ᠦᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠦᠮᠴᠢᠯᠡᠯ ᠤᠨ ᠡᠷᠬᠡ ᠶᠢ ᠭᠠᠳᠠᠭᠠᠲᠤ ᠳᠤ ᠰᠢᠯᠵᠢᠭᠦᠯᠦᠨ ᠥᠭᠬᠦ ᠠᠵᠢᠯ ᠤᠨ ᠬᠡᠷᠡᠭᠵᠢᠭᠦᠯᠬᠦ ᠨᠠᠷᠢᠨ ᠳᠦᠷᠢᠮ ︵ᠲᠣᠷᠰᠢᠨ ᠬᠡᠷᠡᠭᠵᠢᠭᠦᠯᠬᠦ︶ ᠢ ᠳᠠᠷᠤᠮᠠᠯᠯᠠᠨ ᠶᠠᠪᠤᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2019/3/28

                    ᠥᠪᠥᠷ ᠵᠠᠰᠠᠭ ᠠᠯᠪᠠᠨ ᠲᠠᠷᠬᠠᠭᠠᠭᠰᠠᠨ ﹇2018﹈ 83 ᠳ᠋ᠤᠭᠠᠷ ᠲᠤᠭᠠᠳᠤ
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄
     ᠡᠳᠦᠭᠡ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠦᠮᠴᠢᠯᠡᠯ ᠤᠨ ᠡᠷᠬᠡ ᠶᠢ ᠭᠠᠳᠠᠭᠠᠲᠤ ᠳᠤ ᠰᠢᠯᠵᠢᠭᠦᠯᠦᠨ ᠥᠭᠬᠦ ᠠᠵᠢᠯ ᠤᠨ ᠬᠡᠷᠡᠭᠵᠢᠭᠦᠯᠬᠦ ᠨᠠᠷᠢᠨ ᠳᠦᠷᠢᠮ ︵ᠲᠣᠷᠰᠢᠨ ᠬᠡᠷᠡᠭᠵᠢᠭᠦᠯᠬᠦ︶︾ ᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠲᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃


    ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠦᠮᠴᠢᠯᠡᠯ ᠤᠨ ᠡᠷᠬᠡ ᠶᠢ

    ᠭᠠᠳᠠᠭᠠᠲᠤ ᠳᠤ ᠰᠢᠯᠵᠢᠭᠦᠯᠦᠨ ᠥᠭᠬᠦ ᠠᠵᠢᠯ ᠤᠨ ᠬᠡᠷᠡᠭᠵᠢᠭᠦᠯᠬᠦ ᠨᠠᠷᠢᠨ ᠳᠦᠷᠢᠮ ︵ᠲᠣᠷᠰᠢᠨ ᠬᠡᠷᠡᠭᠵᠢᠭᠦᠯᠬᠦ︶

     ᠨᠢᠭᠡᠳᠦᠭᠡᠷ ᠵᠦᠢᠯ ︽︿ᠮᠡᠳᠡᠯᠭᠡ ᠶᠢᠨ ᠦᠮᠴᠢᠯᠡᠯ ᠤᠨ ᠡᠷᠬᠡ ᠶᠢ ᠭᠠᠳᠠᠭᠠᠲᠤ ᠳᠤ ᠰᠢᠯᠵᠢᠭᠦᠯᠦᠨ ᠥᠭᠬᠦ ᠬᠤᠯᠪᠣᠭᠳᠠᠯ ᠪᠦᠬᠦᠢ ᠠᠵᠢᠯ ᠤᠨ ᠠᠷᠭ᠎ᠠ ︵ᠲᠣᠷᠰᠢᠨ ᠬᠡᠷᠡᠭᠵᠢᠭᠦᠯᠬᠦ︶﹀ ᠶᠢ ᠳᠠᠷᠤᠮᠠᠯᠯᠠᠨ ᠶᠠᠪᠤᠭᠤᠯᠬᠤ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠭᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ

﹇2018﹈ 19 ᠳ᠋ᠤᠭᠡᠷ ᠲᠣᠭᠠᠲᠤ︶ ︵ᠲᠤᠷᠤᠭᠰᠢ ︽ᠠᠷᠭ᠎ᠠ︾ ᠭᠡᠵᠦ ᠲᠣᠪᠴᠢᠯᠠᠨ᠎ᠠ︶ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠠᠮᠦᠷ ᠲᠥᠪᠰᠢᠨ ᠪᠣᠯᠣᠨ ᠴᠢᠬᠤᠯᠠ ᠶᠡᠭᠡ ᠣᠯᠠᠨ ᠨᠡᠶᠢᠲᠡ ᠶᠢᠨ ᠠᠰᠢᠭ ᠲᠤᠰᠠ ᠶᠢ ᠬᠠᠮᠠᠭᠠᠯᠠᠨ᠂ ᠪᠦᠬᠦ ᠣᠷᠣᠨ ᠤ ᠮᠡᠳᠡᠯᠭᠡ ᠶᠢᠨ ᠦᠮᠴᠢᠯᠡᠯ ᠤᠨ ᠡᠷᠬᠡ ᠶᠢ ᠭᠠᠳᠠᠭᠠᠲᠤ ᠳᠤ ᠰᠢᠯᠵᠢᠭᠦᠯᠦᠨ ᠥᠭᠬᠦ ᠶᠢᠨ ᠬᠢᠨᠠᠨ ᠪᠠᠶᠢᠴᠠᠭᠠᠬᠤ ᠠᠵᠢᠯ ᠢ ᠵᠢᠷᠤᠮᠵᠢᠭᠤᠯᠬᠤ ᠶᠢᠨ ᠲᠤᠰᠠᠳᠠ᠂ ᠭᠠᠳᠠᠭᠠᠲᠤ ᠠᠷᠠᠯᠵᠢᠶ᠎ᠠ᠂ ᠮᠡᠳᠡᠯᠭᠡ ᠶᠢᠨ ᠦᠮᠴᠢᠯᠡᠯ ᠤᠨ ᠡᠷᠬᠡ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠵᠦ᠂ ᠪᠦᠬᠦ ᠣᠷᠣᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠠᠬᠢᠭᠤᠯᠬᠤ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠲᠤᠰ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠪᠠ᠃
     ᠬᠤᠶᠠᠳᠤᠭᠠᠷ ᠵᠦᠢᠯ ᠲᠤᠰ ᠬᠡᠷᠡᠭᠵᠢᠭᠦᠯᠬᠦ ᠨᠠᠷᠢᠨ ᠳᠦᠷᠢᠮ ᠨᠢ ᠦᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠭᠠᠳᠠᠭᠠᠲᠤ ᠭᠠᠷᠭᠠᠯᠭ᠎ᠠ ᠶᠢᠨ ᠠᠵᠢᠯᠯᠠᠭ᠎ᠠ ᠳᠠᠬᠢ ᠲᠤᠰᠬᠠᠢ ᠠᠰᠢᠭ ᠤᠨ ᠡᠷᠬᠡ᠂ ᠬᠤᠷᠠᠮᠠᠯ ᠴᠠᠬᠢᠯᠭᠠᠨ ᠬᠡᠯᠬᠢᠶ᠎ᠡ ᠶᠢᠨ ᠪᠠᠶᠢᠷᠢᠯᠠᠯ ᠤᠨ ᠵᠢᠷᠤᠭ ᠢ ᠵᠢᠷᠤᠵᠤ ᠲᠦᠯᠦᠪᠯᠡᠬᠦ ᠲᠤᠰᠬᠠᠢ ᠡᠷᠬᠡ᠂ ᠺᠣᠮᠫᠢᠦ᠋ᠲ᠋ᠧᠷ ᠤᠨ ᠵᠦᠭᠡᠯᠡᠨ ᠬᠡᠷᠡᠭᠰᠡᠯ ᠤᠨ ᠵᠤᠬᠢᠶᠠᠨ ᠪᠦᠲᠦᠭᠡᠬᠦ ᠡᠷᠬᠡ᠂ ᠤᠷᠭᠤᠮᠠᠯ ᠤᠨ ᠰᠢᠨ᠎ᠡ ᠦᠷ᠎ᠡ ᠡᠭᠦᠯᠳᠡᠷ ᠤᠨ ᠬᠡᠷᠡᠭᠯᠡᠬᠦ ᠡᠷᠬᠡ ᠵᠡᠷᠭᠡ ᠳᠤ ᠬᠤᠯᠪᠣᠭᠳᠠᠭᠰᠠᠨ ᠮᠡᠳᠡᠯᠭᠡ ᠶᠢᠨ ᠦᠮᠴᠢᠯᠡᠯ ᠤᠨ ᠡᠷᠬᠡ ᠶᠢ ᠭᠠᠳᠠᠭᠠᠲᠤ ᠳᠤ ᠰᠢᠯᠵᠢᠭᠦᠯᠦᠨ ᠥᠭᠬᠦ ᠪᠠᠶᠢᠳᠠᠯ ᠢ ᠬᠢᠨᠠᠨ ᠪᠠᠶᠢᠴᠠᠭᠠᠬᠤ ᠳᠤ ᠬᠡᠷᠡᠭᠯᠡᠭᠳᠡᠨ᠎ᠡ᠃ ᠠᠳᠡ ᠬᠡᠯᠡᠵᠦ ᠪᠠᠶᠢᠭ᠎ᠠ ᠮᠡᠳᠡᠯᠭᠡ ᠶᠢᠨ ᠦᠮᠴᠢᠯᠡᠯ ᠤᠨ ᠡᠷᠬᠡ ᠳᠤ ᠭᠤᠶᠤᠴᠢᠯᠠᠬᠤ ᠡᠷᠬᠡ ᠪᠠᠭᠲᠠᠨ᠎ᠠ᠃
     ᠮᠡᠳᠡᠯᠭᠡ ᠶᠢᠨ ᠦᠮᠴᠢᠯᠡᠯ ᠤᠨ ᠡᠷᠬᠡ ᠶᠢ ᠭᠠᠳᠠᠭᠠᠲᠤ ᠳᠤ ᠰᠢᠯᠵᠢᠭᠦᠯᠦᠨ ᠥᠭᠬᠦ ᠭᠡᠳᠡᠭ ᠨᠢ ᠦᠪᠡᠷᠲᠡᠭᠡᠨ ᠵᠠᠰᠠᠬᠤ ᠣᠷᠣᠨ ᠤ ᠲᠤᠳᠤᠷᠠᠬᠢ ᠨᠢᠭᠡᠴᠢ ᠪᠤᠶᠤ ᠬᠤᠪᠢ ᠬᠦᠮᠦᠨ ᠠᠴᠠ ᠲᠡᠭᠦᠨ ᠤ ᠬᠢᠯᠢ ᠶᠢᠨ ᠲᠤᠳᠤᠷᠠᠬᠢ ᠮᠡᠳᠡᠯᠭᠡ ᠶᠢᠨ ᠦᠮᠴᠢᠯᠡᠯ ᠤᠨ ᠡᠷᠬᠡ ᠪᠠᠨ ᠬᠠᠷᠢ ᠶᠢᠨ ᠠᠵᠤ ᠠᠬᠤᠶᠢᠯᠠᠯ᠂ ᠬᠤᠪᠢ ᠬᠦᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠳᠤ ᠰᠢᠯᠵᠢᠭᠦᠯᠦᠨ ᠥᠭᠬᠦ ᠶᠢ ᠵᠢᠭᠠᠵᠤ ᠪᠣᠢ᠂ ᠡᠭᠦᠨ ᠳᠤ ᠡᠷᠬᠡᠲᠦ ᠬᠦᠮᠦᠨ ᠢ ᠨᠢ ᠬᠤᠪᠢᠷᠠᠭᠠᠬᠤ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠪᠣᠲᠠᠲᠠᠢ ᠡᠵᠡᠮᠳᠡᠭᠴᠢ ᠶᠢ ᠨᠢ ᠬᠤᠪᠢᠷᠠᠭᠠᠬᠤ ᠪᠠ ᠮᠡᠳᠡᠯᠭᠡ ᠶᠢᠨ ᠦᠮᠴᠢᠯᠡᠯ ᠤᠨ ᠡᠷᠬᠡ ᠶᠢᠨ ᠭᠠᠭᠴᠠᠭᠠᠷ ᠡᠵᠡᠮᠰᠢᠵᠦ ᠬᠡᠷᠡᠭᠵᠢᠭᠦᠯᠬᠦ ᠵᠥᠪᠰᠢᠶᠡᠷᠡᠯ ᠵᠡᠷᠭᠡ ᠶᠢ ᠪᠠᠭᠲᠠᠭᠠᠨ᠎ᠠ᠃
     ᠭᠤᠷᠪᠠᠳᠤᠭᠠᠷ ᠵᠦᠢᠯ ᠮᠡᠷᠭᠡᠵᠢᠯ ᠤᠨ ᠭᠠᠳᠠᠭᠠᠳᠤ ᠭᠠᠷᠭᠠᠯᠭ᠎ᠠ ᠶᠢᠨ ᠠᠵᠢᠯᠯᠠᠭ᠎ᠠ ᠳᠤ᠂ ᠭᠠᠳᠠᠭᠠᠲᠤ ᠳᠤ ᠭᠠᠷᠭᠠᠬᠤ ᠮᠡᠷᠭᠡᠵᠢᠯ ᠨᠢ ᠮᠠᠨ ᠤ ᠤᠯᠤᠰ ᠤᠨ ᠵᠠᠰᠠᠭ ᠤᠨ ᠣᠷᠳᠣᠨ ᠠᠴᠠ ᠭᠠᠳᠠᠭᠠᠲᠤ ᠳᠤ ᠭᠠᠷᠭᠠᠬᠤ ᠶᠢ ᠲᠤᠳᠤᠷᠬᠠᠢ ᠴᠠᠭᠠᠵᠠᠯᠠᠭᠰᠠᠨ᠂ ᠬᠢᠵᠠᠭᠠᠷᠯᠠᠭᠰᠠᠨ ᠮᠡᠷᠭᠡᠵᠢᠯ ᠤᠨ ᠭᠠᠷᠴᠠᠭ ᠲᠠᠬᠢ ᠭᠠᠳᠠᠭᠠᠲᠤ ᠳᠤ ᠭᠠᠷᠭᠠᠬᠤ ᠶᠢ ᠬᠢᠵᠠᠭᠠᠷᠯᠠᠬᠤ ᠮᠡᠷᠭᠡᠵᠢᠯ ᠪᠠᠶᠢᠪᠠᠯ᠂ ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ ᠳᠤ ᠳᠤᠮᠳᠠᠳᠤ ᠤᠯᠤᠰ ᠤᠨ ᠭᠠᠳᠠᠭᠠᠲᠤ ᠳᠤ ᠭᠠᠷᠭᠠᠬᠤ ᠶᠢ ᠬᠢᠵᠠᠭᠠᠷᠯᠠᠬᠤ ᠮᠡᠷᠭᠡᠵᠢᠯ ᠤᠨ ᠭᠤᠶᠤᠴᠢᠯᠠᠬᠤ ᠪᠢᠴᠢᠭ ᠢ ᠲᠤᠰᠢᠶᠠᠭᠠᠳ ᠬᠢᠨᠠᠨ ᠪᠠᠶᠢᠴᠠᠭᠠᠯᠭᠠᠬᠤ ᠪᠠᠷ ᠭᠤᠶᠤᠴᠢᠯᠠᠬᠤ ᠬᠡᠷᠡᠭᠲᠡᠢ᠃
    ᠳᠥᠷᠪᠡᠳᠦᠭᠡᠷ ᠵᠦᠢᠯ ᠤᠷᠭᠤᠮᠠᠯ ᠤᠨ ᠰᠢᠨ᠎ᠡ ᠦᠷ᠎ᠡ ᠡᠭᠦᠯᠳᠡᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠳᠤ ᠬᠤᠯᠪᠣᠭᠳᠠᠭᠰᠠᠨ ᠪᠠᠶᠢᠪᠠᠯ᠂ ︽ᠠᠷᠭ᠎ᠠ︾ ᠤᠨ ᠲᠣᠭᠲᠠᠭᠠᠯ ᠶᠤᠰᠤᠭᠠᠷ ᠲᠥᠷᠥ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠪᠠ ᠣᠢ ᠰᠢᠭᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠷᠭᠤᠮᠠᠯ ᠤᠨ ᠰᠢᠨ᠎ᠡ ᠦᠷ᠎ᠡ ᠡᠭᠦᠯᠳᠡᠷ ᠤᠨ ᠬᠠᠮᠠᠭᠠᠯᠠᠯᠲᠠ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠡᠭᠦᠷᠭᠡ ᠬᠠᠷᠢᠭᠤᠴᠠᠯᠭ᠎ᠠ ᠶᠢᠨ ᠢᠶᠠᠨ ᠶᠤᠰᠤᠭᠠᠷ ᠲᠤᠰ ᠲᠤᠰ ᠲᠤ ᠨᠢ ᠬᠢᠨᠠᠨ ᠬᠠᠷᠭᠤᠭᠤᠯᠬᠤ ᠬᠡᠷᠡᠭᠲᠡᠢ᠃
     ᠲᠠᠪᠤᠳᠤᠭᠠᠷ ᠵᠦᠢᠯ ᠬᠢᠨᠠᠨ ᠪᠠᠶᠢᠴᠠᠭᠠᠬᠤ ᠠᠭᠤᠯᠭ᠎ᠠ᠄
     ︵ᠨᠢᠭᠡ︶ ᠮᠡᠳᠡᠯᠭᠡ ᠶᠢᠨ ᠦᠮᠴᠢᠯᠡᠯ ᠤᠨ ᠡᠷᠬᠡ ᠶᠢ ᠭᠠᠳᠠᠭᠠᠲᠤ ᠳᠤ ᠰᠢᠯᠵᠢᠭᠦᠯᠦᠨ ᠥᠭᠬᠦ ᠨᠢ ᠮᠠᠨ ᠤ ᠤᠯᠤᠰ ᠤᠨ ᠠᠮᠦᠷ ᠲᠥᠪᠰᠢᠨ ᠳᠤ ᠦᠵᠡᠭᠦᠯᠬᠦ ᠨᠦᠯᠦᠭᠡ︔
     ︵ᠬᠤᠶᠠᠷ︶ ᠮᠡᠳᠡᠯᠭᠡ ᠶᠢᠨ ᠦᠮᠴᠢᠯᠡᠯ ᠤᠨ ᠡᠷᠬᠡ ᠶᠢ ᠭᠠᠳᠠᠭᠠᠲᠤ ᠳᠤ ᠰᠢᠯᠵᠢᠭᠦᠯᠦᠨ ᠥᠭᠬᠦ ᠨᠢ ᠮᠠᠨ ᠤ ᠤᠯᠤᠰ ᠤᠨ ᠴᠢᠬᠤᠯᠠ ᠬᠦᠷᠢᠶ᠎ᠡ ᠴᠠᠷᠠᠭᠠᠨ ᠳᠠᠬᠢ ᠭᠤᠣᠯᠯᠠᠭᠰᠠᠨ ᠵᠠᠩᠬᠢᠯᠠᠭ᠎ᠠ ᠶᠢᠨ ᠮᠡᠷᠭᠡᠵᠢᠯ ᠤᠨ ᠰᠢᠨ᠎ᠡ ᠡᠭᠦᠳᠦᠯᠲᠡ ᠲᠠᠢ ᠪᠠᠷ ᠬᠥᠭᠵᠢᠬᠦ ᠴᠢᠳᠠᠪᠤᠷᠢ ᠳᠤ ᠦᠵᠡᠭᠦᠯᠬᠦ ᠨᠦᠯᠦᠭᠡ︔
     ᠵᠢᠷᠭᠤᠳᠤᠭᠠᠷ ᠵᠦᠢᠯ ︽ᠠᠷᠭ᠎ᠠ︾ ᠳᠤ ᠳᠤᠷᠠᠳᠤᠭᠰᠠᠨ ᠬᠠᠮᠢᠶ᠎ᠠ ᠪᠦᠬᠦᠢ ᠨᠢᠭᠡᠴᠢ ᠵᠢᠴᠢ ᠲᠡᠭᠦᠨ ᠤ ᠡᠭᠦᠷᠭᠡ ᠠᠵᠢᠯ ᠤᠨ ᠬᠤᠪᠢᠶᠠᠷᠢᠯᠠᠯ᠄
     ︵ᠨᠢᠭᠡ︶ ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ ᠨᠢ ᠮᠡᠷᠭᠡᠵᠢᠯ ᠤᠨ ᠭᠠᠳᠠᠭᠠᠲᠤ ᠭᠠᠷᠭᠠᠯᠭ᠎ᠠ ᠶᠢ ᠡᠵᠡᠩᠨᠡᠭᠴᠢ ᠶᠢᠨ ᠲᠤᠰᠢᠶᠠᠭᠰᠠᠨ ᠳᠤᠮᠳᠠᠳᠤ ᠤᠯᠤᠰ ᠤᠨ ᠭᠠᠳᠠᠭᠠᠲᠤ ᠳᠤ ᠭᠠᠷᠭᠠᠬᠤ ᠶᠢ ᠬᠢᠵᠠᠭᠠᠷᠯᠠᠬᠤ ᠮᠡᠷᠭᠡᠵᠢᠯ ᠤᠨ ᠭᠤᠶᠤᠴᠢᠯᠠᠬᠤ ᠪᠢᠴᠢᠭ ᠢ ᠨᠢ ᠬᠦᠯᠢᠶᠡᠵᠦ ᠠᠪᠬᠤ︔ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠦᠷᠦᠯ ᠢᠯᠭᠠᠯ ᠢ ᠦᠨᠳᠦᠰᠦᠯᠡᠵᠦ ᠬᠢᠨᠠᠭᠤᠯᠬᠤ ᠪᠠᠷ ᠪᠠᠶᠢᠭ᠎ᠠ ᠮᠠᠲ᠋ᠧᠷᠢᠶᠠᠯ ᠤᠳ ᠢ ᠲᠦᠷᠦᠯ ᠬᠤᠪᠢᠶᠠᠨ ᠳᠠᠮᠵᠢᠭᠤᠯᠤᠨ ᠬᠦᠷᠭᠡᠬᠦ︔ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠪᠢᠴᠢᠭᠯᠡᠭᠰᠡᠨ ᠰᠠᠨᠠᠯ ᠢ ᠦᠨᠳᠦᠰᠦᠯᠡᠵᠦ ᠬᠢᠨᠠᠨ ᠪᠠᠶᠢᠴᠠᠭᠠᠬᠤ ᠶᠢᠨ ᠬᠠᠮᠲᠤ ᠬᠢᠨᠠᠨ ᠪᠠᠶᠢᠴᠠᠭᠠᠭᠰᠠᠨ ᠲᠣᠭᠲᠠᠭᠠᠯ ᠭᠠᠷᠭᠠᠬᠤ ᠠᠵᠢᠯ ᠤᠳ ᠢ ᠬᠠᠷᠢᠭᠤᠴᠠᠨ᠎ᠠ︔
     ︵ᠬᠤᠶᠠᠷ︶ ᠦᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠪᠴᠢᠶ᠎ᠠ ᠨᠢ ᠲᠤᠰᠬᠠᠢ ᠠᠰᠢᠭ ᠤᠨ ᠡᠷᠬᠡ᠂ ᠬᠤᠷᠠᠮᠠᠯ ᠴᠠᠬᠢᠯᠭᠠᠨ ᠬᠡᠯᠬᠢᠶ᠎ᠡ ᠶᠢᠨ ᠪᠠᠶᠢᠷᠢᠯᠠᠯ ᠤᠨ ᠵᠢᠷᠤᠭ ᠢ ᠵᠢᠷᠤᠵᠤ ᠲᠦᠯᠦᠪᠯᠡᠬᠦ ᠲᠤᠰᠬᠠᠢ ᠡᠷᠬᠡ ᠵᠡᠷᠭᠡ ᠳᠤ ᠬᠤᠯᠪᠣᠭᠳᠠᠭᠰᠠᠨ ᠬᠢᠨᠠᠭᠤᠯᠬᠤ ᠪᠠᠷ ᠬᠦᠷᠭᠡᠭᠰᠡᠨ ᠮᠠᠲ᠋ᠧᠷᠢᠶᠠᠯ ᠤᠳ ᠢ ᠬᠦᠯᠢᠶᠡᠨ ᠠᠪᠴᠤ ᠬᠢᠨᠠᠨ ᠪᠠᠶᠢᠴᠠᠭᠠᠬᠤ ᠶᠢᠨ ᠬᠠᠮᠲᠤ᠂ ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ ᠳᠤ ᠪᠢᠴᠢᠭ ᠢᠶᠠᠷ ᠬᠠᠷᠢᠭᠤ ᠲᠤᠰᠬᠠᠬᠤ ᠶᠢ ᠬᠠᠷᠢᠭᠤᠴᠠᠨ᠎ᠠ︔
     ︵ᠭᠤᠷᠪᠠ︶ ᠦᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠭᠢᠮ ᠨᠢ ᠺᠣᠮᠫᠢᠦ᠋ᠲ᠋ᠧᠷ ᠤᠨ ᠵᠦᠭᠡᠯᠡᠨ ᠬᠡᠷᠡᠭᠰᠡᠯ ᠤᠨ ᠵᠣᠬᠢᠶᠠᠨ ᠪᠦᠲᠦᠭᠡᠬᠦ ᠡᠷᠬᠡ ᠶᠢ ᠭᠠᠳᠠᠭᠠᠲᠤ ᠳᠤ ᠰᠢᠯᠵᠢᠭᠦᠯᠦᠨ ᠥᠭᠬᠦ ᠲᠠᠢ ᠬᠤᠯᠪᠣᠭᠳᠠᠭᠰᠠᠨ ᠬᠢᠨᠠᠭᠤᠯᠬᠤ ᠪᠠᠷ ᠬᠦᠷᠭᠡᠭᠰᠡᠨ ᠡᠳ᠋ ᠮᠠᠲ᠋ᠧᠷᠢᠶᠠᠯ ᠤᠳ ᠢ ᠬᠦᠯᠢᠶᠡᠨ ᠠᠪᠴᠤ ᠬᠢᠨᠠᠨ ᠪᠠᠶᠢᠴᠠᠭᠠᠬᠤ ᠶᠢᠨ ᠬᠠᠮᠲᠤ᠂ ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ ᠳᠤ ᠪᠢᠴᠢᠭ ᠢᠶᠠᠷ ᠬᠠᠷᠢᠭᠤ ᠲᠤᠰᠬᠠᠬᠤ ᠶᠢ ᠬᠠᠷᠢᠭᠤᠴᠠᠨ᠎ᠠ᠃
     ᠳᠤᠯᠤᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ ᠨᠢ ᠮᠡᠷᠭᠡᠵᠢᠯ ᠤᠨ ᠭᠠᠳᠠᠭᠠᠳᠤ ᠭᠠᠷᠭᠠᠯᠭ᠎ᠠ ᠶᠢ ᠡᠵᠡᠩᠨᠡᠭᠴᠢ ᠶᠢᠨ ᠲᠤᠰᠢᠶᠠᠭᠰᠠᠨ ᠳᠤᠮᠳᠠᠳᠤ ᠤᠯᠤᠰ ᠤᠨ ᠭᠠᠳᠠᠭᠠᠳᠤ ᠳᠤ ᠭᠠᠷᠭᠠᠬᠤ ᠶᠢ ᠬᠢᠵᠠᠭᠠᠷᠯᠠᠬᠤ ᠮᠡᠷᠭᠡᠵᠢᠯ ᠤᠨ ᠭᠤᠶᠤᠴᠢᠯᠠᠬᠤ ᠪᠢᠴᠢᠭ ᠢ ᠣᠯᠣᠭᠰᠠᠨ ᠤ ᠳᠠᠷᠠᠭ᠎ᠠ᠂ ᠲᠤᠰᠬᠠᠢ ᠠᠰᠢᠭ ᠤᠨ ᠡᠷᠬᠡ᠂ ᠬᠤᠷᠠᠮᠠᠯ ᠴᠠᠬᠢᠯᠭᠠᠨ ᠬᠡᠯᠬᠢᠶ᠎ᠡ ᠶᠢᠨ ᠪᠠᠶᠢᠷᠢᠯᠠᠯ ᠤᠨ ᠵᠢᠷᠤᠭ ᠢ ᠵᠢᠷᠤᠵᠤ ᠲᠦᠯᠦᠪᠯᠡᠬᠦ ᠲᠤᠰᠬᠠᠢ ᠡᠷᠬᠡ ᠶᠢ ᠭᠠᠳᠠᠭᠠᠲᠤ ᠳᠤ ᠰᠢᠯᠵᠢᠭᠦᠯᠦᠨ ᠥᠭᠬᠦ ᠲᠠᠢ ᠬᠤᠯᠪᠣᠭᠳᠠᠭᠰᠠᠨ ᠪᠠᠶᠢᠪᠠᠯ᠂ ᠬᠠᠷᠠᠭᠠᠯᠵᠠᠭᠰᠠᠨ ᠡᠳ᠋ ᠮᠠᠲ᠋ᠧᠷᠢᠶᠠᠯ ᠢ ᠦᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠪᠴᠢᠶ᠎ᠠ ᠳᠤ ᠰᠢᠯᠵᠢᠭᠦᠯᠦᠨ ᠬᠦᠷᠭᠡᠬᠦ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠪᠴᠢᠶ᠎ᠠ ᠨᠢ ᠡᠳ᠋ ᠮᠠᠲ᠋ᠧᠷᠢᠶᠠᠯ ᠢ ᠣᠯᠣᠭᠰᠠᠨ ᠡᠳᠦᠷ ᠠᠴᠠ ᠪᠠᠨ ᠡᠬᠢᠯᠡᠵᠦ 15 ᠠᠵᠢᠯᠯᠠᠬᠤ ᠡᠳᠦᠷ ᠲᠤ ᠬᠢᠨᠠᠨ ᠪᠠᠶᠢᠴᠠᠭᠠᠵᠤ ᠳᠠᠭᠤᠰᠬᠠᠭᠠᠳ ᠪᠢᠴᠢᠭᠯᠡᠭᠰᠡᠨ ᠰᠠᠨᠠᠯ ᠤᠨ ᠪᠢᠴᠢᠭ ᠭᠠᠷᠭᠠᠬᠤ ᠶᠢᠨ ᠬᠠᠮᠲᠤ᠂ ᠰᠠᠨᠠᠯ ᠤᠨ ᠪᠢᠴᠢᠭ ᠢᠶᠠᠨ ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ ᠳᠤ ᠬᠠᠷᠢᠭᠤ ᠲᠤᠰᠬᠠᠬᠤ ᠪᠦᠭᠡᠳ ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠪᠴᠢᠶ᠎ᠠ ᠳᠤ ᠮᠡᠳᠡᠭᠦᠯᠵᠦ ᠪᠦᠷᠢᠳᠭᠡᠨ ᠳᠠᠩᠰᠠᠯᠠᠭᠤᠯᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ ᠨᠢ ᠦᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠪᠴᠢᠶ᠎ᠠ ᠶᠢᠨ ᠭᠠᠷᠭᠠᠭᠰᠠᠨ ᠪᠢᠴᠢᠭᠯᠡᠭᠰᠡᠨ ᠰᠠᠨᠠᠯ ᠤᠨ ᠪᠢᠴᠢᠭ ᠢᠶᠠᠷ ᠦᠨᠳᠦᠰᠦᠯᠡᠯ ᠪᠣᠯᠭᠠᠬᠤ ᠶᠢᠨ ᠬᠠᠮᠲᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠡᠷᠭᠡᠵᠢᠯ ᠤᠨ ᠭᠠᠷᠭᠠᠯᠭ᠎ᠠ ᠶᠢᠨ ᠬᠠᠮᠢᠶᠠᠷᠤᠯᠲᠠ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ᠂ ᠬᠦᠯᠢᠶᠡᠨ ᠠᠪᠤᠭᠰᠠᠨ ᠡᠳᠦᠷ ᠠᠴᠠ ᠪᠠᠨ ᠡᠬᠢᠯᠡᠵᠦ 30 ᠠᠵᠢᠯᠯᠠᠬᠤ ᠡᠳᠦᠷ ᠲᠤ ᠬᠢᠨᠠᠨ ᠪᠠᠶᠢᠴᠠᠭᠠᠭᠰᠠᠨ ᠲᠣᠭᠲᠠᠭᠠᠯ ᠭᠠᠷᠭᠠᠬᠤ ᠬᠡᠷᠡᠭᠲᠡᠢ᠃
     ᠨᠠᠢᠮᠠᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ ᠨᠢ ᠺᠣᠮᠫᠢᠦ᠋ᠲ᠋ᠧᠷ ᠤᠨ ᠵᠦᠭᠡᠯᠡᠨ ᠬᠡᠷᠡᠭᠰᠡᠯ ᠤᠨ ᠵᠣᠬᠢᠶᠠᠨ ᠪᠦᠲᠦᠭᠡᠬᠦ ᠡᠷᠬᠡ ᠶᠢ ᠭᠠᠳᠠᠭᠠᠲᠤ ᠳᠤ ᠰᠢᠯᠵᠢᠭᠦᠯᠦᠨ ᠥᠭᠬᠦ ᠲᠠᠢ ᠬᠤᠯᠪᠣᠭᠳᠠᠭᠰᠠᠨ ᠬᠢᠨᠠᠨ ᠪᠠᠶᠢᠴᠠᠭᠠᠯᠭᠠᠬᠤ ᠭᠤᠶᠤᠴᠢᠯᠠᠯ ᠢ ᠣᠯᠣᠭᠰᠠᠨ ᠤ ᠳᠠᠷᠠᠭ᠎ᠠ᠂ ᠬᠠᠷᠠᠭᠠᠯᠵᠠᠭᠰᠠᠨ ᠡᠳ᠋ ᠮᠠᠲ᠋ᠧᠷᠢᠶᠠᠯ ᠢ ᠦᠪᠡᠷᠲᠡᠭᠡᠨ ᠵᠠᠰᠬᠠᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠭᠢᠮ ᠳᠤ ᠰᠢᠯᠵᠢᠭᠦᠯᠦᠨ ᠬᠦᠷᠭᠡᠬᠦ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠭᠢᠮ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠡᠷᠭᠡᠵᠢᠯ ᠤᠨ ᠭᠠᠳᠠᠭᠠᠳᠤ ᠭᠠᠷᠭᠠᠯᠭ᠎ᠠ ᠶᠢᠨ ᠬᠠᠮᠢᠶᠠᠷᠤᠯᠲᠠ ᠶᠢᠨ ᠳᠦᠷᠢᠮ︾ ︽ᠺᠣᠮᠫᠢᠦ᠋ᠲ᠋ᠧᠷ ᠤᠨ ᠵᠦᠭᠡᠯᠡᠨ ᠬᠡᠷᠡᠭᠰᠡᠯ ᠤᠨ ᠬᠠᠮᠠᠭᠠᠯᠠᠯᠲᠠ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ ᠺᠣᠮᠫᠢᠦ᠋ᠲ᠋ᠧᠷ ᠤᠨ ᠵᠦᠭᠡᠯᠡᠨ ᠬᠡᠷᠡᠭᠰᠡᠯ ᠤᠨ ᠵᠣᠬᠢᠶᠠᠨ ᠪᠦᠲᠦᠭᠡᠬᠦ ᠡᠷᠬᠡ ᠶᠢ ᠭᠠᠳᠠᠭᠠᠲᠤ ᠳᠤ ᠰᠢᠯᠵᠢᠭᠦᠯᠦᠨ ᠥᠭᠬᠦ ᠲᠠᠢ ᠬᠤᠯᠪᠣᠭᠳᠠᠭᠰᠠᠨ ᠭᠤᠶᠤᠴᠢᠯᠠᠯ ᠢ ᠲᠤᠰ ᠲᠤᠰ ᠲᠤ ᠨᠢ ᠬᠢᠨᠠᠨ ᠪᠠᠶᠢᠴᠠᠭᠠᠵᠤ᠂ ᠮᠠᠲ᠋ᠧᠷᠢᠶᠠᠯ ᠢ ᠣᠯᠣᠭᠰᠠᠨ ᠡᠳᠦᠷ ᠠᠴᠠ ᠪᠠᠨ ᠡᠬᠢᠯᠡᠵᠦ 15 ᠠᠵᠢᠯᠯᠠᠬᠤ ᠡᠳᠦᠷ ᠲᠤ ᠬᠢᠨᠠᠨ ᠪᠠᠶᠢᠴᠠᠭᠠᠵᠤ ᠳᠠᠭᠤᠰᠬᠠᠭᠠᠳ ᠪᠢᠴᠢᠭᠯᠡᠭᠰᠡᠨ ᠰᠠᠨᠠᠯ ᠤᠨ ᠪᠢᠴᠢᠭ ᠭᠠᠷᠭᠠᠬᠤ ᠶᠢᠨ ᠬᠠᠮᠲᠤ᠂ ᠰᠠᠨᠠᠯ ᠤᠨ ᠪᠢᠴᠢᠭ ᠢᠶᠠᠨ ᠦᠪᠡᠷᠲᠡᠭᠡᠨ ᠵᠠᠰᠬᠠᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ ᠳᠤ ᠬᠠᠷᠢᠭᠤ ᠲᠤᠰᠬᠠᠬᠤ ᠬᠡᠷᠡᠭᠲᠡᠢ᠃ ᠦᠪᠡᠷᠲᠡᠭᠡᠨ ᠵᠠᠰᠬᠠᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ ᠨᠢ ᠦᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠭᠢᠮ ᠪᠣᠯᠣᠨ ᠲᠤᠰ ᠰᠠᠯᠠᠭ᠎ᠠ ᠮᠦᠴᠢᠷ ᠤᠨ ᠬᠢᠨᠠᠨ ᠪᠠᠶᠢᠴᠠᠭᠠᠭᠰᠠᠨ ᠦᠷ᠎ᠡ ᠳ᠋ᠦᠩ ᠲᠠᠢ ᠤᠶᠠᠯᠳᠤᠭᠤᠯᠤᠨ᠂ ᠬᠦᠯᠢᠶᠡᠨ ᠠᠪᠤᠭᠰᠠᠨ ᠡᠳᠦᠷ ᠠᠴᠠ ᠪᠠᠨ ᠡᠬᠢᠯᠡᠵᠦ 30 ᠠᠵᠢᠯᠯᠠᠬᠤ ᠡᠳᠦᠷ ᠲᠤ ᠬᠢᠨᠠᠨ ᠪᠠᠶᠢᠴᠠᠭᠠᠭᠰᠠᠨ ᠲᠣᠭᠲᠠᠭᠠᠯ ᠭᠠᠷᠭᠠᠨ᠎ᠠ᠃ ᠭᠠᠳᠠᠭᠠᠲᠤ ᠳᠤ ᠰᠢᠯᠵᠢᠭᠦᠯᠵᠦ ᠥᠭᠭᠦᠭᠰᠡᠨ ᠺᠣᠮᠫᠢᠦ᠋ᠲ᠋ᠧᠷ ᠤᠨ ᠵᠦᠭᠡᠯᠡᠨ ᠬᠡᠷᠡᠭᠰᠡᠯ ᠤᠨ ᠵᠣᠬᠢᠶᠠᠨ ᠪᠦᠲᠦᠭᠡᠬᠦ ᠡᠷᠬᠡ ᠶᠢ ᠳᠤᠮᠳᠠᠳᠤ ᠤᠯᠤᠰ ᠤᠨ ᠬᠡᠪᠯᠡᠭᠦᠯᠬᠦ ᠡᠷᠬᠡ ᠶᠢᠨ ᠬᠠᠮᠠᠭᠠᠯᠠᠯᠲᠠ ᠶᠢᠨ ᠲᠥᠪ ᠲᠤ ᠨᠢᠭᠡᠨᠲᠡ ᠲᠡᠮᠲᠡᠭᠯᠡᠭᠦᠯᠦᠭᠰᠡᠨ ᠪᠠᠶᠢᠪᠠᠯ᠂ ᠦᠪᠡᠷᠲᠡᠭᠡᠨ ᠵᠠᠰᠬᠠᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ ᠨᠢ ᠬᠢᠨᠠᠨ ᠪᠠᠶᠢᠴᠠᠭᠠᠭᠰᠠᠨ ᠲᠣᠭᠲᠠᠭᠠᠯ ᠭᠠᠷᠭᠠᠭᠰᠠᠨ ᠤ ᠳᠠᠷᠠᠭᠠᠬᠢ 5 ᠠᠵᠢᠯᠯᠠᠬᠤ ᠡᠳᠦᠷ ᠲᠤ ᠬᠢᠨᠠᠨ ᠪᠠᠶᠢᠴᠠᠭᠠᠭᠰᠠᠨ ᠦᠷ᠎ᠡ ᠳ᠋ᠦᠩ ᠢᠶᠠᠨ ᠳᠤᠮᠳᠠᠳᠤ ᠤᠯᠤᠰ ᠤᠨ ᠬᠡᠪᠯᠡᠭᠦᠯᠬᠦ ᠡᠷᠬᠡ ᠶᠢᠨ ᠬᠠᠮᠠᠭᠠᠯᠠᠯᠲᠠ ᠶᠢᠨ ᠲᠥᠪ ᠲᠤ ᠮᠡᠳᠡᠭᠡᠯᠡᠨ ᠨᠡᠪᠲᠡᠷᠡᠭᠦᠯᠬᠦ ᠬᠡᠷᠡᠭᠲᠡᠢ᠃
     ᠶᠢᠰᠦᠳᠦᠭᠡᠷ ᠵᠦᠢᠯ ᠦᠪᠡᠷᠲᠡᠭᠡᠨ ᠵᠠᠰᠬᠠᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠭᠢᠮ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠪᠴᠢᠶ᠎ᠠ ᠨᠢ ᠲᠤᠰ ᠨᠢᠭᠡᠴᠢ ᠶᠢᠨ ᠢᠶᠠᠨ ᠬᠢᠨᠠᠨ ᠪᠠᠶᠢᠴᠠᠭᠠᠬᠤ ᠠᠵᠢᠯ ᠤᠨ ᠳᠦᠷᠢᠮᠯᠡᠯ ᠢ ᠲᠣᠭᠲᠠᠭᠠᠵᠤ᠂ ᠬᠢᠨᠠᠨ ᠪᠠᠶᠢᠴᠠᠭᠠᠬᠤ ᠮᠠᠲ᠋ᠧᠷᠢᠶᠠᠯ᠂ ᠠᠵᠢᠯᠯᠠᠭᠤᠯᠬᠤ ᠵᠦᠭᠯᠡᠭᠦᠷ᠂ ᠬᠢᠨᠠᠨ ᠪᠠᠶᠢᠴᠠᠭᠠᠬᠤ ᠬᠤᠭᠤᠴᠠᠭ᠎ᠠ ᠬᠢᠵᠠᠭᠠᠷ ᠢ ᠲᠤᠳᠤᠷᠬᠠᠶᠢᠯᠠᠬᠤ ᠶᠢᠨ ᠬᠠᠮᠲᠤ ᠨᠡᠶᠢᠲᠡ ᠳᠤ ᠵᠠᠷᠯᠠᠬᠤ ᠬᠡᠷᠡᠭᠲᠡᠢ᠃
     ᠠᠷᠪᠠᠳᠤᠭᠠᠷ ᠵᠦᠢᠯ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠠᠵᠢᠯᠲᠠᠳ ᠮᠡᠳᠡᠯᠭᠡ ᠶᠢᠨ ᠦᠮᠴᠢᠯᠡᠯ ᠤᠨ ᠡᠷᠬᠡ ᠶᠢ ᠭᠠᠳᠠᠭᠠᠲᠤ ᠳᠤ ᠰᠢᠯᠵᠢᠭᠦᠯᠦᠨ ᠥᠭᠬᠦ ᠬᠤᠶᠠᠷ ᠡᠲᠡᠭᠡᠳ ᠤᠨ ᠬᠤᠳᠠᠯᠳᠤᠭᠠᠨ ᠤ ᠨᠢᠭᠤᠴᠠ ᠶᠢ ᠨᠢ ᠬᠠᠮᠠᠭᠠᠯᠠᠵᠤ᠂ ᠬᠢᠴᠢᠶᠡᠨ ᠴᠢᠷᠮᠠᠶᠢᠵᠤ ᠬᠠᠷᠢᠭᠤᠴᠠᠯᠭ᠎ᠠ ᠪᠠᠨ ᠭᠦᠢᠴᠡᠳᠭᠡᠨ᠂ ᠵᠤᠷᠢᠭᠤᠲᠠ ᠪᠤᠶᠤ ᠴᠢᠬᠤᠯᠠ ᠶᠡᠭᠡ ᠠᠯᠳᠠᠭ᠎ᠠ ᠠᠴᠠ ᠪᠣᠯᠵᠤ ᠮᠠᠭᠤ ᠤᠷᠰᠢᠭ ᠨᠦᠯᠦᠭᠡ ᠭᠠᠷᠭᠠᠭᠰᠠᠨ ᠪᠣᠯ᠂ ᠬᠠᠤᠯᠢ ᠶᠤᠰᠤᠭᠠᠷ ᠵᠣᠬᠢᠬᠤ ᠬᠠᠷᠢᠭᠤᠴᠠᠯᠭ᠎ᠠ ᠶᠢ ᠨᠢ ᠨᠡᠬᠡᠮᠵᠢᠯᠡᠬᠦ ᠬᠡᠷᠡᠭᠲᠡᠢ᠃
     ᠠᠷᠪᠠᠨ ᠨᠢᠭᠡᠳᠦᠭᠡᠷ ᠵᠦᠢᠯ ᠮᠡᠳᠡᠯᠭᠡ ᠶᠢᠨ ᠦᠮᠴᠢᠯᠡᠯ ᠤᠨ ᠡᠷᠬᠡ ᠶᠢ ᠭᠠᠳᠠᠭᠠᠲᠤ ᠳᠤ ᠰᠢᠯᠵᠢᠭᠦᠯᠦᠨ ᠥᠭᠬᠦ ᠨᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠦᠷ ᠲᠥᠪᠰᠢᠨ ᠳᠤ ᠬᠤᠯᠪᠣᠭᠳᠠᠭᠰᠠᠨ ᠪᠣᠯ᠂ ᠲᠤᠰ ᠬᠡᠷᠡᠭᠵᠢᠭᠦᠯᠬᠦ ᠨᠠᠷᠢᠨ ᠳᠦᠷᠢᠮ ᠢ ᠲᠣᠬᠢᠷᠠᠭᠤᠯᠤᠨ ᠬᠡᠷᠡᠭᠯᠡᠵᠦ ᠪᠣᠯᠬᠤ ᠦᠭᠡᠢ᠃
     ᠠᠷᠪᠠᠨ ᠬᠤᠶᠠᠳᠤᠭᠠᠷ ᠵᠦᠢᠯ ᠲᠤᠰ ᠬᠡᠷᠡᠭᠵᠢᠭᠦᠯᠬᠦ ᠨᠠᠷᠢᠨ ᠳᠦᠷᠢᠮ ᠨᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
                        ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ