ᠥᠪᠥᠷ ᠮᠣᠩᠭᠤᠯ ᠨᠢᠭᠡ ᠪᠦᠯᠦᠭ ᠳᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠲᠤᠰᠬᠠᠶ ᠮᠡᠷᠭᠡᠵᠢᠯᠲᠡᠳ ᠢ ᠰᠣᠩᠭᠤᠨ ᠰᠢᠯᠭᠠᠷᠠᠭᠤᠯᠬᠤ ᠪᠠᠷ ᠪᠣᠢ᠄ ᠬᠥᠮᠦᠨ ᠪᠦᠷᠢ 2 ᠲᠦᠮᠡᠨ ᠲᠥᠭᠦᠷᠢᠭ ᠱᠠᠩᠨᠠᠨ᠎ᠠ
ᠨᠡᠶᠢᠲᠡᠯᠡᠭᠰᠡᠨ ᠴᠠᠭ᠄
2019/3/27
     ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠣᠷᠣᠨ 2019 ᠣᠨ ᠤ ᠥᠪᠡᠷᠲᠡᠭᠡᠨ ᠵᠠᠰᠠᠭ ᠣᠷᠣᠨ ᠳᠤ ᠳᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠲᠤᠰᠬᠠᠶ ᠮᠡᠷᠭᠡᠵᠢᠯᠲᠡᠳ ᠢ ᠰᠣᠩᠭᠤᠨ ᠰᠢᠯᠭᠠᠷᠠᠭᠤᠯᠬᠤ ᠠᠵᠢᠯ ᠥᠷᠨᠢᠭᠦᠯᠬᠦ ᠪᠠᠷ ᠪᠣᠢ᠃ ᠥᠪᠡᠷᠲᠡᠭᠡᠨ ᠵᠠᠰᠠᠭ ᠣᠷᠣᠨ ᠳᠤ ᠳᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠲᠤᠰᠬᠠᠶ ᠮᠡᠷᠭᠡᠵᠢᠯᠲᠡᠳ ᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠰᠠᠶᠢᠰᠢᠶᠠᠨ ᠬᠥᠬᠢᠭᠦᠯᠬᠦ ᠪᠦᠭᠡᠳ ︽ᠥᠪᠥᠷ ᠮᠣᠩᠭᠤᠯ ᠤᠨ ᠥᠪᠡᠷᠲᠡᠭᠡᠨ ᠵᠠᠰᠠᠭ ᠣᠷᠣᠨ ᠳᠤ ᠳᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠲᠤᠰᠬᠠᠶ ᠮᠡᠷᠭᠡᠵᠢᠯᠲᠡᠨ︾ ᠭᠡᠬᠦ ᠦᠨᠡᠮᠯᠡᠯ ᠣᠯᠭᠤᠵᠦ᠂ ᠬᠥᠮᠦᠨ ᠪᠦᠷᠢ ᠶᠢ ᠨᠢᠭᠡ ᠤᠳᠠᠭ᠎ᠠ ᠶᠢᠨ ᠴᠢᠨᠠᠷᠲᠠᠶ 2 ᠲᠦᠮᠡᠨ ᠲᠥᠭᠦᠷᠢᠭ ᠢᠶᠠᠷ ᠱᠠᠩᠨᠠᠨ᠎ᠠ᠃      ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠭ ᠣᠷᠣᠨ ᠳᠤ ᠳᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠲᠤᠰᠬᠠᠶ ᠮᠡᠷᠭᠡᠵᠢᠯᠲᠡᠨ ᠢ ᠰᠢᠯᠭᠠᠷᠠᠭᠤᠯᠬᠤ ᠬᠡᠪᠴᠢᠶ᠎ᠡ᠄ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠮᠠᠨ ᠤ ᠣᠷᠣᠨ ᠳᠤ ᠰᠠᠭᠤᠭ᠎ᠠ ᠲᠥᠪ ᠤᠨ ᠨᠢᠭᠡᠴᠢ᠂ ᠮᠠᠯᠵᠢᠬᠤ ᠲᠠᠷᠢᠶᠠᠯᠠᠬᠤ ᠣᠷᠣᠨ ᠳᠤ ᠣᠷᠳᠣ ᠬᠤᠭᠤᠴᠠᠭ᠎ᠠ ᠪᠠᠷ ᠲᠤᠰᠬᠠᠶ ᠮᠡᠷᠭᠡᠵᠢᠯ ᠤᠨ ᠠᠵᠢᠯ ᠬᠢᠵᠦ ᠪᠠᠶᠢᠭ᠎ᠠ ᠪᠥᠭᠡᠳ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠲᠤᠰᠬᠠᠶ ᠮᠡᠷᠭᠡᠵᠢᠯᠲᠡᠨ᠂ ᠠᠵᠤ ᠠᠬᠤᠶᠢᠯᠠᠯ ᠤᠨ ᠡᠵᠡᠩᠨᠡᠨ ᠬᠠᠮᠢᠶᠠᠷᠤᠭᠴᠢ᠂ ᠮᠡᠷᠭᠡᠵᠢᠯ ᠤᠨ ᠴᠢᠳᠠᠪᠤᠷᠢᠲᠠᠨ᠂ ᠨᠡᠶᠢᠭᠡᠮ ᠤᠨ ᠠᠵᠢᠯ ᠡᠷᠬᠢᠯᠡᠭᠴᠢ᠂ ᠰᠣᠶᠣᠯ ᠵᠢᠭᠤᠯᠴᠢᠯᠠᠯ ᠤᠨ ᠠᠵᠢᠯᠲᠠᠨ᠂ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ ᠴᠢᠳᠠᠪᠤᠷᠢᠲᠠᠨ ᠵᠡᠷᠭᠡ ᠡᠯ᠎ᠡ ᠲᠦᠷᠦᠯ ᠤᠨ ᠴᠢᠳᠠᠪᠤᠷᠢᠲᠠᠨ ᠪᠠᠭᠲᠠᠨ᠎ᠠ᠃ ︽ᠲᠥᠷᠥ ᠶᠢᠨ ᠶᠠᠪᠤᠳᠠᠯ ᠤᠨ ᠬᠤᠷᠢᠶᠠᠨ ᠤ ᠵᠠᠰᠠᠭ ᠤᠨ ᠣᠷᠳᠣᠨ ᠤ ᠣᠨᠴᠠ ᠨᠡᠮᠡᠭᠦᠷᠢ ᠶᠢ ᠬᠦᠷᠲᠡᠭᠴᠢ ᠮᠡᠷᠭᠡᠵᠢᠯᠲᠡᠨ︾᠂ ︽ᠵᠠᠭᠤ ᠮᠢᠩᠭ᠎ᠠ ᠲᠦᠮᠡᠨ ᠴᠢᠳᠠᠪᠤᠷᠢᠲᠠᠨ ᠤ ᠢᠨᠵᠧᠨᠧᠷᠢᠩ ᠳᠤ ᠰᠤᠩᠭᠤᠳᠠᠭᠴᠢ︾ ᠪᠣᠯᠤᠨ ᠥᠪᠡᠷᠲᠡᠭᠡᠨ ᠵᠠᠰᠠᠬᠤ ᠣᠷᠣᠨ ᠤ ︽ᠰᠣᠳᠣᠨ ᠴᠢᠳᠠᠪᠤᠷᠢᠲᠠᠨ ᠤ ᠱᠠᠩᠨᠠᠯ︾᠂ ︽ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠢᠳᠡᠷ ᠵᠠᠯᠠᠭᠤ ᠲᠤᠰᠬᠠᠶ ᠮᠡᠷᠭᠡᠵᠢᠯᠲᠡᠨ︾᠂ ︽ᠦᠶᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ︾ ᠵᠡᠷᠭᠡ ᠢᠷᠠᠭᠤ ᠠᠯᠳᠠᠷ ᠟ ᠣᠨ ᠴᠣᠯᠠ ᠬᠦᠷᠲᠡᠭᠰᠡᠳ᠂ ᠣᠶᠢᠷ᠎ᠠ ᠶᠢᠨ ᠵᠢᠯ ᠳᠤ ᠰᠢᠨ᠎ᠡ ᠠᠮᠵᠢᠯᠲᠠ ᠪᠦᠲᠦᠮᠵᠢ ᠣᠯᠣᠭᠰᠠᠨ ᠦᠭᠡᠢ ᠪᠣᠯ ᠵᠠᠷᠴᠢᠮ ᠳᠡᠭᠡᠷ᠎ᠡ ᠪᠠᠨ ᠳᠠᠬᠢᠨᠲᠠ ᠲᠠᠨᠢᠯᠴᠠᠭᠤᠯᠬᠤ ᠦᠭᠡᠢ᠃      ᠥᠪᠡᠷᠲᠡᠭᠡᠨ ᠵᠠᠰᠠᠭ ᠣᠷᠣᠨ ᠤ ᠳᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠲᠤᠰᠬᠠᠶ ᠮᠡᠷᠭᠡᠵᠢᠯᠲᠡᠨ ᠢ ᠬᠤᠶᠠᠷ ᠵᠢᠯ ᠪᠦᠷᠢ ᠨᠢᠭᠡ ᠤᠳᠠᠭ᠎ᠠ ᠰᠢᠯᠭᠠᠷᠠᠭᠤᠯᠵᠤ᠂ ᠤᠳᠠᠭ᠎ᠠ ᠪᠦᠷᠢ 100 ᠨᠡᠷᠡᠰ ᠰᠢᠯᠭᠠᠷᠠᠭᠤᠯᠤᠨ᠎ᠠ᠃ ᠡᠯ᠎ᠡ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠰ ᠭᠠᠵᠠᠷ ᠣᠷᠣᠨ᠂ ᠲᠤᠰ ᠠᠵᠢᠯ ᠲᠦᠷᠦᠯ ᠤᠨ ᠢᠶᠠᠨ ᠲᠤᠰᠬᠠᠶ ᠮᠡᠷᠭᠡᠵᠢᠯ ᠤᠨ ᠴᠢᠳᠠᠪᠤᠷᠢᠲᠠᠨ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠶᠡᠷᠦᠩᠬᠡᠶ ᠲᠤᠭ᠎ᠠ ᠵᠢᠴᠢ ᠬᠤᠯᠪᠣᠭᠳᠠᠯ ᠪᠦᠬᠦᠢ ᠪᠠᠶᠢᠳᠠᠯ ᠲᠠᠢ ᠪᠠᠨ ᠤᠶᠠᠯᠳᠤᠭᠤᠯᠤᠨ ᠰᠣᠩᠭᠤᠭᠳᠠᠭᠴᠢ ᠪᠠᠨ ᠲᠠᠨᠢᠯᠴᠠᠭᠤᠯᠤᠨ᠎ᠠ᠃ ᠥᠪᠡᠷᠲᠡᠭᠡᠨ ᠵᠠᠰᠠᠭ ᠣᠷᠣᠨ ᠤ ᠳᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠲᠤᠰᠬᠠᠶ ᠮᠡᠷᠭᠡᠵᠢᠯᠲᠡᠨ ᠢ ᠰᠢᠯᠭᠠᠷᠠᠭᠤᠯᠬᠤ ᠳᠤ᠂ ᠬᠤᠪᠢ ᠬᠥᠮᠦᠨ ᠭᠤᠶᠤᠴᠢᠯᠠᠨ ᠮᠡᠳᠡᠭᠦᠯᠬᠦ᠂ ᠨᠢᠭᠡᠴᠢ ᠠᠴᠠ ᠪᠠᠲᠤᠯᠠᠨ ᠲᠠᠨᠢᠯᠴᠠᠭᠤᠯᠬᠤ᠂ ᠱᠠᠲᠤ ᠳᠠᠷᠠᠭᠠᠯᠠᠨ ᠬᠢᠨᠠᠨ ᠬᠠᠷᠭᠤᠭᠤᠯᠬᠤ᠂ ᠲᠤᠰᠬᠠᠶ ᠮᠡᠷᠭᠡᠵᠢᠯᠲᠡᠨ ᠢᠶᠠᠷ ᠰᠢᠯᠠᠭᠠᠨ ᠰᠣᠩᠭᠤᠭᠤᠯᠬᠤ ᠠᠷᠭ᠎ᠠ ᠪᠠᠷ ᠶᠠᠪᠤᠭᠳᠠᠭᠤᠯᠤᠨ᠎ᠠ᠂ ᠮᠠᠲ᠋ᠧᠷᠢᠶᠠᠯ ᠢᠶᠠᠨ 4 ᠳ᠋ᠦ᠋ᠭᠡᠷ ᠰᠠᠷ᠎ᠠ ᠶᠢᠨ 15᠎ ᠤ ᠡᠳᠦᠷ ᠪᠣᠯᠲᠠᠯ᠎ᠠ ᠮᠡᠳᠡᠭᠦᠯᠦᠨ᠎ᠡ᠂ ᠬᠤᠭᠤᠴᠠᠭ᠎ᠠ ᠬᠡᠲᠦᠷᠡᠪᠡᠯ ᠬᠦᠯᠢᠶᠡᠨ ᠠᠪᠬᠤ ᠦᠭᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号