| | ᠣᠶᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠤᠯᠠᠭᠠᠨᠰᠤᠬᠠᠢ ᠨᠠᠭᠤᠷ ᠤᠨ ᠪᠤᠵᠢᠷᠳᠤᠯ ᠤᠨ ᠣᠷᠣᠨ ᠤ | ᠪᠣᠬᠢᠷ ᠤᠰᠤ ᠶᠢ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠪᠣᠬᠢᠷ ᠤᠰᠤ | ᠭᠠᠳᠠᠭᠰᠢᠯᠠᠭᠤᠯᠬᠤ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ᠂ ᠳᠠᠬᠢᠯᠲᠠ ᠤᠰᠤᠨ ᠤ ᠬᠤᠭᠤᠯᠠᠶ ᠶᠢᠨ | ᠲᠣᠤᠷ ᠤᠨ ᠪᠦᠲᠦᠭᠡᠨ ᠪᠠᠢᠭᠤᠯᠤᠯᠲᠠ ᠵᠡᠷᠭᠡ ᠠᠯᠢ ᠣᠯᠠᠨ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ | ᠢᠳᠡᠪᠬᠢᠲᠡᠶ ᠠᠬᠢᠴᠠ ᠲᠠᠢ ᠪᠣᠯᠵᠤ᠂ ᠡᠨᠡ ᠵᠢᠯ ᠤᠨ ᠡᠴᠦᠰ ᠲᠤ ᠪᠤᠵᠢᠷᠳᠤᠯ ᠤᠨ ᠣᠷᠣᠨ ᠤ ᠪᠣᠬᠢᠷ ᠤᠰᠤ ᠶᠢ | ᠤᠯᠠᠭᠠᠨᠰᠤᠬᠠᠢ ᠨᠠᠭᠤᠷ ᠲᠤ ᠣᠷᠣᠭᠤᠯᠬᠤ ᠥᠬᠡᠶ ᠪᠠᠶᠢᠬᠤ ᠬᠠᠷᠠᠯᠲᠠ ᠶᠢ ᠪᠡᠶᠡᠯᠡᠭᠦᠯᠦᠨ᠎ᠡ᠃ | ᠰᠤᠷᠪᠤᠯᠵᠢᠯᠠᠭᠴᠢ ᠥᠭᠡᠷᠡᠴᠢᠯᠡᠭᠰᠡᠨ ᠤ ᠳᠠᠷᠠᠭᠠᠬᠢ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠤᠨ | ᠳ᠋ᠦᠩ ᠴᠧᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠠᠴᠠ ᠣᠯᠵᠤ ᠬᠠᠷᠠᠭᠰᠠᠨ ᠨᠢ᠂ ᠣᠰᠣᠨ | ᠠᠮᠠᠰᠠᠷ ᠢᠶᠠᠷ ᠣᠷᠣᠭᠰᠠᠨ ᠪᠤᠯᠠᠩᠭᠢᠷ ᠪᠣᠬᠢᠷ ᠤᠰᠤ ᠶᠢ ᠨᠢᠭᠡ ᠨᠢᠭᠡ ᠳᠠᠷᠠᠭᠠᠯᠠᠯ ᠢᠶᠠᠷ ᠰᠢᠢᠳᠪᠦᠷᠢᠯᠡᠭᠰᠡᠨ ᠤ ᠰᠡᠭᠦᠯᠡᠷ᠂ | ᠤᠰᠤ ᠭᠠᠷᠭᠠᠬᠤ ᠳᠠᠰᠤᠭ ᠲᠤ ᠲᠤᠩᠭᠠᠯᠠᠭ ᠰᠠᠶᠢᠬᠠᠨ ᠪᠣᠯᠤᠭᠰᠠᠨ ᠪᠠᠶᠢᠨ᠎ᠠ᠃ ᠰᠢᠯᠭᠠᠨ ᠪᠠᠶᠢᠴᠠᠭᠠᠭᠰᠠᠨ ᠢᠶᠠᠷ᠂ | ᠤᠰᠤ ᠭᠠᠷᠭᠠᠬᠤ ᠬᠡᠮᠵᠢᠶ᠎ᠡ ᠨᠢ ᠤᠯᠤᠰ ᠤᠨ ᠨᠢᠭᠡᠳᠦᠭᠡᠷ ᠲᠡᠰ ᠤᠨ A ᠪᠠᠷᠢᠮᠵᠢᠶ᠎ᠠ ᠳᠤ ᠬᠦᠷᠦᠭᠰᠡᠨ ᠪᠠᠶᠢᠨ᠎ᠠ᠃ | ︽ᠪᠤᠴᠠᠭᠠᠨ ᠬᠡᠷᠡᠭᠯᠡᠬᠦ ᠶᠠᠪᠤᠴᠠ ᠳᠤ᠂ ᠡᠳᠡᠭᠡᠷ ᠳᠠᠬᠢᠯᠲᠠ ᠤᠰᠤᠨ ᠤ ᠨᠢᠭᠡ ᠬᠡᠰᠡᠭ ᠢ ᠨᠢ ᠬᠤᠭᠤᠯᠠᠶ ᠪᠠᠷ | ᠳᠠᠮᠵᠢᠭᠤᠯᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠬᠠᠩᠭᠠᠵᠤ᠂ ᠨᠥᠬᠦᠭᠡ ᠬᠡᠰᠡᠭ ᠢ ᠨᠢ | ᠨᠣᠭᠤᠭᠠᠷᠠᠭᠤᠯᠬᠤ ᠳᠤ ᠬᠡᠷᠡᠭᠯᠡᠬᠦ ᠤᠰᠤ ᠪᠣᠯᠭᠠᠬᠤ ᠪᠤᠶᠤ ᠦᠵᠡᠮᠵᠢ ᠶᠢᠨ ᠭᠤᠤᠯ᠂ ᠨᠠᠭᠤᠷ ᠴᠥᠭᠦᠷᠥᠮ ᠳᠤ | ᠣᠷᠣᠭᠤᠯᠵᠤ ᠠᠮᠢ ᠠᠬᠤᠢ ᠶᠢᠨ ᠨᠥᠬᠦᠪᠥᠷᠢ ᠤᠰᠤ ᠪᠣᠯᠭᠠᠨ᠎ᠠ᠃︾ ᠪᠠᠶᠠᠨᠨᠠᠭᠤᠷ ᠬᠤᠳᠠ ᠶᠢᠨ ᠠᠮᠢ ᠠᠬᠤᠢ ᠣᠷᠴᠢᠨ | ᠲᠣᠭᠤᠷᠢᠨ ᠤ ᠲᠣᠪᠴᠢᠶᠠᠨ ᠤ ᠳᠡᠳ᠋ ᠳᠠᠷᠤᠭ᠎ᠠ ᠭᠦᠸᠧ ᠢᠦᠢ ᠬᠤᠸᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠦᠷᠭᠦᠯᠵᠢᠯᠡᠭᠰᠡᠨ ᠪᠡᠯᠡ ᠣᠷᠣᠭᠤᠯᠤᠯᠲᠠ ᠨᠢ ᠪᠤᠵᠢᠷᠳᠤᠯ ᠤᠨ ᠣᠷᠣᠨ ᠤ ᠪᠣᠬᠢᠷ ᠤᠰᠤ ᠶᠢ ᠡᠷᠳᠡᠨᠢ ᠪᠣᠯᠭᠠᠨ | ᠬᠤᠪᠢᠷᠠᠭᠤᠯᠤᠨ᠂ ᠪᠣᠳᠠᠰ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠶᠢᠨ ᠰᠠᠶᠢᠬᠠᠨ ᠣᠷᠴᠢᠯ ᠢ ᠪᠡᠶᠡᠯᠡᠭᠦᠯᠵᠡᠢ | ᠭᠡᠵᠦ ᠬᠡᠯᠡᠪᠡ᠃ | ᠪᠠᠶᠠᠨᠨᠠᠭᠤᠷ ᠬᠤᠲᠠ ᠶᠢᠨ ᠣᠷᠴᠢᠨ ᠲᠣᠭᠤᠷᠢᠨ ᠢ ᠬᠢᠨᠠᠨ ᠬᠡᠮᠵᠢᠬᠦ ᠥᠷᠲᠡᠭᠡ ᠶᠢᠨ ᠳᠠᠷᠤᠭ᠎ᠠ ᠵᠢᠩ ᠵᠢᠶᠠᠨ ᠤ | ᠲᠠᠨᠢᠯᠴᠠᠭᠤᠯᠤᠭᠰᠠᠨ ᠢᠶᠠᠷ᠂ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠭᠰᠡᠨ ᠢᠶᠠᠷ᠂ ᠣᠳᠣᠬᠠᠨ ᠳᠤ ᠰᠠᠪᠠ | ᠭᠠᠵᠠᠷ ᠤᠨ ᠳᠣᠲᠣᠷᠠᠬᠢ 7 ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ 4 ᠬᠦᠷᠢᠶᠡᠯᠡᠩ | ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠨᠢ ᠴᠥᠮ ᠤᠯᠤᠰ ᠤᠨ ᠨᠢᠭᠡᠳᠦᠭᠡᠷ ᠲᠡᠰ ᠤᠨ | A ᠭᠠᠳᠠᠭᠰᠢᠯᠠᠭᠤᠯᠬᠤ ᠪᠠᠷᠢᠮᠵᠢᠶ᠎ᠠ ᠳᠤ ᠬᠦᠷᠴᠦ᠂ ᠤᠰᠤ ᠭᠠᠳᠠᠭᠰᠢᠯᠠᠭᠤᠯᠬᠤ 55 ᠠᠵᠤ ᠠᠬᠤᠢᠯᠠᠯ ᠤᠨ ᠪᠣᠬᠢᠷ | ᠤᠰᠤ ᠨᠢ ᠡᠳᠡᠭᠡᠷ ᠰᠢᠢᠳᠪᠦᠷᠢᠯᠡᠬᠦ ᠦᠢᠯᠡᠳᠪᠦᠷᠢ ᠳᠤ ᠣᠷᠣᠵᠤ᠂ ᠲᠥᠪᠯᠡᠷᠡᠭᠦᠯᠦᠨ ᠰᠢᠢᠳᠪᠦᠷᠢᠯᠡᠬᠦ ᠪᠠᠷ ᠳᠠᠮᠵᠢᠨ | ᠳᠠᠬᠢᠯᠲᠠ ᠤᠰᠤ ᠪᠣᠯᠤᠭᠰᠠᠨ ᠪᠠᠶᠢᠨ᠎ᠠ᠃ | ᠡᠭᠦᠨ ᠠᠴᠠ ᠭᠠᠳᠠᠨ᠎ᠠ᠂ ᠤᠯᠠᠭᠠᠨᠰᠤᠬᠠᠢ ᠨᠠᠭᠤᠷ ᠤᠨ ᠰᠠᠪᠠ ᠭᠠᠵᠠᠷ ᠲᠤ ᠪᠠᠰᠠ ᠤᠰᠤ ᠲᠠᠷᠠᠬᠠᠶ | ᠭᠠᠳᠠᠭᠰᠢᠯᠠᠭᠤᠯᠬᠤ ᠨᠢᠭᠡ ᠪᠦᠯᠦᠭ ᠠᠵᠤ ᠠᠬᠤᠶᠢᠯᠠᠯ ᠪᠠᠶᠢᠳᠠᠭ᠂ ᠲᠡᠳᠡᠨ ᠤ ᠭᠠᠳᠠᠭᠰᠢᠯᠠᠭᠤᠯᠤᠭᠰᠠᠨ ᠪᠣᠬᠢᠷ | ᠤᠰᠤ ᠨᠢ ᠭᠤᠤ ᠰᠤᠪᠠᠭ ᠢᠶᠠᠷ ᠳᠠᠮᠵᠢᠨ ᠨᠠᠭᠤᠷ ᠲᠤ ᠴᠢᠳᠬᠤᠳᠠᠭ᠃ ᠤᠯᠠᠭᠠᠨᠰᠤᠬᠠᠢ ᠨᠠᠭᠤᠷ ᠤᠨ ᠡᠬᠢ ᠡᠭᠦᠰᠦᠯ ᠢ | ᠵᠠᠰᠠᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠤᠯᠪᠣᠭᠳᠠᠯ ᠪᠦᠬᠦᠢ ᠨᠥᠬᠦᠳ ᠤᠨ | ᠲᠠᠨᠢᠯᠴᠠᠭᠤᠯᠤᠭᠰᠠᠨ ᠢᠶᠠᠷ᠂ ᠨᠢᠳᠤᠨᠤᠨ ᠠᠴᠠ ᠨᠠᠭᠠᠰᠢ᠂ ᠲᠥᠪᠡᠳ ᠬᠠᠰᠢ ᠪᠣᠯᠪᠠᠰᠤᠷᠠᠭᠤᠯᠬᠤ᠂ ᠤᠰᠤ | ᠦᠭᠡᠶᠢᠳᠡᠭᠦᠯᠦᠭᠰᠡᠨ ᠨᠣᠭᠤᠭ᠎ᠠ ᠪᠣᠯᠪᠠᠰᠤᠷᠠᠭᠤᠯᠬᠤ ᠵᠡᠷᠭᠡ ᠤᠰᠤ ᠲᠠᠷᠠᠬᠠᠶ ᠭᠠᠳᠠᠭᠰᠢᠯᠠᠭᠤᠯᠬᠤ 149 ᠠᠵᠤ | ᠠᠬᠤᠶᠢᠯᠠᠯ ᠢ ᠰᠢᠮᠳᠠᠭᠤᠯᠵᠤ ᠪᠠᠶᠢᠭᠠᠳ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢ ᠨᠢ ᠥᠭᠡᠷᠡᠴᠢᠯᠡᠨ | ᠰᠠᠶᠢᠵᠢᠷᠠᠭᠤᠯᠵᠤ᠂ ᠤᠰᠤᠨ ᠤ ᠡᠷᠭᠢᠯᠲᠡ ᠶᠢᠨ ᠲᠥᠬᠦᠭᠡᠷᠦᠮᠵᠢ ᠶᠢ ᠢᠵᠢ ᠪᠦᠷᠢᠳᠦᠭᠦᠯᠦᠭᠰᠡᠨ ᠤ ᠬᠠᠮᠲᠤ | ᠰᠢᠢᠳᠪᠦᠷᠢᠯᠡᠵᠦ ᠪᠠᠷᠢᠮᠵᠢᠶ᠎ᠠ ᠳᠤ ᠬᠦᠷᠦᠭᠰᠡᠨ ᠤ ᠳᠠᠷᠠᠭᠠᠬᠢ ᠳᠠᠬᠢᠯᠲᠠ ᠤᠰᠤ ᠶᠢ ᠤᠶᠢᠵᠢᠭᠤᠯᠲᠠ ᠪᠤᠶᠤ ᠲᠠᠷᠢᠶ᠎ᠠ | ᠤᠰᠤᠯᠤᠯᠲᠠ ᠳᠤ ᠬᠡᠷᠡᠭᠵᠢᠭᠦᠯᠵᠡᠢ᠃ | ᠪᠦᠷᠢᠳᠬᠡᠯ ᠢ ᠦᠨᠳᠦᠰᠦᠯᠡᠪᠡᠯ᠂ 2018 ᠣᠨ ᠳᠤ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠡᠯ᠎ᠡ | ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠳᠠᠬᠢᠯᠲᠠ ᠤᠰᠤ ᠶᠢ ᠪᠤᠴᠠᠭᠠᠨ ᠬᠡᠷᠡᠭᠯᠡᠭᠰᠡᠨ ᠶᠡᠷᠦᠩᠬᠡᠶ ᠬᠡᠮᠵᠢᠶ᠎ᠡ | ᠨᠢ 2700 ᠲᠦᠮᠡᠨ ᠲᠣᠨ ᠢ ᠳᠠᠪᠠᠵᠤ᠂ ᠪᠤᠴᠠᠭᠠᠨ ᠬᠡᠷᠡᠭᠯᠡᠭᠰᠡᠨ ᠨᠣᠷᠮ᠎ᠠ ᠨᠢ 60 % ᠳᠤ ᠬᠦᠷᠴᠡᠶ᠂ ᠡᠭᠦᠨ ᠳᠤ | 4 ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠨᠢᠭᠡᠨᠲᠡ ᠳᠠᠬᠢᠯᠲᠠ ᠤᠰᠤ ᠶᠢ ᠪᠦᠬᠦᠨ ᠢ ᠪᠤᠴᠠᠭᠠᠨ ᠬᠡᠷᠡᠭᠯᠡᠵᠦ᠂ | ᠭᠠᠳᠠᠭᠰᠢᠯᠠᠭᠤᠯᠬᠤ ᠥᠬᠡᠶ ᠪᠠᠶᠢᠬᠤ ᠶᠢ ᠪᠡᠶᠡᠯᠡᠭᠦᠯᠪᠡ︔ ᠤᠰᠤ ᠲᠠᠷᠠᠬᠠᠶ ᠭᠠᠳᠠᠭᠰᠢᠯᠠᠭᠤᠯᠬᠤ ᠠᠵᠤ ᠠᠬᠤᠶᠢᠯᠠᠯ ᠤᠨ | ᠳᠠᠬᠢᠯᠲᠠ ᠤᠰᠤ ᠪᠤᠴᠠᠭᠠᠨ ᠬᠡᠷᠡᠭᠯᠡᠬᠦ ᠨᠣᠷᠮ᠎ᠠ ᠨᠢ ᠴᠦ ᠦᠨᠳᠦᠰᠦᠨ ᠳᠡᠭᠡᠨ 60 % ᠶᠢᠨ ᠲᠦᠪᠰᠢᠨ ᠳᠤ | ᠬᠦᠷᠴᠡᠶ᠃ | ᠪᠠᠶᠠᠨᠨᠠᠭᠤᠷ ᠬᠤᠳᠠ ᠶᠢᠨ ᠣᠰᠣᠨ ᠠᠰᠢᠭᠯᠠᠯᠲᠠ ᠶᠢᠨ ᠲᠣᠪᠴᠢᠶ᠎ᠠ ᠶᠢᠨ ᠳᠠᠷᠤᠭ᠎ᠠ᠂ ᠤᠯᠠᠭᠠᠨᠰᠤᠬᠠᠢ | ᠨᠠᠭᠤᠷ ᠤᠨ ᠡᠬᠢ ᠡᠭᠦᠰᠦᠯ ᠢ ᠵᠠᠰᠠᠬᠤ ᠤᠳᠤᠷᠢᠳᠬᠤ ᠳᠤᠭᠤᠢᠯᠠᠩ ᠤᠨ ᠠᠯᠪᠠᠨ ᠭᠡᠷ ᠤᠨ ᠡᠷᠬᠢᠯᠡᠭᠴᠢ ᠵᠠᠩ ᠭᠦᠸᠧ | ᠴᠢᠩ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠳᠠᠬᠢᠯᠲᠠ ᠤᠰᠤᠨ ᠤ ᠡᠬᠢ ᠪᠠᠶᠠᠯᠢᠭ ᠢ ᠲᠤᠬᠢᠷᠠᠭᠤᠯᠤᠨ | ᠠᠰᠢᠭᠯᠠᠬᠤ ᠶᠢ ᠴᠢᠩᠭᠠᠳᠬᠠᠨ᠂ ᠤᠯᠠᠨ ᠠᠷᠭ᠎ᠠ ᠬᠡᠮᠵᠢᠶ᠎ᠡ ᠠᠪᠴᠤ ᠳᠠᠬᠢᠯᠲᠠ ᠤᠰᠤᠨ ᠤ ᠪᠤᠴᠠᠭᠠᠨ ᠬᠡᠷᠡᠭᠯᠡᠬᠦ | ᠨᠤᠷᠮ᠎ᠠ ᠶᠢ ᠳᠡᠭᠡᠭᠰᠢᠯᠡᠭᠦᠯᠵᠦ᠂ 2019 ᠣᠨ ᠡᠴᠦᠰ ᠲᠤ᠂ ᠡᠯ᠎ᠡ ᠲᠥᠷᠥᠯ ᠤᠨ ᠪᠣᠬᠢᠷ ᠤᠰᠤ ᠶᠢ ᠰᠢᠢᠳᠪᠦᠷᠢᠯᠡᠬᠦ | ᠦᠢᠯᠡᠳᠪᠦᠷᠢ᠂ ᠤᠰᠤ ᠲᠠᠷᠠᠬᠠᠶ ᠪᠤᠲᠠᠷᠬᠠᠶ ᠭᠠᠳᠠᠭᠰᠢᠯᠠᠭᠤᠯᠬᠤ ᠠᠵᠤ ᠠᠬᠤᠶᠢᠯᠠᠯ ᠤᠨ ᠳᠠᠬᠢᠯᠲᠠ ᠤᠰᠤ ᠶᠢ | ᠪᠤᠴᠠᠭᠠᠨ ᠬᠡᠷᠡᠭᠯᠡᠬᠦ ᠨᠤᠷᠮ᠎ᠠ ᠶᠢ 100 % ᠳᠤ ᠬᠦᠷᠦᠭᠦᠯᠵᠦ᠂ ᠪᠤᠵᠢᠷᠳᠤᠯ ᠤᠨ ᠣᠷᠣᠨ ᠤ ᠪᠣᠬᠢᠷ ᠤᠰᠤ ᠶᠢ | ᠤᠯᠠᠭᠠᠨᠰᠤᠬᠠᠢ ᠨᠠᠭᠤᠷ ᠲᠤ ᠣᠷᠣᠭᠤᠯᠬᠤ ᠦᠭᠡᠢ ᠪᠠᠶᠢᠬᠤ ᠬᠠᠷᠠᠯᠲᠠ ᠶᠢ ᠪᠡᠶᠡᠯᠡᠭᠦᠯᠦᠨ᠎ᠡ ᠭᠡᠵᠡᠢ᠃ |