎ᠡ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠵᠢᠴᠢ ᠠᠵᠤ ᠠᠬᠤᠶᠢᠯᠠᠯ ᠢ ᠵᠤᠷᠢᠬᠵᠢᠭᠤᠯᠵᠤ ᠬᠦᠳᠦᠯᠦᠨ ᠵᠢᠯᠤᠭᠤᠳᠴᠦ ᠪᠠᠶᠢᠭᠠᠳ ᠨᠡᠩ ᠤᠯᠠᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠦᠩᠬᠦ ᠪᠠ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠦᠯᠦᠪᠯᠡᠭᠡ ᠵᠡᠷᠭᠡ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠯᠦᠪᠯᠡᠭᠡ ᠳᠠᠬᠢ ᠡᠯ᠎ᠡ ᠵᠦᠢᠯ ᠤᠨ ᠲᠦᠷᠦᠯ ᠵᠦᠢᠯ ᠢ ᠭᠤᠶᠤᠴᠢᠯᠠᠨ ᠮᠡᠳᠡᠭᠦᠯᠬᠦ ᠪᠠ ᠤᠷᠤᠯᠴᠠᠭᠤᠯᠤᠨ᠎ᠠ᠃ ᠡᠬᠢ ᠡᠭᠦᠰᠦᠯ ᠲᠠᠢ ᠰᠢᠨ᠎ᠡ ᠡᠭᠦᠳᠦᠯᠲᠡ ᠶᠢ ᠳᠡᠮᠵᠢᠬᠦ ᠦᠪᠡᠷᠳᠡᠭᠡᠨ ᠵᠠᠰᠠᠬᠤ ᠤᠷᠤᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠦᠩᠬᠦ ᠶᠢᠨ ᠴᠢᠬᠤᠯᠠ ᠦᠢᠯᠡᠳᠦᠯ ᠢ ᠪᠠᠳᠠᠷᠠᠭᠤᠯᠵᠤ᠂ ᠬᠤᠰᠢᠭᠤᠷᠠᠬᠤ ᠰᠦᠪᠡᠭᠴᠢᠯᠡᠯᠳᠡ ᠳᠤ ᠨᠡᠩ ᠢᠯᠡᠬᠦᠦ ᠲᠦᠪᠯᠡᠷᠡᠭᠦᠯᠵᠦ᠂ ᠴᠢᠳᠠᠪᠤᠷᠢᠳᠠᠨ ᠢ ᠬᠦᠮᠦᠵᠢᠭᠦᠯᠬᠦ ᠪᠠ ᠰᠢᠨᠵᠢᠯᠡᠭᠡᠨ ᠤ ᠪᠠᠶᠢᠭᠤᠯᠤᠯᠲᠠ ᠶᠢ ᠳᠡᠮᠵᠢᠨ᠎ᠡ᠃ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠯᠦᠪᠯᠡᠭᠡ ᠶᠢᠨ ᠲᠦᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠰᠠᠭᠤᠷᠢ ᠪᠣᠯᠬᠤ ᠬᠤᠰᠢᠭᠤᠷᠠᠯ᠂ ᠴᠢᠬᠤᠯᠠ ᠶᠡᠭᠡ ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠢ ᠮᠡᠷᠭᠡᠵᠢᠯ ᠠᠴᠠ ᠬᠡᠷᠡᠭᠯᠡᠭᠡᠨ ᠤ ᠵᠢᠱᠢᠶ᠎ᠡ ᠦᠵᠡᠭᠦᠯᠬᠦ ᠬᠦᠷᠲᠡᠯ᠎ᠡ ᠪᠦᠬᠦ ᠬᠡᠯᠬᠢᠶᠡᠰᠦ ᠪᠠᠷ ᠵᠢᠷᠤᠵᠤ ᠲᠦᠯᠦᠪᠯᠡᠬᠦ᠂ ᠨᠢᠭᠡ ᠴᠣᠬᠴᠠᠵᠢᠭᠤᠯᠬᠤ ᠶᠢ ᠬᠡᠷᠡᠭᠵᠢᠭᠦᠯᠵᠤ᠂ ᠰᠠᠭᠤᠷᠢ ᠰᠤᠳᠤᠯᠤᠯ ᠪᠠ ᠬᠡᠷᠡᠭᠯᠡᠭᠡᠨ ᠤ ᠰᠤᠳᠤᠯᠤᠯ ᠢ ᠠᠵᠤ ᠦᠢᠯᠡᠰᠵᠢᠯᠲᠡ ᠲᠠᠢ ᠵᠠᠯᠭᠠᠯᠳᠤᠭᠤᠯᠬᠤ ᠶᠢ ᠨᠢ ᠠᠬᠢᠭᠤᠯᠵᠤ᠂ ᠰᠠᠭᠤᠷᠢ ᠰᠤᠳᠤᠯᠤᠯ ᠤᠨ ᠦᠷ᠎ᠡ ᠪᠦᠳᠦᠭᠡᠯ ᠢ ᠪᠤᠳᠠᠳᠠᠶᠢᠵᠢᠭᠤᠯᠤᠨ ᠤᠯᠠᠷᠢᠭᠤᠯᠬᠤ ᠶᠢ ᠨᠢ ᠲᠦᠯᠬᠢᠨ ᠠᠬᠢᠭᠤᠯᠤᠨ᠎ᠠ᠃ ᠤᠯᠤᠰ ᠤᠨ ᠪᠠ ᠦᠪᠡᠷᠳᠡᠭᠡᠨ ᠵᠠᠰᠠᠬᠤ ᠤᠷᠤᠨ ᠤ ᠭᠤᠣᠯᠳᠠᠯᠭ᠎ᠠ ᠲᠠᠢ ᠲᠤᠷᠰᠢᠯᠲᠠ ᠶᠢᠨ ᠳᠠᠰᠤᠭ ᠤᠨ ᠰᠠᠭᠤᠷᠢ ᠰᠤᠳᠤᠯᠤᠯ ᠤᠨ ᠭᠤᠣᠯ ᠴᠤᠭᠴᠠ ᠶᠢᠨ ᠦᠢᠯᠡᠳᠦᠯ ᠢ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠭᠡᠭᠡᠯᠲᠡ ᠬᠢᠵᠦ ᠬᠠᠮᠳᠤ ᠳᠤ ᠪᠠᠨ ᠬᠦᠷᠲᠡᠬᠦ ᠶᠢ ᠠᠬᠢᠭᠤᠯᠤᠨ᠎ᠠ᠃ ︵ᠬᠠᠷᠢᠭᠤᠴᠠᠯᠭᠠᠳᠤ ᠨᠢᠭᠡᠴᠢ᠄ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶      ︵ᠵᠢᠷᠭᠤᠭ᠎ᠠ︶ ᠰᠠᠭᠤᠷᠢ ᠰᠤᠳᠤᠯᠤᠯ ᠤᠨ ᠤᠷᠤᠨ ᠪᠦᠰᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠲᠦᠪᠯᠡᠷᠡᠭᠰᠡᠨ ᠭᠠᠵᠠᠷ ᠤᠷᠤᠨ ᠳᠤ ᠬᠤᠰᠢᠭᠤᠷᠠᠬᠤ ᠰᠢᠨᠵᠢᠯᠡᠬᠦ ᠤᠬᠠᠭᠠᠨ ᠤ ᠰᠤᠳᠤᠯᠤᠯ ᠤᠨ ᠲᠥᠪ ᠢ ᠪᠦᠷᠢᠯᠳᠦᠭᠦᠯᠤᠨ᠂ ᠰᠢᠨ᠎ᠡ ᠶᠢ ᠡᠭᠦᠳᠬᠦ ᠡᠬᠢ ᠪᠠᠶᠠᠯᠢᠭ ᠢ ᠭᠦᠢᠴᠡᠳ ᠲᠥᠪᠯᠡᠷᠡᠭᠦᠯᠵᠦ᠂ ᠡᠮᠬᠢᠯᠡᠨ ᠨᠡᠶᠢᠯᠡᠬᠦᠯᠵᠦ᠂ ᠰᠢᠯᠢᠳᠡᠭᠵᠢᠭᠦᠯᠵᠦ᠂ ᠪᠦᠬᠦ ᠤᠷᠤᠨ ᠳᠤ ᠨᠦᠯᠦᠭᠡᠯᠡᠨ ᠳᠠᠶᠢᠴᠢᠯᠠᠬᠤ ᠦᠢᠯᠡᠳᠦᠯ ᠢ ᠪᠣᠢ ᠪᠣᠯᠭᠠᠨ᠂ ᠰᠢᠨᠵᠢᠯᠡᠬᠦ ᠤᠬᠠᠭᠠᠨ ᠤ ᠬᠤᠰᠢᠭᠤᠷᠠᠬᠤ ᠰᠦᠪᠡᠭᠴᠢᠯᠡᠯᠳᠡ ᠪᠠ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠤᠯ ᠤᠨ ᠡᠬᠦᠷᠭᠡ ᠶᠢ ᠪᠡᠶᠡᠯᠡᠬᠦᠯᠬᠦ ᠳᠤ ᠴᠢᠬᠤᠯᠠ ᠳᠤᠯᠭᠠᠭᠤᠷᠢᠯᠠᠯ ᠬᠠᠩᠭᠠᠨ᠎ᠠ᠃ ᠤᠯᠤᠰ ᠤᠨ ᠭᠤᠣᠯᠳᠠᠯᠭ᠎ᠠ ᠲᠠᠢ ᠲᠤᠷᠰᠢᠯᠳᠠ ᠶᠢᠨ ᠳᠠᠰᠤᠭ ᠢᠶᠠᠷ ᠬᠦᠳᠦᠯᠤᠨ ᠳᠠᠭᠠᠭᠤᠯᠤᠭᠴᠢ ᠪᠣᠯᠭᠠᠭᠰᠠᠨ᠂ ᠦᠪᠡᠷᠳᠡᠭᠡᠨ ᠵᠠᠰᠠᠬᠤ ᠤᠷᠤᠨ ᠤ ᠭᠤᠣᠯᠳᠠᠯᠭ᠎ᠠ ᠲᠠᠢ ᠲᠤᠷᠰᠢᠯᠳᠠ ᠶᠢᠨ ᠲᠠᠰᠤᠭ ᠲᠤ ᠲᠦᠰᠢᠭᠯᠡᠭᠰᠡᠨ ᠰᠠᠭᠤᠷᠢ ᠰᠤᠳᠤᠯᠤᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠲᠣᠣᠷ ᠰᠦᠯᠵᠢᠶ᠎ᠡ ᠶᠢ ᠪᠦᠷᠢᠯᠳᠦᠭᠦᠯᠵᠤ᠂ ᠤᠯᠤᠰ ᠤᠨ ᠪᠠ ᠦᠪᠡᠷᠳᠡᠭᠡᠨ ᠵᠠᠰᠠᠬᠤ ᠤᠷᠤᠨ ᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠤᠨ᠂ ᠰᠢᠨᠵᠢᠯᠡᠬᠦ ᠤᠬᠠᠭᠠᠨ ᠤ ᠴᠢᠬᠤᠯᠠ ᠶᠡᠭᠡ ᠬᠠᠷᠠᠯᠲᠠ ᠶᠢᠨ ᠳᠤᠭᠤᠷᠢᠨ ᠳᠤ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠶᠡᠭᠡ ᠰᠠᠭᠤᠷᠢ ᠪᠡᠯᠡᠳᠭᠡᠮᠵᠢ ᠪᠦᠳᠦᠭᠡᠨ ᠪᠠᠶᠢᠭᠤᠯᠬᠤ ᠶᠢ ᠲᠦᠯᠬᠢᠨ ᠠᠬᠢᠭᠤᠯᠵᠤ᠂ ᠪᠦᠬᠦ ᠤᠯᠤᠰ ᠤᠨ ᠰᠠᠭᠤᠷᠢ ᠰᠤᠳᠤᠯᠤᠯ ᠤᠨ ᠰᠢᠨ᠎ᠡ ᠡᠭᠦᠳᠦᠯᠲᠡ ᠶᠢᠨ ᠦᠨᠳᠦᠷ ᠲᠦᠪᠰᠢᠨ ᠢ ᠪᠣᠢ ᠪᠣᠯᠭᠠᠨ᠂ ᠤᠷᠤᠨ ᠪᠦᠰᠡ ᠳᠠᠬᠢ ᠰᠢᠨ᠎ᠡ ᠶᠢ ᠡᠭᠦᠳᠬᠦ ᠵᠢᠴᠢ ᠰᠢᠨᠵᠢᠯᠡᠭᠡᠨ ᠤ ᠬᠦᠭᠵᠢᠯᠳᠡ ᠶᠢ ᠳᠠᠶᠢᠴᠢᠯᠠᠨ᠎ᠠ᠃ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠤᠬᠴᠠ ᠶᠢᠨ ᠪᠠᠶᠢᠷᠢ ᠰᠠᠭᠤᠷᠢ ᠶᠢ ᠭᠦᠢᠴᠡᠳ ᠠᠰᠢᠭᠯᠠᠵᠤ᠂ ᠠᠵᠤ ᠠᠬᠤᠶᠢᠯᠠᠯ ᠢ ᠬᠦᠳᠦᠯᠦᠨ ᠵᠢᠯᠤᠭᠤᠳᠴᠦ ᠪᠠᠶᠢᠭᠠᠳ ᠰᠠᠭᠤᠷᠢ ᠰᠤᠳᠤᠯᠤᠯ ᠢ ᠦᠷᠨᠢᠭᠦᠯᠣᠨ᠂ ᠠᠵᠤ ᠠᠬᠤᠶᠢᠯᠠᠯ ᠳᠠᠬᠢ ᠤᠯᠤᠰ ᠤᠨ ᠭᠤᠣᠯᠳᠠᠯᠭ᠎ᠠ ᠲᠠᠢ ᠲᠤᠷᠰᠢᠯᠳᠠ ᠶᠢᠨ ᠳᠠᠰᠤᠭ ᠤᠨ ᠮᠡᠷᠭᠡᠵᠢᠯ ᠤᠨ ᠰᠢᠨ᠎ᠡ ᠶᠢ ᠡᠭᠦᠳᠬᠦ ᠬᠦᠳᠦᠯᠤᠨ ᠳᠠᠭᠠᠭᠤᠯᠤᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠲᠦᠪᠯᠡᠷᠡᠭᠰᠡᠨ ᠭᠠᠵᠠᠷ ᠤᠷᠤᠨ ᠳᠤ ᠮᠡᠷᠭᠡᠵᠢᠯ ᠤᠨ ᠰᠢᠨ᠎ᠡ ᠶᠢ ᠡᠭᠦᠳᠬᠦ ᠪᠦᠯᠦᠭᠵᠢᠯ ᠢ ᠪᠦᠷᠢᠯᠳᠦᠭᠦᠯᠦᠨ᠂ ᠠᠵᠢᠯ ᠲᠦᠷᠥᠯ ᠤᠨ ᠮᠡᠷᠭᠡᠵᠢᠯ ᠤᠨ ᠳᠠᠪᠰᠢᠯᠲᠠ ᠪᠠ ᠠᠵᠤ ᠦᠢᠯᠡᠰ ᠤᠨ ᠬᠦᠭᠵᠢᠯᠳᠡ ᠶᠢ ᠳᠠᠶᠢᠴᠢᠯᠠᠨ᠎ᠠ᠃ ︵ᠬᠠᠷᠢᠭᠤᠴᠠᠯᠭᠠᠳᠤ ᠨᠢᠭᠡᠴᠢ᠄ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠰᠤᠷᠭᠠᠨ ᠬᠦᠮᠦᠵᠢᠯ ᠤᠨ ᠲᠢᠩᠭᠢᠮ᠂ ᠬᠦᠭᠵᠢᠭᠦᠯᠦᠯᠲᠡ ᠪᠠ ᠦᠭᠡᠷᠡᠴᠢᠯᠡᠯᠳᠡ ᠶᠢᠨ ᠵᠦᠪᠯᠡᠯ᠂ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠦᠪᠯᠡᠯ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ︶       ︵ᠳᠤᠯᠤᠭ᠎ᠠ︶ ᠰᠠᠭᠤᠷᠢ ᠰᠤᠳᠤᠯᠤᠯ ᠬᠢᠭᠡᠳ ᠬᠡᠷᠡᠭᠯᠡᠭᠡᠨ ᠤ ᠰᠤᠳᠤᠯᠤᠯ ᠤᠨ ᠠᠭᠤᠰᠤᠯᠴᠠᠨ ᠨᠡᠪᠳᠡᠷᠡᠯᠴᠡᠬᠦ ᠶᠢ ᠠᠬᠢᠭᠤᠯᠤᠨ᠎ᠠ᠃ ᠠᠵᠤ ᠠᠬᠤᠶᠢᠯᠠᠯ ᠤᠨ ᠬᠡᠯᠬᠢᠶᠡᠨ ᠤ ᠳᠤᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ ᠣᠳᠣ ᠦᠶ᠎ᠡ ᠶᠢᠨ ᠲᠤᠨᠤᠭ ᠲᠦᠬᠦᠭᠡᠷᠦᠮᠵᠢ ᠦᠢᠯᠡᠳᠬᠦ᠂ ᠰᠢᠨ᠎ᠡ ᠮᠠᠲ᠋ᠧᠷᠢᠶᠠᠯ᠂ ᠠᠮᠢᠳᠤ ᠪᠤᠳᠠᠰ ᠡᠮ ᠡᠮᠨᠡᠯᠭᠡ᠂ ᠡᠯᠧᠺᠲᠷᠦᠨ ᠮᠡᠳᠡᠭᠡ ᠵᠠᠩᠭᠢ᠂ ᠡᠨᠧᠷᠬᠢ ᠠᠷᠪᠢᠯᠠᠵᠤ ᠤᠷᠴᠢᠨ ᠲᠣᠭᠤᠷᠢᠨ ᠢ ᠬᠠᠮᠠᠭᠠᠯᠠᠬᠤ᠂ ᠣᠳᠣ ᠦᠶ᠎ᠡ ᠶᠢᠨ ᠮᠠᠯ ᠲᠠᠷᠢᠶᠠᠯᠠᠩ ᠵᠡᠷᠭᠡ ᠠᠵᠤ ᠦᠢᠯᠡᠰ ᠤᠨ ᠬᠦᠷᠢᠶᠡᠨ ᠳᠤ ᠬᠡᠷᠡᠭᠯᠡᠭᠡᠨ ᠤ ᠰᠤᠳᠤᠯᠤᠯ ᠢ ᠪᠠᠶᠢᠷᠢᠯᠠᠭᠤᠯᠤᠨ᠂ ᠵᠠᠩᠭᠢᠯᠠᠭ᠎ᠠ ᠶᠢᠨ ᠰᠢᠨᠵᠢᠯᠡᠬᠦ ᠤᠬᠠᠭᠠᠨ ᠤ ᠠᠰᠠᠭᠤᠳᠠᠯ ᠢ ᠪᠣᠯᠪᠠᠰᠤᠷᠠᠭᠤᠯᠵᠤ᠂ ᠠᠩᠬᠠᠨ ᠤ ᠡᠭᠦᠳᠦᠯᠲᠡ ᠴᠢᠨᠠᠷᠲᠠᠢ ᠰᠠᠭᠤᠷᠢ ᠰᠤᠳᠤᠯᠤᠯ ᠢ ᠦᠷᠨᠢᠭᠦᠯᠣᠨ᠂ ᠨᠡᠩ ᠤᠯᠠᠨ ᠠᠩᠬᠠᠨ ᠤ ᠡᠭᠦᠳᠦᠯᠳᠡ ᠶᠢᠨ ᠤᠨᠤᠯ ᠢ ᠳᠤᠷᠠᠳᠤᠨ ᠭᠠᠷᠭᠠᠵᠤ᠂ ᠨᠡᠩ ᠤᠯᠠᠨ ᠠᠩᠬᠠᠨ ᠤ ᠡᠭᠦᠳᠦᠯᠳᠡ ᠶᠢ ᠢᠯᠡᠷᠡᠭᠦᠯᠬᠦ ᠶᠢ ᠪᠡᠶᠡᠯᠡᠭᠦᠯᠦᠨ᠎ᠡ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠪᠠ ᠠᠵᠤ ᠠᠬᠤᠶᠢᠯᠠᠯ ᠤᠳ ᠰᠢᠨᠵᠢᠯᠡᠬᠦ ᠤᠬᠠᠭᠠᠨ ᠤ ᠰᠤᠳᠤᠯᠤᠯ ᠤᠨ ᠲᠦᠷᠦᠯ ᠵᠦᠢᠯ ᠢ ᠬᠠᠮᠵᠢᠯᠴᠠᠨ ᠭᠤᠶᠤᠴᠢᠯᠠᠵᠤ ᠮᠡᠳᠡᠭᠦᠯᠬᠦ ᠶᠢ ᠳᠡᠮᠵᠢᠵᠦ᠂ ᠵᠠᠩᠭᠢᠯᠠᠭ᠎ᠠ ᠶᠢᠨ ᠬᠦᠷᠢᠶ᠎ᠡ ᠴᠠᠷᠠᠭᠠᠨ ᠳᠠᠬᠢ ᠰᠢᠨᠵᠢᠯᠡᠬᠦ ᠤᠬᠠᠭᠠᠨ ᠤ ᠠᠰᠠᠭᠤᠳᠠᠯ ᠪᠠ ᠨᠡᠶᠢᠲᠡᠯᠢᠭ ᠴᠢᠨᠠᠷᠲᠠᠢ ᠮᠡᠷᠭᠡᠵᠢᠯ ᠢ ᠬᠤᠯᠪᠤᠭᠠᠯᠠᠵᠤ ᠪᠠᠶᠢᠭᠠᠳ ᠪᠣᠭᠤᠮᠲᠠ ᠰᠢᠪᠳᠤᠯᠬᠤ ᠶᠢ ᠦᠷᠨᠢᠭᠦᠯᠬᠦ ᠶᠢᠨ ᠳᠤᠭᠤᠷᠢᠨ ᠳᠤ᠂ ᠡᠯ᠎ᠡ ᠲᠥᠷᠥᠯ ᠤᠨ ᠰᠢᠨ᠎ᠡ ᠶᠢ ᠡᠭᠦᠳᠬᠦ ᠴᠢᠳᠠᠪᠤᠷᠢᠳᠠᠨ ᠤ ᠦᠰᠦᠨ ᠪᠤᠶᠢᠵᠢᠬᠤ ᠶᠢ ᠬᠦᠮᠦᠵᠢᠭᠦᠯᠦᠨ ᠳᠠᠶᠢᠴᠢᠯᠠᠨ᠎ᠠ᠃ ᠤᠯᠤᠰ ᠤᠨ ᠪᠠ ᠦᠪᠡᠷᠳᠡᠭᠡᠨ ᠵᠠᠰᠠᠬᠤ ᠤᠷᠤᠨ ᠤ ᠭᠤᠣᠯᠳᠠᠯᠭ᠎ᠠ ᠲᠠᠢ ᠲᠤᠷᠰᠢᠯᠲᠠ ᠶᠢᠨ ᠳᠠᠰᠤᠭ ᠵᠡᠷᠭᠡ ᠰᠠᠭᠤᠷᠢ ᠰᠤᠳᠤᠯᠤᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠬᠦᠳᠦᠯᠦᠨ ᠵᠢᠯᠤᠭᠤᠳᠴᠦ ᠪᠠᠶᠢᠭᠠᠳ ᠠᠵᠢᠯ ᠲᠥᠷᠥᠯ ᠤᠨ ᠬᠦᠭᠵᠢᠭᠦᠯᠦᠯᠳᠡ ᠶᠢᠨ ᠬᠡᠷᠡᠭᠴᠡᠭᠡ ᠱᠠᠭᠠᠷᠳᠠᠯᠭ᠎ᠠ ᠲᠠᠢ ᠵᠠᠯᠭᠠᠯᠳᠤᠭᠤᠯᠬᠤ ᠶᠢ ᠴᠢᠩᠭᠠᠳᠬᠠᠵᠤ᠂ ᠳᠡᠯᠡᠬᠡᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠰᠢᠭᠤᠷᠠᠯ ᠳᠤ ᠬᠠᠨᠳᠤᠭᠤᠯᠵᠤ ᠠᠩᠬᠠᠨ ᠤ ᠡᠭᠦᠳᠦᠯᠳᠡ ᠶᠢᠨ ᠴᠢᠬᠤᠯᠠ ᠶᠡᠭᠡ ᠦᠷ᠎ᠡ ᠪᠦᠳᠦᠭᠡᠯ ᠢ ᠭᠠᠷᠭᠠᠬᠤ ᠪᠦᠭᠡᠳ ᠪᠠᠰᠠ ᠦᠪᠡᠷᠳᠡᠭᠡᠨ ᠵᠠᠰᠠᠬᠤ ᠤᠷᠤᠨ ᠤ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠵᠠᠩᠭᠢᠯᠠᠭ᠎ᠠ ᠶᠢᠨ ᠮᠡᠷᠭᠡᠵᠢᠯ ᠤᠨ ᠠᠰᠠᠭᠤᠳᠠᠯ ᠳᠤ ᠲᠦᠪᠯᠡᠷᠡᠭᠦᠯᠵᠤ᠂ ᠮᠡᠷᠭᠡᠵᠢᠯ ᠤᠨ ᠪᠡᠷᠬᠡ ᠪᠤᠭᠤᠮᠲᠠ ᠶᠢ ᠢᠯᠠᠨ ᠳᠠᠪᠠᠵᠦ᠂ ᠰᠠᠭᠤᠷᠢ ᠰᠤᠳᠤᠯᠤᠯ᠂ ᠬᠡᠷᠡᠭᠯᠡᠭᠡᠨ ᠤ ᠰᠠᠭᠤᠷᠢ ᠰᠤᠳᠤᠯᠤᠯ ᠪᠠ ᠬᠡᠷᠡᠭᠯᠡᠭᠡᠨ ᠤ ᠰᠤᠳᠤᠯᠤᠯ ᠤᠨ ᠠᠭᠤᠰᠤᠯᠴᠠᠨ ᠨᠡᠪᠳᠡᠷᠡᠯᠴᠡᠬᠦ ᠶᠢ ᠦᠨᠡᠨ ᠬᠦ ᠠᠬᠢᠭᠤᠯᠤᠨ᠎ᠠ᠃ ︵ᠬᠠᠷᠢᠭᠤᠴᠠᠯᠭᠠᠳᠤ ᠨᠢᠭᠡᠴᠢ᠄ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠦᠭᠵᠢᠭᠦᠯᠦᠯᠲᠡ ᠪᠠ ᠦᠭᠡᠷᠡᠴᠢᠯᠡᠯᠳᠡ ᠶᠢᠨ ᠵᠦᠪᠯᠡᠯ᠂ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠦᠪᠯᠡᠯ᠂ ᠰᠤᠷᠭᠠᠨ ᠬᠦᠮᠦᠵᠢᠯ ᠤᠨ ᠲᠢᠩᠭᠢᠮ︶      ᠭᠤᠷᠪᠠ᠂ ᠦᠨᠳᠦᠷ ᠬᠢᠷᠢ ᠲᠦᠪᠰᠢᠨ ᠪᠦᠬᠦᠢ ᠰᠤᠳᠤᠯᠤᠯ ᠤᠨ ᠰᠠᠭᠤᠷᠢᠨ ᠭᠠᠵᠠᠷ ᠢ ᠪᠠᠶᠢᠭᠤᠯᠤᠨ᠎ᠠ      ︵ᠨᠠᠢᠮᠠ︶ ᠤᠯᠤᠰ ᠤᠨ ᠭᠤᠣᠯᠳᠠᠯᠭ᠎ᠠ ᠲᠠᠢ ᠲᠤᠷᠰᠢᠯᠳᠠ ᠶᠢᠨ ᠲᠠᠰᠤᠭ ᠵᠢᠴᠢ ᠪᠡᠯᠡᠳᠭᠡᠯ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠳᠠᠰᠤᠭ ᠨᠢ ᠤᠯᠤᠰ ᠤᠨ ᠳᠤᠳᠤᠭᠠᠳᠤ ᠭᠠᠳᠠᠭᠠᠳᠤ ᠶᠢᠨ ᠲᠡᠷᠢᠭᠦᠨ ᠳᠡᠰ ᠤᠨ ᠴᠢᠳᠠᠪᠤᠷᠢᠳᠠᠳ ᠢ ᠲᠦᠪᠯᠡᠷᠡᠭᠦᠯᠵᠦ᠂ ᠤᠯᠤᠰ ᠤᠨ ᠪᠠ ᠦᠪᠡᠷᠳᠡᠭᠡᠨ ᠵᠠᠰᠠᠬᠤ ᠤᠷᠤᠨ ᠤ ᠪᠠᠶᠢᠯᠳᠤᠬᠤ ᠪᠤᠳᠤᠯᠭ᠎ᠠ ᠶᠢᠨ ᠬᠠᠷᠠᠯᠲᠠ ᠪᠠ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠰᠢᠨ᠎ᠡ ᠶᠢ ᠡᠭᠦᠳᠦᠨ ᠪᠤᠭᠤᠮᠳᠠ ᠰᠢᠪᠲᠤᠯᠵᠤ᠂ ᠤᠷᠤᠨ ᠪᠦᠰᠡ ᠵᠢᠴᠢ ᠠᠵᠢᠯ ᠲᠦᠷᠥᠯ ᠤᠨ ᠮᠡᠷᠭᠡᠵᠢᠯ ᠤᠨ ᠪᠡᠷᠬᠡ ᠠᠰᠠᠭᠤᠳᠠᠯ ᠢ ᠰᠢᠢᠳᠪᠦᠷᠢᠯᠡᠵᠦ᠂ ᠰᠢᠨᠵᠢᠯᠡᠭᠡᠨ ᠤ ᠬᠦᠭᠵᠢᠯᠳᠡ ᠶᠢ ᠳᠠᠶᠢᠴᠢᠯᠠᠨ᠂ ᠦᠪᠡᠷᠳᠡᠭᠡᠨ ᠵᠠᠰᠠᠬᠤ ᠤᠷᠤᠨ ᠤ ᠰᠠᠭᠤᠷᠢ ᠰᠤᠳᠤᠯᠤᠯ ᠤᠨ ᠪᠦᠬᠦᠯᠢ ᠴᠤᠬᠴᠠ ᠶᠢᠨ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠳᠤᠬᠳᠠᠭᠤᠨ ᠢᠶᠠᠷ ᠳᠡᠮᠵᠢᠬᠦ ᠶᠢ ᠴᠢᠩᠭᠠᠷᠠᠭᠤᠯᠤᠨ᠎ᠠ᠃ ᠬᠤᠪᠤᠷ ᠰᠢᠷᠤᠢ᠂ ᠮᠤᠩᠭᠤᠯ ᠬᠢᠲᠠᠳ ᠡᠮ ᠡᠮᠨᠡᠯᠭᠡ᠂ ᠴᠠᠭᠠᠨ ᠢᠳᠡᠭᠡ᠂ ᠠᠮᠢ ᠠᠬᠤᠢ᠂ ᠤᠰᠤᠨ ᠤ ᠡᠬᠢ ᠰᠤᠷᠪᠤᠯᠵᠢ᠂ ᠮᠠᠯᠵᠢᠯ᠂ ᠣᠳᠣ ᠦᠶ᠎ᠡ ᠶᠢᠨ ᠲᠤᠨᠤᠭ ᠲᠦᠬᠦᠭᠡᠷᠦᠮᠵᠢ ᠦᠢᠯᠡᠳᠬᠦ ᠵᠡᠷᠭᠡ ᠦᠪᠡᠷᠳᠡᠭᠡᠨ ᠵᠠᠰᠠᠬᠤ ᠤᠷᠤᠨ ᠤ ᠳᠠᠪᠠᠭᠤᠯᠢᠭ ᠪᠦᠭᠡᠳ ᠣᠨᠴᠠᠯᠢᠬᠳᠦ ᠠᠵᠤ ᠦᠢᠯᠡᠰ ᠤᠨ ᠬᠦᠷᠢᠶ᠎ᠡ ᠴᠠᠷᠠᠭᠠᠨ ᠠᠴᠠ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠪᠡᠯᠡᠳᠭᠡᠯ ᠡᠩᠨᠡᠭᠡ ᠶᠢ ᠰᠢᠯᠢᠨ ᠰᠤᠩᠭᠤᠵᠤ ᠪᠠᠶᠢᠭᠤᠯᠤᠨ᠂ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠪᠦᠳᠦᠭᠡᠨ ᠪᠠᠶᠢᠭᠤᠯᠬᠤ ᠱᠠᠭᠠᠷᠳᠠᠯᠭ᠎ᠠ ᠶᠢᠨ ᠪᠠᠷᠢᠮᠵᠢᠶᠠᠨ ᠳᠤ ᠳᠤᠬᠢᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠰᠡᠳᠦᠪ ᠳᠤᠭᠳᠠᠭᠠᠬᠤ᠂ ᠴᠢᠳᠠᠪᠤᠷᠢᠳᠠᠨ ᠤ ᠪᠦᠯᠬᠦᠮ ᠨᠡᠶᠢᠲᠡ ᠶᠢ ᠪᠠᠶᠢᠭᠤᠯᠬᠤ ᠵᠡᠷᠭᠡ ᠳᠠᠯ᠎ᠠ ᠪᠠᠷ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠪᠡᠯᠡᠳᠭᠡᠯ ᠡᠩᠨᠡᠭᠡ ᠶᠢ ᠳᠤᠬᠳᠠᠭᠤᠨ ᠢᠶᠠᠷ ᠳᠡᠮᠵᠢᠬᠦ ᠡᠷᠴᠢᠮ ᠢ ᠴᠢᠩᠭᠠᠷᠠᠭᠤᠯᠵᠤ᠂ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠤᠯᠵᠤ ᠲᠦᠷᠭᠡᠨ ᠢᠶᠠᠷ ᠳᠡᠰ ᠳᠡᠪᠰᠢᠬᠦ ᠶᠢ ᠳᠡᠮᠵᠢᠨ᠎ᠡ᠃᠂ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠡᠭᠦᠷᠬᠡ ᠶᠢ ᠡᠭᠦᠷᠭᠡᠯᠡᠵᠦ ᠪᠣᠯᠬᠤ ᠤᠯᠤᠰ ᠤᠨ ᠭᠤᠣᠯᠳᠠᠯᠭ᠎ᠠ ᠲᠠᠢ ᠲᠤᠷᠰᠢᠯᠳᠠ ᠶᠢᠨ ᠲᠠᠰᠤᠭ ᠵᠢᠴᠢ ᠪᠡᠯᠡᠳᠭᠡᠯ ᠡᠩᠨᠡᠭᠡᠨ ᠳᠤ ᠰᠢᠭᠤᠳ ᠨᠠᠶᠢᠳᠠᠵᠤ ᠬᠠᠷᠢᠭᠤᠴᠠᠭᠤᠯᠬᠤ ᠳᠤᠭᠳᠠᠴᠠ ᠶᠢ ᠪᠠᠶᠢᠭᠤᠯᠵᠤ᠂ ᠤᠯᠤᠰ ᠤᠨ ᠪᠠ ᠦᠪᠡᠷᠳᠡᠭᠡᠨ ᠵᠠᠰᠠᠬᠤ ᠤᠷᠤᠨ ᠤ ᠡᠯ᠎ᠡ ᠵᠦᠢᠯ ᠤᠨ ᠲᠥᠷᠥ ᠶᠢᠨ ᠪᠤᠳᠤᠯᠭ᠎ᠠ ᠶᠢ ᠬᠦᠢᠴᠡᠳ ᠠᠰᠢᠭᠯᠠᠵᠤ ᠪᠠᠶᠢᠭᠠᠳ ᠤᠯᠤᠰ ᠤᠨ ᠭᠤᠣᠯᠳᠠᠯᠭ᠎ᠠ ᠲᠠᠢ ᠲᠤᠷᠰᠢᠯᠳᠠ ᠶᠢᠨ ᠲᠠᠰᠤᠭ ᠵᠢᠴᠢ ᠪᠡᠯᠡᠳᠭᠡᠯ ᠡᠩᠨᠡᠭᠡ ᠶᠢ ᠪᠠᠶᠢᠭᠤᠯᠵᠤ ᠬᠦᠭᠵᠢᠭᠦᠯᠬᠦ ᠶᠢ ᠤᠷᠢᠳ ᠢᠶᠠᠷ ᠳᠡᠮᠵᠢᠨ᠎ᠡ᠃ ︵ᠬᠠᠷᠢᠭᠤᠴᠠᠯᠭᠠᠳᠤ ᠨᠢᠭᠡᠴᠢ᠄ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠰᠤᠷᠭᠠᠨ ᠬᠦᠮᠦᠵᠢᠯ ᠤᠨ ᠲᠢᠩᠭᠢᠮ᠂ ᠡᠷᠡᠭᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠵᠦᠪᠯᠡᠯ᠂ ᠬᠦᠭᠵᠢᠭᠦᠯᠦᠯᠲᠡ ᠪᠠ ᠦᠭᠡᠷᠡᠴᠢᠯᠡᠯᠳᠡ ᠶᠢᠨ ᠵᠦᠪᠯᠡᠯ᠂ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠦᠪᠯᠡᠯ ᠂ ᠡᠳ᠋ ᠤᠨ ᠵᠠᠰᠠᠭ ᠤᠨ ᠲᠢᠩᠬᠢᠮ︶      ︵ᠶᠢᠰᠦ︶ ᠦᠪᠡᠷᠳᠡᠭᠡᠨ ᠵᠠᠰᠠᠬᠤ ᠤᠷᠤᠨ ᠤ ᠰᠠᠭᠤᠷᠢ ᠰᠤᠳᠤᠯᠤᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠦᠪᠡᠷᠳᠡᠭᠡᠨ ᠵᠠᠰᠠᠬᠤ ᠤᠷᠤᠨ ᠤ ᠳᠠᠪᠠᠭᠤᠯᠢᠭ ᠪᠦᠭᠡᠳ ᠤᠨᠴᠠᠯᠢᠬᠳᠦ ᠠᠵᠤ ᠦᠢᠯᠡᠰ ᠪᠠ ᠭᠤᠣᠯᠳᠠᠯᠭ᠎ᠠ ᠲᠠᠢ ᠰᠢᠨᠵᠢᠯᠡᠭᠡᠨ ᠤ ᠬᠦᠷᠢᠶ᠎ᠡ ᠴᠠᠷᠠᠭ᠎ᠠ ᠶᠢ ᠨᠢᠭᠡᠳᠦᠯᠳᠡᠢ ᠲᠦᠯᠦᠪᠯᠡᠵᠤ ᠲᠦᠯᠦᠪᠵᠢᠭᠦᠯᠬᠦ ᠶᠢᠨ ᠳᠤᠭᠤᠷᠢᠨ ᠳᠤ᠂ ᠦᠪᠡᠷᠳᠡᠭᠡᠨ ᠵᠠᠰᠠᠬᠤ ᠤᠷᠤᠨ ᠤ ᠭᠤᠣᠯᠳᠠᠯᠭ᠎ᠠ ᠲᠠᠢ ᠲᠤᠷᠰᠢᠯᠳᠠ ᠶᠢᠨ ᠲᠠᠰᠤᠭ ᠢ ᠲᠥᠯᠦᠪᠯᠡᠭᠡ ᠲᠠᠢ ᠪᠠᠷ ᠭᠤᠣᠯᠳᠠᠯᠭ᠎ᠠ ᠲᠠᠢ ᠪᠦᠳᠦᠭᠡᠨ ᠪᠠᠶᠢᠭᠤᠯᠤᠨ᠎ᠠ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠲᠤ ᠪᠠᠶᠢᠭᠤᠯᠤᠭᠰᠠᠨ ᠦᠪᠡᠷᠳᠡᠭᠡᠨ ᠵᠠᠰᠠᠬᠤ ᠤᠷᠤᠨ ᠤ ᠭᠤᠣᠯᠳᠠᠯᠭ᠎ᠠ ᠲᠠᠢ ᠲᠤᠷᠰᠢᠯᠳᠠ ᠶᠢᠨ ᠲᠠᠰᠤᠭ ᠨᠢ ᠠᠩᠬᠠᠨ ᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠰᠠᠭᠤᠷᠢ ᠰᠤᠳᠤᠯᠤᠯ ᠪᠠ ᠬᠡᠷᠡᠭᠯᠡᠭᠡᠨ ᠤ ᠰᠠᠭᠤᠷᠢ ᠰᠤᠳᠤᠯᠤᠯ ᠢ ᠴᠢᠩᠭᠠᠳᠬᠠᠵᠤ᠂ ᠰᠢᠨ᠎ᠡ ᠶᠢ ᠡᠭᠦᠳᠬᠦ ᠴᠢᠳᠠᠪᠤᠷᠢᠳᠠᠨ ᠢ ᠬᠦᠮᠦᠵᠢᠭᠦᠯᠬᠦ ᠪᠠ ᠤᠷᠤᠭᠤᠯᠤᠨ ᠠᠪᠴᠢᠷᠠᠬᠤ ᠶᠢ ᠲᠦᠯᠬᠢᠨ ᠠᠬᠢᠭᠤᠯᠵᠤ᠂ ᠰᠢᠨᠵᠢᠯᠡᠭᠡᠨ ᠤ ᠳᠠᠪᠰᠢᠯᠲᠠ ᠶᠢ ᠳᠠᠶᠢᠴᠢᠯᠠᠵᠤ᠂ ᠠᠵᠤ ᠦᠢᠯᠡᠰ ᠤᠨ ᠬᠦᠭᠵᠢᠯᠳᠡ ᠶᠢ ᠬᠦᠳᠦᠯᠦᠨ ᠳᠠᠭᠠᠭᠤᠯᠦᠨ᠎ᠡ᠃ ᠠᠵᠤ ᠠᠬᠤᠶᠢᠯᠠᠯ ᠳᠤ ᠪᠠᠶᠢᠭᠤᠯᠤᠭᠰᠠᠨ ᠦᠪᠡᠷᠳᠡᠭᠡᠨ ᠵᠠᠰᠠᠬᠤ ᠤᠷᠤᠨ ᠤ ᠭᠤᠣᠯᠳᠠᠯᠭ᠎ᠠ ᠲᠠᠢ ᠲᠣᠷᠰᠢᠯᠲᠠ ᠶᠢᠨ ᠲᠠᠰᠤᠭ ᠨᠢ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ᠂ ᠭᠤᠣᠯᠯᠠᠬᠤ ᠦᠷᠢᠰᠦᠯᠳᠦᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠠ ᠮᠡᠷᠭᠡᠵᠢᠯ ᠤᠨ ᠴᠢᠳᠠᠪᠤᠷᠢᠲᠠᠨ ᠬᠦᠮᠦᠵᠢᠭᠦᠯᠬᠦ ᠪᠠᠷ ᠬᠠᠷᠠᠯᠲᠠ ᠪᠣᠯᠭᠠᠵᠤ᠂ ᠬᠡᠷᠡᠭᠯᠡᠭᠡᠨ ᠤ ᠰᠠᠭᠤᠷᠢ ᠰᠤᠳᠤᠯᠤᠯ ᠪᠠ ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠢ ᠮᠡᠷᠭᠡᠵᠢᠯ ᠤᠨ ᠰᠤᠳᠤᠯᠤᠯ ᠢ ᠴᠢᠩᠭᠠᠳᠬᠠᠵᠤ᠂ ᠠᠵᠢᠯ ᠲᠥᠷᠥᠯ ᠤᠨ ᠮᠡᠷᠭᠡᠵᠢᠯ ᠤᠨ ᠳᠠᠪᠰᠢᠯᠲᠠ ᠶᠢ ᠬᠦᠳᠦᠯᠦᠨ ᠳᠠᠭᠠᠭᠤᠯᠤᠨ᠎ᠠ᠃ ᠳᠡᠭᠡᠳᠦ ᠰᠤᠷᠭᠠᠭᠤᠯᠢ ᠬᠢᠭᠡᠳ ᠠᠵᠤ ᠠᠬᠤᠶᠢᠯᠠᠯ ᠤᠨ ᠭᠤᠣᠯᠳᠠᠯᠭ᠎ᠠ ᠲᠠᠢ ᠲᠤᠷᠰᠢᠯᠳᠠ ᠶᠢᠨ ᠲᠠᠰᠤᠭ ᠬᠠᠮᠳᠤᠷᠠᠯᠴᠠᠨ ᠪᠠᠶᠢᠭᠤᠯᠬᠤ ᠶᠢ ᠳᠡᠮᠵᠢᠵᠦ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠭᠦᠨ ᠤᠶᠠᠯᠳᠤᠭᠤᠯᠬᠤ ᠵᠢᠴᠢ ᠦᠷ᠎ᠡ ᠪᠦᠳᠦᠭᠡᠯ ᠢ ᠤᠯᠠᠷᠢᠭᠤᠯᠬᠤ ᠶᠢ ᠨᠢ ᠲᠦᠯᠬᠢᠨ ᠠᠬᠢᠭᠤᠯᠤᠨ᠎ᠠ᠃ ᠣᠳᠤ ᠶᠢᠨ ᠪᠠᠶᠢᠭ᠎ᠠ ᠦᠪᠡᠷᠳᠡᠭᠡᠨ ᠵᠠᠰᠠᠬᠤ ᠤᠷᠤᠨ ᠤ ᠭᠤᠣᠯᠳᠠᠯᠭ᠎ᠠ ᠲᠠᠢ ᠲᠤᠷᠰᠢᠯᠳᠠ ᠶᠢᠨ ᠳᠠᠰᠤᠭ ᠢ ᠰᠢᠯᠭᠠᠨ ᠬᠢᠨᠠᠵᠤ ᠦᠨᠡᠯᠡᠨ ᠵᠢᠱᠢᠬᠦ ᠶᠢ ᠴᠢᠩᠭᠠᠳᠬᠠᠵᠤ᠂ ᠤᠷᠤᠭᠤᠯᠵᠤ ᠢᠷᠡᠬᠦ ᠪᠠ ᠭᠠᠷᠭᠠᠵᠤ ᠶᠠᠪᠤᠭᠤᠯᠬᠤ ᠶᠢ ᠬᠦᠳᠡᠯᠦᠩᠭᠦᠢ ᠪᠠᠷ ᠳᠤᠬᠢᠷᠠᠭᠤᠯᠵᠤ ᠪᠣᠯᠬᠤ ᠳᠤᠬᠳᠠᠴᠠ ᠶᠢ ᠬᠡᠷᠡᠭᠵᠢᠭᠦᠯᠦᠨ᠎ᠡ᠃ ᠳᠤᠮᠤ ᠬᠡᠯᠪᠡᠷᠢ ᠶᠢᠨ ᠬᠡᠮᠵᠢᠭᠦᠷᠯᠢᠭ ᠢ ᠴᠢᠯᠦᠭᠡᠳᠡᠢ ᠨᠡᠭᠡᠭᠡᠵᠦ ᠬᠠᠮᠳᠤ ᠳᠤ ᠪᠠᠨ ᠬᠦᠷᠲᠡᠬᠦ ᠰᠦᠯᠵᠢᠶᠡᠨ ᠤ ᠳᠠᠪᠴᠠᠩ ᠪᠠ ᠲᠣᠷᠰᠢᠯᠲᠠ ᠬᠢᠵᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ︵ᠬᠠᠷᠢᠭᠤᠴᠠᠯᠭᠠᠳᠤ ᠨᠢᠭᠡᠴᠢ᠄ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠦᠭᠵᠢᠭᠦᠯᠦᠯᠲᠡ ᠪᠠ ᠦᠭᠡᠷᠡᠴᠢᠯᠡᠯᠳᠡ ᠶᠢᠨ ᠵᠦᠪᠯᠡᠯ᠂ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠦᠪᠯᠡᠯ᠂ ᠰᠤᠷᠭᠠᠨ ᠬᠦᠮᠦᠵᠢᠯ ᠤᠨ ᠲᠢᠩᠭᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠭᠢᠮ᠂ ᠣᠢ ᠰᠢᠭᠤᠢ ᠶᠢᠨ ᠲᠢᠩᠭᠢᠮ︶      ᠳᠦᠷᠪᠡ᠂ ᠰᠠᠭᠤᠷᠢ ᠰᠤᠳᠤᠯᠤᠯ ᠤᠨ ᠴᠢᠳᠠᠪᠤᠷᠢᠳᠠᠨ ᠤ ᠡᠩᠨᠡᠭᠡ ᠶᠢ ᠪᠤᠵᠠᠭᠠᠶᠢᠷᠠᠭᠤᠯᠤᠨ᠎ᠠ      ︵ᠠᠷᠪᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠪᠠ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠬᠦᠮᠦᠵᠢᠭᠦᠯᠬᠦ ᠪᠠ ᠤᠷᠤᠭᠤᠯᠤᠨ ᠠᠪᠠᠴᠢᠷᠠᠨ᠎ᠠ᠃ ᠦᠪᠡᠷᠳᠡᠭᠡᠨ ᠵᠠᠰᠠᠬᠤ ᠤᠷᠤᠨ ᠤ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠶᠢᠨ ᠳᠤᠭᠤᠷᠢᠨ ᠳᠤ᠂ ᠴᠢᠳᠠᠪᠤᠷᠢᠳᠠᠨ ᠢ ᠬᠦᠮᠦᠵᠢᠭᠦᠯᠬᠦ᠂ ᠤᠷᠤᠭᠤᠯᠤᠨ ᠠᠪᠴᠢᠷᠠᠬᠤ ᠪᠠ ᠬᠡᠷᠡᠭᠯᠡᠬᠦ ᠳᠤᠬᠳᠠᠴᠠ ᠳᠤ ᠰᠢᠨ᠎ᠡ ᠶᠢ ᠡᠭᠦᠳᠦᠨ᠎ᠡ᠃ ᠤᠯᠤᠰ ᠤᠨ ᠪᠠ ᠦᠪᠡᠷᠳᠡᠭᠡᠨ ᠵᠠᠰᠠᠬᠤ ᠤᠷᠤᠨ ᠤ ᠭᠤᠣᠯᠳᠠᠯᠭ᠎ᠠ ᠲᠠᠢ ᠲᠤᠷᠰᠢᠯᠳᠠ ᠶᠢᠨ ᠲᠠᠰᠤᠭ ᠵᠡᠷᠭᠡ ᠰᠠᠭᠤᠷᠢ ᠰᠤᠳᠤᠯᠤᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠲᠤ ︽ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠢᠮᠢᠴᠢ ᠪᠠ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠢᠮᠢᠴᠢ︾ ︽ᠭᠠᠳᠠᠭᠠᠳᠤ ᠠᠴᠠ ᠳᠡᠭᠡᠳᠦ ᠳᠡᠰ ᠤᠨ ᠴᠢᠳᠠᠪᠤᠷᠢᠳᠠᠨ ᠤᠷᠤᠭᠤᠯᠤᠨ ᠠᠪᠴᠢᠷᠠᠬᠤ ᠲᠦᠯᠦᠪᠯᠡᠭᠡ︾ ︽ᠤᠯᠤᠰ ᠤᠨ ᠳᠡᠭᠡᠳᠦ ᠳᠡᠰ ᠤᠨ ᠴᠢᠳᠠᠪᠤᠷᠢᠲᠠᠨ ᠢ ᠣᠨᠴᠠᠭᠠᠢ ᠳᠡᠮᠵᠢᠬᠦ ᠲᠦᠯᠦᠪᠯᠡᠭᠡ︾ ᠵᠡᠷᠭᠡ ᠳᠡᠭᠡᠳᠦ ᠳᠡᠰ ᠤᠨ ᠴᠢᠳᠠᠪᠤᠷᠢᠳᠠᠨ ᠪᠠ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠲᠦᠪᠯᠡᠷᠡᠭᠦᠯᠬᠦ ᠴᠢᠳᠠᠮᠵᠢ ᠶᠢ ᠨᠢ ᠭᠦᠢᠴᠡᠳ ᠪᠠᠳᠠᠷᠠᠭᠤᠯᠤᠨ᠎ᠠ᠃ ᠰᠠᠭᠤᠷᠢ ᠰᠢᠨᠵᠢᠯᠡᠭᠡᠨ ᠳᠤ ᠲᠥᠪᠯᠡᠷᠡᠭᠦᠯᠵᠦ᠂ ᠨᠢᠭᠡ ᠪᠦᠯᠦᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠬᠴᠢ ᠴᠢᠳᠠᠪᠤᠷᠢᠲᠠᠨ ᠪᠠ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠳᠤᠬᠳᠠᠬᠤᠨ ᠳᠡᠮᠵᠢᠵᠦ ᠰᠠᠭᠤᠷᠢ ᠰᠤᠳᠤᠯᠤᠯ ᠤᠨ ᠠᠵᠢᠯ ᠬᠢᠯᠭᠡᠨ᠎ᠡ᠃ ᠴᠢᠳᠠᠪᠤᠷᠢᠳᠠᠨ ᠬᠦᠮᠦᠵᠢᠭᠦᠯᠬᠦ ᠪᠠ ᠤᠷᠤᠭᠤᠯᠤᠨ ᠠᠪᠴᠢᠷᠠᠬᠤ ᠶᠠᠪᠤᠴᠠ ᠳᠠᠬᠢ ︽ᠲᠠᠯ᠎ᠠ ᠨᠤᠲᠤᠭ ᠤᠨ ᠰᠣᠳᠤᠨ ᠴᠢᠳᠠᠪᠤᠷᠢᠲᠠᠨ︾ ᠤ ᠢᠨᠵᠧᠨᠧᠷᠢᠩ ᠵᠡᠷᠭᠡ ᠦᠪᠡᠷᠳᠡᠭᠡᠨ ᠵᠠᠰᠠᠬᠤ ᠤᠷᠤᠨ ᠤ ᠡᠯ᠎ᠡ ᠲᠥᠷᠥᠯ ᠤᠨ ᠴᠢᠳᠠᠪᠤᠷᠢᠳᠠᠨ ᠬᠦᠮᠦᠵᠢᠭᠦᠯᠬᠦ ᠲᠥᠷᠥᠯ ᠵᠦᠢᠯ ᠤᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠴᠢᠳᠠᠪᠤᠷᠢᠳᠠᠨ ᠤ ᠰᠢᠯᠵᠢᠯᠲᠡ ᠶᠢᠨ ᠳᠤᠬᠳᠠᠴᠠ ᠶᠢ ᠪᠠᠶᠢᠭᠤᠯᠤᠨ ᠪᠦᠷᠢᠨᠰᠢᠭᠦᠯᠵᠦ᠂ ᠠᠵᠢᠯᠳᠠᠨ ᠤ ᠶᠠᠪᠤᠳᠠᠯ ᠤᠨ ᠲᠥᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠪᠠ ᠠᠵᠤ ᠠᠬᠤᠶᠢᠯᠠᠯ ᠤᠨ ᠬᠤᠭᠤᠷᠤᠨᠳᠤᠬᠢ ᠴᠢᠳᠠᠪᠤᠷᠢᠳᠠᠳ ᠤᠨ ᠵᠤᠬᠢᠰᠲᠠᠢ ᠰᠢᠯᠵᠢᠬᠦ ᠶᠢ ᠵᠤᠷᠢᠬᠵᠢᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ ︽ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠢᠮᠢᠴᠢ ᠪᠠ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠢᠮᠢᠴᠢ︾ ︽ᠭᠠᠳᠠᠭᠠᠳᠤ ᠠᠴᠠ ᠳᠡᠭᠡᠳᠦ ᠳᠡᠰ ᠤᠨ ᠴᠢᠳᠠᠪᠤᠷᠢᠳᠠᠨ ᠤᠷᠤᠭᠤᠯᠤᠨ ᠠᠪᠴᠢᠷᠠᠬᠤ ᠲᠦᠯᠦᠪᠯᠡᠭᠡ︾ ︽ᠤᠯᠤᠰ ᠤᠨ ᠳᠡᠭᠡᠳᠦ ᠳᠡᠰ ᠤᠨ ᠴᠢᠳᠠᠪᠤᠷᠢᠲᠠᠨ ᠢ ᠣᠨᠴᠠᠭᠠᠢ ᠳᠡᠮᠵᠢᠬᠦ ᠲᠦᠯᠦᠪᠯᠡᠭᠡ︾ ︽ᠡᠷᠳᠡᠮᠳᠡᠨ ᠢ ᠱᠠᠩᠨᠠᠨ ᠬᠦᠬᠢᠭᠦᠯᠬᠦ ᠬᠥᠬᠡ ᠮᠦᠷᠡᠨ ᠲᠦᠯᠦᠪᠯᠡᠭᠡ︾ ᠳᠤ ᠰᠤᠩᠭᠤᠭᠳᠠᠭᠰᠠᠳ ᠵᠢᠴᠢ ᠤᠯᠤᠰ ᠤᠨ ᠭᠠᠷᠮᠠᠭᠠᠢ ᠵᠠᠯᠠᠭᠤᠴᠤᠳ ᠤᠨ ᠰᠢᠨᠵᠢᠯᠡᠬᠦ ᠤᠬᠠᠭᠠᠨ ᠤ ᠰᠠᠭᠤᠷᠢ ᠮᠦᠩᠭᠦ ᠪᠠ ᠤᠯᠤᠰ ᠤᠨ ᠰᠢᠯᠢᠳᠡᠭ ᠵᠠᠯᠠᠭᠤᠴᠤᠳ ᠤᠨ ᠰᠢᠨᠵᠢᠯᠡᠬᠦ ᠤᠬᠠᠭᠠᠨ ᠤ ᠰᠠᠭᠤᠷᠢ ᠮᠦᠩᠬᠦ ᠬᠦᠷᠳᠡᠭᠰᠡᠳ ᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ︵ᠬᠠᠷᠢᠭᠤᠴᠠᠯᠭᠠᠳᠤ ᠨᠢᠭᠡᠴᠢ᠄ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠦᠮᠦᠵᠢᠯ ᠤᠨ ᠲᠢᠩᠭᠢᠮ᠂ ᠡᠳ᠋ ᠤᠨ ᠵᠠᠰᠠᠭ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ︶      ︵ᠠᠷᠪᠠᠨ ᠨᠢᠭᠡ︶ ᠰᠢᠨᠵᠢᠯᠡᠬᠦ ᠤᠬᠠᠭᠠᠨ ᠮᠡᠷᠭᠡᠵᠢᠯ ᠤᠨ ᠢᠳᠡᠷ ᠵᠠᠯᠠᠭᠤ ᠪᠠ ᠪᠡᠯᠡᠳᠭᠡᠯ ᠴᠢᠳᠠᠪᠤᠷᠢᠳᠠᠨ ᠢ ᠬᠦᠮᠦᠵᠢᠭᠦᠯᠵᠤ ᠤᠷᠤᠭᠤᠯᠵᠤ ᠢᠷᠡᠬᠦ ᠡᠷᠴᠢᠮ ᠢ ᠴᠢᠩᠭᠠᠷᠠᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠦᠩᠬᠦ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠯᠦᠪᠯᠡᠭᠡ ᠪᠠᠷ ᠵᠠᠯᠠᠭᠤ ᠴᠢᠳᠠᠪᠤᠷᠢᠳᠠᠨ ᠢ ᠬᠦᠮᠦᠵᠢᠭᠦᠯᠬᠦ ᠡᠷᠴᠢᠮ ᠢ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠢᠳᠡᠷ ᠵᠠᠯᠠᠭᠤ ᠪᠠ ᠪᠡᠯᠡᠳᠭᠡᠯ ᠴᠢᠳᠠᠪᠤᠷᠢᠳᠠᠨ ᠤ ᠪᠡᠶ᠎ᠡ ᠪᠠᠨ ᠳᠠᠭᠠᠭᠠᠵᠤ ᠰᠡᠳᠦᠪ ᠰᠤᠩᠭᠤᠬᠤ᠂ ᠴᠢᠯᠦᠭᠡᠳᠡᠢ ᠰᠦᠪᠡᠭᠴᠢᠯᠡᠬᠦ ᠶᠢ ᠨᠢ ᠵᠤᠷᠢᠬᠵᠢᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ ᠳ᠋ᠤᠺᠲ᠋ᠤᠷᠠᠨᠲ ᠤᠨ ᠴᠡᠭ ᠢ ᠪᠠᠶᠢᠭᠤᠯᠬᠤ ᠪᠠ ᠠᠬᠠᠯᠠᠭᠴᠢ ᠳ᠋ᠤᠺᠲ᠋ᠤᠷ ᠤᠨ ᠠᠵᠢᠯᠯᠠᠬᠤ ᠭᠠᠵᠠᠷ᠂ ᠰᠢᠯᠵᠢᠭᠦᠯᠬᠦ ᠦᠷᠳᠡᠭᠡ ᠪᠠᠶᠢᠭᠤᠯᠬᠤ ᠶᠢ ᠴᠢᠩᠭᠠᠳᠬᠠᠵᠤ᠂ ᠤᠯᠤᠰ ᠤᠨ ᠳᠤᠳᠤᠭᠠᠳᠤ ᠭᠠᠳᠠᠭᠠᠳᠤ ᠶᠢᠨ ᠰᠢᠯᠢᠳᠡᠭ ᠵᠠᠯᠠᠭᠤᠴᠤᠳ ᠢ ᠦᠪᠡᠷᠳᠡᠭᠡᠨ ᠵᠠᠰᠠᠬᠤ ᠤᠷᠤᠨ ᠳᠤ ᠲᠠᠲᠠᠵᠤ ᠠᠪᠴᠢᠷᠠᠨ ᠳ᠋ᠤᠺᠲ᠋ᠤᠷ ᠴᠤᠯᠠ ᠣᠯᠬᠤ ᠪᠠᠷ ᠰᠢᠮᠳᠠᠨ ᠰᠤᠷᠬᠤ ᠪᠣᠶᠣ ᠠᠬᠠᠯᠠᠭᠴᠢ ᠳ᠋ᠤᠺᠲ᠋ᠤᠷ ᠤᠨ ᠰᠤᠳᠤᠯᠤᠯ ᠤᠨ ᠠᠵᠢᠯ ᠬᠢᠯᠭᠡᠨ᠎ᠡ᠃ ᠠᠮᠢᠳᠤᠷᠠᠯ ᠤᠨ ᠨᠡᠮᠡᠭᠦᠷᠢ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠳᠠᠬᠢ ᠵᠤᠭᠤᠰ ᠢᠶᠠᠷ ᠳᠤᠰᠠᠯᠠᠬᠤ ᠡᠷᠴᠢᠮ ᠢ ᠴᠢᠩᠭᠠᠷᠠᠭᠤᠯᠵᠤ᠂ ᠦᠷ᠎ᠡ ᠬᠡᠤᠬᠡᠳ ᠨᠢ ᠰᠤᠷᠭᠠᠭᠤᠯᠢ ᠳᠤ ᠰᠤᠷᠤᠯᠴᠠᠬᠤ᠂ ᠬᠠᠨᠢ ᠨᠦᠬᠦᠷ ᠲᠤ ᠨᠢ ᠠᠵᠢᠯ ᠣᠯᠭᠤᠬᠤ ᠠᠰᠠᠭᠤᠳᠠᠯ ᠢ ᠰᠢᠢᠳᠪᠦᠷᠢᠯᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠤᠯᠤᠰ ᠤᠨ ᠳᠤᠳᠤᠭᠠᠳᠤ ᠭᠠᠳᠠᠭᠠᠳᠤ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠯᠢᠳᠡᠭ ᠴᠢᠳᠠᠪᠤᠷᠢᠳᠠᠳ ᠢ ᠦᠪᠦᠷ ᠮᠤᠩᠭᠤᠯ ᠳᠤ ᠢᠳᠡᠪᠬᠢᠲᠡᠢ ᠳᠠᠳᠠᠨ ᠠᠪᠴᠢᠷᠠᠵᠤ ᠰᠢᠨ᠎ᠡ ᠶᠢ ᠡᠭᠦᠳᠴᠦ ᠦᠢᠯᠡᠰ ᠴᠣᠭᠴᠠᠯᠠᠭᠤᠯᠤᠨ᠎ᠠ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠰᠤᠳᠤᠯᠤᠯ ᠤᠨ ᠬᠦᠷᠢᠶᠡᠯᠡᠩ ᠭᠠᠵᠠᠷ ᠪᠠ ᠠᠵᠤ ᠠᠬᠤᠶᠢᠯᠠᠯ ᠨᠢ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ᠂ ᠰᠤᠷᠭᠠᠨ ᠬᠦᠮᠦᠵᠢᠯ ᠤᠨ ᠶᠠᠮᠤᠨ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠳᠤᠯᠠᠭ᠎ᠠ ᠶᠢᠨ ᠶᠠᠮᠤᠨ ᠵᠡᠷᠭᠡ ᠡᠯ᠎ᠡ ᠲᠥᠷᠥᠯ ᠤᠨ ᠴᠢᠳᠠᠪᠤᠷᠢᠳᠠᠨ ᠢ ᠬᠦᠮᠦᠵᠢᠭᠦᠯᠬᠦ ᠲᠦᠯᠦᠪᠯᠡᠭᠡ ᠪᠠᠷ ᠬᠦᠮᠦᠵᠢᠭᠦᠯᠦᠭᠰᠡᠨ ᠭᠠᠷᠮᠠᠭᠠᠢ ᠵᠠᠯᠠᠭᠤᠴᠤᠳ ᠢ ᠤᠷᠤᠭᠤᠯᠤᠨ ᠠᠪᠴᠢᠷᠠᠬᠤ ᠶᠢ ᠨᠡᠩ ᠬᠦᠴᠦᠲᠡᠢ ᠳᠡᠮᠵᠢᠨ᠎ᠡ᠃ ︵ᠬᠠᠷᠢᠭᠤᠴᠠᠯᠭᠠᠳᠤ ᠨᠢᠭᠡᠴᠢ᠄ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠦᠮᠦᠵᠢᠯ ᠤᠨ ᠲᠢᠩᠭᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ︶      ︵ᠠᠷᠪᠠᠨ ᠬᠤᠶᠠᠷ︶ ᠲᠤᠷᠰᠢᠯᠳᠠ ᠶᠢᠨ ᠦᠨᠳᠦᠷ ᠬᠢᠷᠢ ᠲᠥᠪᠰᠢᠨ ᠲᠠᠢ ᠮᠡᠷᠭᠡᠵᠢᠯ ᠤᠨ ᠴᠢᠳᠠᠪᠤᠷᠢᠳᠠᠨ ᠤ ᠡᠩᠨᠡᠭᠡ ᠶᠢ ᠪᠠᠶᠢᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ ᠪᠤᠳᠠᠳᠠᠢ ᠳᠤ ᠨᠡᠶᠢᠴᠡᠭᠰᠡᠨ ᠲᠤᠷᠰᠢᠯᠲᠠ ᠶᠢᠨ ᠮᠡᠷᠭᠡᠵᠢᠯ ᠤᠨ ᠴᠢᠳᠠᠪᠤᠷᠢᠳᠠᠨ ᠢ ᠰᠢᠯᠭᠠᠨ ᠦᠨᠡᠯᠡᠬᠦ ᠰᠢᠰᠲ᠋ᠧᠮᠵᠢ ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠤᠷᠰᠢᠯᠲᠠ ᠶᠢᠨ ᠮᠡᠷᠭᠡᠵᠢᠯ ᠤᠨ ᠴᠢᠳᠠᠪᠤᠷᠢᠳᠠᠨ ᠤ ᠪᠠᠶᠢᠷᠢ ᠰᠠᠭᠤᠷᠢ ᠪᠠ ᠣᠯᠭᠤᠮᠵᠢ ᠶᠢ ᠳᠡᠭᠡᠭᠰᠢᠯᠡᠬᠦᠯᠦᠨ᠎ᠡ᠃ ᠲᠤᠷᠰᠢᠯᠳᠠ ᠶᠢᠨ ᠮᠡᠷᠭᠡᠵᠢᠯ ᠤᠨ ᠴᠢᠳᠠᠪᠤᠷᠢᠳᠠᠨ᠂ ᠢᠨᠵᠧᠨᠧᠷᠢᠩ ᠤᠨ ᠲᠤᠰᠬᠠᠢ ᠳᠤᠰᠢᠶᠠᠯᠳᠤ ᠮᠡᠷᠭᠡᠵᠢᠯ ᠤᠨ ᠴᠢᠳᠠᠪᠤᠷᠢᠳᠠᠨ ᠪᠠ ᠨᠡᠭᠡᠭᠡᠯᠳᠦ ᠦᠢᠯᠡᠴᠢᠯᠡᠭᠡᠨ ᠤ ᠴᠢᠳᠠᠪᠤᠷᠢᠳᠠᠨ ᠬᠦᠮᠦᠵᠢᠭᠦᠯᠬᠦ ᠡᠷᠴᠢᠮ ᠢ ᠴᠢᠩᠭᠠᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠡᠩᠨᠡᠭᠡ ᠶᠢᠨ ᠪᠦᠳᠦᠴᠡ ᠶᠢ ᠰᠢᠯᠢᠳᠡᠭᠵᠢᠭᠦᠯᠦᠨ᠎ᠡ᠃ ᠲᠤᠷᠰᠢᠯᠲᠠ ᠶᠢᠨ ᠮᠡᠷᠭᠡᠵᠢᠯ ᠤᠨ ᠴᠢᠳᠠᠪᠤᠷᠢᠳᠠᠨ ᠤ ᠪᠤᠯᠪᠠᠰᠤᠷᠠᠭᠤᠯᠤᠯ ᠢ ᠴᠢᠩᠭᠠᠳᠬᠠᠵᠤ᠂ ᠮᠡᠷᠭᠡᠵᠢᠯ ᠤᠨ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠳᠤ ᠨᠢᠭᠡᠴᠢ᠄ ᠦᠪᠡᠷᠳᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠦᠮᠦᠵᠢᠯ ᠤᠨ ᠲᠢᠩᠭᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ︶      ᠳᠠᠪᠤ᠂ ᠰᠠᠭᠤᠷᠢ ᠰᠤᠳᠤᠯᠤᠯ ᠤᠨ ᠴᠢᠯᠦᠭᠡᠳᠡᠢ ᠬᠠᠮᠳᠤᠷᠠᠯᠴᠠᠬᠤ ᠬᠢᠷᠢ ᠲᠥᠪᠰᠢᠨ ᠢ ᠳᠡᠭᠡᠭᠰᠢᠯᠡᠭᠦᠯᠦᠨ᠎ᠡ      ︵ᠠᠷᠪᠠᠨ ᠭᠤᠷᠪᠠ︶ ᠰᠠᠭᠤᠷᠢ ᠰᠤᠳᠤᠯᠤᠯ ᠤᠨ ᠴᠢᠯᠦᠭᠡᠳᠡᠢ ᠬᠠᠮᠲᠤᠷᠠᠯᠴᠠᠬᠤ ᠶᠢ ᠠᠬᠢᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ ᠰᠠᠭᠤᠷᠢ ᠰᠤᠳᠤᠯᠤᠯ ᠤᠨ ᠬᠦᠭᠵᠢᠯᠳᠡ ᠶᠢ ᠪᠦᠬᠦ ᠪᠦᠮᠪᠦᠷᠴᠡᠭ ᠤᠨ ᠬᠠᠷᠠᠭᠠᠰᠤ ᠠᠴᠠ ᠤᠬᠠᠭᠠᠯᠠᠨ ᠲᠦᠯᠦᠪᠯᠡᠵᠤ᠂ ᠪᠦᠬᠦ ᠪᠦᠮᠪᠦᠷᠴᠡᠭ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠪᠦᠳᠦᠮᠵᠢᠳᠡᠢ ᠠᠰᠢᠭᠯᠠᠵᠤ᠂ ᠦᠪᠡᠷᠳᠡᠭᠡᠨ ᠵᠠᠰᠠᠬᠤ ᠤᠷᠤᠨ ᠤ ᠰᠠᠭᠤᠷᠢ ᠰᠤᠳᠤᠯᠤᠯ ᠢ ᠤᠯᠠᠨ ᠳᠡᠰ ᠳᠠᠪᠬᠤᠷᠭ᠎ᠠ ᠲᠠᠢ᠂ ᠦᠨᠳᠦᠷ ᠬᠢᠷᠢ ᠲᠦᠪᠰᠢᠨ ᠲᠠᠢ ᠪᠠᠷ ᠣᠯᠠᠨ ᠤᠯᠤᠰ ᠯᠤᠭ᠎ᠠ ᠬᠠᠮᠲᠤᠷᠠᠯᠴᠠᠬᠤ ᠶᠢ ᠲᠦᠯᠬᠢᠨ ᠠᠬᠢᠭᠤᠯᠵᠤ᠂ ᠦᠪᠡᠷᠳᠡᠭᠡᠨ ᠵᠠᠰᠠᠬᠤ ᠤᠷᠤᠨ ᠤ ᠰᠠᠭᠤᠷᠢ ᠰᠤᠳᠤᠯᠤᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠬᠦᠯᠦᠨ᠎ᠡ᠃ ᠤᠯᠠᠨ ᠤᠯᠤᠰ ᠯᠤᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠯᠢᠯᠴᠠᠭ᠎ᠠ ᠬᠢᠭᠡᠳ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠭᠠᠳᠠᠭᠠᠳᠤ ᠶᠢᠨ ᠦᠨᠳᠦᠷ ᠬᠢᠷᠢ ᠲᠥᠪᠰᠢᠨ ᠲᠠᠢ ᠶᠡᠭᠡ ᠰᠤᠷᠭᠠᠭᠤᠯᠢ ᠵᠢᠴᠢ ᠰᠤᠳᠤᠯᠤᠯ ᠤᠨ ᠪᠠᠶᠢᠭᠤᠯᠤᠮᠵᠢ ᠯᠤᠭ᠎ᠠ ᠶᠢᠨ ᠤᠷᠳᠦ ᠬᠤᠭᠤᠴᠠᠭᠠᠨ ᠤ ᠪᠦᠳᠦᠮᠵᠢᠳᠡᠢ ᠬᠠᠮᠲᠤᠷᠠᠯᠴᠠᠬᠤ ᠳᠤᠬᠳᠠᠴᠠ ᠪᠠ ᠰᠢᠨᠵᠢᠯᠡᠬᠦ ᠤᠬᠠᠭᠠᠨᠳᠠᠳ ᠡᠷᠳᠡᠮᠳᠡᠳ ᠤᠨ ᠬᠠᠷᠢᠯᠴᠠᠨ ᠠᠶᠢᠯᠴᠢᠯᠠᠬᠤ ᠳᠤᠬᠳᠠᠴᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠰᠢᠯᠢᠳᠡᠭ ᠵᠠᠯᠠᠭᠤ ᠰᠢᠨᠵᠢᠯᠡᠬᠦ ᠤᠬᠠᠭᠠᠨ ᠤ ᠰᠤᠳᠤᠯᠭᠠᠳᠠᠳ ᠢ ᠰᠤᠩᠭᠤᠨ ᠲᠣᠮᠢᠯᠠᠵᠤ ᠭᠠᠳᠠᠭᠠᠳᠤ ᠶᠢᠨ ᠲᠡᠷᠢᠭᠦᠨ ᠳᠡᠰ ᠤᠨ ᠰᠤᠳᠤᠯᠤᠯ ᠤᠨ ᠪᠠᠶᠢᠭᠤᠯᠤᠮᠵᠢ ᠳᠤ ᠬᠦᠷᠴᠦ ᠰᠤᠳᠤᠯᠤᠨ ᠰᠤᠷᠤᠯᠴᠠᠭᠤᠯᠤᠨ᠎ᠠ᠃ ᠭᠠᠳᠠᠭᠠᠳᠤ ᠳᠠᠬᠢ ᠰᠢᠨᠵᠢᠯᠡᠬᠦ ᠤᠬᠠᠭᠠᠨᠳᠠᠳ ᠬᠢᠭᠡᠳ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠤ ᠰᠤᠳᠤᠯᠭᠠᠳᠠᠳ ᠬᠠᠮᠳᠤ ᠪᠠᠷ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠯᠦᠪᠯᠡᠭᠡ ᠶᠢᠨ ᠡᠯ᠎ᠡ ᠲᠥᠷᠥᠯ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠶᠢ ᠨᠢ ᠳᠡᠮᠵᠢᠨ᠎ᠡ᠃ ᠳᠤᠮᠳᠠᠳᠤ ᠮᠤᠩᠭᠤᠯ ᠤᠷᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠤᠯᠤᠰ ᠤᠨ ᠳᠤᠳᠤᠭᠠᠳᠤ ᠶᠢᠨ ᠨᠡᠷᠡᠲᠠᠢ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠭᠤᠣᠯᠳᠠᠯᠭ᠎ᠠ ᠲᠠᠢ ᠲᠤᠷᠰᠢᠯᠲᠠ ᠶᠢᠨ ᠳᠠᠰᠤᠭ ᠤᠨ ᠬᠤᠭᠤᠷᠤᠨᠳᠤᠬᠢ ᠬᠠᠮᠲᠤᠷᠠᠯᠴᠠᠭ᠎ᠠ ᠰᠤᠯᠢᠯᠴᠠᠭ᠎ᠠ ᠶᠢ ᠭᠦᠨᠵᠡᠭᠡᠶᠢᠷᠡᠭᠦᠯᠵᠦ᠂ ᠬᠤᠯᠪᠤᠭᠠᠯᠠᠵᠤ ᠪᠠᠶᠢᠭᠠᠳ ᠰᠤᠷᠭᠠᠭᠤᠯᠢ ᠡᠷᠬᠢᠯᠡᠬᠦ᠂ ᠬᠠᠨᠢᠲᠠᠨ ᠢᠶᠠᠷ ᠠᠵᠢᠯᠯᠠᠬᠤ ᠲᠤᠷᠰᠢᠯᠲᠠ ᠶᠢᠨ ᠲᠠᠰᠤᠭ ᠪᠠᠶᠢᠭᠤᠯᠬᠤ᠂ ᠨᠡᠭᠡᠭᠡᠯᠲᠡ ᠲᠠᠢ ᠰᠡᠳᠦᠪ ᠳᠣᠭᠲᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠤᠷᠤᠨ ᠤ ᠭᠠᠳᠠᠨᠠᠬᠢ ᠰᠢᠨᠵᠢᠯᠡᠬᠦ ᠤᠬᠠᠭᠠᠨ ᠤ ᠰᠤᠳᠤᠯᠤᠯ ᠤᠨ ᠡᠬᠢ ᠪᠠᠶᠠᠯᠢᠭ ᠢ ᠢᠳᠡᠪᠬᠢᠳᠡᠢ ᠣᠷᠤᠭᠤᠯᠵᠤ᠂ ᠬᠤᠰᠢᠭᠤᠷᠠᠬᠤ ᠰᠤᠳᠤᠯᠤᠯ ᠢ ᠬᠤᠯᠪᠤᠭᠠᠯᠠᠨ ᠦᠷᠨᠢᠭᠦᠯᠵᠦ᠂ ᠦᠪᠡᠷᠳᠡᠭᠡᠨ ᠵᠠᠰᠠᠬᠤ ᠤᠷᠤᠨ ᠤ ᠰᠠᠭᠤᠷᠢ ᠰᠤᠳᠤᠯᠤᠯ ᠤᠨ ᠬᠢᠷᠢ ᠲᠥᠪᠰᠢᠨ ᠬᠢᠭᠡᠳ ᠠᠩᠬᠠᠨ ᠤ ᠰᠢᠨ᠎ᠡ ᠶᠢ ᠡᠭᠦᠳᠬᠦ ᠴᠢᠳᠠᠪᠤᠷᠢ ᠶᠢ ᠲᠦᠷᠭᠡᠪᠴᠢᠯᠡᠨ ᠳᠡᠭᠡᠭᠰᠢᠯᠡᠭᠦᠯᠦᠨ᠎ᠡ᠃ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠦᠩᠭᠦᠨ ᠤ ᠵᠦᠪᠯᠡᠯ ᠲᠠᠢ ᠬᠠᠮᠳᠤ ᠪᠠᠷ ᠬᠤᠯᠪᠤᠭᠠᠳᠤ ᠰᠠᠭᠤᠷᠢ ᠮᠦᠩᠭᠦ ᠶᠢ ᠴᠢᠷᠮᠠᠶᠢᠨ ᠪᠠᠶᠢᠭᠤᠯᠵᠤ᠂ ᠪᠦᠬᠦ ᠤᠯᠤᠰ ᠤᠨ ᠤᠶᠤᠨ ᠤ ᠡᠬᠢ ᠪᠠᠶᠠᠯᠢᠭ ᠢᠶᠠᠷ ᠪᠦᠬᠦ ᠤᠷᠤᠨ ᠤ ᠠᠵᠤ ᠦᠢᠯᠡᠰ ᠤᠨ ᠬᠦᠭᠵᠢᠯᠳᠡ ᠶᠢᠨ ᠶᠠᠪᠤᠴᠠ ᠳᠠᠬᠢ ᠴᠢᠬᠤᠯᠠ ᠶᠡᠭᠡ ᠰᠢᠨᠵᠢᠯᠡᠬᠦ ᠤᠬᠠᠭᠠᠨ ᠤ ᠠᠰᠠᠭᠤᠳᠠᠯ ᠪᠠ ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠢ ᠮᠡᠷᠭᠡᠵᠢᠯ ᠤᠨ ᠠᠰᠠᠭᠤᠳᠠᠯ ᠢ ᠰᠢᠢᠳᠪᠦᠷᠢᠯᠡᠵᠦ᠂ ᠦᠪᠡᠷᠳᠡᠭᠡᠨ ᠵᠠᠰᠠᠬᠤ ᠤᠷᠤᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠦᠩᠬᠦ ᠪᠠᠷ ᠬᠤᠯᠪᠤᠭᠠᠯᠠᠵᠤ ᠪᠠᠶᠢᠭᠠᠳ ᠵᠤᠭᠤᠰ ᠢᠶᠠᠷ ᠲᠤᠰᠠᠯᠠᠬᠤ ᠬᠦᠷᠢᠶ᠎ᠡ ᠬᠡᠪᠴᠢᠶ᠎ᠡ ᠶᠢ ᠲᠠᠰᠤᠷᠠᠯᠲᠠ ᠦᠭᠡᠢ ᠦᠷᠭᠡᠳᠭᠡᠨ᠎ᠡ᠃ ︵ᠬᠠᠷᠢᠭᠤᠴᠠᠯᠭᠠᠳᠤ ᠨᠢᠭᠡᠴᠢ᠄ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠰᠤᠷᠭᠠᠨ ᠬᠦᠮᠦᠵᠢᠯ ᠤᠨ ᠲᠢᠩᠭᠢᠮ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶      ᠵᠢᠷᠭᠤᠭ᠎ᠠ᠂ ᠰᠠᠭᠤᠷᠢ ᠰᠤᠳᠤᠯᠤᠯ ᠤᠨ ᠬᠦᠭᠵᠢᠭᠦᠯᠬᠦ ᠲᠤᠬᠳᠠᠴᠠ ᠪᠠ ᠤᠷᠴᠢᠨ ᠨᠦᠬᠦᠴᠡᠯ ᠢ ᠰᠢᠯᠢᠳᠡᠭᠵᠢᠭᠦᠯᠦᠨ᠎ᠡ      ︵ᠠᠷᠪᠠᠨ ᠳᠦᠷᠪᠡ︶ ᠰᠠᠭᠤᠷᠢ ᠰᠤᠳᠤᠯᠤᠯ ᠤᠨ ᠣᠯᠠᠨ ᠡᠰᠢᠵᠢᠭᠦᠯᠦᠭᠰᠡᠨ ᠤᠷᠤᠭᠤᠯᠤᠯᠲᠠ ᠬᠢᠬᠦ ᠲᠣᠭᠲᠠᠴᠠ ᠶᠢ ᠪᠠᠶᠢᠭᠤᠯᠤᠨ᠎ᠠ᠃ ᠰᠠᠭᠤᠷᠢ ᠰᠤᠳᠤᠯᠤᠯ ᠤᠨ ᠵᠠᠷᠤᠳᠠᠯ ᠤᠨ ᠤᠷᠤᠭᠤᠯᠤᠯᠲᠠ ᠶᠢ ᠠᠯᠬᠤᠮ ᠠᠯᠬᠤᠮ ᠢᠶᠠᠷ ᠨᠡᠮᠡᠭᠳᠡᠭᠦᠯᠵᠦ᠂ ᠴᠢᠬᠤᠯᠠ ᠶᠡᠭᠡ ᠪᠠ ᠭᠠᠷᠮᠠᠭᠠᠢ ᠵᠠᠯᠠᠭᠤᠴᠤᠳ ᠵᠡᠷᠭᠡ ᠲᠥᠷᠥᠯ ᠵᠦᠢᠯ ᠢ ᠪᠦᠬᠦ ᠤᠷᠤᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠦᠩᠬᠦ ᠶᠢᠨ ᠵᠤᠭᠤᠰ ᠢᠶᠠᠷ ᠲᠤᠰᠠᠯᠠᠬᠤ ᠡᠷᠴᠢᠮ ᠢ ᠴᠢᠩᠭᠠᠷᠠᠭᠤᠯᠵᠤ᠂ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠵᠢᠴᠢ ᠪᠡᠯᠡᠳᠭᠡᠯ ᠡᠩᠨᠡᠭᠡ ᠶᠢ ᠲᠣᠭᠳᠠᠭᠤᠨ ᠢᠶᠠᠷ ᠳᠡᠮᠵᠢᠬᠦ ᠶᠢ ᠴᠢᠩᠭᠠᠳᠬᠠᠵᠤ᠂ ᠰᠢᠯᠢᠳᠡᠭ ᠳᠡᠰ ᠢᠶᠠᠷ ᠦᠨᠡᠯᠡᠨ ᠵᠢᠱᠢᠭᠳᠡᠭᠰᠡᠨ ᠦᠪᠡᠷᠳᠡᠭᠡᠨ ᠵᠠᠰᠠᠬᠤ ᠤᠷᠤᠨ ᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠳ ᠢ ᠳᠠᠷᠠᠭᠠᠴᠢ ᠨᠦᠬᠦᠪᠦᠷᠢ ᠪᠠᠷ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠳᠡᠭᠡᠳᠦ ᠰᠤᠷᠭᠠᠭᠤᠯᠢ ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠢ ᠤᠷᠲᠤ ᠬᠤᠭᠤᠴᠠᠭ᠎ᠠ ᠲᠠᠢ ᠲᠤᠬᠳᠠᠭᠤᠨ ᠢᠶᠠᠷ ᠳᠡᠮᠵᠢᠬᠦ ᠲᠤᠬᠳᠠᠴᠠ ᠶᠢ ᠳᠡᠭᠦᠯᠳᠡᠷᠵᠢᠭᠦᠯᠵᠤ᠂ ᠦᠪᠡᠷᠳᠡᠭᠡᠨ ᠵᠠᠰᠠᠬᠤ ᠤᠷᠤᠨ ᠤ ᠵᠢᠩᠬᠢᠨᠢ ᠠᠩᠭᠢ ᠲᠠᠢ ᠳᠡᠭᠡᠳᠦ ᠰᠤᠷᠭᠠᠭᠤᠯᠢ ᠳᠤ ᠦᠨᠳᠦᠰᠦᠨ ᠰᠢᠨᠵᠢᠯᠡᠬᠦ ᠤᠬᠠᠭᠠᠨ ᠤ ᠰᠤᠳᠤᠯᠤᠯ ᠬᠢᠬᠦ ᠳᠤᠬᠠᠶᠢᠯᠠᠭᠰᠠᠨ ᠠᠵᠢᠯ ᠤᠨ ᠰᠦᠢᠳᠭᠡᠯ ᠲᠣᠬᠢᠷᠠᠭᠤᠯᠬᠤ ᠶᠢ ᠳᠡᠮᠵᠢᠨ᠎ᠡ᠃ ᠰᠤᠳᠤᠯᠤᠨ ᠨᠡᠭᠡᠭᠡᠬᠦ ᠵᠠᠷᠤᠳᠠᠯ ᠤᠨ ᠨᠡᠮᠡᠵᠦ ᠪᠣᠳᠣᠬᠤ ᠪᠠ ᠰᠠᠭᠤᠯᠭᠠᠵᠤ ᠠᠪᠬᠤ ᠵᠡᠷᠭᠡ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠪᠠ ᠨᠡᠶᠢᠭᠡᠮ ᠤᠨ ᠬᠦᠴᠦᠨ ᠢ ᠬᠦᠳᠦᠯᠦᠨ ᠵᠢᠯᠤᠭᠤᠳᠴᠦ ᠵᠤᠷᠢᠬᠵᠢᠭᠤᠯᠵᠤ ᠪᠠᠶᠢᠭᠠᠳ ᠰᠠᠭᠤᠷᠢ ᠰᠤᠳᠤᠯᠤᠯ ᠳᠠᠬᠢ ᠤᠷᠤᠭᠤᠯᠤᠯᠲᠠ ᠶᠢ ᠨᠢ ᠨᠡᠮᠡᠭᠳᠡᠭᠦᠯᠦᠨ᠎ᠡ᠃ ᠡᠯ᠎ᠡ ᠠᠶᠢᠮᠠᠭ ᠬᠤᠲᠠ ᠨᠢ ᠲᠤᠰ ᠭᠠᠵᠠᠷ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠬᠡᠷᠡᠭᠴᠡᠭᠡ ᠲᠠᠢ ᠤᠶᠠᠯᠳᠤᠭᠤᠯᠤᠨ᠂ ᠰᠠᠭᠤᠷᠢ ᠰᠤᠳᠤᠯᠤᠯ ᠢ ᠳᠡᠮᠵᠢᠬᠦ ᠡᠷᠴᠢᠮ ᠢ ᠴᠢᠩᠭᠠᠷᠠᠭᠤᠯᠬᠤ ᠬᠡᠷᠡᠭᠳᠡᠢ᠃ ︵ᠬᠠᠷᠢᠭᠤᠴᠠᠯᠭᠠᠳᠤ ᠨᠢᠭᠡᠴᠢ᠄ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠰᠤᠷᠭᠠᠨ ᠬᠦᠮᠦᠵᠢᠯ ᠤᠨ ᠲᠢᠩᠭᠢᠮ᠂ ᠦᠪᠦᠷ ᠮᠤᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ︶      ︵ᠠᠷᠪᠠᠨ ᠲᠠᠪᠤ︶ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠪᠠ ᠵᠠᠷᠤᠳᠠᠯ ᠤᠨ ᠬᠠᠮᠢᠶᠠᠷᠤᠯᠲᠠ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ᠎ᠡ ᠃ ᠰᠠᠭᠤᠷᠢ ᠰᠤᠳᠤᠯᠤᠯ ᠤᠨ ᠵᠢᠮ᠎ᠡ ᠬᠠᠤᠯᠢ ᠳᠤ ᠨᠡᠶᠢᠴᠡᠭᠰᠡᠨ ᠲᠥᠷᠥᠯ ᠵᠦᠢᠯ ᠤᠨ ᠵᠤᠬᠢᠶᠠᠨ ᠪᠠᠶᠢᠭᠤᠯᠬᠤ᠂ ᠭᠤᠶᠤᠴᠢᠯᠠᠨ ᠮᠡᠳᠡᠭᠦᠯᠬᠦ᠂ ᠬᠢᠨᠠᠨ ᠲᠣᠭᠲᠠᠭᠠᠬᠤ ᠬᠢᠭᠡᠳ ᠰᠢᠢᠳᠪᠦᠷᠢᠳᠦ ᠪᠤᠳᠤᠯᠭ᠎ᠠ ᠳᠤᠭᠲᠠᠭᠠᠬᠤ ᠲᠣᠬᠳᠠᠴᠠ ᠶᠢ ᠳᠡᠭᠦᠯᠳᠡᠷᠵᠢᠭᠦᠯᠵᠤ᠂ ᠰᠠᠭᠤᠷᠢ ᠰᠤᠳᠤᠯᠤᠯ ᠤᠨ ᠲᠦᠷᠥᠯ ᠵᠦᠢᠯ ᠢ ᠰᠢᠯᠢᠨ ᠰᠤᠩᠭᠤᠬᠤ ᠳᠤ ᠪᠠᠨ ᠰᠤᠳᠤᠯᠤᠯ ᠤᠨ ᠴᠢᠭᠯᠡᠯ᠂ ᠴᠢᠳᠠᠪᠤᠷᠢᠳᠠᠨ ᠤ ᠪᠦᠯᠬᠦᠮ ᠨᠡᠶᠢᠲᠡ ᠵᠢᠴᠢ ᠰᠢᠨ᠎ᠡ ᠶᠢ ᠡᠭᠦᠳᠬᠦ ᠴᠢᠳᠠᠪᠤᠷᠢ ᠵᠡᠷᠭᠡ ᠶᠢ ᠨᠢ ᠰᠢᠨᠵᠢᠯᠡᠨ ᠪᠠᠶᠢᠴᠠᠭᠠᠬᠤ ᠶᠢ ᠨᠡᠩᠳᠡ ᠴᠢᠬᠤᠯᠠᠴᠢᠯᠠᠬᠤ ᠬᠡᠷᠡᠭᠳᠡᠢ᠃ ᠰᠠᠭᠤᠷᠢ ᠰᠤᠳᠤᠯᠤᠯ ᠤᠨ ᠵᠢᠮ᠎ᠡ ᠬᠠᠤᠯᠢ ᠳᠤ ᠨᠡᠶᠢᠴᠡᠭᠰᠡᠨ ᠵᠠᠷᠤᠳᠠᠯ ᠤᠨ ᠬᠠᠮᠢᠶᠠᠷᠤᠯᠲᠠ ᠶᠢᠨ ᠲᠥᠷᠢᠮ ᠢ ᠪᠠᠶᠢᠭᠤᠯᠵᠤ᠂ ᠰᠠᠭᠤᠷᠢ ᠰᠤᠳᠤᠯᠤᠯ ᠤᠨ ᠲᠥᠷᠥᠯ ᠵᠦᠢᠯ ᠤᠨ ᠲᠦᠯᠦᠪᠯᠡᠭᠡᠳᠦ ᠡᠭᠦᠷᠭᠡ ᠶᠢᠨ ᠪᠢᠴᠢᠭ ᠢ ᠳᠦᠭᠦᠮᠴᠢᠯᠡᠵᠦ᠂ ᠬᠠᠤᠯᠢ ᠶᠢᠨ ᠡᠷᠭᠡᠳᠡᠨ ᠲᠠᠢ ᠨᠢᠭᠡᠴᠢ ᠪᠠ ᠰᠢᠨᠵᠢᠯᠡᠬᠦ ᠤᠬᠠᠭᠠᠨ ᠤ ᠰᠤᠳᠤᠯᠭᠠᠳᠠᠳ ᠤᠨ ᠵᠠᠷᠤᠳᠠᠯ ᠬᠡᠷᠡᠭᠯᠡᠬᠦ ᠶᠢᠨ ᠡᠵᠨ ᠮᠡᠳᠡᠬᠦ ᠡᠷᠬᠡ ᠶᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠳᠠᠳ ᠢ ᠰᠡᠳᠭᠢᠯ ᠰᠢᠭᠤᠳᠴᠦ ᠰᠢᠨᠵᠢᠯᠡᠬᠦ ᠤᠬᠠᠭᠠᠨ ᠤ ᠰᠤᠳᠤᠯᠤᠯ ᠬᠢᠬᠦ ᠬᠠᠩᠭᠠᠮᠵᠢᠲᠠᠢ ᠴᠠᠭ ᠲᠠᠢ ᠪᠣᠯᠭᠠᠨ᠎ᠠ᠃ ︵ᠬᠠᠷᠢᠭᠤᠴᠠᠯᠭᠠᠳᠤ ᠨᠢᠭᠡᠴᠢ᠄ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠰᠤᠷᠭᠠᠨ ᠬᠦᠮᠦᠵᠢᠯ ᠤᠨ ᠲᠢᠩᠭᠢᠮ︶      ︵ᠠᠷᠪᠠᠨ ᠵᠢᠷᠭᠤᠭ᠎ᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠬᠢ ᠪᠠᠶᠠᠯᠢᠭ ᠢ ᠴᠢᠯᠦᠭᠡᠳᠡᠢ ᠨᠡᠭᠡᠭᠡᠵᠦ ᠬᠠᠮᠳᠤ ᠳᠤ ᠪᠠᠨ ᠬᠦᠷᠲᠡᠬᠦ ᠶᠢ ᠠᠬᠢᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠬᠢ ᠪᠠᠶᠠᠯᠢᠭ ᠢ ᠬᠠᠮᠳᠤ ᠳᠤ ᠪᠠᠨ ᠬᠦᠷᠲᠡᠵᠦ ᠦᠢᠯᠡᠴᠢᠯᠡᠬᠦ ᠲᠠᠪᠴᠠᠩ ᠢ ᠪᠦᠳᠦᠭᠡᠨ ᠪᠠᠶᠢᠭᠤᠯᠬᠤ ᠪᠠ ᠰᠢᠨᠵᠢᠯᠡᠬᠦ ᠤᠬᠠᠭᠠᠨ ᠤ ᠳ᠋ᠡᠶᠢᠲ᠋ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠰᠠᠭᠤᠷᠢᠴᠢ ᠴᠢᠨᠠᠷᠲᠠᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠶᠠᠨᠳᠠᠭᠠᠨ ᠪᠤᠢ ᠪᠤᠯᠤᠭᠰᠠᠨ ᠲᠤᠰ ᠡᠬᠡ ᠲᠤᠭ᠎ᠠ ᠪᠠᠷᠢᠮᠳᠠ᠂ ᠤᠳᠤᠮᠰᠢᠯ᠂ ᠬᠡᠪ ᠦᠯᠢᠭᠡᠷ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠨᠦᠬᠦᠴᠡᠯ ᠪᠣᠯᠬᠤ ᠡᠬᠢ ᠪᠠᠶᠠᠯᠢᠭ ᠴᠤᠭᠯᠠᠭᠤᠯᠬᠤ ᠶᠢ ᠡᠷᠴᠢᠮᠵᠢᠭᠦᠯᠦᠨ᠎ᠡ᠃ ᠦᠪᠡᠷᠳᠡᠭᠡᠨ ᠵᠠᠰᠠᠬᠤ ᠤᠷᠤᠨ ᠤ ᠨᠡᠩ ᠤᠯᠠᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠭᠤᠷᠢ ᠪᠡᠯᠡᠳᠭᠡᠮᠵᠢ᠂ ᠰᠢᠨᠵᠢᠯᠡᠬᠦ ᠤᠬᠠᠭᠠᠨ ᠤ ᠳ᠋ᠡᠶᠢᠲ᠋ᠠ ᠪᠠ ᠬᠡᠮᠵᠢᠭᠦᠷᠯᠢᠭ ᠲᠦᠬᠦᠭᠡᠷᠦᠮᠵᠢ ᠶᠢ ᠡᠯ᠎ᠡ ᠲᠥᠷᠥᠯ ᠤᠨ ᠰᠢᠨ᠎ᠡ ᠶᠢ ᠡᠭᠦᠳᠬᠦ ᠭᠤᠣᠯ ᠴᠤᠭᠴᠠ ᠳᠤ ᠴᠢᠭᠯᠡᠭᠦᠯᠦᠨ ᠴᠢᠯᠦᠭᠡᠳᠡᠢ ᠨᠡᠭᠡᠭᠡᠬᠦ ᠶᠢ ᠲᠦᠯᠬᠢᠨ ᠠᠬᠢᠭᠤᠯᠤᠨ᠎ᠠ᠃ ᠰᠢᠨ᠎ᠡ ᠬᠤᠳᠠᠯᠳᠤᠨ ᠠᠪᠤᠭᠰᠠᠨ ᠲᠤᠮᠤ ᠬᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠬᠡᠮᠵᠢᠭᠦᠷᠯᠢᠭ ᠢ ᠪᠠᠶᠢᠴᠠᠭᠠᠵᠤ ᠳᠠᠬᠢᠨ ᠵᠦᠪᠯᠡᠬᠦ ᠲᠤᠬᠳᠠᠴᠠ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠪᠡᠯᠡᠳᠭᠡᠮᠵᠢ ᠬᠢᠭᠡᠳ ᠬᠡᠮᠵᠢᠭᠦᠷᠯᠢᠭ ᠢ ᠴᠢᠯᠦᠭᠡᠳᠡᠢ ᠨᠡᠭᠡᠭᠡᠵᠦ ᠬᠠᠮᠳᠤ ᠳᠤ ᠪᠠᠨ ᠬᠦᠷᠲᠡᠵᠦ ᠬᠠᠮᠢᠶᠠᠷᠬᠤ ᠲᠤᠭᠳᠠᠴᠠ ᠵᠢᠴᠢ ᠳᠠᠷᠠᠭᠠᠴᠢ ᠨᠦᠬᠦᠪᠦᠷᠢ ᠶᠢᠨ ᠲᠤᠭᠳᠠᠴᠠ ᠶᠢ ᠪᠠᠶᠢᠭᠤᠯᠵᠤ ᠪᠦᠷᠢᠨᠰᠢᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠤᠯ ᠤᠨ ᠪᠡᠯᠡᠳᠭᠡᠮᠵᠢ ᠬᠢᠭᠡᠳ ᠬᠡᠮᠵᠢᠭᠦᠷᠯᠢᠭ ᠢ ᠴᠢᠯᠦᠭᠡᠳᠡᠢ ᠨᠡᠭᠡᠭᠡᠵᠦ ᠬᠠᠮᠳᠤ ᠳᠤ ᠪᠠᠨ ᠬᠦᠷᠲᠡᠬᠦ ᠶᠢ ᠠᠬᠢᠭᠤᠯᠬᠤ ᠲᠠᠯ᠎ᠠ ᠪᠠᠷ ᠬᠢ ᠬᠠᠤᠯᠢ ᠶᠢᠨ ᠡᠷᠬᠡᠳᠡᠨ ᠲᠠᠢ ᠨᠢᠭᠡᠴᠢ ᠶᠢᠨ ᠭᠤᠣᠯ ᠴᠤᠭᠴᠠ ᠶᠢᠨ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ︵ᠬᠠᠷᠢᠭᠤᠴᠠᠯᠭᠠᠳᠤ ᠨᠢᠭᠡᠴᠢ᠄ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠦᠭᠵᠢᠭᠦᠯᠦᠯᠲᠡ ᠪᠠ ᠦᠭᠡᠷᠡᠴᠢᠯᠡᠯᠳᠡ ᠶᠢᠨ ᠵᠦᠪᠯᠡᠯ᠂ ᠲᠣᠮᠤ ᠳ᠋ᠠᠶᠢᠲ᠋ᠠ ᠶᠢᠨ ᠬᠦᠭᠵᠢᠭᠦᠯᠦᠯᠳᠡ ᠬᠠᠮᠢᠶᠠᠷᠤᠯᠳᠠ ᠶᠢᠨ ᠲᠣᠪᠴᠢᠶ᠎ᠠ᠂ ᠰᠤᠷᠭᠠᠨ ᠬᠦᠮᠦᠵᠢᠯ ᠤᠨ ᠲᠢᠩᠭᠢᠮ᠂ ᠡᠳ᠋ ᠤᠨ ᠵᠠᠰᠠᠭ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ︶      ︵ᠠᠷᠪᠠᠨ ᠳᠤᠯᠤᠭ᠎ᠠ︶ ᠰᠠᠭᠤᠷᠢ ᠰᠤᠳᠤᠯᠤᠯ ᠤᠨ ᠤᠨᠴᠠᠯᠢᠭ ᠪᠠ ᠵᠢᠮ᠎ᠡ ᠶᠤᠰᠤᠨ ᠳᠤ ᠨᠡᠶᠢᠴᠡᠭᠰᠡᠨ ᠰᠢᠯᠭᠠᠨ ᠦᠨᠡᠯᠡᠬᠦ ᠲᠤᠭᠳᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠰᠠᠭᠤᠷᠢ ᠰᠤᠳᠤᠯᠤᠯ ᠤᠨ ᠵᠦᠷᠢᠶᠡᠵᠢᠭᠰᠡᠨ ᠰᠢᠯᠭᠠᠨ ᠦᠨᠡᠯᠡᠬᠦ ᠲᠤᠷᠰᠢᠯᠲᠠ ᠶᠢᠨ ᠴᠡᠭ ᠢ ᠦᠷᠨᠢᠭᠦᠯᠵᠦ᠂ ᠠᠳᠠᠯᠢ ᠪᠤᠰᠤ ᠰᠢᠨᠵᠢᠯᠡᠬᠦ ᠤᠬᠠᠭᠠᠨ ᠤ ᠰᠤᠳᠤᠯᠤᠯ ᠤᠨ ᠭᠤᠣᠯ ᠴᠤᠭᠴᠠ ᠳᠤ ᠴᠢᠭᠯᠡᠭᠦᠯᠦᠨ ᠲᠦᠷᠥᠯ ᠬᠤᠪᠢᠶᠠᠨ ᠰᠢᠯᠭᠠᠨ ᠦᠨᠡᠯᠡᠬᠦ ᠶᠢ ᠬᠡᠷᠡᠭᠵᠢᠭᠦᠯᠵᠦ᠂ ᠵᠤᠬᠢᠬᠤ ᠪᠠᠷᠢᠮᠵᠢᠶ᠎ᠠ ᠪᠠ ᠳᠡᠰ ᠳᠠᠷᠠᠭᠠᠯᠠᠯ ᠢ ᠳᠤᠭᠳᠠᠭᠠᠵᠤ᠂ ᠰᠢᠨ᠎ᠡ ᠡᠭᠦᠳᠦᠯᠲᠡ ᠶᠢᠨ ᠴᠢᠨᠠᠷ ᠴᠢᠨᠰᠠᠭ᠎ᠠ ᠪᠠ ᠡᠷᠳᠡᠮ ᠰᠢᠨᠵᠢᠯᠡᠭᠡᠨ ᠤ ᠬᠤᠪᠢ ᠨᠡᠮᠡᠷᠢ ᠪᠠᠷ ᠭᠤᠣᠯᠯᠠᠭᠰᠠᠨ ᠰᠢᠯᠭᠠᠨ ᠦᠨᠡᠯᠡᠬᠦ ᠳᠤᠭᠳᠠᠴᠠ ᠶᠢ ᠳᠡᠭᠦᠯᠳᠡᠷᠵᠢᠭᠦᠯᠦᠨ᠎ᠡ᠃ ᠰᠠᠭᠤᠷᠢ ᠰᠤᠳᠤᠯᠤᠯ ᠤᠨ ᠰᠢᠯᠢᠳᠡᠭ ᠦᠷ᠎ᠡ ᠪᠦᠳᠦᠭᠡᠯ ᠪᠠ ᠴᠢᠳᠠᠪᠤᠷᠢᠳᠠᠨ ᠢ ᠱᠠᠩᠨᠠᠨ ᠬᠦᠬᠢᠭᠦᠯᠬᠦ ᠡᠷᠴᠢᠮ ᠢ ᠴᠢᠩᠭᠠᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠳᠠᠳ ᠤᠨ ᠢᠷᠠᠭᠤ ᠠᠯᠳᠠᠷᠳᠦ ᠰᠡᠳᠬᠢᠯᠭᠡ ᠶᠢ ᠨᠡᠮᠡᠭᠳᠡᠭᠦᠯᠦᠨ᠎ᠡ᠃ ︵ᠬᠠᠷᠢᠭᠤᠴᠠᠯᠭᠠᠳᠤ ᠨᠢᠭᠡᠴᠢ᠄ ᠦᠪᠡᠷᠳᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠦᠮᠦᠵᠢᠯ ᠤᠨ ᠲᠢᠩᠭᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ︶      ︵ᠠᠷᠪᠠᠨ ᠨᠠᠢᠮᠠ︶ ᠰᠢᠨᠵᠢᠯᠡᠬᠦ ᠤᠬᠠᠭᠠᠨ ᠤ ᠰᠤᠳᠤᠯᠤᠯ ᠤᠨ ᠦᠨᠡᠨᠴᠢ ᠢᠳᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨᠴᠢ ᠪᠠᠷ ᠬᠢᠨᠠᠯᠲᠠ ᠳᠠᠯᠪᠢᠬᠤ ᠬᠢᠭᠡᠳ ᠦᠨᠡᠨᠴᠢ ᠢᠳᠡᠭᠡᠮᠵᠢᠳᠦ ᠬᠦᠮᠦᠵᠢᠯ ᠤᠨ ᠤᠶᠠᠯᠳᠤᠯ ᠢ ᠪᠠᠷᠢᠮᠳᠠᠯᠠᠵᠤ᠂ ᠰᠢᠨᠵᠢᠯᠡᠬᠦ ᠤᠬᠠᠭᠠᠨ ᠤ ᠰᠤᠳᠤᠯᠭᠠᠳᠠᠳ ᠢ ᠵᠢᠭᠠᠨ ᠬᠦᠮᠦᠵᠢᠭᠦᠯᠵᠤ ᠬᠦᠳᠦᠯᠦᠨ ᠵᠢᠯᠤᠭᠤᠳᠴᠦ ᠪᠠᠶᠢᠭᠠᠳ ᠡᠷᠳᠡᠮ ᠰᠢᠨᠵᠢᠯᠡᠭᠡᠨ ᠤ ᠦᠨᠡᠨᠴᠢ ᠢᠳᠡᠭᠡᠮᠵᠢ ᠲᠠᠢ ᠪᠠᠶᠢᠬᠤ ᠶᠢ ᠪᠠᠷᠢᠮᠳᠠᠯᠠᠵᠤ᠂ ᠡᠷᠳᠡᠮ ᠰᠢᠨᠵᠢᠯᠡᠭᠡᠨ ᠤ ᠶᠣᠰᠣ ᠰᠤᠷᠳᠠᠬᠤᠨ ᠢ ᠬᠢᠴᠢᠶᠡᠩᠭᠦ᠋ᠢᠯᠡᠨ ᠰᠠᠬᠢᠵᠤ᠂ ᠡᠷᠳᠡᠮ ᠰᠢᠨᠵᠢᠯᠡᠭᠡᠨ ᠤ ᠬᠦᠮᠦᠨᠴᠢ ᠴᠢᠨᠠᠷ ᠢ ᠳᠡᠭᠦᠯᠳᠡᠷᠵᠢᠭᠦᠯᠵᠤ᠂ ᠡᠷᠳᠡᠮ ᠰᠢᠨᠵᠢᠯᠡᠭᠡᠨ ᠤ ᠨᠡᠷ᠎ᠡ ᠲᠥᠷᠥ ᠶᠢ ᠬᠠᠮᠠᠭᠠᠯᠠᠨ᠎ᠠ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠵᠡᠷᠭᠡ ᠶᠢ ᠵᠢᠯᠤᠭᠤᠳᠴᠦ ᠪᠠᠶᠢᠭᠠᠳ ᠡᠷᠳᠡᠮ ᠰᠢᠨᠵᠢᠯᠡᠭᠡᠨ ᠤ ᠬᠠᠮᠢᠶᠠᠷᠤᠯᠲᠠ ᠶᠢᠨ ᠲᠥᠷᠢᠮ ᠢ ᠪᠠᠶᠢᠭᠤᠯᠣᠨ ᠳᠡᠭᠦᠯᠳᠡᠷᠵᠢᠭᠦᠯᠵᠤ᠂ ᠰᠢᠨᠵᠢᠯᠡᠬᠦ ᠤᠬᠠᠭᠠᠨ ᠤ ᠰᠤᠳᠤᠯᠭᠠᠳᠠᠳ ᠤᠨ ᠡᠷᠳᠡᠮ ᠰᠢᠨᠵᠢᠯᠡᠭᠡᠨ ᠤ ᠲᠠᠯ᠎ᠠ ᠪᠠᠷ ᠦᠰᠦᠨ ᠲᠠᠪᠰᠢᠬᠤ ᠵᠠᠮ ᠮᠦᠷ ᠪᠠ ᠡᠷᠳᠡᠮ ᠰᠢᠨᠵᠢᠯᠡᠭᠡᠨ ᠤ ᠬᠢᠷᠢ ᠲᠦᠪᠰᠢᠨ ᠳᠤ ᠨᠢ ᠮᠦᠷᠳᠡᠵᠦ ᠪᠠᠶᠢᠭᠠᠳ ᠦᠨᠡᠯᠡᠯᠳᠡ ᠬᠢᠵᠦ᠂ ᠡᠷᠳᠡᠮ ᠰᠢᠨᠵᠢᠯᠡᠭᠡᠨ ᠤ ᠴᠢᠬᠤᠯᠠ ᠦᠷ᠎ᠡ ᠪᠦᠳᠦᠭᠡᠯ ᠨᠡᠶᠢᠲᠡᠯᠡᠬᠦ ᠳᠤ ᠬᠢᠨᠠᠨ ᠬᠠᠷᠭᠤᠭᠤᠯᠬᠤ ᠶᠢ ᠡᠷᠴᠢᠮᠵᠢᠭᠦᠯᠬᠦ ᠪᠠ ᠡᠷᠳᠡᠮ ᠰᠢᠨᠵᠢᠯᠡᠭᠡᠨ ᠤ ᠳᠠᠯ᠎ᠠ ᠪᠠᠷ ᠴᠢᠩᠭ᠎ᠠ ᠠᠳᠬᠤᠨ᠎ᠠ᠃ ᠰᠢᠨᠵᠢᠯᠡᠬᠦ ᠤᠬᠠᠭᠠᠨ ᠤ ᠰᠤᠳᠤᠯᠤᠯ ᠳᠠᠬᠢ ᠲᠥᠪ ᠪᠤᠰᠤ ᠦᠢᠯᠡ ᠠᠵᠢᠯᠯᠠᠭ᠎ᠠ ᠶᠢ ︽ᠣᠭᠲᠣ ᠠᠭᠤᠴᠢᠯᠠᠬᠤ ᠦᠭᠡᠢ︾ ᠪᠠᠶᠢᠵᠤ᠂ ᠰᠢᠨᠵᠢᠯᠡᠬᠦ ᠤᠬᠠᠭᠠᠨ ᠤ ᠰᠤᠳᠤᠯᠤᠯ ᠢ ᠵᠦᠪ ᠰᠢᠯᠭᠠᠨ ᠦᠨᠡᠯᠡᠬᠦ ᠪᠠᠷ ᠤᠳᠤᠷᠢᠳᠤᠮᠵᠢ ᠪᠣᠯᠭᠠᠭᠰᠠᠨ ᠲᠥᠷᠥ ᠶᠢᠨ ᠪᠤᠳᠤᠯᠭ᠎ᠠ ᠶᠢ ᠪᠣᠢ ᠪᠣᠯᠭᠠᠨ᠂ ᠰᠢᠨᠵᠢᠯᠡᠬᠦ ᠤᠬᠠᠭᠠᠨ ᠤ ᠰᠤᠳᠤᠯᠤᠯ ᠳᠠᠬᠢ ᠬᠠᠭᠤᠷᠮᠠᠭᠯᠠᠨ ᠵᠤᠬᠢᠶᠠᠬᠤ ᠦᠢᠯᠡ ᠠᠵᠢᠯᠯᠠᠭ᠎ᠠ ᠶᠢ ᠵᠠᠯᠬᠠᠭᠠᠵᠤ ᠲᠤᠷᠠᠭᠠᠬᠤ ᠡᠷᠴᠢᠮ ᠢ ᠴᠢᠩᠭᠠᠷᠠᠭᠤᠯᠵᠤ᠂ ᠴᠡᠪᠡᠷ ᠠᠷᠢᠭᠤᠨ ᠪᠦᠭᠡᠳ ᠲᠥᠪ ᠴᠢᠭᠡᠴᠢ ᠪᠠᠷ ᠰᠢᠨ᠎ᠡ ᠶᠢ ᠡᠭᠦᠳᠬᠦ ᠤᠷᠴᠢᠨ ᠨᠦᠬᠦᠴᠡᠯ ᠲᠠᠢ ᠪᠣᠯᠭᠠᠨ᠎ᠠ᠃ ︵ᠬᠠᠷᠢᠭᠤᠴᠠᠯᠭᠠᠳᠤ ᠨᠢᠭᠡᠴᠢ᠄ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠭᠢᠮ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ︶      ︵ᠠᠷᠪᠠ ᠶᠢᠰᠦ︶ ᠰᠢᠨᠵᠢᠯᠡᠬᠦ ᠤᠬᠠᠭᠠᠨ ᠤ ᠵᠤᠷᠢᠭ ᠰᠠᠨᠠᠭ᠎ᠠ ᠪᠠ ᠰᠢᠨ᠎ᠡ ᠶᠢ ᠡᠬᠦᠳᠬᠦ ᠰᠤᠶᠤᠯ ᠢ ᠪᠠᠳᠠᠷᠠᠭᠤᠯᠦᠨ᠎ᠡ᠃ ᠰᠢᠨᠵᠢᠯᠡᠬᠦ ᠤᠬᠠᠭᠠᠨ ᠤ ᠦᠵᠡᠯ ᠰᠠᠨᠠᠭ᠎ᠠ ᠶᠢ ᠳᠡᠯᠭᠡᠷᠡᠭᠦᠯᠬᠦ᠂ ᠰᠢᠨᠵᠢᠯᠡᠬᠦ ᠤᠬᠠᠭᠠᠨ ᠤ ᠵᠤᠷᠢᠭ ᠰᠠᠨᠠᠭ᠎ᠠ ᠪᠠ ᠰᠢᠨ᠎ᠡ ᠶᠢ ᠡᠭᠦᠳᠬᠦ ᠰᠤᠶᠤᠯ ᠢ ᠪᠠᠳᠠᠷᠠᠭᠤᠯᠬᠤ ᠲᠠᠯ᠎ᠠ ᠳᠠᠬᠢ ᠰᠠᠭᠤᠷᠢ ᠰᠤᠳᠤᠯᠤᠯ ᠤᠨ ᠴᠢᠬᠤᠯᠠ ᠦᠢᠯᠡᠳᠦᠯ ᠢ ᠬᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨᠳᠠᠳ ᠢ ᠵᠤᠷᠢᠬᠵᠢᠭᠤᠯᠵᠤ ᠪᠠᠶᠢᠭᠠᠳ ᠨᠡᠶᠢᠭᠡᠮ ᠨᠡᠶᠢᠲᠡ ᠳᠤ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠦᠨ᠎ᠡ᠃ ᠤᠯᠤᠰ ᠤᠨ ᠪᠠ ᠦᠪᠡᠷᠳᠡᠭᠡᠨ ᠵᠠᠰᠠᠬᠤ ᠤᠷᠤᠨ ᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠵᠡᠷᠭᠡ ᠰᠢᠨ᠎ᠡ ᠶᠢ ᠡᠭᠦᠳᠬᠦ ᠰᠠᠭᠤᠷᠢᠨ ᠭᠠᠵᠠᠷ ᠨᠢ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠶᠢ ᠤᠯᠠᠨ ᠬᠡᠯᠪᠡᠷᠢ ᠪᠠᠷ ᠨᠡᠶᠢᠭᠡᠮ ᠳᠤ ᠬᠠᠨᠳᠤᠭᠤᠯᠤᠨ ᠦᠷᠨᠢᠭᠦᠯᠬᠦ ᠶᠢ ᠲᠦᠯᠬᠢᠨ ᠠᠬᠢᠭᠤᠯᠤᠨ᠎ᠠ᠃ ᠰᠢᠨ᠎ᠡ ᠡᠭᠦᠳᠦᠯᠲᠡ ᠶᠢ ᠵᠤᠷᠢᠬᠵᠢᠭᠤᠯᠬᠤ᠂ ᠢᠯᠠᠭᠳᠠᠯ ᠢ ᠪᠠᠭᠲᠠᠭᠠᠵᠤ ᠠᠯᠳᠠᠰᠢ ᠶᠢ ᠨᠢ ᠠᠭᠤᠴᠢᠯᠠᠵᠣ ᠵᠠᠯᠠᠷᠠᠭᠤᠯᠬᠤ ᠳᠤᠭᠳᠠᠴᠠ ᠶᠢ ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠳᠠᠳ ᠢ ᠵᠤᠷᠢᠬᠵᠢᠭᠤᠯᠵᠤ ᠪᠠᠶᠢᠭᠠᠳ ᠵᠤᠷᠢᠭᠳᠠᠢ ᠪᠠᠷ ᠰᠦᠪᠡᠭᠴᠢᠯᠡᠵᠤ᠂ ᠦᠯᠦ ᠮᠡᠳᠡᠬᠦ ᠵᠦᠢᠯ ᠢ ᠵᠤᠷᠢᠭᠲᠠᠢ ᠪᠠᠷ ᠤᠷᠤᠯᠳᠤᠵᠤ᠂ ᠨᠡᠶᠢᠭᠡᠮ ᠳᠠᠶᠠᠭᠠᠷ ᠲᠤ ᠵᠤᠷᠢᠭᠳᠠᠢ ᠪᠠᠷ ᠰᠢᠨ᠎ᠡ ᠶᠢ ᠡᠭᠦᠳᠬᠦ᠂ ᠡᠷᠡᠯᠬᠡᠭ ᠢᠶᠠᠷ ᠰᠢᠨ᠎ᠡ ᠶᠢ ᠡᠭᠦᠳᠬᠦ ᠪᠠᠭᠲᠠᠭᠠᠮᠵᠢ ᠲᠠᠢ ᠪᠠᠷ ᠰᠢᠨ᠎ᠡ ᠶᠢ ᠡᠭᠦᠳᠬᠦ ᠶᠢ ᠵᠣᠷᠢᠬᠵᠢᠭᠤᠯᠬᠤ ᠰᠠᠶᠢᠨ ᠰᠠᠶᠢᠬᠠᠨ ᠤᠷᠴᠢᠨ ᠨᠦᠬᠦᠴᠡᠯ ᠢ ᠢᠳᠡᠪᠬᠢᠳᠡᠢ ᠪᠣᠢ ᠪᠣᠯᠭᠠᠨ᠎ᠠ᠃ ︵ᠬᠠᠷᠢᠭᠤᠴᠠᠯᠭᠠᠳᠤ ᠨᠢᠭᠡᠴᠢ᠄ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠰᠤᠷᠭᠠᠨ ᠬᠦᠮᠦᠵᠢᠯ ᠤᠨ ᠲᠢᠩᠭᠢᠮ︶                                  ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ