2018 ᠣᠨ ᠪᠥᠬᠦ ᠣᠷᠣᠨ ᠤ ᠤᠯᠤᠰ ᠤᠨ ᠳᠡᠰ ᠤᠨ ᠶᠠᠳᠠᠭᠤ ᠬᠦᠴᠢᠷᠳᠡᠯᠲᠡᠶ 10 ᠬᠤᠰᠢᠭᠤ | ᠰᠢᠶᠠᠨ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠡᠩᠨᠡᠭᠡ ᠠᠴᠠ ᠤᠬᠤᠷᠢᠨ ᠭᠠᠷᠬᠤ ᠳᠡᠰ ᠳᠠᠷᠠᠭᠠᠯᠠᠯ ᠤᠨ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷᠯᠠᠯ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ᠶᠠᠳᠠᠭᠤ ᠬᠦᠴᠢᠷᠳᠡᠯ ᠲᠠᠢ ᠡᠩᠨᠡᠭᠡ ᠠᠴᠠ | ᠤᠬᠤᠷᠢᠨ ᠭᠠᠷᠬᠤ ᠲᠣᠭᠲᠠᠴᠠ ᠶᠢ ᠪᠠᠶᠢᠭᠤᠯᠬᠤ ᠲᠤᠬᠠᠢ ᠬᠡᠷᠡᠭᠵᠢᠭᠦᠯᠬᠦ ᠰᠠᠨᠠᠯ︾ ︵ᠲᠢᠩᠬᠢᠮ ᠲᠠᠷᠬᠠᠭᠠᠭᠰᠠᠨ | ﹇2018﹈ 11 ᠳ᠋ᠦ᠋ᠭᠡᠷ ᠲᠣᠭᠠᠲᠤ︶ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠭᠡᠷ ᠤᠨ ︽2018 ᠣᠨ ᠤ ᠶᠠᠳᠠᠭᠤ ᠬᠦᠴᠢᠷᠳᠡᠯᠲᠡᠶ ᠬᠤᠰᠢᠭᠤ | ᠰᠢᠶᠠᠨ ᠤ ᠡᠩᠨᠡᠭᠡ ᠠᠴᠠ ᠤᠬᠤᠷᠢᠨ ᠭᠠᠷᠬᠤ ᠶᠢ ᠲᠤᠰᠬᠠᠶ ᠦᠨᠡᠯᠡᠨ ᠵᠢᠱᠢᠬᠦ ᠠᠵᠢᠯ ᠢ ᠥᠷᠨᠢᠭᠦᠯᠬᠦ ᠲᠤᠬᠠᠢ ᠮᠡᠳᠡᠭᠳᠡᠯ︾ | ︵ᠥᠪᠥᠷ ᠳᠡᠳᠬᠦᠬᠦ ᠠᠯᠪᠠᠨ ᠭᠡᠷ ᠤᠯᠠᠮᠵᠢᠯᠠᠨ ᠲᠠᠷᠬᠠᠭᠠᠭᠰᠠᠨ ﹇2018﹈ 35 ᠳ᠋ᠤᠭᠠᠷ ᠲᠣᠭᠠᠲᠤ︶ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠦᠴᠤᠸᠠᠨ ᠰᠢᠶᠠᠨ᠂ ᠷᠠᠰᠢᠶᠠᠨ ᠬᠤᠲᠠ᠂ ᠵᠠᠯᠠᠶᠢᠳ ᠬᠤᠰᠢᠭᠤ᠂ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ ᠬᠠᠷᠠᠴᠢᠨ | ᠬᠤᠰᠢᠭᠤ᠂ ᠪᠠᠭᠠᠷᠢᠨ ᠪᠠᠷᠠᠭᠤᠨ ᠬᠤᠰᠢᠭᠤ᠂ ᠨᠢᠩᠴᠧᠩ ᠰᠢᠶᠠᠨ᠂ ᠰᠥᠨᠢᠳ ᠪᠠᠷᠠᠭᠤᠨ ᠬᠤᠰᠢᠭᠤ᠂ ᠴᠠᠬᠠᠷ | ᠪᠠᠷᠠᠭᠤᠨ ᠭᠠᠷᠤᠨ ᠬᠤᠶᠢᠲᠣ ᠬᠤᠰᠢᠭᠤ ᠵᠡᠷᠭᠡ ᠤᠯᠤᠰ ᠤᠨ ᠳᠡᠰ ᠤᠨ ᠶᠠᠳᠠᠭᠤ ᠬᠦᠴᠢᠷᠳᠡᠯᠲᠡᠶ 10 ᠬᠤᠰᠢᠭᠤ | ᠰᠢᠶᠠᠨ ᠨᠢ ᠶᠠᠳᠠᠭᠤ ᠬᠦᠴᠢᠷᠳᠡᠯᠲᠡᠶ ᠰᠢᠶᠠᠨ ᠤ ᠡᠩᠨᠡᠭᠡ ᠠᠴᠠ ᠤᠬᠤᠷᠢᠨ ᠭᠠᠷᠬᠤ ᠱᠠᠭᠠᠷᠳᠠᠯᠭ᠎ᠠ ᠶᠣᠰᠣᠭᠠᠷ᠂ | ᠰᠢᠶᠠᠨ ᠤ ᠱᠠᠲᠤᠨ ᠤ ᠭᠤᠶᠤᠴᠢᠯᠠᠯ᠂ ᠬᠤᠲᠠ ᠶᠢᠨ ᠱᠠᠲᠤᠨ ᠤ ᠠᠩᠬᠠᠨ ᠤ ᠬᠢᠨᠠᠯᠲᠠ᠂ ᠭᠤᠷᠪᠠᠳᠠᠬᠢ ᠡᠲᠡᠭᠡᠳ ᠤᠨ | ᠲᠤᠰᠬᠠᠶ ᠦᠨᠡᠯᠡᠨ ᠵᠢᠱᠢᠯᠲᠡ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠠᠵᠢᠯ ᠲᠥᠷᠥᠯ ᠤᠨ ᠰᠠᠯᠠᠭ᠎ᠠ | ᠮᠥᠴᠢᠷ ᠵᠢᠴᠢ ᠨᠢᠭᠡᠴᠢ ᠶᠢᠨ ᠦᠨᠡᠯᠡᠯᠲᠡ ᠵᠡᠷᠭᠡ ᠳᠡᠰ ᠳᠠᠷᠠᠭᠠᠯᠠᠯ ᠢ ᠨᠢᠭᠡᠨᠲᠡ ᠭᠦᠢᠴᠡᠳᠬᠡᠪᠡ᠃ ᠦᠨᠡᠯᠡᠨ ᠵᠢᠱᠢᠯᠲᠡ᠂ | ᠦᠨᠡᠯᠡᠯᠲᠡ ᠶᠢᠨ ᠦᠷ᠎ᠡ ᠳ᠋ᠦᠩ ᠢ ᠦᠨᠳᠦᠰᠦᠯᠡᠪᠡᠯ᠂ ᠤᠯᠤᠰ ᠤᠨ ᠳᠡᠰ ᠤᠨ ᠶᠠᠳᠠᠭᠤ ᠬᠦᠴᠢᠷᠳᠡᠯᠲᠡᠶ 10 ᠬᠤᠰᠢᠭᠤ | ᠰᠢᠶᠠᠨ ᠤ ᠶᠠᠳᠠᠭᠤ ᠬᠦᠴᠢᠷᠳᠡᠯᠲᠡᠶ ᠬᠥᠮᠥᠨ ᠠᠮᠠ ᠶᠢᠨ ᠶᠡᠷᠦᠩᠬᠡᠶ ᠶᠠᠳᠠᠭᠤᠷᠠᠯ ᠤᠨ ᠨᠣᠷᠮ᠎ᠠ ᠨᠢ ᠴᠥᠮ 3% ᠠᠴᠠ | ᠳᠣᠤᠷ᠎ᠠ ᠪᠣᠯᠪᠠ︔ ᠶᠠᠳᠠᠭᠤ ᠬᠦᠴᠢᠷᠳᠡᠯᠲᠡᠶ ᠬᠥᠮᠥᠨ ᠠᠮᠠ ᠶᠢᠨ ᠦᠨᠡᠯᠡᠯᠲᠡ ᠶᠢᠨ ᠨᠣᠷᠮ᠎ᠠ ᠪᠠ ᠪᠤᠷᠤᠭᠤ | ᠤᠬᠤᠷᠢᠯᠲᠠ ᠶᠢᠨ ᠨᠣᠷᠮ᠎ᠠ ᠨᠢ ᠶᠠᠳᠠᠭᠤ ᠬᠦᠴᠢᠷᠳᠡᠯᠲᠡᠶ ᠰᠢᠶᠠᠨ ᠤ ᠡᠩᠨᠡᠭᠡ ᠠᠴᠠ ᠤᠬᠤᠷᠢᠨ ᠭᠠᠷᠬᠤ | ᠪᠠᠷᠢᠮᠵᠢᠶ᠎ᠠ ᠠᠴᠠ ᠳᠣᠤᠷ᠎ᠠ ᠪᠣᠯᠪᠠ︔ ᠤᠯᠠᠨ ᠲᠦᠮᠡᠨ ᠳᠤ ᠮᠡᠳᠡᠷᠡᠭᠳᠡᠭᠰᠡᠨ ᠬᠡᠮᠵᠢᠶ᠎ᠡ ᠨᠢ ᠴᠥᠮ 90% ᠠᠴᠠ | ᠳᠡᠭᠡᠭᠰᠢ ᠪᠠᠶᠢᠵᠤ᠂ ᠶᠠᠳᠠᠭᠤ ᠬᠦᠴᠢᠷᠳᠡᠯᠲᠡᠢ ᠰᠢᠶᠠᠨ ᠤ ᠡᠩᠨᠡᠭᠡ ᠠᠴᠠ ᠤᠬᠤᠷᠢᠨ ᠭᠠᠷᠬᠤ ᠪᠠᠷᠢᠮᠵᠢᠶ᠎ᠠ ᠠᠴᠠ ᠥᠨᠳᠥᠷ | ᠪᠣᠯᠵᠠᠢ︔ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠨᠢ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠪᠠ︔ | ᠤᠯᠠᠨ ᠨᠡᠶᠢᠲᠡ ᠶᠢᠨ ᠦᠢᠯᠡᠴᠢᠯᠡᠭᠡ ᠪᠠ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠢᠷᠢ | ᠲᠦᠪᠰᠢᠨ ᠨᠢ ᠢᠯᠡᠳᠲᠡ ᠳᠡᠭᠡᠭᠰᠢᠯᠡᠵᠡᠢ︔ ᠶᠠᠳᠠᠭᠤ ᠠᠴᠠ ᠠᠩᠭᠢᠵᠢᠷᠠᠭᠤᠯᠬᠤ ᠤᠷᠳᠤ ᠬᠤᠭᠤᠴᠠᠭᠠᠨ ᠤ | ᠪᠦᠲᠦᠮᠵᠢᠲᠡᠢ ᠲᠣᠭᠲᠠᠴᠠ ᠨᠢ ᠲᠡᠭᠦᠯᠳᠡᠷᠵᠢᠵᠦ᠂ ᠦᠷᠭᠦᠯᠵᠢᠯᠡᠭᠦᠶᠢᠴᠡ ᠬᠥᠭᠵᠢᠯᠲᠡ ᠶᠢᠨ ᠴᠢᠳᠠᠪᠤᠷᠢ ᠨᠢ ᠴᠢᠩᠭ᠎ᠠ | ᠪᠣᠯᠵᠤ᠂ ᠶᠠᠳᠠᠭᠤ ᠬᠦᠴᠢᠷᠳᠡᠯᠲᠡᠢ ᠰᠢᠶᠠᠨ ᠤ ᠡᠩᠨᠡᠭᠡ ᠠᠴᠠ ᠤᠬᠤᠷᠢᠨ ᠭᠠᠷᠬᠤ ᠪᠠᠷᠢᠮᠵᠢᠶ᠎ᠠ ᠳᠤ ᠬᠦᠷᠴᠡᠢ᠃ | ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ | ᠬᠤᠷᠠᠯ ᠢᠶᠠᠷ ᠰᠤᠳᠤᠯᠤᠨ ᠵᠥᠪᠰᠢᠶᠡᠷᠡᠭᠦᠯᠦᠭᠡᠳ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠤᠯᠤᠰ ᠤᠨ ᠳᠡᠰ ᠤᠨ ᠶᠠᠳᠠᠭᠤ ᠬᠦᠴᠢᠷᠳᠡᠯᠲᠡᠶ 10 | ᠬᠤᠰᠢᠭᠤ ᠰᠢᠶᠠᠨ ᠤ ᠶᠠᠳᠠᠭᠤ ᠬᠦᠴᠢᠷᠳᠡᠯᠲᠡᠶ ᠰᠢᠶᠠᠨ ᠤ ᠡᠩᠨᠡᠭᠡ ᠠᠴᠠ ᠤᠬᠤᠷᠢᠨ ᠭᠠᠷᠬᠤ ᠳᠡᠰ ᠳᠠᠷᠠᠭᠠᠯᠠᠯ ᠢ | ᠠᠯᠬᠤᠮ ᠳᠠᠷᠠᠭ᠎ᠠ ᠶᠣᠰᠣᠭᠠᠷ ᠵᠠᠷᠯᠠᠨ ᠨᠡᠶᠢᠲᠡᠯᠡᠪᠡ᠃ | ᠣᠳᠣ ᠦᠴᠤᠸᠠᠨ ᠰᠢᠶᠠᠨ᠂ ᠷᠠᠰᠢᠶᠠᠨ ᠬᠤᠲᠠ᠂ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ ᠬᠠᠷᠠᠴᠢᠨ ᠬᠤᠰᠢᠭᠤ᠂ ᠪᠠᠭᠠᠷᠢᠨ ᠪᠠᠷᠠᠭᠤᠨ | ᠬᠤᠰᠢᠭᠤ᠂ ᠨᠢᠩᠴᠧᠩ ᠰᠢᠶᠠᠨ᠂ ᠰᠥᠨᠢᠳ ᠪᠠᠷᠠᠭᠤᠨ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠲᠣ ᠬᠤᠰᠢᠭᠤ | ᠵᠡᠷᠭᠡ ᠤᠯᠤᠰ ᠤᠨ ᠳᠡᠰ ᠤᠨ ᠶᠠᠳᠠᠭᠤ ᠬᠦᠴᠢᠷᠳᠡᠯᠲᠡᠶ 10 ᠬᠤᠰᠢᠭᠤ ᠰᠢᠶᠠᠨ ᠤ ᠤᠬᠤᠷᠢᠨ ᠭᠠᠷᠬᠤ ᠨᠡᠷᠡᠰ ᠢ | ᠨᠡᠶᠢᠭᠡᠮ ᠳᠤ 7 ᠡᠳᠦᠷ ᠤᠨ ᠬᠤᠭᠤᠴᠠᠭ᠎ᠠ ᠲᠠᠢ ᠪᠠᠷ ᠢᠯᠠ ᠨᠡᠢᠲᠡᠯᠡᠨ᠎ᠡ ︵ᠠᠮᠠᠷᠠᠯᠲᠠ ᠶᠢᠨ ᠡᠳᠦᠷ ᠪᠠᠭᠲᠠᠬᠤ ᠥᠬᠡᠶ︶ | ᠂ ᠬᠡᠷᠪᠡ ᠰᠠᠨᠠᠯ ᠰᠠᠨᠠᠭᠤᠯᠭ᠎ᠠ ᠪᠠᠶᠢᠪᠠᠯ᠂ 2019 ᠣᠨ ᠤ 4 ᠳ᠋ᠦ᠋ᠭᠡᠷ ᠰᠠᠷ᠎ᠠ ᠶᠢᠨ 4 ᠤ ᠡᠳᠦᠷ ᠠᠴᠠ ᠡᠮᠦᠨ᠎ᠡ | ᠪᠢᠴᠢᠭ ᠢᠶᠠᠷ ᠪᠤᠶᠤ ᠢᠮᠧᠯ᠂ ᠹᠠᠺᠰ᠂ ᠳ᠋ᠢᠶᠠᠩᠬᠤᠸᠠ ᠵᠡᠷᠭᠡ ᠠᠷᠭ᠎ᠠ ᠪᠠᠷ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠭᠡᠷ ᠲᠤ ᠬᠠᠷᠢᠭᠤ ᠲᠤᠰᠬᠠᠬᠤ ᠪᠣᠯᠪᠠᠤ᠃ | | ᠬᠠᠷᠢᠯᠴᠠᠬᠤ ᠬᠥᠮᠥᠨ᠄ ᠯᠢ ᠸᠠᠨ ᠲᠣᠤ | ᠬᠠᠷᠢᠯᠴᠠᠬᠤ ᠤᠲᠠᠰᠤ᠄ 0471 — 4969849 | ᠢᠮᠧᠯ᠄ f p b l w t @ 163 . c o m | ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠠᠯᠪᠠᠨ ᠭᠡᠷ ︵ ᠬᠦᠬᠡᠬᠤᠲᠠ ᠶᠢᠨ ᠤᠯᠠᠭᠠᠨᠴᠠᠪ ᠵᠡᠭᠦᠨ ᠵᠡᠭᠡᠯᠢ ᠶᠢᠨ 82 ᠳ᠋ᠤᠭᠠᠷ ᠨᠣᠮᠧᠷ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | 2019 ᠣᠨ 3 ᠳ᠋ᠤᠭᠠᠷ ᠰᠠᠷ᠎ᠠ ᠶᠢᠨ 26 ᠤ ᠡᠳᠦᠷ | | | | 2018 ᠣᠨ ᠤ ᠪᠥᠬᠦ ᠣᠷᠣᠨ ᠤ ᠥᠪᠡᠷᠲᠡᠭᠡᠨ ᠵᠠᠰᠠᠬᠤ ᠣᠷᠣᠨ ᠤ ᠳᠡᠰ ᠤᠨ ᠶᠠᠳᠠᠭᠤ ᠬᠦᠴᠢᠷᠳᠡᠯᠲᠡᠶ 13 | ᠬᠤᠰᠢᠭᠤ ᠰᠢᠶᠠᠨ ᠤ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠡᠩᠨᠡᠭᠡ ᠠᠴᠠ ᠤᠬᠤᠷᠢᠨ ᠭᠠᠷᠬᠤ ᠳᠡᠰ | ᠳᠠᠷᠠᠭᠠᠯᠠᠯ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠵᠠᠷᠯᠠᠯ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ᠶᠠᠳᠠᠭᠤ ᠬᠦᠴᠢᠷᠳᠡᠯ ᠲᠠᠢ ᠡᠩᠨᠡᠭᠡ ᠠᠴᠠ | ᠤᠬᠤᠷᠢᠨ ᠭᠠᠷᠬᠤ ᠲᠣᠭᠲᠠᠴᠠ ᠶᠢ ᠪᠠᠶᠢᠭᠤᠯᠬᠤ ᠲᠤᠬᠠᠢ ᠬᠡᠷᠡᠭᠵᠢᠭᠦᠯᠬᠦ ᠰᠠᠨᠠᠯ︾ ︵ᠲᠢᠩᠬᠢᠮ ᠲᠠᠷᠬᠠᠭᠠᠭᠰᠠᠨ | ﹇2018﹈ 11 ᠳ᠋ᠦ᠋ᠭᠡᠷ ᠲᠣᠭᠠᠲᠤ︶ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠭᠡᠷ ᠤᠨ ︽2018 ᠣᠨ ᠤ ᠶᠠᠳᠠᠭᠤ ᠬᠦᠴᠢᠷᠳᠡᠯᠲᠡᠶ ᠬᠤᠰᠢᠭᠤ | ᠰᠢᠶᠠᠨ ᠤ ᠡᠩᠨᠡᠭᠡ ᠠᠴᠠ ᠤᠬᠤᠷᠢᠨ ᠭᠠᠷᠬᠤ ᠶᠢ ᠲᠤᠰᠬᠠᠶ ᠦᠨᠡᠯᠡᠨ ᠵᠢᠱᠢᠬᠦ ᠠᠵᠢᠯ ᠢ ᠥᠷᠨᠢᠭᠦᠯᠬᠦ ᠲᠤᠬᠠᠢ ᠮᠡᠳᠡᠭᠳᠡᠯ︾ | ︵ᠥᠪᠥᠷ ᠳᠡᠳᠬᠦᠬᠦ ᠠᠯᠪᠠᠨ ᠭᠡᠷ ᠤᠯᠠᠮᠵᠢᠯᠠᠨ ᠲᠠᠷᠬᠠᠭᠠᠭᠰᠠᠨ ﹇2018﹈ 35 ᠳ᠋ᠤᠭᠠᠷ ᠲᠣᠭᠠᠲᠤ︶ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠴᠢᠩ ᠱᠦᠶ ᠾᠧ ᠰᠢᠶᠠᠨ᠂ ᠭᠦᠶᠡᠩ ᠰᠢᠶᠠᠨ᠂ ᠵᠠᠯᠠᠨ ᠠᠶᠢᠯ | ᠬᠤᠲᠠ᠂ ᠠᠷᠤᠨ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ | ᠬᠤᠰᠢᠭᠤ᠂ ᠵᠠᠷᠤᠳ ᠬᠤᠰᠢᠭᠤ᠂ ᠺᠠᠶᠢᠯᠦ ᠰᠢᠶᠠᠨ᠂ ᠰᠦᠩᠱᠠᠨ ᠲᠣᠭᠤᠷᠢᠭ᠂ ᠬᠡᠰᠢᠭᠲᠡᠨ ᠬᠤᠰᠢᠭᠤ᠂ ᠳᠣᠯᠤᠨᠨᠠᠭᠤᠷ | ᠰᠢᠶᠠᠨ᠂ ᠯᠢᠶᠠᠩᠴᠧᠩ ᠰᠢᠶᠠᠨ᠂ ᠤᠷᠠᠳ ᠤᠨ ᠡᠮᠦᠨᠡᠲᠦ ᠬᠤᠰᠢᠭᠤ ᠵᠡᠷᠭᠡ ᠥᠪᠡᠷᠲᠡᠭᠡᠨ ᠵᠠᠰᠠᠬᠤ ᠣᠷᠣᠨ ᠤ | ᠳᠡᠰ ᠤᠨ ᠶᠠᠳᠠᠭᠤ ᠬᠦᠴᠢᠷᠳᠡᠯᠲᠡᠶ13 ᠬᠤᠰᠢᠭᠤ ᠰᠢᠶᠠᠨ ᠨᠢ ᠶᠠᠳᠠᠭᠤ ᠬᠦᠴᠢᠷᠳᠡᠯᠲᠡᠶ ᠰᠢᠶᠠᠨ ᠤ ᠡᠩᠨᠡᠭᠡ ᠠᠴᠠ | ᠤᠬᠤᠷᠢᠨ ᠭᠠᠷᠬᠤ ᠱᠠᠭᠠᠷᠳᠠᠯᠭ᠎ᠠ ᠶᠣᠰᠣᠭᠠᠷ᠂ ᠰᠢᠶᠠᠨ ᠤ ᠱᠠᠲᠤᠨ ᠤ ᠭᠤᠶᠤᠴᠢᠯᠠᠯ᠂ ᠬᠤᠲᠠ ᠶᠢᠨ ᠱᠠᠲᠤᠨ ᠤ | ᠠᠩᠬᠠᠨ ᠤ ᠬᠢᠨᠠᠯᠲᠠ᠂ ᠭᠤᠷᠪᠠᠳᠠᠬᠢ ᠡᠲᠡᠭᠡᠳ ᠤᠨ ᠲᠤᠰᠬᠠᠶ ᠦᠨᠡᠯᠡᠨ ᠵᠢᠱᠢᠯᠲᠡ᠂ ᠥᠪᠡᠷᠲᠡᠭᠡᠨ ᠵᠠᠰᠠᠬᠤ ᠣᠷᠣᠨ ᠤ | ᠬᠠᠮᠢᠶ᠎ᠠ ᠪᠦᠬᠦᠢ ᠠᠵᠢᠯ ᠲᠥᠷᠥᠯ ᠤᠨ ᠰᠠᠯᠠᠭ᠎ᠠ ᠮᠥᠴᠢᠷ ᠵᠢᠴᠢ ᠨᠢᠭᠡᠴᠢ ᠶᠢᠨ ᠦᠨᠡᠯᠡᠯᠲᠡ ᠵᠡᠷᠭᠡ ᠳᠡᠰ ᠳᠠᠷᠠᠭᠠᠯᠠᠯ ᠢ | ᠨᠢᠭᠡᠨᠲᠡ ᠭᠦᠢᠴᠡᠳᠬᠡᠪᠡ᠃ ᠦᠨᠡᠯᠡᠨ ᠵᠢᠱᠢᠯᠲᠡ᠂ ᠦᠨᠡᠯᠡᠯᠲᠡ ᠶᠢᠨ ᠦᠷ᠎ᠡ ᠳ᠋ᠦᠩ ᠢ ᠦᠨᠳᠦᠰᠦᠯᠡᠪᠡᠯ᠂ | ᠥᠪᠡᠷᠲᠡᠭᠡᠨ ᠵᠠᠰᠠᠬᠤ ᠣᠷᠣᠨ ᠤ ᠳᠡᠰ ᠤᠨ ᠶᠠᠳᠠᠭᠤ ᠬᠦᠴᠢᠷᠳᠡᠯᠲᠡᠶ 13 ᠬᠤᠰᠢᠭᠤ ᠰᠢᠶᠠᠨ ᠤ ᠶᠠᠳᠠᠭᠤ | ᠬᠦᠴᠢᠷᠳᠡᠯᠲᠡᠶ ᠬᠥᠮᠥᠨ ᠠᠮᠠ ᠶᠢᠨ ᠶᠡᠷᠦᠩᠬᠡᠶ ᠶᠠᠳᠠᠭᠤᠷᠠᠯ ᠤᠨ ᠨᠣᠷᠮ᠎ᠠ ᠨᠢ ᠴᠥᠮ 3% ᠠᠴᠠ ᠳᠣᠤᠷ᠎ᠠ ᠪᠣᠯᠪᠠ︔ | ᠶᠠᠳᠠᠭᠤ ᠬᠦᠴᠢᠷᠳᠡᠯᠲᠡᠶ ᠬᠥᠮᠥᠨ ᠠᠮᠠ ᠶᠢᠨ ᠦᠨᠡᠯᠡᠯᠲᠡ ᠶᠢᠨ ᠨᠣᠷᠮ᠎ᠠ ᠪᠠ ᠪᠤᠷᠤᠭᠤ ᠤᠬᠤᠷᠢᠯᠲᠠ ᠶᠢᠨ ᠨᠣᠷᠮ᠎ᠠ ᠨᠢ | ᠶᠠᠳᠠᠭᠤ ᠬᠦᠴᠢᠷᠳᠡᠯᠲᠡᠶ ᠰᠢᠶᠠᠨ ᠤ ᠤᠬᠤᠷᠢᠨ ᠭᠠᠷᠬᠤ ᠪᠠᠷᠢᠮᠵᠢᠶ᠎ᠠ ᠠᠴᠠ ᠳᠣᠤᠷ᠎ᠠ ᠪᠣᠯᠪᠠ︔ ᠤᠯᠠᠨ ᠲᠦᠮᠡᠨ ᠳᠤ | ᠮᠡᠳᠡᠷᠡᠭᠳᠡᠭᠰᠡᠨ ᠬᠡᠮᠵᠢᠶ᠎ᠡ ᠨᠢ ᠴᠥᠮ 90% ᠠᠴᠠ ᠳᠡᠭᠡᠭᠰᠢ ᠪᠠᠶᠢᠵᠤ᠂ ᠶᠠᠳᠠᠭᠤ ᠬᠦᠴᠢᠷᠳᠡᠯᠲᠡᠢ ᠰᠢᠶᠠᠨ ᠤ | ᠡᠩᠨᠡᠭᠡ ᠠᠴᠠ ᠤᠬᠤᠷᠢᠨ ᠭᠠᠷᠬᠤ ᠪᠠᠷᠢᠮᠵᠢᠶ᠎ᠠ ᠠᠴᠠ ᠥᠨᠳᠥᠷ ᠪᠣᠯᠵᠠᠢ︔ ᠬᠥᠳᠡᠭᠡ ᠲᠣᠰᠬᠤᠨ ᠤ ᠰᠠᠭᠤᠭᠠᠯᠢ | ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠨᠢ ᠪᠦᠬᠦ | ᠤᠯᠤᠰ ᠤᠨ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠪᠠ︔ ᠤᠯᠠᠨ ᠨᠡᠶᠢᠲᠡ ᠶᠢᠨ ᠦᠢᠯᠡᠴᠢᠯᠡᠭᠡ ᠪᠠ | ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠨᠢ ᠢᠯᠡᠳᠲᠡ ᠳᠡᠭᠡᠭᠰᠢᠯᠡᠵᠡᠢ︔ | ᠶᠠᠳᠠᠭᠤ ᠠᠴᠠ ᠠᠩᠭᠢᠵᠢᠷᠠᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠨᠢ ᠲᠡᠭᠦᠯᠳᠡᠷᠵᠢᠵᠦ᠂ | ᠦᠷᠭᠦᠯᠵᠢᠯᠡᠭᠦᠶᠢᠴᠡ ᠬᠥᠭᠵᠢᠯᠲᠡ ᠶᠢᠨ ᠴᠢᠳᠠᠪᠤᠷᠢ ᠨᠢ ᠴᠢᠩᠭ᠎ᠠ ᠪᠣᠯᠵᠤ᠂ ᠶᠠᠳᠠᠭᠤ ᠬᠦᠴᠢᠷᠳᠡᠯᠲᠡᠢ ᠰᠢᠶᠠᠨ ᠤ | ᠡᠩᠨᠡᠭᠡ ᠠᠴᠠ ᠤᠬᠤᠷᠢᠨ ᠭᠠᠷᠬᠤ ᠪᠠᠷᠢᠮᠵᠢᠶ᠎ᠠ ᠳᠤ ᠬᠦᠷᠴᠡᠢ᠃ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠰᠤᠳᠤᠯᠤᠨ ᠵᠥᠪᠰᠢᠶᠡᠷᠡᠭᠦᠯᠦᠭᠡᠳ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ | ᠥᠪᠡᠷᠲᠡᠭᠡᠨ ᠵᠠᠰᠠᠬᠤ ᠣᠷᠣᠨ ᠤ ᠳᠡᠰ ᠤᠨ ᠶᠠᠳᠠᠭᠤ ᠬᠦᠴᠢᠷᠳᠡᠯᠲᠡᠶ 13 ᠬᠤᠰᠢᠭᠤ ᠰᠢᠶᠠᠨ ᠤ ᠶᠠᠳᠠᠭᠤ | ᠬᠦᠴᠢᠷᠳᠡᠯᠲᠡᠶ ᠰᠢᠶᠠᠨ ᠤ ᠡᠩᠨᠡᠭᠡ ᠠᠴᠠ ᠤᠬᠤᠷᠢᠨ ᠭᠠᠷᠬᠤ ᠳᠡᠰ ᠳᠠᠷᠠᠭᠠᠯᠠᠯ ᠢ ᠠᠯᠬᠤᠮ ᠳᠠᠷᠠᠭ᠎ᠠ ᠶᠣᠰᠣᠭᠠᠷ | ᠨᠡᠶᠢᠲᠡᠯᠡᠪᠡ᠃ | ᠣᠳᠣ ᠴᠢᠩ ᠱᠦᠶ ᠾᠧ ᠰᠢᠶᠠᠨ᠂ ᠭᠦᠶᠡᠩ ᠰᠢᠶᠠᠨ᠂ ᠵᠠᠯᠠᠨ ᠠᠶᠢᠯ ᠬᠤᠲᠠ᠂ ᠠᠷᠤᠨ ᠬᠤᠰᠢᠭᠤ᠂ ᠰᠢᠨ᠎ᠡ | ᠪᠠᠷᠭᠤ ᠵᠡᠭᠦᠨ ᠬᠤᠰᠢᠭᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠵᠠᠷᠤᠳ ᠬᠤᠰᠢᠭᠤ᠂ | ᠺᠠᠶᠢᠯᠦ ᠰᠢᠶᠠᠨ᠂ ᠰᠦᠩᠱᠠᠨ ᠲᠣᠭᠤᠷᠢᠭ᠂ ᠬᠡᠰᠢᠭᠲᠡᠨ ᠬᠤᠰᠢᠭᠤ᠂ ᠳᠣᠯᠤᠨᠨᠠᠭᠤᠷ ᠰᠢᠶᠠᠨ᠂ ᠯᠢᠶᠠᠩᠴᠧᠩ ᠰᠢᠶᠠᠨ᠂ | ᠤᠷᠠᠳ ᠤᠨ ᠡᠮᠦᠨᠡᠲᠦ ᠬᠤᠰᠢᠭᠤ ᠵᠡᠷᠭᠡ ᠥᠪᠡᠷᠲᠡᠭᠡᠨ ᠵᠠᠰᠠᠬᠤ ᠣᠷᠣᠨ ᠤ ᠳᠡᠰ ᠤᠨ ᠶᠠᠳᠠᠭᠤ ᠬᠦᠴᠢᠷᠳᠡᠯᠲᠡᠶ 13 | ᠬᠤᠰᠢᠭᠤ ᠰᠢᠶᠠᠨ ᠤ ᠤᠬᠤᠷᠢᠨ ᠭᠠᠷᠬᠤ ᠨᠡᠷᠡᠰ ᠢ ᠨᠡᠶᠢᠭᠡᠮ ᠳᠤ 7 ᠡᠳᠦᠷ ᠤᠨ ᠬᠤᠭᠤᠴᠠᠭ᠎ᠠ ᠲᠠᠢ ᠪᠠᠷ ᠢᠯᠠ | ᠨᠡᠢᠲᠡᠯᠡᠨ᠎ᠡ ︵ᠠᠮᠠᠷᠠᠯᠲᠠ ᠶᠢᠨ ᠡᠳᠦᠷ ᠪᠠᠭᠲᠠᠬᠤ ᠥᠬᠡᠶ︶᠂ ᠬᠡᠷᠪᠡ ᠰᠠᠨᠠᠯ ᠰᠠᠨᠠᠭᠤᠯᠭ᠎ᠠ ᠪᠠᠶᠢᠪᠠᠯ᠂ 2019 ᠣᠨ ᠤ | 4 ᠳ᠋ᠦ᠋ᠭᠡᠷ ᠰᠠᠷ᠎ᠠ ᠶᠢᠨ 4 ᠤ ᠡᠳᠦᠷ ᠠᠴᠠ ᠡᠮᠦᠨ᠎ᠡ ᠪᠢᠴᠢᠭ ᠢᠶᠠᠷ ᠪᠤᠶᠤ ᠢᠮᠧᠯ᠂ ᠹᠠᠺᠰ᠂ ᠳ᠋ᠢᠶᠠᠩᠬᠤᠸᠠ ᠵᠡᠷᠭᠡ | ᠠᠷᠭ᠎ᠠ ᠪᠠᠷ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠭᠡᠷ ᠲᠤ | ᠬᠠᠷᠢᠭᠤ ᠲᠤᠰᠬᠠᠬᠤ ᠪᠣᠯᠪᠠᠤ᠃ | | ᠬᠠᠷᠢᠯᠴᠠᠬᠤ ᠬᠥᠮᠥᠨ᠄ ᠯᠢ ᠸᠠᠨ ᠲᠣᠤ | ᠬᠠᠷᠢᠯᠴᠠᠬᠤ ᠤᠲᠠᠰᠤ᠄ 0471 — 4969849 | ᠢᠮᠧᠯ᠄ f p b l w t @ 163 . c o m | ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠠᠯᠪᠠᠨ ᠭᠡᠷ ︵ ᠬᠦᠬᠡᠬᠤᠲᠠ ᠶᠢᠨ ᠤᠯᠠᠭᠠᠨᠴᠠᠪ ᠵᠡᠭᠦᠨ ᠵᠡᠭᠡᠯᠢ ᠶᠢᠨ 82 ᠳ᠋ᠤᠭᠠᠷ ᠨᠣᠮᠧᠷ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | 2019 ᠣᠨ 3 ᠳ᠋ᠤᠭᠠᠷ ᠰᠠᠷ᠎ᠠ ᠶᠢᠨ 26 ᠤ ᠡᠳᠦᠷ | | |