ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠦ᠂ ᠬᠥᠬᠡᠬᠤᠲᠠ 4 ᠳ᠋ᠦ᠋ᠭᠡᠷ ᠰᠠᠷ᠎ᠠ ᠶᠢᠨ 1 ᠤ | ᠡᠳᠦᠷ ᠠᠴᠠ 10 ᠳ᠋ᠤᠭᠠᠷ ᠰᠠᠷ᠎ᠠ ᠶᠢᠨ 31 ᠤ ᠡᠳᠦᠷ ᠪᠤᠯᠲᠠᠯ᠎ᠠ 2019 ᠣᠨ ᠤ ᠬᠥᠮᠦᠨ ᠬᠡᠷᠡᠭᠯᠡᠬᠦ ᠨᠢᠭᠡᠴᠢ ᠶᠢᠨ | ᠬᠥᠳᠡᠯᠮᠦᠷᠢ ᠶᠢᠨ ᠪᠠᠲᠤᠯᠠᠭ᠎ᠠ ᠶᠢᠨ ᠪᠢᠴᠢᠭ ᠢᠶᠠᠷ ᠬᠢᠨᠠᠨ ᠪᠠᠶᠢᠴᠠᠭᠠᠬᠤ ᠠᠵᠢᠯ ᠢ ᠲᠦᠪᠯᠡᠷᠡᠭᠦᠯᠦᠨ ᠦᠷᠨᠢᠭᠦᠯᠬᠦ ᠪᠠᠷ | ᠪᠠᠶᠢᠨ᠎ᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠪᠢᠴᠢᠭ ᠢᠶᠠᠷ ᠬᠢᠨᠠᠨ ᠪᠠᠶᠢᠴᠠᠭᠠᠬᠤ ᠬᠡᠪᠴᠢᠶ᠎ᠡ ᠨᠢ | ᠬᠦᠬᠡᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠤᠲᠤᠷᠠᠬᠢ ᠬᠥᠳᠡᠯᠮᠦᠷᠢᠴᠢᠨ ᠯᠦᠭᠡ ᠬᠥᠳᠡᠯᠮᠦᠷᠢ ᠶᠢᠨ ᠬᠠᠷᠢᠴᠠᠭ᠎ᠠ | ᠪᠠᠶᠢᠭᠤᠯᠬᠤ ᠡᠯ᠎ᠡ ᠬᠥᠮᠦᠨ ᠬᠡᠷᠡᠭᠯᠡᠬᠦ ᠨᠢᠭᠡᠴᠢ ︵ᠲᠥᠪ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ᠂ | ᠬᠥᠬᠡᠬᠤᠲᠠ ᠳᠤ ᠰᠠᠭᠤᠭ᠎ᠠ ᠴᠡᠷᠢᠭ ᠠᠩᠭᠢ᠂ ᠭᠠᠳᠠᠷ ᠮᠤᠵᠢ ᠶᠢᠨ ᠬᠦᠬᠡᠬᠤᠲᠠ ᠳᠤ ᠰᠠᠭᠤᠭ᠎ᠠ ᠠᠵᠢᠯᠴᠢᠨ ᠬᠡᠷᠡᠭᠯᠡᠬᠦ | ᠨᠢᠭᠡᠴᠢ ᠵᠡᠷᠭᠡ︶ ᠪᠤᠯᠤᠨ᠎ᠠ᠂ ᠡᠭᠦᠨ ᠳᠤ᠂ ᠲᠦᠷᠦ ᠶᠢᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ᠂ ᠨᠡᠶᠢᠭᠡᠮ ᠤᠨ | ᠪᠦᠯᠬᠦᠮ︔ ᠬᠥᠮᠦᠨ ᠤ ᠬᠦᠴᠦᠨ ᠤ ᠡᠬᠢ ᠪᠠᠶᠠᠯᠢᠭ ᠤᠨ ᠦᠶᠯᠡᠴᠢᠯᠡᠭᠡᠨ ᠤ ᠪᠠᠶᠢᠭᠤᠯᠤᠮᠵᠢ᠂ ᠬᠥᠳᠡᠯᠮᠦᠷᠢ | ᠦᠢᠯᠡᠴᠢᠯᠡᠭᠡ ᠲᠣᠮᠢᠯᠠᠬᠤ ᠨᠢᠭᠡᠴᠢ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠪᠣᠯᠪᠠᠰᠤᠷᠠᠭᠤᠯᠬᠤ ᠪᠠᠶᠢᠭᠤᠯᠤᠮᠵᠢ | ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠰᠢᠯᠭᠠᠨ ᠬᠢᠨᠠᠵᠤ ᠲᠣᠭᠲᠠᠭᠠᠬᠤ ᠪᠠᠶᠢᠭᠤᠯᠤᠮᠵᠢ︔ ᠠᠵᠤ | ᠠᠬᠤᠶᠢᠯᠠᠯ ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ᠂ ᠬᠤᠪᠢ ᠶᠢᠨ ᠠᠵᠤ ᠠᠬᠤᠶ ᠶᠢᠨ | ᠵᠣᠬᠢᠶᠠᠨ ᠪᠠᠶᠢᠭᠤᠯᠤᠯᠲᠠ︔ ᠬᠥᠳᠡᠯᠮᠦᠷᠢᠴᠢᠨ ᠲᠠᠢ ᠬᠥᠳᠡᠯᠮᠦᠷᠢ ᠶᠢᠨ ᠬᠠᠷᠢᠴᠠᠭ᠎ᠠ ᠪᠠᠶᠢᠭᠤᠯᠤᠭᠰᠠᠨ ᠪᠤᠰᠤᠳ | ᠬᠥᠮᠦᠨ ᠬᠡᠷᠡᠭᠯᠡᠬᠦ ᠨᠢᠭᠡᠴᠢ ᠵᠡᠷᠭᠡ ᠪᠠᠭᠲᠠᠨ᠎ᠠ᠃ | ᠲᠤᠰ ᠤᠳᠠᠭ᠎ᠠ ᠭᠤᠤᠯᠳᠠᠭᠤ 2018 ᠣᠨ ᠤ ᠬᠥᠮᠦᠨ ᠬᠡᠷᠡᠭᠯᠡᠬᠦ ᠨᠢᠭᠡᠴᠢ ᠶᠢᠨ ᠳᠣᠣᠷᠠᠬᠢ ᠵᠦᠢᠯ ᠳᠤ ᠬᠢᠨᠠᠨ | ᠪᠠᠶᠢᠴᠠᠭᠠᠯᠲᠠ ᠬᠢᠨ᠎ᠡ᠂ ᠡᠭᠦᠨ ᠳᠤ᠂ ᠳᠤᠲᠤᠭᠠᠳᠤ ᠳᠠᠬᠢ ᠬᠥᠳᠡᠯᠮᠦᠷᠢ ᠶᠢᠨ ᠪᠠᠲᠤᠯᠠᠭ᠎ᠠ ᠶᠢᠨ ᠲᠦᠷᠢᠮ ᠲᠣᠭᠲᠠᠭᠠᠯ ᠢ | ᠲᠤᠭᠲᠠᠭᠠᠭᠰᠠᠨ ᠪᠠᠶᠢᠳᠠᠯ︔ ᠬᠥᠳᠡᠯᠮᠦᠷᠢᠴᠢᠨ ᠯᠦᠭᠡ ᠬᠥᠳᠡᠯᠮᠦᠷᠢ ᠶᠢᠨ ᠭᠡᠷ᠎ᠡ ᠲᠤᠭᠲᠠᠭᠠᠵᠤ ᠭᠦᠢᠴᠡᠳᠬᠡᠭᠰᠡᠨ | ᠪᠠᠶᠢᠳᠠᠯ ᠵᠢᠴᠢ ᠬᠥᠳᠡᠯᠮᠦᠷᠢ ᠠᠵᠢᠯᠴᠢᠨ ᠬᠡᠷᠡᠭᠯᠡᠬᠦ ᠰᠦᠯᠵᠢᠶᠡᠨ ᠳᠡᠭᠡᠷ᠎ᠡ ᠪᠦᠷᠢᠳᠬᠡᠨ ᠳᠠᠩᠰᠠᠯᠠᠭᠤᠯᠤᠭᠰᠠᠨ ᠪᠠᠶᠢᠳᠠᠯ︔ | ᠬᠠᠮᠲᠤ ᠶᠢᠨ ᠭᠡᠷ᠎ᠡ ᠲᠤᠭᠲᠠᠵᠤ ᠬᠡᠷᠡᠭᠵᠢᠭᠦᠯᠦᠭᠰᠡᠨ ᠪᠠᠶᠢᠳᠠᠯ︔ ᠬᠡᠤᠬᠡᠳ ᠠᠵᠢᠯᠴᠢᠨ ᠵᠠᠷᠤᠬᠤ ᠶᠢ ᠴᠠᠭᠠᠵᠠᠯᠠᠭᠰᠠᠨ | ᠲᠣᠭᠲᠠᠭᠠᠯ ᠢ ᠵᠢᠷᠤᠮᠯᠠᠨ ᠰᠠᠬᠢᠵᠤ ᠪᠠᠶᠢᠭ᠎ᠠ ᠪᠠᠶᠢᠳᠠᠯ︔ ᠡᠮᠡᠭᠲᠡᠶ ᠠᠵᠢᠯᠴᠢᠨ᠂ ᠨᠠᠰᠤᠨ ᠳᠤ ᠬᠦᠷᠦᠭᠡᠳᠦᠢ | ᠠᠵᠢᠯᠴᠢᠨ ᠤ ᠣᠨᠴᠠᠭᠠᠶ ᠬᠥᠳᠡᠯᠮᠦᠷᠢ ᠶᠢᠨ ᠬᠠᠮᠠᠭᠠᠯᠠᠯᠲᠠ ᠶᠢᠨ ᠲᠣᠭᠲᠠᠭᠠᠯ ᠢ ᠵᠢᠷᠤᠮᠯᠠᠵᠤ ᠪᠠᠶᠢᠭ᠎ᠠ ᠪᠠᠶᠢᠳᠠᠯ︔ | ᠠᠵᠢᠯᠯᠠᠬᠤ ᠴᠠᠭ ᠪᠠ ᠠᠮᠠᠷᠠᠯᠲᠠ ᠶᠢᠨ ᠴᠢᠯᠥᠭᠡ ᠶᠢᠨ ᠲᠤᠭᠲᠠᠭᠠᠯ ᠢ ᠵᠢᠷᠤᠮᠯᠠᠵᠤ᠂ ᠪᠠᠶᠠᠷ ᠳᠤᠷᠠᠰᠬᠠᠯ ᠠᠮᠠᠷᠠᠯᠲᠠ ᠶᠢᠨ | ᠡᠳᠦᠷ ᠴᠠᠭ ᠨᠡᠮᠡᠵᠦ ᠠᠵᠢᠯᠯᠠᠭᠰᠠᠨ ᠴᠠᠯᠢᠩ ᠢ ᠦᠭᠴᠦ ᠪᠠᠶᠢᠭ᠎ᠠ ᠪᠠᠶᠢᠳᠠᠯ ᠵᠢᠴᠢ ᠠᠭᠠᠭᠢᠮ᠎ᠠ ᠬᠠᠯᠠᠭᠤᠨ ᠬᠠᠬᠢᠷ | ᠬᠦᠢᠲᠡᠨ ᠠᠵᠢᠯ ᠤᠨ ᠪᠠᠶᠢᠷᠢ ᠶᠢᠨ ᠨᠦᠬᠦᠪᠦᠷᠢ ᠮᠦᠩᠭᠦ ᠶᠢ ᠤᠯᠭᠤᠭᠰᠠᠨ ᠪᠠᠶᠢᠳᠠᠯ︔ ᠬᠥᠳᠡᠯᠮᠦᠷᠢᠴᠢᠨ ᠤ ᠴᠠᠯᠢᠩ ᠢ | ᠦᠭᠭᠦᠭᠰᠡᠨ ᠪᠠᠶᠢᠳᠠᠯ᠂ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ︔ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠦᠴᠦ ᠶᠠᠪᠤᠭᠴᠢ ᠠᠵᠢᠯᠴᠢᠨ ᠤ ᠴᠠᠯᠢᠩ ᠢ | ᠥᠭᠭᠦᠭᠰᠡᠨ ᠪᠠᠶᠢᠳᠠᠯ︔ ᠡᠯ᠎ᠡ ᠵᠦᠢᠯ ᠤᠨ ᠨᠡᠶᠢᠭᠡᠮ ᠤᠨ ᠳᠠᠭᠠᠳᠬᠠᠯ ᠳᠤ ᠣᠷᠣᠯᠴᠠᠭᠰᠠᠨ ᠪᠠ ᠨᠡᠶᠢᠭᠡᠮ ᠤᠨ | ᠳᠠᠭᠠᠳᠬᠠᠯ ᠤᠨ ᠰᠦᠢᠳᠬᠡᠯ ᠢ ᠲᠤᠰᠢᠶᠠᠭᠰᠠᠨ ᠪᠠᠶᠢᠳᠠᠯ ᠵᠡᠷᠭᠡ 12 ᠵᠦᠢᠯ ᠤᠨ ᠠᠭᠤᠯᠭ᠎ᠠ ᠪᠠᠭᠲᠠᠨ᠎ᠠ᠃ | ᠬᠥᠬᠡᠬᠤᠲᠠ ᠲᠤᠳᠤᠷᠬᠠᠶᠢᠯᠠᠭᠰᠠᠨ ᠨᠢ᠂ ᠬᠢᠨᠠᠨ ᠪᠠᠶᠢᠴᠠᠭᠠᠯᠲᠠ ᠶᠢ ᠬᠦᠯᠢᠶᠡᠬᠦ ᠦᠭᠡᠢ᠂ ᠬᠤᠭᠤᠴᠠᠭ᠎ᠠ | ᠬᠡᠲᠦᠷᠡᠭᠰᠡᠨ ᠪᠠᠶᠢᠲᠠᠯ᠎ᠠ ᠪᠢᠴᠢᠭ ᠮᠠᠲ᠋ᠧᠷᠢᠶᠠᠯ ᠢ ᠮᠡᠳᠡᠭᠦᠯᠦᠨ ᠬᠦᠷᠭᠡᠭᠰᠡᠨ ᠦᠭᠡᠢ ᠪᠤᠶᠤ ᠬᠤᠳᠠᠯ ᠢᠶᠠᠷ ᠵᠣᠬᠢᠶᠠᠨ | ᠬᠠᠭᠤᠷᠮᠠᠭ ᠢᠶᠠᠷ ᠦᠢᠯᠡᠳᠦᠭᠰᠡᠨ ᠬᠥᠮᠦᠨ ᠬᠡᠷᠡᠭᠯᠡᠬᠦ ᠨᠢᠭᠡᠴᠢ ᠶᠢ ︽ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ | ᠪᠠᠶᠢᠴᠠᠭᠠᠬᠤ ᠲᠦᠷᠢᠮ︾ ᠤᠨ ᠭᠤᠴᠢᠳᠤᠭᠠᠷ ᠵᠦᠢᠯ ᠤᠨ ᠬᠤᠶᠠᠳᠤᠭᠠᠷ ᠵᠤᠷᠪᠤᠰ ᠤᠨ ᠲᠤᠭᠲᠠᠭᠠᠯ ᠶᠤᠰᠤᠭᠠᠷ | ᠬᠥᠳᠡᠯᠮᠦᠷᠢ ᠶᠢᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠬᠤ ᠪᠦᠭᠡᠳ | 2000 ᠲᠥᠭᠦᠷᠢᠭ ᠠᠴᠠ ᠳᠡᠭᠡᠭᠰᠢ 2 ᠲᠦᠮᠡᠨ ᠲᠥᠭᠦᠷᠢᠭ ᠠᠴᠠ ᠳᠤᠷᠤᠭᠰᠢ ᠵᠣᠭᠤᠰ ᠢᠶᠠᠷ ᠲᠤᠷᠠᠭᠠᠨ᠎ᠠ︔ ᠣᠨ ᠤ | ᠪᠢᠴᠢᠭ ᠤᠨ ᠬᠢᠨᠠᠨ ᠪᠠᠶᠢᠴᠠᠭᠠᠯᠲᠠ ᠶᠢ ᠭᠦᠢᠴᠡᠳᠬᠡᠭᠰᠡᠨ ᠦᠭᠡᠢ ᠬᠥᠮᠦᠨ ᠬᠡᠷᠡᠭᠯᠡᠬᠦ ᠨᠢᠭᠡᠴᠢ ᠳᠤ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠳᠠᠬᠢᠵᠤ ᠲᠡᠭᠦᠨ ᠳᠤ ᠡᠯ᠎ᠡ | ᠵᠦᠢᠯ ᠤᠨ ᠢᠷᠠᠭᠤ ᠠᠯᠳᠠᠷ᠂ ᠬᠢᠷᠢ ᠬᠡᠮ ᠤᠨ ᠬᠢᠨᠠᠨ ᠰᠢᠯᠭᠠᠯᠲᠠ ᠶᠢᠨ ᠬᠥᠳᠡᠯᠮᠦᠷᠢ ᠶᠢᠨ ᠪᠠᠲᠤᠯᠠᠭ᠎ᠠ ᠶᠢᠨ | ᠵᠦᠢᠯᠡᠰ ᠲᠤ ᠬᠤᠯᠪᠤᠭᠳᠠᠬᠤ ᠵᠦᠢᠯ ᠳᠤ ᠵᠦᠪᠰᠢᠶᠡᠷᠡᠯ ᠤᠨ ᠭᠦᠢᠴᠡᠳᠬᠡᠯ ᠬᠢᠵᠦ ᠰᠠᠨᠠᠯ ᠦᠭᠬᠦ ᠦᠭᠡᠢ᠃ |