ᠥᠪᠥᠷ ᠮᠣᠩᠭᠤᠯ ᠡᠨᠧᠷᠭᠢ ᠶᠢᠨ ᠬᠤᠷᠣᠭᠳᠠᠯ ᠶᠡᠬᠡᠲᠡᠶ ᠠᠵᠤ ᠦᠢᠯᠡᠰ ᠢ ᠰᠣᠬᠤᠷ ᠪᠠᠯᠠᠶ ᠪᠠᠷ ᠥᠷᠭᠡᠳᠬᠡᠬᠦ ᠶᠢ ᠴᠢᠩᠭ᠎ᠠ ᠬᠢᠵᠠᠭᠠᠷᠯᠠᠵᠤ ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠶᠡᠬᠡᠲᠡᠶ︾ ᠠᠵᠤ ᠠᠬᠤᠶᠢᠯᠠᠯ ᠢ ᠲᠥᠷᠥᠯ ᠬᠤᠪᠢᠶᠠᠨ ᠴᠡᠭᠴᠡᠯᠡᠨ ᠵᠠᠰᠠᠵᠤ ᠪᠤᠢ
ᠨᠡᠶᠢᠲᠡᠯᠡᠭᠰᠡᠨ ᠴᠠᠭ᠄
2019/3/26
     ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ︽ᠪᠥᠬᠦ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ 2019 ᠣᠨ ᠠᠵᠢᠯ ᠤᠨ ᠭᠤᠤᠯᠳᠠᠯᠭ᠎ᠠ︾᠎ ᠶᠢ ᠳᠠᠷᠤᠮᠠᠯᠯᠠᠨ ᠲᠠᠷᠬᠠᠭᠠᠪᠠ᠃ 2019 ᠣᠨ ᠳᠤ᠂ ᠪᠦᠬᠦ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠠᠵᠢᠯ ᠨᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠪᠠᠷᠢᠮᠲᠠᠯᠠᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠪᠣᠳᠠᠲᠤ ᠴᠣᠭᠴᠠ ᠶᠢᠨ ᠠᠵᠤ ᠠᠬᠤᠢ ᠶᠢ ᠶᠡᠬᠡᠪᠡᠷ ᠮᠠᠨᠳᠤᠭᠤᠯᠵᠤ᠂ ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠰᠢᠰᠲ᠋ᠧᠮᠵᠢ ᠶᠢ ᠴᠢᠷᠮᠠᠶᠢᠨ ᠪᠠᠶᠢᠭᠤᠯᠤᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 6% ᠣᠷᠴᠢᠮ ᠨᠡᠮᠡᠭᠳᠡᠭᠦᠯᠵᠦ᠂ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ᠂ ᠪᠣᠬᠢᠷᠲᠤᠯ ᠦᠭᠡᠢ ᠪᠠᠷ ᠬᠥᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠰᠢᠨ᠎ᠡ ᠠᠬᠢᠴᠠ ᠲᠠᠢ ᠪᠣᠯᠭᠠᠨ᠎ᠠ᠃      ᠠᠵᠢᠯ ᠤᠨ ᠭᠤᠣᠯᠳᠠᠯᠭ᠎ᠠ ᠳᠤ ᠦᠢᠯᠡᠳᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠨ ᠠᠬᠢᠭᠤᠯᠬᠤ᠂ ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠲᠣᠭᠲᠠᠯ ᠬᠦᠴᠦᠨ ᠢ ᠪᠠᠲᠤᠯᠠᠬᠤ ᠲᠤᠬᠠᠢ ᠲᠣᠳᠣᠷᠬᠠᠢ ᠲᠣᠭᠲᠠᠭᠠᠯ ᠭᠠᠷᠭᠠᠪᠠ᠃ ᠬᠤᠴᠣᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠶᠡᠬᠡᠪᠡᠷ ᠰᠢᠭᠰᠢᠭᠳᠡᠭᠦᠯᠵᠦ᠂  ᠡᠨᠧᠷᠭᠢ ᠶᠢᠨ ᠬᠤᠷᠣᠭᠳᠠᠭᠤᠯᠭ᠎ᠠ᠂ ᠣᠷᠴᠢᠨ ᠲᠣᠭᠤᠷᠢᠨ ᠤ ᠬᠠᠮᠠᠭᠠᠯᠠᠯᠲᠠ᠂ ᠶᠠᠰᠤ ᠴᠢᠨᠠᠷ᠂ ᠠᠮᠤᠷ ᠲᠦᠪᠰᠢᠨ᠂ ᠮᠡᠷᠭᠡᠵᠢᠯ ᠵᠡᠷᠭᠡ ᠶᠢᠨ ᠠᠯᠪᠠᠳᠠᠯᠭ᠎ᠠ ᠶᠢᠨ ᠴᠢᠨᠠᠷᠲᠠᠢ ᠭᠦᠢᠴᠡᠳᠬᠡᠬᠦ ᠲᠤᠭ᠎ᠠ ᠪᠣᠯᠣᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠬᠦᠷᠴᠦ ᠳᠡᠶᠢᠯᠬᠦ ᠶᠢ ᠨᠢ ᠬᠤᠭᠤᠴᠠᠭ᠎ᠠ ᠬᠢᠵᠠᠭᠠᠷᠯᠠᠨ ᠥᠭᠡᠷᠡᠴᠢᠯᠡᠨ ᠰᠠᠶᠢᠵᠢᠷᠠᠭᠤᠯᠵᠤ᠂ ᠥᠭᠡᠷᠡᠴᠢᠯᠡᠨ ᠰᠠᠶᠢᠵᠢᠷᠠᠭᠤᠯᠤᠭᠰᠠᠨ ᠤ ᠳᠠᠷᠠᠭ᠎ᠠ ᠮᠥᠨᠬᠦ ᠪᠠᠷᠢᠮᠵᠢᠶ᠎ᠠ ᠳᠤ ᠬᠦᠷᠬᠦ ᠦᠭᠡᠢ ᠶᠢ ᠨᠢ ᠬᠠᠤᠯᠢ ᠶᠣᠰᠣᠭᠠᠷ ᠬᠠᠭᠠᠵᠤ ᠵᠣᠭᠰᠤᠭᠠᠬᠤ ᠪᠤᠶᠤ ᠲᠦᠯᠬᠢᠨ ᠭᠠᠷᠭᠠᠨ᠎ᠠ᠃ ᠪᠣᠯᠣᠳ ᠲᠡᠮᠦᠷ ᠤᠨ ︽ᠦᠢᠯᠡᠳᠪᠦᠷᠢᠯᠡᠯ ᠤᠨ ᠴᠢᠳᠠᠪᠤᠷᠢ ᠶᠢ ᠬᠠᠰᠤᠬᠤ︾ ᠪᠠ ︽ᠪᠦᠳᠦᠭᠦᠯᠢᠭ ᠪᠣᠯᠣᠳ︾᠎ ᠢ ᠴᠠᠭᠠᠵᠠᠯᠠᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ᠪᠣᠯᠣᠳ ᠲᠡᠮᠦᠷ ᠤᠨ ᠠᠵᠢᠯ ᠲᠥᠷᠥᠯ ᠤᠨ ᠬᠢᠵᠠᠭᠠᠷᠯᠠᠬᠤ ᠲᠥᠷᠥᠯ ᠤᠨ ᠲᠣᠨᠤᠭ ᠲᠥᠬᠦᠭᠡᠷᠦᠮᠵᠢ ︵ᠥᠨᠳᠥᠷ ᠵᠤᠤᠬ᠎ᠠ ᠶᠢ 400 — 1200 ᠪᠣᠰᠤᠭ᠎ᠠ ᠳᠥᠷᠪᠡᠯᠵᠢᠨ ᠮᠧᠲᠷ᠂ ᠡᠷᠭᠢᠯᠳᠦᠭᠡ ᠵᠤᠤᠬ᠎ᠠ ᠶᠢ 30 — 100 ᠲᠣᠨ︶᠎ ᠶᠢ ᠥᠭᠡᠷᠡᠴᠢᠯᠡᠨ ᠳᠡᠰ ᠳᠡᠪᠰᠢᠭᠦᠯᠬᠦ ᠶᠢ ᠲᠦᠯᠬᠢᠨ ᠠᠬᠢᠭᠤᠯᠤᠨ᠎ᠠ︔ ᠴᠠᠬᠢᠯᠭᠠᠨ ᠵᠠᠳᠠᠯᠤᠯ ᠤᠨ ᠬᠥᠩᠭᠡᠨ ᠴᠠᠭᠠᠨ᠂ ᠪᠣᠯᠣᠳ ᠲᠡᠮᠦᠷ ᠪᠠ ᠬᠡᠦᠷᠰᠢᠭᠦᠯᠬᠦ ᠵᠡᠷᠭᠡ ᠲᠥᠷᠥᠯ ᠵᠦᠢᠯ ᠤᠨ ᠦᠢᠯᠡᠳᠪᠦᠷᠢᠯᠡᠯ ᠤᠨ ᠴᠢᠳᠠᠪᠤᠷᠢ ᠶᠢᠨ ᠰᠣᠯᠢᠭᠳᠠᠯ ᠢ ᠠᠬᠢᠭᠤᠯᠵᠤ᠂ ᠲᠡᠷᠢᠭᠦᠨ ᠤ ᠦᠢᠯᠡᠳᠪᠦᠷᠢᠯᠡᠯ ᠤᠨ ᠴᠢᠳᠠᠪᠤᠷᠢ ᠶᠢ ᠬᠥᠭᠵᠢᠭᠦᠯᠦᠨ᠎ᠡ︔ ᠱᠦᠢᠨᠢ ᠶᠢᠨ ᠦᠢᠯᠡᠳᠪᠦᠷᠢᠯᠡᠬᠦ ᠴᠢᠳᠠᠪᠤᠷᠢ ᠶᠢ ᠣᠷᠣᠨ ᠤ ᠭᠠᠳᠠᠨ᠎ᠠ ᠰᠢᠯᠵᠢᠭᠦᠯᠬᠦ ᠶᠢ ᠳᠠᠮᠵᠢᠨ᠎ᠠ᠃      ᠠᠵᠤ ᠦᠢᠯᠡᠳᠪᠦᠷᠢ ᠶᠢᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠠᠵᠢᠯ ᠢ ᠲᠦᠯᠬᠢᠨ ᠠᠬᠢᠭᠤᠯᠤᠨ᠎ᠠ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢ ᠴᠢᠩᠭ᠎ᠠ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠯ ᠶᠡᠬᠡᠲᠡᠶ ᠠᠵᠤ ᠦᠢᠯᠡᠰ ᠤᠨ ᠰᠣᠬᠤᠷ ᠪᠠᠯᠠᠶ ᠪᠠᠷ ᠥᠷᠭᠡᠵᠢᠬᠦ ᠶᠢ ᠴᠢᠩᠭ᠎ᠠ ᠬᠢᠵᠠᠭᠠᠷᠯᠠᠨ᠎ᠠ᠃ ᠡᠨᠧᠷᠭᠢ ᠠᠷᠪᠢᠯᠠᠬᠤ ᠬᠠᠮᠢᠶᠠᠷᠤᠯᠲᠠ ᠶᠢ ᠴᠢᠩᠭᠠᠳᠬᠠᠵᠤ᠂ ᠡᠨᠧᠷᠭᠢ ᠬᠡᠷᠡᠭᠯᠡᠬᠦ ᠭᠤᠣᠯᠳᠠᠯᠭ᠎ᠠ ᠲᠠᠢ ᠨᠢᠭᠡᠴᠢ ᠶᠢᠨ ︽ᠵᠠᠭᠤ ᠮᠢᠩᠭᠠᠨ ᠲᠦᠮᠡ︾᠎ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ᠃ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠲᠤᠬᠠᠢ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠪᠣᠯᠣᠳ ᠲᠡᠮᠦᠷ᠂ ᠴᠠᠬᠢᠯᠭᠠᠨ ᠵᠠᠳᠠᠯᠤᠯ ᠤᠨ ᠬᠥᠩᠭᠡᠨ ᠴᠠᠭᠠᠨ᠂ ᠱᠦᠢᠨᠢ ᠶᠢᠨ ᠠᠵᠢᠯ ᠲᠥᠷᠥᠯ ᠳᠤ ᠴᠠᠬᠢᠯᠭᠠᠨ ᠤ ᠱᠠᠲᠤᠯᠢᠭ ᠦᠨ᠎ᠡ ᠶᠢᠨ ᠲᠥᠷᠥ ᠶᠢᠨ ᠪᠣᠳᠣᠯᠭ᠎ᠠ ᠶᠢ ᠨᠠᠢᠳᠠᠪᠤᠷᠢᠵᠢᠭᠤᠯᠬᠤ᠂ ᠠᠵᠢᠯ ᠤᠨ ᠳᠠᠷᠠᠭᠠᠯᠠᠯ ᠤᠨ ᠡᠨᠧᠷᠭᠢ ᠶᠢᠨ ᠬᠤᠷᠣᠭᠳᠠᠯ ᠤᠨ ᠪᠠᠷᠢᠮᠵᠢᠶ᠎ᠠ ᠠᠴᠠ ᠬᠡᠲᠦᠷᠡᠭᠰᠡᠨ ᠠᠵᠤ ᠠᠬᠤᠶᠢᠯᠠᠯ ᠳᠤ ᠴᠠᠬᠢᠯᠭᠠᠨ ᠤ ᠨᠡᠮᠡᠯᠲᠡ ᠦᠨ᠎ᠡ ᠶᠢ ᠨᠡᠮᠡᠬᠦ ᠲᠣᠷᠭᠠᠭᠤᠯᠢ ᠶᠢ ᠬᠡᠷᠡᠭᠵᠢᠭᠦᠯᠦᠨ᠎ᠡ᠃      ᠶᠡᠭᠡ ᠬᠡᠮᠵᠢᠶᠡᠨ ᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠶᠡᠭᠡ ᠬᠡᠮᠵᠢᠶᠡᠨ ᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠ ᠱᠦᠢᠨᠢ᠂ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ᠂ ᠬᠥᠷᠥᠰᠥ ᠰᠢᠷᠣᠶ ᠶᠢ ᠰᠠᠶᠢᠵᠢᠷᠠᠭᠤᠯᠬᠤ ᠡᠮ᠂ ᠨᠡᠶᠢᠯᠡᠮᠡᠯ ᠪᠣᠷᠳᠣᠭᠤᠷ ᠦᠢᠯᠡᠳᠪᠦᠷᠢᠯᠡᠬᠦ ᠵᠡᠷᠭᠡ ᠲᠥᠷᠥᠯ ᠵᠦᠢᠯ ᠤᠨ ᠪᠦᠲᠦᠭᠡᠨ ᠪᠠᠢᠭᠤᠯᠤᠯᠲᠠ ᠬᠢᠬᠦ ᠶᠢ ᠵᠣᠷᠢᠭᠵᠢᠭᠤᠯᠵᠤ᠂ ᠨᠥᠬᠦᠴᠡᠯ ᠪᠦᠬᠦᠢ ᠠᠶᠢᠮᠠᠭ ᠬᠤᠲᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠᠶᠢᠭᠤᠯᠬᠤ ᠶᠢ ᠨᠢ ᠳᠡᠮᠵᠢᠨ᠎ᠡ᠃ ᠦᠨᠳᠦᠷ ᠬᠥᠩᠭᠡᠨ ᠴᠠᠭᠠᠨ ᠤ ᠨᠤᠨᠲᠠᠭ ᠨᠡᠭᠦᠷᠡᠰᠦᠨ ᠤ ᠦᠨᠡᠰᠦ ᠠᠴᠠ ᠢᠰᠦᠯᠳᠦᠭᠰᠡᠨ ᠬᠥᠩᠭᠡᠨ ᠴᠠᠭᠠᠨ  ᠢ ᠭᠠᠷᠭᠠᠨ ᠠᠪᠬᠤ ᠲᠥᠷᠥᠯ ᠵᠦᠢᠯ ᠤᠨ ᠪᠦᠲᠦᠭᠡᠨ ᠪᠠᠢᠭᠤᠯᠤᠯᠲᠠ ᠶᠢ ᠵᠣᠷᠢᠭᠵᠢᠭᠤᠯᠵᠤ᠂ ᠨᠤᠨᠲᠠᠭ ᠨᠡᠭᠦᠷᠡᠰᠦᠨ ᠤ ᠦᠨᠡᠰᠦ ᠠᠴᠠ ᠢᠰᠦᠯᠳᠦᠭᠰᠡᠨ ᠬᠥᠩᠭᠡᠨ ᠴᠠᠭᠠᠨ ᠢ ᠭᠠᠷᠭᠠᠨ ᠠᠪᠬᠤ ᠠᠵᠤ ᠦᠢᠯᠡᠰ ᠤᠨ ᠬᠡᠪᠴᠢᠶ᠎ᠡ ᠶᠢ ᠥᠷᠭᠡᠳᠬᠡᠨ᠎ᠡ᠃ ᠤᠯᠤᠰ ᠤᠨ ︽ᠬᠤᠳᠠ ᠶᠢᠨ ᠠᠭᠤᠷᠬᠠᠶ ᠶᠢᠨ ᠭᠠᠷᠤᠯᠲᠠ︾᠎ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢ ᠳᠠᠮᠵᠢᠵᠤ᠂ ᠬᠠᠶᠠᠭᠳᠠᠮᠠᠯ ᠮᠠᠰᠢᠨ ᠲᠡᠷᠭᠡ᠂ ᠬᠠᠶᠠᠭᠳᠠᠮᠠᠯ ᠬᠠᠭᠤᠴᠢᠨ ᠡᠯᠧᠺᠲᠷᠣᠨ ᠴᠠᠬᠢᠯᠭᠠᠨ ᠬᠡᠷᠡᠭᠰᠡᠯ ᠵᠡᠷᠭᠡ ᠡᠬᠢ ᠪᠠᠶᠠᠯᠢᠭ ᠢ ᠳᠠᠬᠢᠨ ᠠᠰᠢᠭᠯᠠᠬᠤ ᠠᠵᠤ ᠦᠢᠯᠡᠰ ᠢ ᠬᠥᠭᠵᠢᠭᠦᠯᠦᠨ᠎ᠡ᠃      ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠦᠭᠡᠢ᠂ ᠪᠣᠬᠢᠷᠲᠤᠯ ᠶᠡᠬᠡᠲᠡᠢ︾ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠲᠦᠯᠬᠢᠨ ᠠᠬᠢᠭᠤᠯᠤᠨ᠎ᠠ᠃ ︽︿ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠶᠡᠬᠡᠲᠡᠢ﹀ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠲᠥᠰᠦᠯ︾᠎ ᠢ ᠨᠠᠢᠳᠠᠪᠤᠷᠢᠵᠢᠭᠤᠯᠬᠤ᠂ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠨ᠂ ᠡᠬᠡ ᠳᠠᠩᠰᠠ ᠶᠢ ᠪᠠᠶᠢᠭᠤᠯᠵᠤ᠂ ᠥᠭᠡᠷᠡᠴᠢᠯᠡᠨ ᠳᠡᠰ ᠳᠡᠪᠰᠢᠭᠦᠯᠬᠦ᠂ ᠡᠮᠬᠢᠯᠡᠨ ᠨᠡᠶᠢᠯᠡᠭᠦᠯᠬᠦ ᠨᠡᠭᠦᠯᠭᠡᠬᠦ᠂ ᠬᠠᠭᠠᠬᠤ ᠵᠣᠭᠰᠣᠭᠠᠬᠤ ᠴᠠᠭᠠᠵᠠᠯᠠᠬᠤ ᠵᠡᠷᠭᠡ ᠠᠷᠭ᠎ᠠ ᠬᠡᠮᠵᠢᠶ᠎ᠡ ᠠᠪᠴᠤ᠂ ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠶᠡᠬᠡᠲᠡᠢ︾ ᠠᠵᠤ ᠠᠬᠤᠶᠢᠯᠠᠯ ᠢ ᠲᠥᠷᠥᠯ ᠬᠤᠪᠢᠶᠠᠨ ᠴᠡᠭᠴᠡᠯᠡᠨ ᠵᠠᠰᠠᠨ᠎ᠠ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠭ ᠤᠨ ᠪᠣᠯᠣᠳ ᠲᠡᠮᠦᠷ᠂ ᠥᠩᠭᠡᠲᠦ ᠲᠡᠮᠦᠷᠯᠢᠭ᠂ ᠴᠠᠭᠠᠰᠤ ᠬᠢᠬᠦ᠂ ᠳᠠᠷᠤᠮᠠᠯᠯᠠᠨ ᠪᠣᠳᠣᠬᠤ᠂ ᠲᠦᠭᠦᠬᠡᠶ ᠮᠠᠲ᠋ᠧᠷᠢᠶᠠᠯ ᠤᠨ ᠡᠮ ᠦᠢᠯᠡᠳᠬᠦ ᠵᠡᠷᠭᠡ ᠪᠣᠬᠢᠷᠳᠣᠯᠲᠤ ᠠᠵᠤ ᠠᠬᠤᠶᠢᠯᠠᠯ ᠢ ᠨᠡᠭᠦᠯᠭᠡᠨ ᠥᠭᠡᠷᠡᠴᠢᠯᠡᠬᠦ ᠪᠤᠶᠤ ᠬᠠᠤᠯᠢ ᠶᠣᠰᠣᠭᠠᠷ ᠬᠠᠭᠠᠬᠤ ᠶᠢ ᠠᠬᠢᠭᠤᠯᠤᠨ᠎ᠠ᠃      ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠤᠬᠤᠷᠢᠨ ᠭᠠᠷᠭᠠᠬᠤ ᠠᠵᠢᠯ ᠢ ᠰᠠᠶᠢᠲᠤᠷ ᠬᠢᠨ᠎ᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠭᠦᠷᠭᠡ ᠶᠢᠨ ᠱᠠᠭᠠᠷᠳᠠᠯᠭ᠎ᠠ ᠶᠣᠰᠣᠭᠠᠷ᠂ ᠤᠬᠤᠷᠢᠨ ᠭᠠᠷᠤᠭᠰᠠᠨ ᠠᠵᠤ ᠠᠬᠤᠶᠢᠯᠠᠯ ᠢ ᠰᠢᠯᠭᠠᠨ ᠬᠤᠷᠢᠶᠠᠵᠤ ᠨᠣᠮᠧᠷ ᠢ ᠨᠢ ᠬᠠᠰᠤᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ︔ ᠤᠬᠤᠷᠢᠵᠤ ᠭᠠᠷᠤᠭᠠᠳᠤᠶ ᠠᠵᠤ ᠠᠬᠤᠶᠢᠯᠠᠯ ᠢ ᠪᠣᠯ ᠬᠥᠭ ᠠᠶᠢᠵᠠᠮ ᠢ ᠨᠢ ᠡᠵᠡᠮᠳᠡᠵᠦ᠂ ᠵᠦᠶ ᠵᠣᠬᠢᠰᠲᠠᠶ ᠦᠨᠡᠯᠡᠨ ᠵᠢᠱᠢᠵᠦ᠂ ᠲᠥᠷᠥᠯ ᠬᠤᠪᠢᠶᠠᠨ ᠰᠢᠢᠳᠪᠦᠷᠢᠯᠡᠵᠦ᠂ ᠵᠢᠯ ᠤᠨ ᠡᠴᠦᠰ ᠠᠴᠠ ᠡᠮᠦᠨ᠎ᠡ ᠪᠦᠬᠦᠨ ᠢ ᠰᠢᠮᠳᠠᠭᠤᠯᠤᠨ ᠤᠬᠤᠷᠢᠭᠤᠯᠵᠤ ᠭᠠᠷᠭᠠᠨ᠎ᠠ᠃      ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠣᠶᠢᠵᠢᠭᠤᠯᠤᠨ ᠪᠣᠵᠠᠭᠠᠶᠢᠷᠠᠭᠤᠯᠤᠨ᠎ᠠ᠃ ᠤᠯᠤᠰ ᠤᠨ ᠬᠤᠪᠣᠷ ᠰᠢᠷᠣᠶ ᠶᠢᠨ ᠴᠢᠳᠠᠮᠵᠢᠲᠤ ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ ᠢ ᠡᠭᠦᠳᠦᠨ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠮᠣᠩᠭᠤᠯ ᠡᠮ ᠬᠢᠲᠠᠳ ᠡᠮ᠂ ᠠᠮᠢᠳᠤ ᠪᠣᠳᠠᠰ ᠤᠨ ᠡᠮ ᠦᠢᠯᠡᠳᠬᠦ ᠰᠢᠨ᠎ᠡ ᠶᠢ ᠡᠭᠦᠳᠬᠦ ᠲᠥᠪ ᠢ ᠪᠠᠶᠢᠭᠤᠯᠤᠨ᠎ᠠ᠃ ᠴᠢᠬᠤᠯᠠ ᠶᠡᠭᠡ ᠮᠡᠷᠭᠡᠵᠢᠯ ᠤᠨ ᠠᠩᠬᠠᠨ ᠤ ᠲᠣᠨᠣᠭᠯᠠᠯ᠂ ᠰᠢᠨ᠎ᠡ ᠮᠠᠲ᠋ᠧᠷᠢᠶᠠᠯ ᠤᠨ ᠲᠦᠷᠦᠭᠦᠤ ᠪᠦᠯᠦᠭ ︵ᠤᠳᠠᠭ᠎ᠠ︶᠎ ᠤᠨ  ᠦᠢᠯᠡᠳᠬᠦᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠴᠢᠬᠤᠯᠠ ᠶᠡᠭᠡ ᠮᠡᠷᠭᠡᠵᠢᠯ ᠤᠨ ᠠᠩᠬᠠᠨ ᠤ ᠲᠣᠨᠣᠭᠯᠠᠯ ᠢ ᠤᠯᠤᠰ ᠠᠴᠠ ᠳᠡᠯᠭᠡᠷᠡᠭᠦᠯᠬᠦ ᠭᠠᠷᠴᠠᠭ ᠲᠤ ᠣᠷᠣᠭᠤᠯᠬᠤ ᠶᠢ ᠳᠡᠮᠵᠢᠨ᠎ᠡ᠃      ᠪᠣᠬᠢᠷᠲᠤᠯ ᠥᠬᠡᠶ ᠪᠠᠷ ᠦᠢᠯᠡᠳᠬᠦ ᠶᠢ ᠠᠬᠢᠭᠤᠯᠤᠨ᠎ᠠ᠃ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠬᠠᠶᠢᠯᠤᠭᠤᠯᠬᠤ᠂ ᠪᠠᠷᠢᠯᠭ᠎ᠠ ᠶᠢᠨ ᠮᠠᠲ᠋ᠧᠷᠢᠶᠠᠯ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠲᠣᠨᠤᠭ ᠲᠥᠬᠦᠭᠡᠷᠦᠮᠵᠢ ᠦᠢᠯᠡᠳᠬᠦ᠂ ᠠᠮᠢᠳᠤ ᠪᠣᠳᠠᠰ ᠤᠨ ᠡᠮ ᠡᠮᠨᠡᠯᠭᠡ᠂ ᠨᠡᠬᠡᠮᠡᠯ ᠵᠡᠷᠭᠡ ᠠᠵᠢᠯ ᠲᠥᠷᠥᠯ ᠳᠤ ᠨᠢᠭᠡ ᠪᠦᠯᠦᠭ ᠪᠣᠬᠢᠷᠲᠤᠯ ᠥᠬᠡᠶ ᠦᠢᠯᠡᠳᠪᠦᠷᠢ ᠶᠢ ᠡᠭᠦᠳᠦᠨ ᠪᠠᠶᠢᠭᠤᠯᠵᠤ᠂ ᠨᠢᠭᠡ ᠪᠦᠯᠦᠭ ᠪᠣᠬᠢᠷᠲᠤᠯ ᠥᠬᠡᠶ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠨᠢᠭᠡ ᠪᠦᠯᠦᠭ ᠪᠣᠬᠢᠷᠲᠤᠯ ᠥᠬᠡᠶ ᠬᠠᠩᠭᠠᠯᠭ᠎ᠠ ᠶᠢᠨ ᠬᠡᠯᠬᠢᠶ᠎ᠡ ᠶᠢ ᠪᠤᠢ ᠪᠣᠯᠭᠠᠨ᠎ᠠ᠃ ᠭᠤᠣᠯᠳᠠᠯᠭ᠎ᠠ ᠲᠠᠢ ᠠᠵᠤ ᠦᠢᠯᠡᠰ ᠤᠨ ᠪᠣᠬᠢᠷᠲᠤᠯ ᠦᠭᠡᠢ ᠪᠠᠷ ᠦᠢᠯᠡᠳᠬᠦ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠨ᠎ᠠ᠃      ᠠᠵᠤ ᠦᠢᠯᠡᠳᠪᠦᠷᠢ ᠶᠢᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠤ ᠦᠢᠯᠡᠳᠪᠦᠷᠢ ᠶᠢᠨ ᠬᠦᠷᠢᠶᠡᠯᠡᠩ ᠢ ᠮᠠᠭᠠᠳᠯᠠᠨ ᠲᠣᠭᠲᠠᠭᠠᠬᠤ ᠲᠦᠷᠦᠭᠦᠤ ᠪᠦᠯᠦᠭ ᠠᠵᠢᠯᠯᠠᠭ᠎ᠠ ᠶᠢ ᠥᠷᠨᠢᠭᠦᠯᠵᠦ᠂ ᠱᠠᠩᠨᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠠᠴᠠ ᠲᠤᠰᠬᠠᠭᠰᠠᠨ ᠴᠡᠭᠴᠡᠯᠡᠨ ᠰᠠᠢᠵᠢᠷᠠᠭᠤᠯᠬᠤ ᠡᠭᠦᠷᠭᠡ ᠶᠢ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠪᠣᠯᠤᠨ ᠭᠠᠵᠠᠷ ᠰᠢᠷᠣᠢ ᠶᠢ ᠬᠤᠷᠢᠶᠠᠨ ᠬᠠᠳᠠᠭᠠᠯᠠᠬᠤ ᠵᠡᠷᠭᠡ ᠳᠤ ᠭᠤᠣᠯᠳᠠᠯᠭ᠎ᠠ ᠲᠠᠢ ᠳᠡᠮᠵᠢᠯᠭᠡ ᠦᠵᠡᠭᠦᠯᠦᠨ᠎ᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号