ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2019/3/28
     ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ                                    238 ᠳ᠋ᠤᠭᠠᠷ ᠲᠤᠭᠠᠳᠤ      ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠠᠷᠭ᠎ᠠ︾ ᠶᠢ 2018 ᠣᠨ ᠤ 12 ᠳ᠋ᠤᠭᠠᠷ ᠰᠠᠷ᠎ᠠ ᠶᠢᠨ 13 ᠤ ᠡᠳᠦᠷ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 26 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠨᠢᠭᠡᠨᠲᠡ ᠬᠢᠨᠠᠨ ᠵᠦᠪᠯᠡᠵᠦ ᠪᠠᠲᠤᠯᠠᠭᠠᠳ ᠡᠳᠦᠭᠡ ᠨᠡᠶᠢᠲᠡᠯᠡᠪᠡ᠂ 2019 ᠣᠨ ᠤ 2 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃                                 ᠦᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ  ᠪᠦ᠋ ᠰᠢᠶᠣᠣ ᠯᠢᠨ     ᠨᠢᠭᠡᠳᠦᠭᠡᠷ ᠪᠦᠯᠦᠭ   ᠶᠡᠷᠦᠩᠬᠡᠶ ᠲᠦᠷᠢᠮ      ᠨᠢᠭᠡᠳᠦᠭᠡᠷ ᠵᠦᠢᠯ   ᠦᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠵᠤ᠂ ᠪᠠᠶᠢᠭᠤᠯᠭ᠎ᠠ ᠶᠢᠨ ᠬᠡᠪ ᠤᠨ ᠠᠵᠢᠯᠯᠠᠭᠠᠨ ᠢ ᠪᠠᠲᠤᠯᠠᠨ᠂ ᠪᠠᠶᠢᠭᠤᠯᠭ᠎ᠠ ᠶᠢᠨ ᠠᠵᠢᠯᠯᠠᠭᠠᠨ ᠤ ᠦᠪᠡᠷ ᠤᠨ ᠥᠷᠲᠡᠭ ᠢ ᠪᠠᠭᠤᠷᠠᠭᠤᠯᠵᠤ᠂ ᠠᠷᠪᠢᠯᠠᠵᠤ ᠭᠠᠮᠨᠠᠬᠤ ᠬᠡᠯᠪᠡᠷᠢ ᠪᠦᠬᠦᠢ ᠪᠠᠶᠢᠭᠤᠯᠭ᠎ᠠ ᠶᠢ ᠪᠦᠲᠦᠭᠡᠨ ᠪᠠᠶᠢᠭᠤᠯᠬᠤ ᠶᠢᠨ ᠲᠤᠰᠠᠳᠠ᠂ ︽ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ︾ ︽ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠬᠢ ᠠᠷᠪᠢᠯᠠᠬᠤ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠵᠦ᠂ ᠦᠪᠡᠷᠲᠡᠭᠡᠨ ᠵᠠᠰᠠᠬᠤ ᠣᠷᠣᠨ ᠤ ᠪᠣᠲᠠᠲᠠᠢ ᠲᠠᠢ ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ   ᠦᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠦᠴᠢᠷ ᠤᠳ ᠤᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠠᠵᠢᠯᠯᠠᠭ᠎ᠠ ᠳᠤ ᠲᠤᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ᠃      ᠭᠤᠷᠪᠠᠳᠤᠭᠠᠷ ᠵᠦᠢᠯ   ᠪᠠᠶᠢᠭᠤᠯᠭ᠎ᠠ ᠶᠢᠨ ᠶᠠᠪᠤᠳᠠᠯ ᠤᠨ ᠠᠵᠢᠯ ᠨᠢ ᠲᠦᠪᠯᠡᠷᠡᠭᠦᠯᠦᠨ ᠨᠢᠭᠡᠳᠭᠡᠬᠦ᠂ ᠰᠠᠶᠢᠲᠤᠷ ᠪᠠᠲᠤᠯᠠᠬᠤ᠂ ᠰᠠᠶᠢᠲᠤᠷ ᠭᠠᠮᠨᠠᠨ ᠠᠷᠪᠢᠯᠠᠬᠤ᠂ ᠪᠣᠲᠠᠲᠠᠢ ᠠᠵᠢᠯᠯᠠᠭ᠎ᠠ ᠶᠢ ᠡᠷᠬᠢᠮᠯᠡᠨ ᠦᠨᠳᠦᠷ ᠪᠦᠲᠦᠮᠵᠢᠲᠡᠢ ᠪᠠᠷ ᠠᠵᠢᠯᠯᠠᠬᠤ᠂ ᠢᠯᠡ ᠲᠤᠳᠣ ᠪᠠᠶᠢᠯᠭᠠᠬᠤ ᠵᠠᠷᠴᠢᠮ ᠢ ᠵᠢᠷᠤᠮᠯᠠᠬᠤ ᠬᠡᠷᠡᠭᠲᠡᠢ᠃      ᠳᠦᠷᠪᠡᠳᠦᠭᠡᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠤᠰ ᠱᠠᠲᠤᠨ ᠤ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠶᠠᠪᠤᠳᠠᠯ ᠤᠨ ᠨᠢᠭᠡᠲᠦᠯᠲᠡᠢ ᠬᠠᠮᠢᠶᠠᠷᠤᠯᠲᠠ ᠶᠢ ᠠᠬᠢᠭᠤᠯᠵᠤ᠂ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠢ ᠲᠤᠳᠤᠷᠬᠠᠶᠢᠯᠠᠨ᠂ ᠬᠠᠮᠢᠶᠠᠷᠤᠯᠲᠠ ᠶᠢᠨ ᠳᠦᠷᠢᠮ ᠪᠣᠯᠣᠨ ᠪᠠᠷᠢᠮᠵᠢᠶ᠎ᠠ ᠶᠢ ᠪᠠᠶᠢᠭᠤᠯᠤᠨ ᠪᠦᠷᠢᠨᠰᠢᠭᠦᠯᠵᠦ᠂ ᠡᠬᠢ ᠪᠠᠶᠠᠯᠢᠭ ᠢ ᠨᠢᠭᠡᠲᠦᠯᠲᠡᠢ ᠲᠦᠯᠦᠪᠯᠡᠨ ᠲᠣᠬᠢᠷᠠᠭᠤᠯᠵᠤ ᠳᠦᠬᠦᠷᠵᠢᠭᠦᠯᠬᠦ ᠪᠠ ᠠᠷᠪᠢᠯᠠᠨ ᠠᠰᠢᠭᠯᠠᠬᠤ ᠬᠡᠷᠡᠭᠲᠡᠢ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠨᠢ ᠲᠤᠰ ᠰᠠᠯᠠᠭ᠎ᠠ ᠮᠦᠴᠢᠷ ᠤᠨ ᠪᠠᠶᠢᠭᠤᠯᠭ᠎ᠠ ᠶᠢᠨ ᠶᠠᠪᠤᠳᠠᠯ ᠢᠶᠠᠨ ᠲᠦᠪᠯᠡᠷᠡᠭᠦᠯᠦᠨ ᠬᠠᠮᠢᠶᠠᠷᠴᠤ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠪᠣᠯᠣᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃      ᠲᠠᠪᠤᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠳᠣᠣᠷᠠᠳᠤ ᠱᠠᠲᠤᠨ ᠤ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠶᠠᠪᠤᠳᠠᠯ ᠤᠨ ᠠᠵᠢᠯ ᠢ ᠵᠢᠯᠤᠭᠤᠳᠴᠤ᠂ ᠲᠤᠰ ᠱᠠᠲᠤᠨ ᠤ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠶᠠᠪᠤᠳᠠᠯ ᠤᠨ ᠠᠵᠢᠯ ᠢ ᠭᠤᠣᠯᠴᠢᠯᠠᠨ ᠬᠠᠮᠢᠶᠠᠷᠤᠨ᠎ᠠ᠃      ᠵᠢᠷᠭᠤᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠪᠠᠶᠢᠭᠤᠯᠭ᠎ᠠ ᠶᠢᠨ ᠶᠠᠪᠤᠳᠠᠯ ᠤᠨ ᠮᠡᠳᠡᠭᠡ ᠵᠠᠩᠬᠢᠴᠢᠯᠠᠬᠤ ᠪᠠᠶᠢᠭᠤᠯᠤᠯᠲᠠ ᠶᠢ ᠠᠬᠢᠭᠤᠯᠵᠤ᠂ ᠵᠠᠷᠤᠳᠠᠯ᠂ ᠡᠳ᠋ ᠬᠦᠷᠦᠩᠭᠡ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ᠂ ᠡᠨᠧᠷᠬᠢ ᠪᠠ ᠡᠬᠢ ᠪᠠᠶᠠᠯᠢᠭ ᠢ ᠠᠷᠪᠢᠯᠠᠬᠤ ᠵᠢᠴᠢ ᠠᠷᠤ ᠲᠠᠯ᠎ᠠ ᠶᠢᠨ ᠦᠢᠯᠡᠴᠢᠯᠡᠭᠡ ᠵᠡᠷᠭᠡ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ ᠮᠡᠳᠡᠭᠡ ᠵᠠᠩᠭᠢ ᠪᠠ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠶᠢ ᠠᠬᠢᠭᠤᠯᠬᠤ ᠬᠡᠷᠡᠭᠲᠡᠢ᠃      ᠳᠤᠯᠤᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠪᠠᠶᠢᠭᠤᠯᠭ᠎ᠠ ᠶᠢᠨ ᠶᠠᠪᠤᠳᠠᠯ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠵᠤ ᠦᠨᠡᠯᠡᠬᠦ ᠠᠷᠭ᠎ᠠ ᠶᠢ ᠲᠣᠭᠲᠠᠭᠠᠵᠤ᠂ ᠪᠠᠶᠢᠭᠤᠯᠭ᠎ᠠ ᠶᠢᠨ ᠶᠠᠪᠤᠳᠠᠯ ᠤᠨ ᠠᠵᠢᠯ ᠤᠨ ᠠᠮᠵᠢᠯᠲᠠ ᠪᠦᠲᠦᠮᠵᠢ ᠶᠢᠨ ᠰᠢᠯᠭᠠᠨ ᠬᠢᠨᠠᠵᠤ ᠤᠷᠮᠠᠰᠢᠭᠤᠯᠤᠨ ᠬᠥᠭᠵᠢᠭᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃      ᠬᠤᠶᠠᠳᠤᠭᠠᠷ ᠪᠦᠯᠦᠭ   ᠵᠠᠷᠤᠳᠠᠯ ᠤᠨ ᠬᠠᠮᠢᠶᠠᠷᠤᠯᠲᠠ      ᠨᠠᠢᠮᠠᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠦᠴᠢᠷ ᠨᠢ ᠪᠠᠶᠢᠭᠤᠯᠭ᠎ᠠ ᠶᠢᠨ ᠠᠵᠢᠯᠯᠠᠭᠠᠨ ᠤ ᠵᠠᠷᠤᠳᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠪᠡᠯᠡ ᠮᠦᠩᠭᠦᠨ ᠤ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃      ᠶᠢᠰᠦᠳᠦᠭᠡᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠪᠣᠯᠣᠨ ᠪᠠᠶᠢᠭᠤᠯᠭ᠎ᠠ ᠶᠢᠨ ᠠᠵᠢᠯᠯᠠᠭᠠᠨ ᠤ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠵᠦ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠪᠣᠲᠠᠲᠠᠢ ᠲᠠᠢ ᠪᠠᠨ ᠤᠶᠠᠯᠳᠤᠭᠤᠯᠤᠨ᠂ ᠪᠣᠳᠠᠳᠤ ᠪᠣᠳᠠᠰ ᠤᠨ ᠲᠤᠭ᠎ᠠ ᠨᠤᠷᠮ᠎ᠠ ᠪᠣᠯᠣᠨ ᠦᠢᠯᠡᠴᠢᠯᠡᠭᠡᠨ ᠤ ᠪᠠᠷᠢᠮᠵᠢᠶ᠎ᠠ ᠶᠢ ᠲᠣᠭᠲᠠᠭᠠᠬᠤ ᠬᠡᠷᠡᠭᠲᠡᠢ᠃      ᠪᠠᠶᠢᠭᠤᠯᠭ᠎ᠠ ᠶᠢᠨ ᠠᠵᠢᠯᠯᠠᠭᠠᠨ ᠤ ᠪᠣᠳᠠᠳᠤ ᠪᠤᠳᠠᠰ ᠤᠨ ᠲᠤᠭ᠎ᠠ ᠨᠤᠷᠮ᠎ᠠ ᠶᠢ ᠲᠣᠭᠲᠠᠭᠠᠬᠤ ᠠᠵᠢᠯ ᠳᠤ ᠭᠤᠣᠯᠳᠠᠭᠤ ᠪᠠᠶᠢᠭᠤᠯᠭ᠎ᠠ ᠶᠢᠨ ᠬᠡᠷᠡᠭᠯᠡᠬᠦ ᠭᠠᠵᠠᠷ᠂ ᠠᠯᠪᠠᠨ ᠬᠡᠷᠡᠭᠯᠡᠭᠡᠨ ᠤ ᠭᠡᠷ ᠪᠠᠶᠢᠰᠢᠩ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ᠂ ᠠᠯᠪᠠᠨ ᠲᠥᠭᠦᠭᠡᠷᠦᠮᠵᠢ᠂ ᠠᠯᠪᠠᠨ ᠤ ᠡᠳ᠋ ᠬᠡᠷᠡᠭᠰᠡᠯ ᠵᠡᠷᠭᠡ ᠪᠠᠶᠢᠭᠤᠯᠭ᠎ᠠ ᠶᠢᠨ ᠠᠵᠢᠯᠯᠠᠭᠠᠨ ᠢ ᠪᠠᠲᠤᠯᠠᠬᠤ ᠳᠤ ᠬᠡᠷᠡᠭᠰᠡᠬᠦ ᠪᠣᠲᠠᠳᠤ ᠪᠤᠳᠠᠰ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠮᠡᠷᠭᠡᠵᠢᠯ ᠵᠡᠷᠭᠡ ᠪᠠᠷᠢᠮᠵᠢᠶ᠎ᠠ ᠪᠠᠭᠲᠠᠨ᠎ᠠ᠃      ᠪᠠᠶᠢᠭᠤᠯᠭ᠎ᠠ ᠶᠢᠨ ᠠᠵᠢᠯᠯᠠᠭᠠᠨ ᠤ ᠦᠢᠯᠡᠴᠢᠯᠡᠬᠦ ᠪᠠᠷᠢᠮᠵᠢᠶ᠎ᠠ ᠳᠤ ᠭᠤᠣᠯᠳᠠᠭᠤ ᠬᠤᠷᠠᠯ᠂ ᠠᠯᠪᠠᠨ ᠲᠣᠮᠢᠯᠠᠯᠲᠠ᠂ ᠪᠣᠯᠪᠠᠰᠤᠷᠠᠭᠤᠯᠤᠯ᠂ ᠠᠳᠠᠯ ᠠᠬᠤᠢ ᠶᠢᠨ ᠦᠢᠯᠡᠴᠢᠯᠡᠭᠡ ᠵᠡᠷᠭᠡ ᠪᠠᠶᠢᠭᠤᠯᠭ᠎ᠠ ᠶᠢᠨ ᠠᠵᠢᠯᠯᠠᠭᠠᠨ ᠢ ᠪᠠᠲᠤᠯᠠᠬᠤ ᠳᠤ ᠱᠠᠭᠠᠷᠳᠠᠭᠳᠠᠬᠤ ᠦᠢᠯᠡᠴᠢᠯᠡᠭᠡᠨ ᠤ ᠠᠭᠤᠯᠭ᠎ᠠ ᠪᠣᠯᠣᠨ ᠵᠡᠷᠭᠡ ᠳᠡᠰ ᠤᠨ ᠪᠠᠷᠢᠮᠵᠢᠶ᠎ᠠ ᠪᠠᠭᠲᠠᠨ᠎ᠠ᠃      ᠠᠷᠪᠠᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠪᠦᠲᠦᠭᠡᠨ ᠪᠠᠶᠢᠭᠤᠯᠬᠤ ᠪᠠ ᠰᠡᠯᠪᠢᠨ ᠵᠠᠰᠠᠬᠤ᠂ ᠠᠷᠤ ᠲᠠᠯ᠎ᠠ ᠶᠢᠨ ᠦᠢᠯᠡᠴᠢᠯᠡᠭᠡ᠂ ᠡᠨᠧᠷᠬᠢ ᠠᠷᠪᠢᠯᠠᠵᠤ ᠬᠠᠮᠢᠶᠠᠷᠬᠤ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠲᠣᠬᠢᠷᠠᠭᠤᠯᠵᠤ ᠰᠢᠨᠡᠳᠭᠡᠬᠦ ᠵᠡᠷᠭᠡ ᠠᠵᠢᠯ ᠶᠠᠪᠤᠳᠠᠯ ᠢ ᠨᠢᠭᠡᠲᠦᠯᠲᠡᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠡᠭᠦᠨ ᠤ ᠵᠠᠷᠤᠳᠠᠯ ᠤᠨ ᠬᠠᠮᠢᠶᠠᠷᠤᠯᠲᠠ ᠶᠢ ᠤᠯᠤᠰ ᠤᠨ ᠲᠦᠰᠦᠪ ᠤᠨ ᠬᠠᠮᠢᠶᠠᠷᠤᠯᠲᠠ ᠶᠢᠨ ᠲᠣᠭᠲᠠᠭᠠᠯ ᠢᠶᠠᠷ ᠬᠡᠷᠡᠭᠵᠢᠭᠦᠯᠦᠨ᠎ᠡ᠃      ᠠᠷᠪᠠᠨ ᠨᠢᠭᠡᠳᠦᠭᠡᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠨᠢ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ ᠤᠯᠤᠰ ᠤᠨ ᠬᠦᠮᠦᠷᠭᠡ ᠠᠴᠠ ᠲᠦᠪᠯᠡᠷᠡᠭᠦᠯᠦᠨ ᠥᠭᠬᠦ ᠬᠠᠮᠢᠶᠠᠷᠤᠯᠲᠠ ᠶᠢᠨ ᠲᠣᠭᠲᠠᠭᠠᠯ ᠶᠣᠰᠤᠭᠠᠷ ᠪᠠᠶᠢᠭᠤᠯᠭ᠎ᠠ ᠶᠢᠨ ᠠᠵᠢᠯᠯᠠᠭᠠᠨ ᠤ ᠵᠠᠷᠤᠳᠠᠯ ᠤᠨ ᠲᠦᠰᠦᠪ ᠢ ᠬᠡᠷᠡᠭᠵᠢᠭᠦᠯᠬᠦ ᠬᠡᠷᠡᠭᠲᠡᠢ᠃        ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠨᠢ ᠪᠠᠶᠢᠭᠤᠯᠭ᠎ᠠ ᠶᠢᠨ ᠠᠵᠢᠯᠯᠠᠭᠠᠨ ᠤ ᠵᠠᠷᠤᠳᠠᠯ ᠤᠨ ᠲᠦᠰᠦᠪ ᠲᠠᠬᠢ ᠠᠯᠪᠠᠨ ᠶᠠᠪᠤᠳᠠᠯ ᠤᠨ ᠵᠣᠴᠢᠯᠠᠬᠤ ᠵᠠᠷᠤᠳᠠᠯ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠬᠤᠳᠠᠯᠳᠤᠨ ᠠᠪᠬᠤ ᠪᠠ ᠠᠵᠢᠯᠯᠠᠭᠤᠯᠬᠤ ᠵᠠᠷᠤᠳᠠᠯ᠂ ᠠᠯᠪᠠᠨ ᠶᠠᠪᠤᠳᠠᠯ ᠢᠶᠠᠷ ᠭᠠᠳᠠᠭᠠᠲᠤ ︵ᠬᠢᠯᠢ︶ ᠳᠤ ᠭᠠᠷᠬᠤ ᠵᠠᠷᠤᠳᠠᠯ ᠤᠨ ᠲᠦᠰᠦᠪ ᠤᠨ ᠬᠡᠪᠴᠢᠶ᠎ᠡ ᠪᠣᠯᠣᠨ ᠬᠠᠷᠢᠴᠠᠯ ᠢ ᠬᠢᠵᠠᠭᠠᠷᠯᠠᠬᠤ ᠬᠡᠷᠡᠭᠲᠡᠢ᠃      ᠠᠷᠪᠠᠨ ᠬᠤᠶᠠᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠪᠠᠶᠢᠭᠤᠯᠭ᠎ᠠ ᠶᠢᠨ ᠠᠵᠢᠯᠯᠠᠭᠠᠨ ᠤ ᠵᠠᠷᠤᠳᠠᠯ ᠤᠨ ᠵᠠᠷᠤᠯᠭ᠎ᠠ ᠶᠢ ᠪᠦᠷᠢᠳᠭᠡᠵᠦ ᠮᠡᠳᠡᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠤᠯᠪᠣᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠯᠴᠠᠵᠤ ᠲᠤᠰ ᠱᠠᠲᠤᠨ ᠤ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠠᠵᠢᠯᠯᠠᠭᠠᠨ ᠤ ᠦᠪᠡᠷ ᠤᠨ ᠥᠷᠲᠡᠭ ᠢ ᠪᠦᠷᠢᠳᠭᠡᠬᠦ᠂ ᠵᠠᠳᠠᠯᠬᠤ᠂ ᠦᠨᠡᠯᠡᠬᠦ ᠵᠡᠷᠭᠡ ᠠᠵᠢᠯ ᠢ ᠵᠣᠬᠢᠶᠠᠨ ᠪᠠᠶᠢᠭᠤᠯᠵᠤ ᠦᠷᠨᠢᠭᠦᠯᠬᠦ ᠶᠢᠨ ᠬᠠᠮᠲᠤ᠂ ᠦᠷ᠎ᠡ ᠳ᠋ᠦᠩ ᠢᠶᠠᠨ ᠳᠡᠭᠡᠳᠦ ᠱᠠᠲᠤᠨ ᠤ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠱᠠᠲᠤ ᠳᠠᠷᠠᠭᠠᠯᠠᠨ ᠮᠡᠳᠡᠭᠦᠯᠬᠦ ᠬᠡᠷᠡᠭᠲᠡᠢ᠃      ᠠᠷᠪᠠᠨ ᠭᠤᠷᠪᠠᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠨᠢ ᠵᠠᠰᠠᠭ ᠤᠨ ᠣᠷᠳᠣᠨ ᠤ ᠬᠤᠳᠠᠯᠳᠤᠨ ᠠᠪᠬᠤ ᠶᠢᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠣᠭᠲᠠᠭᠠᠯ ᠶᠤᠰᠤᠭᠠᠷ᠂ ᠪᠠᠶᠢᠭᠤᠯᠭ᠎ᠠ ᠶᠢᠨ ᠠᠵᠢᠯᠯᠠᠭᠠᠨ ᠳᠤ ᠬᠡᠷᠡᠭᠰᠡᠬᠦ ᠪᠠᠷᠠᠭ᠎ᠠ ᠪᠣᠯᠣᠨ ᠦᠢᠯᠡᠴᠢᠯᠡᠭᠡ ᠶᠢ ᠬᠤᠳᠠᠯᠳᠤᠨ ᠠᠪᠬᠤ ᠬᠡᠷᠡᠭᠲᠡᠢ︔ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ ᠴᠢᠬᠤᠯᠠᠲᠠᠢ ᠪᠣᠯ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠣᠭᠲᠠᠭᠠᠯ ᠢ ᠵ᠊ ᠵᠷᠤᠮᠯᠠᠨ  ᠬᠡᠷᠡᠭᠵᠢᠭᠦᠯᠬᠦ  ᠬᠡᠷᠡᠭᠲᠡᠢ᠃      ᠵᠠᠰᠠᠭ ᠤᠨ ᠣᠷᠳᠣᠨ ᠬᠤᠳᠠᠯᠳᠤᠨ ᠠᠪᠬᠤ ᠳᠤ ᠬᠢᠮᠳᠠ ᠪᠦᠭᠡᠳ ᠳᠣᠬᠢᠯᠢᠬ ᠪᠠᠷᠠᠭ᠎ᠠ ᠬᠤᠳᠠᠯᠳᠤᠨ ᠠᠪᠴᠤ ᠡᠨᠧᠷᠬᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ ᠱᠠᠭᠠᠷᠳᠠᠯᠭ᠎ᠠ ᠶᠢ ᠬᠠᠩᠭᠠᠵᠤ᠂ ᠬᠡᠭᠡᠨᠴᠢᠷ ᠡᠳ᠋᠂ ᠪᠠᠷᠢᠮᠵᠢᠶ᠎ᠠ ᠠᠴᠠ ᠬᠡᠲᠦᠷᠡᠭᠰᠡᠨ ᠦᠢᠯᠡᠴᠢᠯᠡᠭᠡ ᠶᠢ ᠬᠤᠳᠠᠯᠳᠤᠨ ᠠᠪᠬᠤ ᠪᠤᠶᠤ ᠬᠡᠭᠡᠨᠴᠢᠷ ᠠᠯᠪᠠᠨ ᠬᠡᠷᠡᠭᠯᠡᠭᠡᠨ ᠤ ᠭᠡᠷ ᠪᠠᠶᠢᠰᠢᠩ ᠬᠤᠳᠠᠯᠳᠤᠨ ᠠᠪᠬᠤ ᠪᠠ ᠪᠦᠲᠦᠭᠡᠨ ᠪᠠᠶᠢᠭᠤᠯᠵᠤ ᠪᠣᠯᠬᠤ ᠦᠭᠡᠢ᠃      ᠭᠤᠷᠪᠠᠳᠤᠭᠠᠷ ᠪᠦᠯᠦᠭ   ᠡᠳ᠋ ᠬᠦᠷᠦᠩᠭᠡ ᠶᠢᠨ ᠬᠠᠮᠢᠶᠠᠷᠤᠯᠲᠠ      ᠠᠷᠪᠡᠨ ᠳᠦᠷᠪᠡᠳᠤᠭᠡᠷ ᠵᠦᠢᠯ   ᠪᠠᠶᠢᠭᠤᠯᠭ᠎ᠠ ᠶᠢᠨ ᠡᠳ᠋ ᠬᠦᠷᠦᠩᠭᠡ ᠶᠢᠨ ᠬᠠᠮᠢᠶᠠᠷᠤᠯᠲᠠ ᠳᠤ ᠤᠯᠤᠰ ᠠᠴᠠ ᠦᠮᠴᠢᠯᠡᠬᠦ᠂ ᠵᠠᠰᠠᠭ ᠤᠨ ᠣᠷᠳᠣᠨ ᠠᠴᠠ ᠱᠠᠲᠤ ᠬᠤᠪᠢᠶᠠᠨ ᠬᠢᠨᠠᠨ ᠬᠠᠮᠢᠶᠠᠷᠴᠤ᠂ ᠨᠢᠭᠡᠴᠢ ᠨᠢ ᠡᠵᠡᠮᠰᠢᠵᠦ ᠬᠡᠷᠡᠭᠯᠡᠬᠦ ᠬᠠᠮᠢᠶᠠᠷᠤᠯᠲᠠ ᠶᠢᠨ ᠪᠠᠶᠢᠭᠤᠯᠤᠯ ᠬᠡᠷᠡᠭᠵᠢᠭᠦᠯᠦᠨ᠎ᠡ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠤᠭᠠᠷ᠂ ᠪᠠᠶᠢᠭᠤᠯᠭ᠎ᠠ ᠶᠢᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠪᠣᠲᠠᠲᠠᠢ ᠳᠦᠷᠢᠮ ᠢ ᠲᠣᠭᠲᠠᠭᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠳ᠋ ᠤᠨ ᠵᠠᠰᠠᠭ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠵᠢᠯᠣᠭᠤᠳᠤᠯᠭ᠎ᠠ ᠪᠠ ᠬᠢᠨᠠᠯᠲᠠ ᠲᠠᠯᠪᠢᠯᠲᠠ ᠶᠢ ᠬᠦᠯᠢᠶᠡᠨ᠎ᠡ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠨᠢ ᠲᠤᠰ ᠰᠠᠯᠠᠭ᠎ᠠ ᠮᠦᠴᠢᠷ ᠤᠨ ᠢᠶᠠᠨ ᠡᠳ᠋ ᠬᠦᠷᠦᠩᠭᠡ ᠶᠢ ᠬᠠᠮᠢᠶᠠᠷᠬᠤ ᠪᠠ ᠡᠳᠦᠷ ᠲᠤᠳᠤᠮ ᠤᠨ ᠬᠡᠷᠡᠭᠯᠡᠵᠦ ᠬᠠᠮᠠᠭᠠᠯᠠᠬᠤ ᠠᠵᠢᠯ ᠢ ᠬᠢᠵᠦ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠪᠣᠯᠣᠨ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠵᠢᠯᠤᠭᠤᠳᠤᠯᠭ᠎ᠠ ᠪᠠ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠢ᠃      ᠠᠷᠪᠠᠨ ᠲᠠᠪᠤᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠪᠠᠶᠢᠭᠤᠯᠭ᠎ᠠ ᠶᠢᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ᠂ ᠡᠨᠧᠷᠬᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠱᠠᠭᠠᠷᠳᠠᠯᠭ᠎ᠠ ᠪᠣᠯᠣᠨ ᠪᠠᠶᠢᠭᠤᠯᠭ᠎ᠠ ᠶᠢᠨ ᠠᠵᠢᠯᠯᠠᠭᠠᠨ ᠤ ᠦᠨᠳᠦᠰᠦᠨ ᠱᠠᠭᠠᠷᠳᠠᠯᠭ᠎ᠠ ᠶᠢ ᠦᠨᠳᠦᠰᠦᠯᠡᠵᠦ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠪᠣᠲᠠᠲᠠᠢ ᠲᠠᠢ ᠪᠠᠨ ᠤᠶᠠᠯᠳᠤᠭᠤᠯᠤᠨ᠂ ᠪᠠᠶᠢᠭᠤᠯᠭ᠎ᠠ ᠶᠢᠨ ᠡᠳ᠋ ᠬᠦᠷᠦᠩᠭᠡ ᠶᠢᠨ ᠲᠣᠬᠢᠷᠠᠭᠤᠯᠵᠤ ᠳᠦᠬᠦᠷᠵᠢᠭᠦᠯᠬᠦ ᠪᠠᠷᠢᠮᠵᠢᠶ᠎ᠠ ᠶᠢ ᠲᠦᠷᠦᠯ ᠬᠤᠪᠢᠶᠠᠨ ᠲᠣᠭᠲᠠᠭᠠᠵᠤ᠂ ᠡᠳ᠋ ᠬᠦᠷᠦᠩᠭᠡ ᠶᠢᠨ ᠲᠤᠭ᠎ᠠ ᠬᠡᠮᠵᠢᠶ᠎ᠡ᠂ ᠦᠨ᠎ᠡ ᠬᠠᠩᠰᠢ᠂ ᠴᠢᠳᠠᠪᠬᠢ ᠪᠣᠯᠣᠨ ᠬᠡᠷᠡᠭᠯᠡᠬᠦ ᠬᠠᠮᠤᠭ ᠤᠨ ᠣᠬᠤᠷ ᠵᠢᠯ ᠬᠤᠭᠤᠴᠠᠭ᠎ᠠ ᠶᠢ ᠲᠣᠭᠲᠠᠭᠠᠬᠤ ᠶᠢᠨ ᠬᠠᠮᠲᠤ᠂ ᠪᠤᠳᠠᠳᠤ ᠪᠠᠶᠢᠳᠠᠯ ᠢᠶᠠᠨ ᠦᠨᠳᠦᠰᠦᠯᠡᠨ ᠲᠣᠬᠢᠷᠠᠭᠤᠯᠤᠯᠲᠠ ᠬᠢᠬᠦ ᠬᠡᠷᠡᠭᠲᠡᠢ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠨᠢ ᠪᠠᠶᠢᠭᠤᠯᠭ᠎ᠠ ᠶᠢᠨ ᠡᠳ᠋ ᠬᠦᠷᠦᠩᠭᠡ ᠶᠢᠨ ᠲᠣᠬᠢᠷᠠᠭᠤᠯᠵᠤ ᠳᠦᠬᠦᠷᠵᠢᠭᠦᠯᠬᠦ ᠪᠠᠷᠢᠮᠵᠢᠶ᠎ᠠ ᠶᠢ ᠦᠨᠳᠦᠰᠦᠯᠡᠨ ᠲᠤᠰ ᠰᠠᠯᠠᠭ᠎ᠠ ᠮᠦᠴᠢᠷ ᠤᠨ ᠡᠳ᠋ ᠬᠦᠷᠦᠩᠭᠡ ᠲᠣᠬᠢᠷᠠᠭᠤᠯᠵᠤ ᠳᠦᠬᠦᠷᠵᠢᠭᠦᠯᠬᠦ ᠲᠦᠯᠦᠪᠯᠡᠭᠡ ᠪᠠᠨ ᠨᠠᠶᠢᠷᠠᠭᠤᠯᠤᠨ ᠵᠣᠬᠢᠶᠠᠵᠤ᠂ ᠲᠣᠭᠲᠠᠭᠠᠭᠰᠠᠨ ᠳᠡᠰ ᠳᠠᠷᠠᠭᠠᠯᠠᠯ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠲᠦᠰᠦᠪ ᠢᠶᠠᠨ ᠭᠤᠶᠤᠴᠢᠯᠠᠨ ᠮᠡᠳᠡᠭᠦᠯᠬᠦ ᠬᠡᠷᠡᠭᠲᠡᠢ᠃      ᠠᠷᠪᠠᠨ ᠵᠢᠷᠭᠤᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠨᠢ ᠡᠳ᠋ ᠬᠦᠷᠦᠩᠭᠡ ᠬᠡᠷᠡᠭᠯᠡᠬᠦ ᠠᠵᠢᠯᠯᠠᠭ᠎ᠠ ᠪᠠᠨ ᠵᠢᠷᠤᠮᠵᠢᠭᠤᠯᠵᠤ᠂ ᠡᠳ᠋ ᠬᠦᠷᠦᠩᠭᠡ ᠶᠢᠨ ᠳᠠᠩᠰᠠᠨ ᠺᠠᠷᠲ ᠪᠣᠯᠣᠨ ᠬᠡᠷᠡᠭᠯᠡᠬᠦ ᠳᠠᠩᠰᠠ ᠡᠪᠬᠡᠮᠡᠯ ᠢ ᠪᠠᠶᠢᠭᠤᠯᠤᠨ ᠪᠦᠷᠢᠨᠰᠢᠭᠦᠯᠵᠦ᠂ ᠡᠳ᠋ ᠬᠦᠷᠦᠩᠭᠡ ᠬᠤᠳᠠᠯᠳᠤᠨ ᠠᠪᠬᠤ᠂ ᠬᠦᠮᠦᠷᠭᠡᠯᠡᠵᠦ ᠳᠠᠩᠰᠠᠯᠠᠨ ᠲᠡᠮᠲᠡᠭᠯᠡᠬᠦ᠂ ᠬᠠᠳᠠᠭᠠᠯᠠᠨ ᠬᠠᠮᠢᠶᠠᠷᠴᠤ ᠢᠯᠭᠠᠷᠠᠭᠤᠯᠵᠤ ᠪᠠᠶᠢᠴᠠᠭᠠᠬᠤ᠂ ᠬᠦᠯᠢᠶᠡᠨ ᠠᠪᠴᠤ ᠬᠡᠷᠡᠭᠯᠡᠬᠦ ᠪᠠ ᠪᠤᠴᠠᠭᠠᠬᠤ ᠵᠡᠷᠭᠡ ᠡᠳᠦᠷ ᠲᠤᠳᠤᠮ ᠤᠨ ᠬᠡᠷᠡᠭᠯᠡᠵᠦ ᠬᠠᠮᠢᠶᠠᠷᠬᠤ ᠳᠦᠷᠢᠮ ᠢ ᠪᠠᠶᠢᠭᠤᠯᠵᠤ᠂ ᠪᠠᠶᠢᠭᠤᠯᠭ᠎ᠠ ᠶᠢᠨ ᠡᠳ᠋ ᠬᠦᠷᠦᠩᠭᠡ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ ᠳᠦᠬᠦᠷᠵᠢᠭᠦᠯᠬᠦ ᠪᠦᠭᠡᠳ ᠦᠨᠳᠦᠷ ᠦᠷ᠎ᠡ ᠪᠦᠲᠦᠮᠵᠢᠲᠡᠢ ᠪᠠᠷ ᠬᠡᠷᠡᠭᠯᠡᠵᠦ᠂ ᠡᠳ᠋ ᠬᠦᠷᠦᠩᠭᠡ ᠶᠢᠨ ᠠᠮᠦᠷ ᠲᠥᠪᠰᠢᠨ ᠪᠦᠭᠡᠳ ᠪᠦᠷᠢᠨ ᠪᠦᠲᠦᠨ ᠢ ᠪᠠᠲᠤᠯᠠᠨ᠂ ᠡᠳ᠋ ᠬᠦᠷᠦᠩᠭᠡ ᠶᠢᠨ ᠠᠯᠳᠠᠭᠳᠠᠬᠤ ᠶᠢ ᠰᠡᠷᠭᠡᠶᠢᠯᠡᠬᠦ ᠬᠡᠷᠡᠭᠲᠡᠢ᠃      ᠠᠷᠪᠠᠨ ᠳᠤᠯᠤᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠲᠤᠷᠠᠯᠴᠠᠨ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠳ᠋ ᠬᠦᠷᠦᠩᠭᠡ ᠶᠢ ᠲᠣᠬᠢᠷᠠᠭᠤᠯᠬᠤ ᠲᠠᠪᠴᠠᠩ ᠢᠶᠠᠨ ᠪᠠᠶᠢᠭᠤᠯᠵᠤ᠂ ᠨᠡᠶᠢᠲᠡ ᠶᠢᠨ ᠡᠳ᠋ ᠪᠤᠳᠠᠰ ᠤᠨ ᠰᠠᠩ ᠤᠨ ᠬᠠᠮᠢᠶᠠᠷᠤᠯᠲᠠ ᠶᠢ ᠦᠷᠨᠢᠭᠦᠯᠬᠦ ᠶᠢ ᠵᠣᠷᠢᠬᠵᠢᠭᠤᠯᠵᠤ᠂ ᠬᠡᠷᠡᠭᠯᠡᠬᠦ ᠦᠭᠡᠢ ᠪᠠᠶᠢᠬᠤ ᠡᠳ᠋ ᠬᠦᠷᠦᠩᠭᠡ ᠶᠢ ᠨᠡᠶᠢᠲᠡ ᠶᠢᠨ ᠡᠳ᠋ ᠪᠤᠳᠠᠰ ᠤᠨ ᠰᠠᠩ ᠳᠤ ᠣᠷᠤᠭᠤᠯᠵᠤ ᠲᠦᠪᠯᠡᠷᠡᠭᠦᠯᠦᠨ ᠨᠢᠭᠡᠲᠦᠯᠲᠡᠢ ᠬᠠᠮᠢᠶᠠᠷᠴᠤ᠂ ᠲᠣᠬᠢᠷᠠᠭᠤᠯᠤᠨ ᠬᠡᠷᠡᠭᠯᠡᠬᠦ ᠬᠡᠷᠡᠭᠲᠡᠢ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠨᠢ ᠡᠳ᠋ ᠬᠦᠷᠦᠩᠭᠡ ᠶᠢ ᠲᠣᠬᠢᠷᠠᠭᠤᠯᠵᠤ ᠳᠦᠬᠦᠷᠵᠢᠭᠦᠯᠬᠦ ᠳᠤ ᠲᠣᠬᠢᠷᠠᠭᠤᠯᠤᠯᠲᠠ ᠬᠢᠬᠦ ᠪᠠᠷ ᠳᠠᠮᠵᠢᠨ ᠰᠢᠢᠳᠪᠦᠷᠢᠯᠡᠬᠦ ᠬᠡᠷᠡᠭᠲᠡᠢ︔ ᠦᠨᠡᠨ ᠬᠦ ᠲᠣᠬᠢᠷᠠᠭᠤᠯᠤᠯᠲᠠ ᠬᠢᠬᠦ ᠴᠢᠬᠤᠯᠠᠲᠠᠢ ᠪᠦᠭᠡᠳ ᠲᠣᠬᠢᠷᠠᠭᠤᠯᠤᠭᠠᠳ ᠰᠢᠢᠳᠪᠦᠷᠢᠯᠡᠵᠦ ᠳᠡᠶᠢᠯᠬᠦ ᠦᠭᠡᠢ ᠶᠢ ᠨᠢ ᠬᠤᠳᠠᠯᠳᠤᠨ ᠠᠪᠴᠤ ᠪᠣᠯᠣᠨ᠎ᠠ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠤᠨ ᠬᠡᠷᠡᠭᠯᠡᠬᠦ ᠦᠭᠡᠢ ᠪᠠᠶᠢᠬᠤ᠂ ᠳᠣᠣᠷ᠎ᠠ ᠦᠷ᠎ᠡ ᠪᠦᠲᠦᠮᠵᠢᠲᠡᠢ ᠪᠠᠷ ᠠᠵᠢᠯᠯᠠᠭᠤᠯᠵᠤ ᠪᠠᠶᠢᠭ᠎ᠠ ᠪᠠ ᠪᠠᠷᠢᠮᠵᠢᠶ᠎ᠠ ᠠᠴᠠ ᠬᠡᠲᠦᠷᠡᠭᠦᠯᠦᠨ ᠲᠣᠬᠢᠷᠠᠭᠤᠯᠵᠤ ᠳᠦᠬᠦᠷᠵᠢᠭᠦᠯᠦᠭᠰᠡᠨ ᠡᠳ᠋ ᠬᠦᠷᠦᠩᠭᠡ ᠵᠢᠴᠢ ᠴᠢᠬᠤᠯᠠ ᠶᠡᠭᠡ ᠬᠤᠷᠠᠯ ᠬᠤᠷᠠᠯᠳᠤᠭᠤᠯᠬᠤ ᠪᠠ ᠲᠤᠮᠤ ᠬᠡᠪᠴᠢᠶᠡᠨ ᠤ ᠠᠵᠢᠯᠯᠠᠭ᠎ᠠ ᠶᠢ ᠡᠷᠬᠢᠯᠡᠬᠦ ᠳᠤ ᠬᠤᠳᠠᠯᠳᠤᠨ ᠠᠪᠤᠭᠰᠠᠨ ᠲᠦᠷ ᠴᠠᠭ ᠤᠨ ᠡᠳ᠋ ᠬᠦᠷᠦᠩᠭᠡ ᠶᠢ ᠪᠣᠯ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠲᠤᠷᠠᠯᠴᠠᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠤᠭᠠᠷ᠂ ᠨᠢᠭᠡᠲᠦᠯᠲᠡᠢ ᠬᠤᠷᠢᠶᠠᠨ ᠠᠪᠬᠤ᠂ ᠲᠦᠪᠯᠡᠷᠡᠭᠦᠯᠦᠨ ᠬᠠᠮᠢᠶᠠᠷᠬᠤ᠂ ᠲᠣᠬᠢᠷᠠᠭᠤᠯᠤᠨ ᠬᠡᠷᠡᠭᠯᠡᠬᠦ ᠪᠤᠶᠤ ᠢᠯᠡ ᠪᠠᠷ ᠦᠨ᠎ᠡ ᠬᠠᠶᠠᠯᠴᠠᠨ ᠬᠤᠳᠠᠯᠳᠤᠬᠤ ᠵᠡᠷᠭᠡ ᠠᠷᠭ᠎ᠠ ᠬᠡᠯᠪᠡᠷᠢ ᠪᠠᠷ ᠰᠢᠢᠳᠪᠦᠷᠢᠯᠡᠵᠦ᠂ ᠰᠢᠢᠳᠪᠦᠷᠢᠯᠡᠵᠦ ᠣᠯᠣᠭᠰᠠᠨ ᠠᠰᠢᠭ ᠣᠷᠣᠯᠭ᠎ᠠ ᠪᠠᠨ ᠤᠯᠤᠰ ᠤᠨ ᠬᠦᠮᠦᠷᠭᠡ ᠳᠤ ᠲᠤᠰᠢᠶᠠᠬᠤ ᠬᠡᠷᠡᠭᠲᠡᠢ᠃      ᠠᠷᠪᠠᠨ ᠨᠠᠢᠮᠠᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠨᠢ ᠪᠠᠶᠢᠭᠤᠯᠭ᠎ᠠ ᠶᠢᠨ ᠡᠳ᠋ ᠬᠦᠷᠦᠩᠭᠡ ᠶᠢ ᠰᠢᠢᠳᠪᠦᠷᠢᠯᠡᠬᠦ ᠳᠤ ᠬᠢᠨᠠᠨ ᠵᠥᠪᠰᠢᠶᠡᠷᠡᠬᠦ᠂ ᠦᠨᠡᠯᠡᠨ ᠵᠢᠱᠢᠬᠦ ᠭᠠᠷᠳᠠᠮ ᠢ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ ᠭᠦᠢᠴᠡᠳᠭᠡᠵᠦ᠂ ᠦᠨ᠎ᠡ ᠬᠠᠶᠠᠯᠴᠠᠨ ᠬᠤᠳᠠᠯᠳᠤᠬᠤ᠂ ᠵᠦᠪᠯᠡᠯᠴᠡᠭᠡᠷ ᠢᠶᠠᠷ ᠰᠢᠯᠵᠢᠭᠦᠯᠦᠨ ᠥᠭᠬᠦ ᠪᠤᠶᠤ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠠᠷᠭ᠎ᠠ ᠬᠡᠯᠪᠡᠷᠢ ᠪᠠᠷ ᠰᠢᠢᠳᠪᠦᠷᠢᠯᠡᠬᠦ ᠬᠡᠷᠡᠭᠲᠡᠢ᠃ ᠰᠢᠢᠳᠪᠦᠷᠢᠯᠡᠵᠦ ᠤᠯᠤᠭᠰᠠᠨ ᠠᠰᠢᠭ ᠣᠷᠣᠯᠭ᠎ᠠ ᠪᠠᠨ ᠤᠯᠤᠰ ᠤᠨ ᠬᠦᠮᠦᠷᠭᠡ ᠳᠤ ᠲᠤᠰᠢᠶᠠᠵᠤ᠂ ᠲᠥᠰᠦᠪ ᠤᠨ ᠬᠠᠮᠢᠶᠠᠷᠤᠯᠲᠠ ᠳᠤ ᠤᠷᠤᠭᠤᠯᠬᠤ ᠬᠡᠷᠡᠭᠲᠠᠢ᠃      ᠠᠷᠪᠠᠨ ᠶᠢᠰᠦᠳᠦᠭᠡᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠤᠰ ᠱᠠᠲᠤᠨ ᠤ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠬᠡᠷᠡᠭᠯᠡᠬᠦ ᠭᠠᠵᠠᠷ ᠢ ᠨᠢᠭᠡᠲᠦᠯᠲᠡᠢ ᠬᠠᠮᠢᠶᠠᠷᠬᠤ ᠬᠡᠷᠡᠭᠲᠡᠢ᠃ ᠬᠤᠲᠠ ᠪᠠᠯᠭᠠᠰᠤ ᠶᠢᠨ ᠶᠡᠷᠦᠩᠬᠡᠢ ᠲᠦᠯᠦᠪᠵᠢᠭᠦᠯᠭᠡ᠂ ᠨᠠᠷᠢᠨ ᠲᠦᠯᠦᠪᠵᠢᠭᠦᠯᠭᠡ ᠳᠤ ᠪᠠᠨ ᠪᠠᠶᠢᠭᠤᠯᠭ᠎ᠠ ᠶᠢᠨ ᠬᠡᠷᠡᠭᠯᠡᠬᠦ ᠭᠠᠵᠠᠷ ᠤᠨ ᠪᠠᠶᠢᠷᠢᠰᠢᠭᠤᠯᠤᠯᠲᠠ ᠪᠣᠯᠣᠨ ᠣᠷᠣᠨ ᠵᠠᠢ ᠶᠢᠨ ᠲᠣᠬᠢᠷᠠᠭᠤᠯᠤᠯᠲᠠ ᠶᠢᠨ ᠬᠡᠷᠡᠭᠴᠡᠭᠡ ᠶᠢ ᠨᠢᠭᠡᠲᠦᠯᠲᠡᠢ ᠲᠦᠯᠦᠪᠯᠡᠨ ᠪᠤᠳᠤᠯᠬᠢᠯᠠᠬᠤ ᠬᠡᠷᠡᠭᠲᠡᠢ᠃ ᠬᠤᠲᠠ ᠶᠢᠨ ᠶᠡᠷᠦᠩᠬᠡᠢ ᠲᠦᠯᠦᠪᠵᠢᠭᠦᠯᠭᠡ ᠬᠢᠭᠡᠳ ᠬᠢᠵᠠᠭᠠᠷᠯᠠᠬᠤ ᠴᠢᠨᠠᠷᠲᠠᠢ ᠨᠠᠷᠢᠨ ᠲᠦᠯᠦᠪᠵᠢᠭᠦᠯᠭᠡ ᠳᠤ ᠪᠠᠶᠢᠭᠤᠯᠭ᠎ᠠ ᠶᠢᠨ ᠪᠦᠲᠦᠭᠡᠨ ᠪᠠᠶᠢᠭᠤᠯᠬᠤ ᠲᠦᠷᠦᠯ ᠵᠦᠢᠯ ᠬᠤᠯᠪᠣᠭᠳᠠᠭᠰᠠᠨ ᠪᠣᠯ᠂ ᠲᠤᠰ ᠱᠠᠲᠤᠨ ᠤ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠰᠠᠨᠠᠯ ᠬᠤᠷᠢᠶᠠᠬᠤ ᠬᠡᠷᠡᠭᠲᠡᠢ᠃      ᠬᠤᠷᠢᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠤᠰ ᠱᠠᠲᠤᠨ ᠤ ᠪᠠᠶᠢᠭᠤᠯᠭ᠎ᠠ ᠶᠢᠨ ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠲᠦᠪᠯᠡᠷᠡᠭᠦᠯᠦᠨ ᠨᠢᠭᠡᠲᠦᠯᠲᠡᠢ ᠬᠠᠮᠢᠶᠠᠷᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠲᠤᠰ ᠱᠠᠲᠤᠨ ᠤ ᠪᠠᠶᠢᠭᠤᠯᠭ᠎ᠠ ᠶᠢᠨ ᠠᠯᠪᠠᠨ ᠬᠡᠷᠡᠭᠯᠡᠭᠡᠨ ᠤ ᠭᠡᠷ ᠪᠠᠶᠢᠰᠢᠩ ᠳᠤ ᠨᠢᠭᠡᠲᠦᠯᠲᠡᠢ ᠲᠦᠯᠦᠪᠵᠢᠭᠦᠯᠵᠦ᠂ ᠨᠢᠭᠡᠲᠦᠯᠲᠡᠢ ᠡᠷᠬᠡ ᠬᠠᠷᠢᠶ᠎ᠠ ᠲᠠᠢ ᠪᠠᠶᠢᠯᠭᠠᠨ᠂ ᠨᠢᠭᠡᠲᠦᠯᠲᠡᠢ ᠲᠣᠬᠢᠷᠠᠭᠤᠯᠤᠨ ᠳᠦᠬᠦᠷᠵᠢᠭᠦᠯᠵᠦ᠂ ᠨᠢᠭᠡᠲᠦᠯᠲᠡᠢ ᠰᠢᠢᠳᠪᠦᠷᠢᠯᠡᠬᠦ ᠶᠢ ᠬᠡᠷᠡᠭᠵᠢᠭᠦᠯᠬᠦ ᠬᠡᠷᠡᠭᠲᠡᠢ᠃      ᠬᠤᠷᠢᠨ ᠨᠢᠭᠡᠳᠦᠭᠡᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠤᠷᠠᠵᠤ᠂ ᠬᠠᠤᠯᠢ ᠶᠤᠰᠤᠭᠠᠷ ᠲᠤᠰ ᠱᠠᠲᠤᠨ ᠤ ᠵᠠᠰᠠᠭ ᠤᠨ ᠣᠷᠳᠣᠨ ᠤ ᠠᠯᠪᠠᠨ ᠬᠡᠷᠡᠭᠯᠡᠭᠡᠨ ᠤ ᠭᠡᠷ ᠪᠠᠶᠢᠰᠢᠩ ᠤᠨ ᠡᠷᠬᠡ ᠬᠠᠷᠢᠶ᠎ᠠ ᠶᠢ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨ ᠤ ᠨᠡᠷ᠎ᠡ ᠳᠡᠭᠡᠷ᠎ᠡ ᠨᠢᠭᠡᠲᠦᠯᠲᠡᠢ ᠳᠠᠩᠰᠠᠯᠠᠨ ᠲᠡᠮᠲᠡᠭᠯᠡᠬᠦ ᠬᠡᠷᠡᠭᠲᠡᠢ᠃      ᠡᠯ᠎ᠡ ᠱᠠᠲᠤᠨ ᠤ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠬᠡᠷᠡᠭᠯᠡᠬᠦ ᠨᠢᠭᠡᠴᠢ ᠯᠦᠭᠡ ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠬᠡᠷᠡᠭᠯᠡᠬᠦ ᠵᠦᠪᠯᠡᠯᠴᠡᠭᠡᠷ ᠲᠣᠭᠲᠠᠵᠤ᠂ ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠬᠤᠪᠢᠶᠠᠷᠢᠯᠠᠨ ᠬᠡᠷᠡᠭᠯᠡᠭᠰᠡᠨ ᠭᠡᠷᠡᠴᠢ ᠪᠠᠷᠢᠮᠲᠠ ᠶᠢ ᠬᠠᠷᠭᠤᠭᠤᠯᠤᠨ ᠣᠯᠭᠤᠬᠤ ᠬᠡᠷᠡᠭᠲᠡᠢ᠃      ᠬᠤᠷᠢᠨ ᠬᠤᠶᠠᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠬᠤᠯᠪᠣᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠯᠴᠠᠨ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠤᠨ ᠪᠠᠷᠢᠮᠵᠢᠶ᠎ᠠ ᠶᠢ ᠦᠨᠳᠦᠰᠦᠯᠡᠵᠦ᠂ ᠲᠣᠰ ᠱᠠᠲᠤᠨ ᠤ ᠪᠠᠶᠢᠭᠤᠯᠭ᠎ᠠ ᠶᠢᠨ ᠠᠯᠪᠠᠨ ᠬᠡᠷᠡᠭᠯᠡᠭᠡᠨ ᠤ ᠭᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠢ᠂ ᠠᠵᠢᠯᠲᠠᠳ ᠤᠨ ᠠᠯᠪᠠᠨ ᠭᠡᠷ ᠤᠨ ᠲᠠᠯᠠᠪᠠᠢ ᠶᠢ ᠬᠠᠷᠭᠤᠭᠤᠯᠤᠨ ᠲᠣᠭᠲᠠᠭᠠᠵᠤ᠂ ᠲᠤᠰ ᠱᠠᠲᠤᠨ ᠤ ᠪᠠᠶᠢᠭᠤᠯᠭ᠎ᠠ ᠶᠢᠨ ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠨᠢᠭᠡᠳᠦᠯᠲᠡᠢ ᠲᠣᠬᠢᠷᠠᠭᠤᠯᠵᠤ ᠳᠦᠬᠦᠷᠵᠢᠭᠦᠯᠦᠨ᠂ ᠲᠣᠬᠢᠷᠠᠭᠤᠯᠵᠤ ᠳᠦᠬᠦᠷᠵᠢᠭᠦᠯᠬᠦ ᠳᠤ ᠲᠣᠬᠢᠷᠠᠭᠤᠯᠤᠯᠲᠠ ᠬᠢᠬᠦ᠂ ᠰᠤᠯᠢᠬᠤ᠂ ᠳᠦᠷᠢᠶᠡᠰᠦᠯᠡᠨ ᠬᠡᠷᠡᠭᠯᠡᠬᠦ᠂ ᠪᠦᠲᠦᠭᠡᠨ ᠪᠠᠶᠢᠭᠤᠯᠬᠤ ᠠᠷᠭ᠎ᠠ ᠬᠡᠯᠪᠡᠷᠢ ᠪᠠᠭᠲᠠᠭᠳᠠᠨ᠎ᠠ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠨᠢ ᠪᠠᠶᠢᠭᠤᠯᠤᠮᠵᠢ ᠶᠢ ᠬᠠᠰᠤᠨ ᠨᠡᠶᠢᠯᠡᠭᠦᠯᠬᠦ᠂ ᠬᠢᠨᠠᠨ ᠲᠣᠭᠲᠠᠭᠠᠭᠰᠠᠨ ᠲᠠᠯᠠᠪᠠᠢ ᠶᠢᠨ ᠪᠠᠷᠢᠮᠵᠢᠶ᠎ᠠ ᠠᠴᠠ ᠳᠠᠪᠠᠭᠰᠠᠨ ᠪᠤᠶᠤ ᠬᠡᠷᠡᠭᠯᠡᠬᠦ ᠦᠭᠡᠢ ᠪᠠᠶᠢᠬᠤ ᠵᠡᠷᠭᠡ ᠰᠢᠯᠲᠠᠭᠠᠨ ᠠᠴᠠ ᠪᠣᠯᠵᠤ ᠰᠤᠯᠠᠯᠠᠵᠤ ᠪᠤᠴᠠᠭᠠᠬᠤ ᠴᠢᠬᠤᠯᠠᠲᠠᠢ ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠲᠤᠰ ᠱᠠᠲᠤᠨ ᠤ ᠵᠠᠰᠠᠭ ᠤᠨ ᠣᠷᠳᠣᠨ ᠳᠤ ᠲᠤᠰᠢᠶᠠᠨ ᠥᠭᠴᠦ ᠨᠢᠭᠡᠲᠦᠯᠲᠡᠢ ᠲᠣᠬᠢᠷᠠᠭᠤᠯᠤᠨ ᠬᠡᠷᠡᠭᠯᠡᠬᠦ ᠬᠡᠷᠡᠭᠲᠡᠢ ᠃ ᠭᠠᠵᠠᠷ ᠰᠢᠷᠤᠢ ᠠᠰᠢᠭᠯᠠᠬᠤ ᠵᠦᠢᠯᠡᠰ ᠲᠤ ᠬᠤᠯᠪᠤᠭᠳᠠᠭᠰᠠᠨ ᠢ ᠬᠠᠤᠯᠢ ᠶᠤᠰᠤᠭᠠᠷ ᠭᠦᠢᠴᠡᠳᠭᠡᠬᠦ ᠬᠡᠷᠡᠭᠲᠡᠢ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠨᠢ ᠪᠠᠶᠢᠭᠤᠯᠤᠮᠵᠢ ᠶᠢ ᠨᠡᠮᠡᠨ ᠪᠠᠶᠢᠭᠤᠯᠬᠤ᠂ ᠡᠭᠦᠷᠭᠡ ᠴᠢᠳᠠᠪᠤᠷᠢ ᠪᠠᠨ ᠲᠣᠬᠢᠷᠠᠭᠤᠯᠬᠤ ᠵᠡᠷᠭᠡ ᠰᠢᠯᠲᠠᠭᠠᠨ ᠠᠴᠠ ᠪᠣᠯᠵᠤ ᠦᠨᠡᠨ ᠬᠦ ᠠᠯᠪᠠᠨ ᠬᠡᠷᠡᠭᠯᠡᠭᠡᠨ ᠤ ᠭᠡᠷ ᠪᠠᠶᠢᠰᠢᠩ ᠨᠡᠮᠡᠬᠦ ᠴᠢᠬᠤᠯᠠᠲᠠᠢ ᠪᠦᠭᠡᠳ ᠲᠤᠰ ᠰᠠᠯᠠᠭ᠎ᠠ ᠮᠦᠴᠢᠷ ᠤᠨ ᠤᠳᠣ ᠶᠢᠨ ᠪᠠᠶᠢᠭ᠎ᠠ ᠠᠯᠪᠠᠨ ᠬᠡᠷᠡᠭᠯᠡᠭᠡᠨ ᠤ ᠭᠡᠷ ᠪᠠᠶᠢᠰᠢᠩ ᠢᠶᠠᠨ ᠲᠣᠬᠢᠷᠠᠭᠤᠯᠤᠭᠠᠳ ᠰᠢᠢᠳᠪᠦᠷᠢᠯᠡᠵᠦ ᠳᠡᠶᠢᠯᠬᠦ ᠦᠭᠡᠢ ᠪᠣᠯ᠂ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠬᠤᠯᠪᠣᠭᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠨᠢᠭᠡᠲᠦᠯᠲᠡᠢ ᠲᠣᠬᠢᠷᠠᠭᠤᠯᠤᠨ ᠳᠦᠬᠦᠷᠵᠢᠭᠦᠯᠦᠨ᠎ᠡ᠃      ᠬᠤᠷᠢᠨ ᠭᠤᠷᠪᠠᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠨᠢ ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠰᠢᠨ᠎ᠡ ᠪᠠᠷ ᠪᠠᠶᠢᠭᠤᠯᠬᠤ᠂ ᠦᠷᠭᠡᠳᠭᠡᠨ ᠪᠠᠶᠢᠭᠤᠯᠬᠤ᠂ ᠦᠭᠡᠷᠡᠴᠢᠯᠡᠨ ᠪᠠᠶᠢᠭᠤᠯᠬᠤ ᠪᠠ ᠬᠤᠳᠠᠯᠳᠤᠨ ᠠᠪᠬᠤ ᠴᠢᠬᠤᠯᠠᠲᠠᠢ ᠪᠣᠯ᠂ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠢᠨᠠᠨ ᠬᠠᠷᠭᠤᠭᠤᠯᠬᠤ ᠶᠢᠨ ᠬᠠᠮᠲᠤ᠂ ᠴᠢᠬᠤᠯᠠ ᠪᠦᠬᠦᠢ ᠶᠢᠨ ᠴᠢᠨᠠᠷᠲᠠᠢ ᠬᠢᠨᠠᠨ ᠪᠠᠶᠢᠴᠠᠭᠠᠭᠰᠠᠨ ᠰᠠᠨᠠᠯ ᠭᠠᠷᠭᠠᠵᠤ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ ᠬᠢᠨᠠᠨ ᠵᠥᠪᠰᠢᠶᠡᠷᠡᠭᠦᠯᠬᠦ ᠳᠡᠰ ᠳᠠᠷᠠᠭᠠᠯᠠᠯ ᠢ ᠭᠦᠢᠴᠡᠳᠭᠡᠨ᠎ᠡ᠃ ᠨᠦᠬᠦᠴᠡᠯ ᠪᠦᠷᠢᠳᠦᠭᠰᠡᠨ ᠪᠣᠯ ᠲᠤᠰ ᠱᠠᠲᠤᠨ ᠤ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠠᠯᠪᠠᠨ ᠬᠡᠷᠡᠭᠯᠡᠭᠡᠨ ᠤ ᠭᠡᠷ ᠪᠠᠶᠢᠰᠢᠩ ᠢᠶᠠᠨ ᠨᠢᠭᠡᠲᠦᠯᠲᠡᠢ ᠪᠦᠲᠦᠭᠡᠨ ᠪᠠᠶᠢᠭᠤᠯᠵᠤ ᠪᠣᠯᠣᠨ᠎ᠠ᠃      ᠬᠤᠷᠢᠨ ᠳᠦᠷᠪᠡᠳᠤᠭᠡᠷ ᠵᠦᠢᠯ   ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠰᠡᠯᠪᠢᠨ ᠵᠠᠰᠠᠬᠤ ᠳᠤ ᠬᠤᠯᠪᠣᠭᠳᠠᠯ ᠪᠦᠬᠦᠢ ᠪᠠᠷᠢᠮᠵᠢᠶ᠎ᠠ ᠶᠢ ᠬᠡᠷᠡᠭᠵᠢᠭᠦᠯᠵᠦ᠂ ᠠᠮᠦᠷ ᠲᠥᠪᠰᠢᠨ ᠤ ᠳᠠᠯᠳᠠ ᠭᠡᠮ ᠢ ᠠᠷᠢᠯᠭᠠᠬᠤ᠂ ᠬᠡᠷᠡᠭᠯᠡᠬᠦ ᠴᠢᠳᠠᠮᠵᠢ ᠶᠢ ᠨᠢ ᠬᠠᠮᠠᠭᠠᠯᠠᠬᠤ ᠪᠠ ᠲᠡᠭᠦᠯᠳᠡᠷᠵᠢᠭᠦᠯᠬᠦ᠂ ᠡᠨᠧᠷᠬᠢ ᠶᠢᠨ ᠬᠤᠷᠤᠭᠳᠠᠯ ᠢ ᠪᠠᠭᠠᠰᠬᠠᠬᠤ᠂ ᠠᠶᠤᠯ ᠦᠭᠡᠢ ᠪᠦᠭᠡᠳ ᠨᠢᠭᠤᠴᠠ ᠶᠢ ᠬᠠᠮᠠᠭᠠᠯᠠᠬᠤ ᠵᠡᠷᠭᠡ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃      ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠰᠡᠯᠪᠢᠨ ᠵᠠᠰᠠᠬᠤ ᠳᠤ ᠡᠳᠦᠷ ᠲᠤᠳᠤᠮ ᠤᠨ ᠰᠡᠯᠪᠢᠨ ᠵᠠᠰᠠᠬᠤ ᠪᠠ ᠶᠡᠭᠡ ᠳᠤᠮᠳᠠ ᠬᠡᠪᠴᠢᠶ᠎ᠡ ᠲᠠᠢ ᠰᠡᠯᠪᠢᠨ ᠵᠠᠰᠠᠬᠤ ᠪᠠᠭᠲᠠᠨ᠎ᠠ᠃ ᠬᠡᠷᠡᠭᠯᠡᠬᠦ ᠨᠢᠭᠡᠴᠢ ᠨᠢ ᠠᠯᠪᠠᠨ ᠬᠡᠷᠡᠭᠯᠡᠭᠡᠨ ᠤ ᠭᠡᠷ ᠪᠠᠶᠢᠰᠢᠩ ᠤᠨ ᠡᠳᠦᠷ ᠲᠤᠳᠤᠮ ᠤᠨ ᠪᠠᠶᠢᠴᠠᠭᠠᠵᠤ ᠰᠡᠯᠪᠢᠨ ᠵᠠᠰᠠᠬᠤ ᠠᠵᠢᠯ ᠢ ᠬᠠᠷᠢᠭᠤᠴᠠᠵᠤ᠂ ᠬᠡᠷᠡᠭᠰᠡᠬᠦ ᠪᠡᠯᠡ ᠮᠦᠩᠭᠦ ᠶᠢ ᠰᠠᠯᠠᠭ᠎ᠠ ᠮᠦᠴᠢᠷ ᠤᠨ ᠲᠦᠰᠦᠪ ᠢᠶᠠᠷ ᠳᠠᠮᠵᠢᠨ ᠲᠣᠬᠢᠷᠠᠭᠤᠯᠤᠨ᠎ᠠ᠃ ᠦᠨᠡᠨ ᠬᠦ ᠶᠡᠭᠡ ᠳᠤᠮᠳᠠ ᠬᠡᠪᠴᠢᠶ᠎ᠡ ᠪᠠᠷ ᠵᠠᠰᠠᠬᠤ ᠴᠢᠬᠤᠯᠠᠲᠠᠢ ᠪᠠᠶᠢᠪᠠᠯ᠂ ᠬᠡᠷᠡᠭᠯᠡᠬᠦ ᠨᠢᠭᠡᠴᠢ ᠠᠴᠠ ᠲᠤᠰ ᠱᠠᠲᠤᠨ ᠤ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠵᠤ᠂ ᠶᠡᠭᠡ ᠳᠤᠮᠳᠠ ᠬᠡᠪᠴᠢᠶ᠎ᠡ ᠪᠠᠷ ᠵᠠᠰᠠᠬᠤ ᠲᠦᠷᠦᠯ ᠵᠦᠢᠯ ᠢ ᠨᠢᠭᠡᠲᠦᠯᠲᠡᠢ ᠲᠦᠯᠦᠪᠯᠡᠨ ᠲᠣᠬᠢᠷᠠᠭᠤᠯᠵᠤ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠲᠤ ᠮᠡᠳᠡᠭᠦᠯᠵᠦ ᠬᠢᠨᠠᠨ ᠬᠠᠷᠭᠤᠭᠤᠯᠤᠭᠠᠳ ᠲᠦᠰᠦᠪ  ᠤᠨ  ᠲᠣᠬᠢᠷᠠᠭᠤᠯᠤᠯᠲᠠ  ᠬᠢᠨ᠎ᠡ᠃      ᠬᠤᠷᠢᠨ ᠲᠠᠪᠤᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠨᠢ ᠬᠤᠯᠪᠣᠭᠳᠠᠯ ᠪᠦᠬᠦᠢ ᠪᠠᠷᠢᠮᠵᠢᠶ᠎ᠠ ᠶᠣᠰᠤᠭᠠᠷ᠂ ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠬᠠᠷᠭᠤᠭᠤᠯᠤᠨ ᠲᠣᠭᠲᠠᠭᠠᠭᠰᠠᠨ ᠲᠠᠯᠠᠪᠠᠢ ᠶᠢᠨ ᠬᠡᠪᠴᠢᠶᠡᠨ ᠳᠤ ᠨᠢᠭᠡᠲᠦᠯᠲᠡᠢ ᠲᠦᠯᠦᠪᠯᠡᠨ ᠲᠣᠬᠢᠷᠠᠭᠤᠯᠬᠤ ᠪᠠ ᠵᠣᠬᠢᠰᠲᠠᠢ ᠬᠡᠷᠡᠭᠯᠡᠬᠦ ᠬᠡᠷᠡᠭᠲᠡᠢ᠂ ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠳᠦᠷᠢᠶᠡᠰᠦᠯᠡᠵᠦ᠂ ᠵᠢᠭᠡᠯᠡᠭᠦᠯᠵᠦ ᠥᠭᠬᠦ ᠪᠣᠶᠣ ᠬᠡᠷᠡᠭᠯᠡᠬᠦ ᠴᠢᠳᠠᠮᠵᠢ ᠶᠢ ᠨᠢ ᠦᠭᠡᠷᠡᠴᠢᠯᠡᠵᠦ ᠪᠣᠯᠬᠤ ᠦᠭᠡᠢ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠤᠰ ᠱᠠᠲᠤᠨ ᠤ ᠠᠯᠪᠠᠨ ᠬᠡᠷᠡᠭᠯᠡᠭᠡᠨ ᠤ ᠭᠡᠷ ᠪᠠᠶᠢᠰᠢᠩ ᠤᠨ ᠬᠡᠷᠡᠭᠯᠡᠬᠦ ᠠᠮᠦᠷ ᠲᠥᠪᠰᠢᠨ ᠢ ᠪᠠᠲᠤᠯᠠᠵᠤ᠂ ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠬᠡᠷᠡᠭᠯᠡᠬᠦ ᠠᠮᠦᠷ ᠲᠥᠪᠰᠢᠨ ᠤ ᠳᠦᠷᠢᠮ ᠪᠣᠯᠣᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠦᠰᠦᠯ ᠢ ᠲᠣᠭᠲᠠᠭᠠᠵᠤ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠤᠳᠤᠷᠬᠠᠶᠢᠯᠠᠬᠤ ᠬᠡᠷᠡᠭᠲᠡᠢ᠃      ᠬᠤᠷᠢᠨ ᠵᠢᠷᠭᠤᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠪᠠᠶᠢᠭᠤᠯᠭ᠎ᠠ ᠶᠢᠨ ᠠᠯᠪᠠᠨ ᠬᠡᠷᠡᠭᠯᠡᠭᠡᠨ ᠤ ᠭᠡᠷ ᠪᠠᠶᠢᠰᠢᠩ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠳᠠᠩᠰᠠ ᠡᠪᠬᠡᠮᠡᠯ ᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠯᠴᠠᠨ ᠲᠤᠰ ᠱᠠᠲᠤᠨ ᠤ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠠᠯᠪᠠᠨ ᠬᠡᠷᠡᠭᠯᠡᠭᠡᠨ ᠤ ᠭᠡᠷ ᠪᠠᠶᠢᠰᠢᠩ ᠤᠨ ᠬᠡᠷᠡᠭᠴᠡᠭᠡ  ᠂  ᠲᠤᠭ᠎ᠠ  ᠬᠡᠮᠵᠢᠶ᠎ᠡ᠂ ᠬᠡᠪᠴᠢᠶ᠎ᠡ᠂ ᠪᠠᠶᠢᠷᠢᠰᠢᠯ᠂ ᠬᠡᠷᠡᠭᠯᠡᠯᠲᠡ ᠪᠠ ᠠᠮᠦᠷ ᠲᠥᠪᠰᠢᠨ ᠤ ᠬᠠᠮᠢᠶᠠᠷᠤᠯᠲᠠ ᠶᠢᠨ ᠪᠠᠶᠢᠳᠠᠯ ᠵᠡᠷᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ ᠬᠡᠷᠡᠭᠲᠡᠢ᠃      ᠬᠤᠷᠢᠨ ᠳᠤᠯᠤᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠲᠤᠰ ᠱᠠᠲᠤᠨ ᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠨᠢᠭᠡᠲᠦᠯᠲᠡᠢ ᠣᠷᠣᠨ ᠲᠤᠭ᠎ᠠ᠂ ᠨᠢᠭᠡᠲᠦᠯᠲᠡᠢ ᠪᠠᠷᠢᠮᠵᠢᠶ᠎ᠠ᠂ ᠨᠢᠭᠡᠲᠦᠯᠲᠡᠢ ᠬᠤᠳᠠᠯᠳᠤᠨ ᠠᠪᠬᠤ ᠵᠠᠷᠤᠳᠠᠯ ᠂ ᠨᠢᠭᠡᠲᠦᠯᠲᠡᠢ ᠬᠤᠳᠠᠯᠳᠤᠨ ᠠᠪᠴᠤ ᠲᠣᠬᠢᠷᠠᠭᠤᠯᠬᠤ ᠬᠠᠮᠢᠶᠠᠷᠤᠯᠲᠠ ᠶᠢ ᠬᠡᠷᠡᠭᠵᠢᠭᠦᠯᠦᠨ᠎ᠡ︔ ᠳᠣᠣᠷᠠᠳᠣ ᠱᠠᠲᠤᠨ ᠤ ᠪᠠᠶᠢᠭᠤᠯᠭ᠎ᠠ ᠶᠢᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠵᠢᠯᠤᠭᠤᠳᠬᠤ ᠪᠠ ᠬᠢᠨᠠᠯᠲᠠ ᠲᠠᠯᠪᠢᠨ᠎ᠠ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠳᠤ ᠨᠢᠭᠡᠲᠦᠯᠲᠡᠢ ᠳᠦᠷᠢᠮ ᠵᠢᠷᠤᠮᠯᠠᠯ ᠢ ᠬᠡᠷᠡᠭᠵᠢᠭᠦᠯᠬᠦ ᠪᠠ ᠱᠠᠲᠤ  ᠲᠦᠷᠦᠯ  ᠬᠤᠪᠢᠶᠠᠨ  ᠬᠠᠮᠢᠶᠠᠷᠤᠨ᠎ᠠ᠃      ᠬᠤᠷᠢᠨ ᠨᠠᠢᠮᠠᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠲᠣᠬᠢᠷᠠᠭᠤᠯᠵᠤ ᠰᠢᠨᠡᠳᠭᠡᠬᠦ ᠪᠠᠷᠢᠮᠵᠢᠶ᠎ᠠ ᠪᠣᠯᠣᠨ ᠣᠳᠣᠬᠢ ᠪᠠᠶᠢᠳᠠᠯ ᠢ ᠦᠨᠳᠦᠰᠦᠯᠡᠵᠦ᠂ ᠣᠨ ᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠲᠣᠬᠢᠷᠠᠭᠤᠯᠵᠤ ᠰᠢᠨᠡᠳᠭᠡᠬᠦ ᠲᠦᠯᠦᠪᠯᠡᠭᠡ ᠶᠢ ᠨᠠᠶᠢᠷᠠᠭᠤᠯᠤᠨ ᠵᠣᠬᠢᠶᠠᠨ᠎ᠠ᠃ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠣᠨ ᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠲᠣᠬᠢᠷᠠᠭᠤᠯᠵᠤ ᠰᠢᠨᠡᠴᠢᠯᠡᠬᠦ ᠲᠦᠯᠦᠪᠯᠡᠭᠡ ᠶᠢ ᠦᠨᠳᠦᠰᠦᠯᠡᠨ᠂ ᠬᠤᠳᠠᠯᠳᠤᠨ ᠠᠪᠬᠤ ᠵᠠᠷᠤᠳᠠᠯ ᠢ ᠨᠢᠭᠡᠲᠦᠯᠲᠡᠢ ᠲᠦᠯᠦᠪᠯᠡᠨ ᠲᠣᠬᠢᠷᠠᠭᠤᠯᠵᠤ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠲᠦᠰᠥᠪ ᠲᠤ ᠣᠷᠤᠭᠤᠯᠤᠨ᠎ᠠ᠃ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠲᠦᠪᠯᠡᠷᠡᠭᠦᠯᠦᠨ ᠬᠤᠳᠠᠯᠳᠤᠵᠤ ᠠᠪᠬᠤ ᠶᠢ ᠨᠢᠭᠡᠲᠦᠯᠲᠡᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠂ ᠡᠯ᠎ᠡ ᠨᠢᠭᠡᠴᠢ ᠨᠢ ᠦᠪᠡᠰᠦᠪᠡᠨ ᠬᠤᠳᠠᠯᠳᠤᠨ ᠠᠪᠴᠤ ᠪᠣᠯᠬᠤ ᠦᠭᠡᠢ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠣᠷᠣᠨ ᠲᠤᠭ᠎ᠠ ᠪᠣᠯᠣᠨ ᠲᠣᠬᠢᠷᠠᠭᠤᠯᠬᠤ ᠪᠠᠷᠢᠮᠵᠢᠶ᠎ᠠ ᠶᠢ ᠬᠡᠷᠡᠭᠵᠢᠭᠦᠯᠵᠦ᠂ ᠡᠯ᠎ᠡ ᠰᠠᠯᠠᠭ᠎ᠠ ᠮᠦᠴᠢᠷ ᠲᠤ ᠤᠯᠤᠰ ᠲᠤ ᠪᠠᠨ ᠦᠢᠯᠡᠳᠪᠦᠷᠢᠯᠡᠭᠰᠡᠨ ᠮᠠᠰᠢᠨ ᠲᠡᠷᠭᠡ ᠶᠢ ᠲᠣᠬᠢᠷᠠᠭᠤᠯᠤᠨ ᠬᠡᠷᠡᠭᠯᠡᠭᠦᠯᠵᠦ ᠂ ᠰᠢᠨ᠎ᠡ ᠡᠨᠧᠷᠬᠢ ᠶᠢᠨ ᠮᠠᠰᠢᠨ ᠲᠡᠷᠭᠡ ᠬᠡᠷᠡᠭᠯᠡᠬᠦ ᠶᠢ ᠵᠣᠷᠢᠬᠵᠢᠭᠤᠯᠤᠨ᠎ᠠ᠃      ᠬᠤᠷᠢ ᠶᠢᠰᠦᠳᠤᠭᠡᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠨᠢ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠡᠷᠡᠭᠯᠡᠵᠦ ᠬᠠᠮᠢᠶᠠᠷᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠲᠡᠮᠲᠡᠭ ᠲᠠᠢ ᠢᠯᠭᠠᠵᠢᠭᠤᠯᠤᠨ ᠬᠠᠮᠢᠶᠠᠷᠬᠤ᠂ ᠬᠡᠷᠡᠭᠯᠡᠬᠦ ᠶᠢ ᠲᠡᠮᠲᠡᠭᠯᠡᠬᠦ᠂ ᠲᠣᠭᠲᠠᠭᠰᠠᠨ ᠭᠠᠵᠠᠷ ᠵᠤᠭᠰᠤᠭᠠᠬᠤ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠢᠲᠡᠭᠦᠮᠵᠢᠯᠡᠨ ᠬᠠᠳᠠᠭᠠᠯᠠᠬᠤ ᠵᠡᠷᠭᠡ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ᠃ ᠠᠯᠪᠠᠨ ᠤ ᠲᠡᠷᠭᠡ ᠶᠢ ᠬᠤᠪᠢᠨ ᠳᠤ ᠪᠠᠨ ᠬᠡᠷᠡᠭᠯᠡᠬᠦ᠂ ᠬᠤᠪᠢ ᠶᠢᠨ ᠲᠡᠷᠭᠡ ᠶᠢᠨ ᠵᠠᠷᠤᠳᠠᠯ ᠢᠶᠠᠨ ᠠᠯᠪᠠᠨ ᠠᠴᠠ ᠭᠠᠷᠭᠠᠯᠭᠠᠬᠤ ᠶᠢ ᠴᠢᠩᠭ᠎ᠠ ᠴᠠᠭᠠᠵᠠᠯᠠᠵᠤ᠂ ᠠᠯᠪᠠᠨ ᠶᠠᠪᠤᠳᠠᠯ ᠤᠨ ᠵᠠᠮ ᠠᠶᠠᠯᠠᠯ ᠤᠨ ᠨᠦᠬᠦᠪᠦᠷᠢ ᠶᠢ ᠠᠪᠴᠤ ᠪᠠᠶᠢᠬᠤ ᠶᠢᠨ ᠳᠠᠭᠠᠤ ᠳᠤ ᠪᠠᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠲᠣᠭᠲᠠᠭᠠᠯ ᠠᠴᠠ ᠵᠦᠷᠢᠴᠡᠨ ᠬᠡᠷᠡᠭᠯᠡᠵᠦ ᠪᠣᠯᠬᠤ ᠦᠭᠡᠢ᠃      ᠳᠦᠷᠪᠡᠳᠦᠭᠡᠷ ᠪᠦᠯᠦᠭ   ᠡᠬᠢ ᠪᠠᠶᠠᠯᠢᠬ ᠢ ᠠᠷᠪᠢᠯᠠᠬᠤ ᠬᠠᠮᠢᠶᠠᠷᠤᠯᠲᠠ      ᠭᠤᠴᠢᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠬᠤᠯᠪᠣᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠵᠤ᠂ ᠲᠤᠰ ᠭᠠᠵᠠᠷ ᠣᠷᠣᠨ ᠤ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠬᠢ ᠠᠷᠪᠢᠯᠠᠬᠤ ᠲᠦᠯᠦᠪᠵᠢᠭᠦᠯᠭᠡ ᠪᠠᠨ ᠦᠨᠳᠦᠰᠦᠯᠡᠨ᠂ ᠲᠤᠰ ᠱᠠᠲᠤᠨ ᠤ ᠪᠠᠶᠢᠭᠤᠯᠭ᠎ᠠ ᠶᠢᠨ ᠣᠨ ᠤ ᠡᠨᠧᠷᠬᠢ ᠠᠷᠪᠢᠯᠠᠬᠤ ᠬᠠᠷᠠᠯᠲᠠ᠂ ᠭᠦᠢᠴᠡᠳᠭᠡᠯ ᠲᠤᠭ᠎ᠠ ᠪᠣᠯᠣᠨ ᠡᠭᠦᠷᠭᠡ ᠶᠢ ᠲᠣᠭᠲᠠᠭᠠᠬᠤ ᠬᠡᠷᠡᠭᠲᠡᠢ᠃      ᠭᠤᠴᠢᠨ ᠨᠢᠭᠡᠳᠦᠭᠡᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠰᠠᠯᠠᠭ᠎ᠠ ᠮᠦᠴᠢᠷ ᠨᠢ ᠪᠠᠶᠢᠭᠤᠯᠭ᠎ᠠ ᠶᠢᠨ ᠶᠠᠪᠤᠳᠠᠯ ᠵᠡᠷᠭᠡ ᠰᠠᠯᠠᠭ᠎ᠠ ᠮᠦᠴᠢᠷ ᠲᠠᠢ ᠬᠠᠮᠲᠤᠷᠠᠵᠤ᠂ ᠲᠤᠰ ᠱᠠᠲᠤᠨ ᠤ ᠵᠠᠰᠠᠭ ᠤᠨ ᠣᠷᠳᠣᠨ ᠤ ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠰᠢᠨ᠎ᠡ ᠪᠠᠷ ᠪᠠᠶᠢᠭᠤᠯᠬᠤ᠂ ᠦᠷᠭᠡᠳᠭᠡᠨ ᠪᠠᠶᠢᠭᠤᠯᠬᠤ᠂ ᠦᠭᠡᠷᠡᠴᠢᠯᠡᠨ ᠪᠠᠶᠢᠭᠤᠯᠬᠤ ᠵᠡᠷᠭᠡ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠶᠢᠨ ᠲᠦᠷᠦᠯ ᠵᠦᠢᠯ ᠳᠤ ᠡᠨᠧᠷᠬᠢ ᠠᠷᠪᠢᠯᠠᠬᠤ ᠬᠢᠨᠠᠨ ᠪᠠᠶᠢᠴᠠᠭᠠᠯᠲᠠ ᠶᠢ ᠦᠷᠨᠢᠭᠦᠯᠬᠦ ᠬᠡᠷᠡᠭᠲᠡᠢ᠃ ᠡᠨᠧᠷᠬᠢ ᠠᠷᠪᠢᠯᠠᠬᠤ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠲᠦᠷᠦᠯ ᠵᠦᠢᠯ ᠢ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠰᠠᠯᠠᠭ᠎ᠠ ᠮᠦᠴᠢᠷ ᠨᠢ ᠪᠦᠲᠦᠭᠡᠨ ᠪᠠᠶᠢᠭᠤᠯᠬᠤ ᠶᠢ ᠵᠥᠪᠰᠢᠶᠡᠷᠡᠵᠦ ᠪᠣᠯᠬᠤ ᠦᠭᠡᠢ᠃      ᠭᠤᠴᠢᠨ ᠬᠤᠶᠠᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠨᠢ ᠡᠨᠧᠷᠬᠢ ᠠᠷᠪᠢᠯᠠᠬᠤ ᠲᠠᠯ᠎ᠠ ᠪᠠᠷ ᠬᠢ ᠬᠠᠮᠢᠶᠠᠷᠤᠯᠲᠠ ᠶᠢᠨ ᠴᠢᠳᠠᠪᠤᠷᠢ ᠪᠣᠯᠣᠨ ᠲᠣᠷᠰᠢᠯᠭ᠎ᠠ ᠲᠠᠢ ᠠᠳᠠᠯ ᠠᠬᠤᠢ ᠶᠢᠨ ᠦᠢᠯᠡᠴᠢᠯᠡᠭᠡᠨ ᠤ ᠨᠢᠭᠡᠴᠢ ᠶᠢ ᠰᠤᠩᠭᠤᠬᠤ ᠶᠢᠨ ᠬᠠᠮᠲᠤ᠂ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠤ ᠵᠣᠬᠢᠬᠤ ᠡᠨᠧᠷᠬᠢ ᠠᠷᠪᠢᠯᠠᠬᠤ ᠬᠠᠷᠠᠯᠲᠠ ᠶᠢᠨ ᠭᠦᠢᠴᠡᠳᠭᠡᠯ ᠲᠤᠭ᠎ᠠ ᠪᠣᠯᠣᠨ ᠡᠨᠧᠷᠬᠢ ᠠᠷᠪᠢᠯᠠᠬᠤ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠲᠤᠳᠤᠷᠬᠠᠶᠢᠯᠠᠬᠤ ᠬᠡᠷᠡᠭᠲᠡᠢ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠨᠢ ᠡᠨᠧᠷᠬᠢ ᠶᠢᠨ ᠭᠡᠷᠡᠲᠦ ᠬᠠᠮᠢᠶᠠᠷᠤᠯᠲᠠ ᠵᠡᠷᠭᠡ ᠠᠷᠭ᠎ᠠ ᠬᠡᠯᠪᠡᠷᠢ ᠶᠢ ᠠᠰᠢᠭᠯᠠᠵᠤ ᠪᠠᠶᠢᠭᠠᠳ ᠡᠨᠧᠷᠬᠢ ᠠᠷᠪᠢᠯᠠᠬᠤ ᠮᠡᠷᠭᠡᠵᠢᠯ ᠤᠨ ᠦᠭᠡᠷᠡᠴᠢᠯᠡᠯᠲᠡ ᠪᠣᠯᠣᠨ ᠡᠨᠧᠷᠬᠢ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ ᠠᠬᠢᠭᠤᠯᠵᠤ ᠪᠣᠯᠣᠨ᠎ᠠ᠃      ᠭᠤᠴᠢᠨ ᠭᠤᠷᠪᠠᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠬᠥᠭᠵᠢᠭᠦᠯᠦᠯᠲᠡ ᠪᠠ ᠦᠭᠡᠷᠡᠴᠢᠯᠡᠯᠲᠡ ᠵᠡᠷᠭᠡ ᠰᠠᠯᠠᠭ᠎ᠠ ᠮᠦᠴᠢᠷ ᠲᠠᠢ ᠬᠠᠮᠲᠤᠷᠠᠯᠴᠠᠵᠤ ᠪᠠᠶᠢᠭᠤᠯᠭ᠎ᠠ ᠶᠢᠨ ᠡᠨᠧᠷᠬᠢ ᠶᠢᠨ ᠬᠤᠷᠤᠭᠳᠠᠯ ᠤᠨ ᠮᠡᠳᠡᠭᠡ ᠵᠠᠩᠭᠢ ᠶᠢ ᠨᠡᠶᠢᠲᠡ ᠳᠤ ᠵᠠᠷᠯᠠᠬᠤ ᠳᠦᠷᠢᠮ ᠢ ᠲᠣᠭᠲᠠᠭᠠᠵᠤ᠂ ᠨᠡᠶᠢᠲᠡ ᠳᠤ ᠵᠠᠷᠯᠠᠬᠤ ᠭᠤᠣᠯ ᠴᠤᠭᠴᠠ᠂ ᠬᠡᠪᠴᠢᠶ᠎ᠡ᠂ ᠠᠭᠤᠯᠭ᠎ᠠ ᠵᠢᠴᠢ ᠠᠷᠭ᠎ᠠ ᠬᠡᠯᠪᠡᠷᠢ ᠶᠢ ᠲᠤᠳᠤᠷᠬᠠᠶᠢᠯᠠᠬᠤ ᠬᠡᠷᠡᠭᠲᠡᠢ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠨᠢ ᠡᠨᠧᠷᠬᠢ ᠶᠢᠨ ᠬᠤᠷᠤᠭᠳᠠᠯ ᠤᠨ ᠮᠡᠳᠡᠭᠡ ᠵᠠᠩᠭᠢ ᠪᠠᠨ ᠨᠡᠶᠢᠲᠡ ᠳᠤ ᠵᠠᠷᠯᠠᠵᠤ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠢ᠃      ᠭᠤᠴᠢᠨ ᠳᠦᠷᠪᠡᠳᠤᠭᠡᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠤᠰᠤᠨ ᠠᠰᠢᠭᠯᠠᠯᠲᠠ ᠵᠡᠷᠭᠡ ᠰᠠᠯᠠᠭ᠎ᠠ ᠮᠦᠴᠢᠷ ᠲᠠᠢ ᠬᠠᠮᠲᠤᠷᠠᠵᠤ᠂ ᠪᠠᠶᠢᠭᠤᠯᠭ᠎ᠠ ᠶᠢᠨ ᠤᠰᠤ ᠠᠷᠪᠢᠯᠠᠬᠤ ᠠᠵᠢᠯ ᠢ ᠵᠢᠯᠤᠭᠤᠳᠴᠤ ᠵᠣᠬᠢᠴᠠᠭᠤᠯᠬᠤ ᠪᠠ ᠠᠬᠢᠭᠤᠯᠬᠤ ᠬᠡᠷᠡᠭᠲᠡᠢ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠨᠢ ᠣᠰᠣᠨ ᠤ ᠡᠬᠢ ᠰᠤᠷᠪᠤᠯᠵᠢ ᠳᠤ ᠲᠦᠷᠦᠯ ᠬᠤᠪᠢᠶᠠᠨ ᠨᠤᠷᠮᠠᠴᠢᠯᠠᠬᠤ ᠪᠠ ᠬᠠᠷᠠᠯᠲᠠᠲᠤ ᠬᠠᠷᠢᠭᠤᠴᠠᠯᠭ᠎ᠠ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠤᠰᠤ ᠠᠷᠪᠢᠯᠠᠬᠤ ᠮᠡᠷᠭᠡᠵᠢᠯ ᠪᠣᠯᠣᠨ ᠲᠥᠭᠦᠭᠡᠷᠦᠮᠵᠢ ᠶᠢ ᠳᠡᠯᠭᠡᠷᠡᠭᠦᠯᠦᠨ ᠬᠡᠷᠡᠭᠯᠡᠵᠦ᠂ ᠤᠰᠤᠨ ᠤ ᠡᠬᠢ ᠰᠤᠷᠪᠤᠯᠵᠢ ᠶᠢ ᠠᠷᠪᠢᠯᠠᠨ ᠠᠰᠢᠭᠯᠠᠬᠤ ᠬᠡᠷᠡᠭᠲᠡᠢ᠃      ᠭᠤᠴᠢᠨ ᠲᠠᠪᠤᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠨᠢ ᠢᠳᠡᠭᠡᠨ ᠤ ᠵᠦᠢᠯ ᠬᠤᠳᠠᠯᠳᠤᠨ ᠠᠪᠬᠤ᠂ ᠲᠥᠭᠦᠬᠡᠢ ᠮᠠᠲ᠋ᠧᠷᠢᠶᠠᠯ ᠢ ᠠᠩᠬ᠎ᠠ ᠡᠳ᠋ᠰᠢᠭᠦᠯᠬᠦ᠂ ᠲᠣᠭᠤᠭᠠᠨ ᠭᠡᠷ ᠤᠨ ᠬᠤᠭ ᠨᠣᠪᠰᠢ ᠶᠢᠨ ᠲᠤᠭ᠎ᠠ ᠬᠡᠮᠵᠢᠶ᠎ᠡ ᠶᠢ ᠨᠢ ᠪᠠᠭᠠᠰᠬᠠᠬᠤ ᠵᠡᠷᠭᠡ ᠲᠠᠯ᠎ᠠ ᠠᠴᠠ ᠪᠠᠶᠢᠭᠤᠯᠭ᠎ᠠ ᠶᠢᠨ ᠬᠤᠭᠤᠯᠠᠨ ᠭᠡᠷ ᠤᠨ ᠢᠳᠡᠭᠡᠨ ᠤᠮᠳᠠᠭᠠᠨ ᠢ ᠠᠷᠪᠢᠯᠠᠨ ᠭᠠᠮᠨᠠᠬᠤ ᠬᠠᠮᠢᠶᠠᠷᠤᠯᠲᠠ ᠶᠢ ᠦᠷᠨᠢᠭᠦᠯᠬᠦ ᠬᠡᠷᠡᠭᠲᠡᠢ᠃      ᠭᠤᠴᠢᠨ ᠵᠢᠷᠭᠤᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠨᠢ ᠬᠠᠭᠤᠴᠢᠨ ᠪᠠ ᠬᠠᠶᠠᠭᠳᠠᠮᠠᠯ ᠪᠤᠳᠠᠰ ᠢ ᠲᠦᠷᠦᠯ ᠬᠤᠪᠢᠶᠠᠬᠤ᠂ ᠲᠦᠪᠯᠡᠷᠡᠭᠦᠯᠦᠨ ᠰᠢᠢᠳᠪᠦᠷᠢᠯᠡᠬᠦ ᠳᠦᠷᠢᠮ ᠢ ᠪᠠᠶᠢᠭᠤᠯᠵᠤ᠂ ᠪᠣᠢ ᠪᠣᠯᠣᠭᠰᠠᠨ ᠨᠢᠭᠤᠴᠠ  ᠪᠤᠰᠤ  ᠬᠠᠶᠠᠭᠳᠠᠮᠠᠯ  ᠴᠠᠭᠠᠰᠤ᠂ ᠬᠠᠶᠠᠭᠳᠠᠮᠠᠯ ᠴᠠᠬᠢᠯᠭᠠᠨ ᠬᠡᠷᠡᠭᠰᠡᠯ ᠡᠯᠧᠺᠲᠷᠣᠨ ᠦᠢᠯᠡᠳᠭᠦᠨ ᠵᠡᠷᠭᠡ ᠬᠠᠭᠤᠴᠢᠨ ᠪᠠ ᠬᠠᠶᠠᠭᠳᠠᠮᠠᠯ ᠪᠤᠳᠠᠰ ᠢ ᠲᠦᠪᠯᠡᠷᠡᠭᠦᠯᠦᠨ ᠬᠤᠷᠢᠶᠠᠵᠤ ᠠᠪᠤᠭᠠᠳ ᠰᠢᠢᠳᠪᠦᠷᠢᠯᠡᠵᠦ᠂ ᠡᠷᠬᠢᠯᠳᠦᠭᠦᠯᠦᠨ ᠠᠰᠢᠭᠯᠠᠬᠤ ᠶᠢ ᠠᠬᠢᠭᠤᠯᠬᠤ ᠬᠡᠷᠡᠭᠲᠡᠢ︔ ᠤᠯᠤᠰ ᠤᠨ ᠨᠢᠭᠤᠴᠠ ᠳᠤ ᠬᠤᠯᠪᠣᠭᠳᠠᠭᠰᠠᠨ ᠪᠠᠶᠢᠪᠠᠯ᠂ ᠨᠢᠭᠤᠴᠠ ᠶᠢ ᠬᠠᠮᠠᠭᠠᠯᠠᠬᠤ ᠶᠢᠨ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ ᠦᠭᠡᠶᠢᠰᠬᠡᠬᠦ ᠬᠡᠷᠡᠭᠲᠡᠢ᠃      ᠲᠠᠪᠤᠳᠤᠭᠠᠷ ᠪᠦᠯᠦᠭ   ᠦᠢᠯᠡᠴᠢᠯᠡᠭᠡᠨ ᠤ ᠬᠠᠮᠢᠶᠠᠷᠤᠯᠲᠠ ᠬᠢᠭᠡᠳ ᠬᠢᠨᠠᠯᠲᠠ ᠪᠠᠶᠢᠢᠴᠠᠭᠠᠯᠲᠠ      ᠭᠤᠴᠢᠨ ᠳᠤᠯᠤᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠨᠢᠭᠡᠲᠦᠯᠲᠡᠢ ᠲᠦᠷᠦᠯ ᠵᠦᠢᠯ ᠪᠣᠯᠣᠨ ᠪᠠᠷᠢᠮᠵᠢᠶ᠎ᠠ ᠶᠢ ᠲᠣᠭᠲᠠᠭᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠤᠨ ᠠᠷᠤ ᠲᠠᠯ᠎ᠠ ᠶᠢᠨ ᠦᠢᠯᠡᠴᠢᠯᠡᠭᠡᠨ ᠤ ᠠᠵᠢᠯ ᠢ ᠵᠢᠯᠤᠭᠤᠳᠬᠤ ᠪᠠ ᠬᠢᠨᠠᠯᠲᠠ ᠲᠠᠯᠪᠢᠵᠤ᠂ ᠠᠷᠤ ᠲᠠᠯ᠎ᠠ ᠶᠢᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠠᠷᠤ ᠲᠠᠯ᠎ᠠ ᠶᠢᠨ ᠦᠢᠯᠡᠴᠢᠯᠡᠭᠡᠨ ᠤ ᠡᠬᠢ ᠪᠠᠶᠠᠯᠢᠭ ᠢ ᠵᠣᠬᠢᠰᠲᠠᠢ ᠲᠣᠬᠢᠷᠠᠭᠤᠯᠤᠨ ᠳᠦᠬᠦᠷᠵᠢᠭᠦᠯᠬᠦ ᠪᠠ ᠠᠷᠪᠢᠯᠠᠨ ᠬᠡᠷᠡᠭᠯᠡᠬᠦ ᠬᠡᠷᠡᠭᠲᠡᠢ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠨᠢ ᠲᠣᠭᠲᠠᠭᠠᠭᠰᠠᠨ ᠲᠦᠷᠦᠯ ᠵᠦᠢᠯ ᠪᠣᠯᠣᠨ ᠪᠠᠷᠢᠮᠵᠢᠶ᠎ᠠ ᠠᠴᠠ ᠬᠡᠲᠦᠷᠡᠭᠦᠯᠦᠨ ᠠᠷᠤ ᠲᠠᠯ᠎ᠠ ᠶᠢᠨ ᠦᠢᠯᠡᠴᠢᠯᠡᠭᠡ ᠶᠢ ᠬᠠᠩᠭᠠᠵᠤ ᠪᠣᠯᠬᠤ ᠦᠭᠡᠢ᠃      ᠭᠤᠴᠢᠨ ᠨᠠᠢᠮᠠᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠶᠤᠰᠤᠯᠠᠯ ᠤᠨ ᠵᠦᠢᠯᠡᠰ ᠢ ᠳᠦᠭᠦᠮᠴᠢᠯᠡᠬᠦ᠂ ᠪᠣᠲᠠᠲᠠᠢ ᠶᠢ ᠡᠷᠬᠢᠮᠯᠡᠨ ᠠᠷᠪᠢᠲᠠᠢ ᠭᠠᠮᠲᠠᠢ ᠪᠠᠶᠢᠬᠤ ᠵᠠᠷᠴᠢᠮ ᠢ ᠵᠢᠷᠤᠮᠯᠠᠨ᠂ ᠤᠯᠤᠰ ᠪᠠ ᠦᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ᠂ ᠲᠤᠰ ᠭᠠᠵᠠᠷ ᠣᠷᠣᠨ ᠤ ᠪᠣᠲᠠᠲᠠᠢ ᠲᠠᠢ ᠪᠠᠨ ᠤᠶᠠᠯᠳᠤᠭᠤᠯᠵᠦ᠂ ᠠᠯᠪᠠᠨ ᠶᠠᠪᠤᠳᠠᠯ ᠤᠨ ᠵᠣᠴᠢᠯᠠᠬᠤ ᠬᠡᠪᠴᠢᠶ᠎ᠡ ᠪᠣᠯᠣᠨ ᠪᠠᠷᠢᠮᠵᠢᠶ᠎ᠠ ᠶᠢ ᠲᠣᠭᠲᠠᠭᠠᠬᠤ ᠬᠡᠷᠡᠭᠲᠡᠢ᠃      ᠭᠤᠴᠢ ᠶᠢᠰᠦᠳᠦᠭᠡᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠨᠢ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠶᠢᠨ ᠬᠠᠮᠢᠶ᠎ᠠ ᠪᠦᠬᠦᠢ ᠲᠣᠭᠲᠠᠭᠠᠯ ᠶᠤᠰᠤᠭᠠᠷ᠂ ᠠᠷᠤ ᠲᠠᠯ᠎ᠠ ᠶᠢᠨ ᠦᠢᠯᠡᠴᠢᠯᠡᠭᠡᠨ ᠤ ᠲᠦᠷᠦᠯ ᠵᠦᠢᠯ ᠪᠣᠯᠣᠨ ᠪᠠᠷᠢᠮᠵᠢᠶ᠎ᠠ ᠶᠢ ᠦᠨᠳᠦᠰᠦᠯᠡᠨ᠂ ᠵᠣᠬᠢᠬᠤ ᠬᠢᠷᠢ ᠭᠡᠮ ᠲᠠᠢ ᠪᠤᠶᠤ ᠴᠢᠳᠠᠪᠤᠷᠢ ᠲᠠᠢ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠶᠢ ᠰᠤᠩᠭᠤᠵᠤ ᠠᠷᠤ ᠲᠠᠯ᠎ᠠ ᠶᠢᠨ ᠦᠢᠯᠡᠴᠢᠯᠡᠭᠡ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ᠂ ᠠᠯᠪᠠᠨ ᠶᠠᠪᠤᠳᠠᠯ ᠤᠨ ᠵᠣᠴᠢᠯᠠᠬᠤ ᠵᠡᠷᠭᠡ ᠠᠵᠢᠯ ᠢ ᠳᠠᠭᠠᠭᠠᠨ ᠠᠪᠴᠤ ᠭᠦᠢᠴᠡᠳᠭᠡᠯᠭᠡᠬᠦ ᠬᠡᠷᠡᠭᠲᠡᠢ᠃      ᠳᠦᠴᠢᠳᠦᠭᠡᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠤᠰ ᠱᠠᠲᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠪᠣᠯᠣᠨ ᠳᠣᠣᠷᠠᠳᠤ ᠱᠠᠲᠤᠨ ᠤ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠ ᠬᠠᠤᠯᠢ ᠴᠠᠭᠠᠵᠠ ᠰᠠᠬᠢᠯᠭ᠎ᠠ ᠪᠠᠲᠤ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠨᠢ ᠴᠠᠭ ᠲᠣᠬᠠᠢ ᠳᠤ ᠨᠢ ᠵᠠᠯᠠᠷᠠᠭᠤᠯᠬᠤ ᠬᠡᠷᠡᠭᠲᠡᠢ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠬᠥᠭᠵᠢᠭᠦᠯᠦᠯᠲᠡ ᠪᠠ ᠦᠭᠡᠷᠡᠴᠢᠯᠡᠯᠲᠡ᠂ ᠡᠳ᠋ ᠤᠨ ᠵᠠᠰᠠᠭ᠂ ᠬᠢᠨᠠᠨ ᠪᠤᠳᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠵᠤ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠪᠠᠶᠢᠭᠤᠯᠭ᠎ᠠ ᠶᠢᠨ ᠶᠠᠪᠤᠳᠠᠯ ᠤᠨ ᠠᠵᠢᠯᠯᠠᠭᠠᠨ ᠤ ᠵᠠᠷᠤᠳᠠᠯ᠂ ᠡᠳ᠋ ᠬᠦᠷᠦᠩᠭᠡ᠂ ᠠᠯᠪᠠᠨ ᠬᠡᠷᠡᠭᠯᠡᠭᠡᠨ ᠤ ᠭᠡᠷ ᠪᠠᠶᠢᠰᠢᠩ ᠤᠨ ᠬᠡᠷᠡᠭᠯᠡᠬᠦ ᠠᠮᠦᠷ ᠲᠥᠪᠰᠢᠨ᠂ ᠠᠷᠤ ᠲᠠᠯ᠎ᠠ ᠶᠢᠨ ᠦᠢᠯᠡᠴᠢᠯᠡᠭᠡ ᠵᠡᠷᠭᠡ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠬᠡᠷᠡᠭᠲᠡᠢ︔ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠪᠣᠯᠣᠨ ᠪᠠᠷᠢᠮᠵᠢᠶ᠎ᠠ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢᠨ ᠢᠯᠡᠴᠢᠯᠡᠨ ᠮᠡᠳᠡᠭᠦᠯᠦᠯᠲᠡ ᠶᠢ ᠣᠯᠪᠠᠯ ᠂ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃      ᠳᠦᠴᠢᠨ ᠨᠢᠭᠡᠳᠦᠭᠡᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠨᠢ ᠪᠠᠶᠢᠭᠤᠯᠭ᠎ᠠ ᠶᠢᠨ ᠶᠠᠪᠤᠳᠠᠯ ᠢ ᠢᠯᠡ ᠪᠣᠯᠭᠠᠬᠤ ᠳᠦᠷᠢᠮ ᠢ ᠪᠠᠶᠢᠭᠤᠯᠵᠤ᠂ ᠠᠯᠪᠠᠨ ᠶᠠᠪᠤᠳᠠᠯ ᠤᠨ ᠵᠣᠴᠢᠯᠠᠬᠤ ᠵᠠᠷᠤᠳᠠᠯ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠬᠤᠳᠠᠯᠳᠤᠨ ᠠᠪᠬᠤ ᠪᠠ ᠠᠵᠢᠯᠯᠠᠭᠤᠯᠬᠤ ᠵᠠᠷᠤᠳᠠᠯ᠂ ᠠᠯᠪᠠᠨ ᠶᠠᠪᠤᠳᠠᠯ ᠢᠶᠠᠷ ᠭᠠᠳᠠᠭᠠᠳᠤ ︵ᠬᠢᠯᠢ︶ ᠳᠤ ᠭᠠᠷᠬᠤ ᠵᠠᠷᠤᠳᠠᠯ ᠵᠡᠷᠭᠡ ᠪᠠᠶᠢᠭᠤᠯᠭ᠎ᠠ ᠶᠢᠨ ᠠᠵᠢᠯᠯᠠᠭᠠᠨ ᠤ ᠵᠠᠷᠤᠳᠠᠯ ᠤᠨ ᠲᠦᠰᠦᠪ ᠪᠠ ᠲᠦᠰᠦᠪ ᠤᠨ ᠭᠦᠢᠴᠡᠳᠭᠡᠯ ᠤᠨ ᠪᠠᠶᠢᠳᠠᠯ ᠵᠢᠴᠢ ᠪᠤᠰᠤᠳ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠭᠤᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠢ᠃      ᠵᠢᠷᠭᠤᠳᠤᠭᠠᠷ ᠪᠦᠯᠦᠭ   ᠬᠠᠦᠯᠢ ᠴᠠᠭᠠᠵᠠ ᠶᠢᠨ ᠬᠠᠷᠢᠴᠠᠭᠤᠯᠭ᠎ᠠ      ᠳᠦᠴᠢᠨ ᠬᠤᠶᠠᠳᠤᠭᠠᠷ ᠵᠦᠢᠯ   ᠲᠤᠰ ᠠᠷᠭ᠎ᠠ ᠶᠢᠨ ᠲᠣᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ︽ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠰᠢᠢᠳᠭᠡᠵᠦ ᠲᠣᠷᠭᠠᠬᠤ ᠲᠣᠭᠲᠠᠭᠠᠯ ᠭᠠᠷᠭᠠᠭᠰᠠᠨ ᠪᠠᠶᠢᠪᠠᠯ᠂ ᠲᠡᠷᠡ ᠲᠣᠭᠲᠠᠭᠠᠯ ᠢ ᠨᠢ ᠵᠢᠷᠤᠮᠯᠠᠬᠤ ᠬᠡᠷᠡᠭᠲᠡᠢ᠃      ᠳᠦᠴᠢᠨ ᠭᠤᠷᠪᠠᠳᠤᠭᠠᠷ ᠵᠦᠢᠯ   ᠲᠤᠰ ᠠᠷᠭ᠎ᠠ ᠶᠢᠨ ᠲᠣᠭᠲᠠᠭᠠᠯ ᠠᠴᠠ ᠵᠦᠷᠢᠴᠡᠵᠦ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠬᠤᠪᠢᠨ ᠳᠤ ᠪᠠᠨ ᠬᠡᠷᠡᠭᠯᠡᠭᠰᠡᠨ᠂ ᠬᠤᠪᠢ ᠶᠢᠨ ᠲᠡᠷᠭᠡ ᠶᠢᠨ ᠵᠠᠷᠤᠳᠠᠯ ᠢᠶᠠᠨ ᠠᠯᠪᠠᠨ ᠢᠶᠠᠷ ᠭᠠᠷᠭᠠᠯᠭᠠᠭᠰᠠᠨ ᠪᠤᠶᠤ ᠠᠯᠪᠠᠨ ᠶᠠᠪᠤᠳᠠᠯ ᠤᠨ ᠨᠦᠬᠦᠪᠦᠷᠢ ᠶᠢ ᠠᠪᠤᠭᠰᠠᠨ ᠪᠦᠭᠡᠳ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠲᠣᠭᠲᠠᠭᠠᠯ ᠠᠴᠠ ᠵᠦᠷᠢᠴᠡᠨ ᠬᠡᠷᠡᠭᠯᠡᠭᠰᠡᠨ ᠪᠠᠶᠢᠪᠠᠯ᠂ ᠳᠡᠭᠡᠳᠦ ᠱᠠᠲᠤᠨ ᠤ ᠪᠠᠶᠢᠭᠤᠯᠭ᠎ᠠ ᠨᠢ ᠵᠠᠷᠯᠢᠭᠳᠠᠵᠤ ᠪᠠᠶᠢᠭᠠᠳ ᠵᠠᠯᠠᠷᠠᠭᠤᠯᠬᠤ ᠬᠡᠷᠡᠭᠲᠡᠢ︔ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠲᠣᠮᠢᠯᠠᠬᠤ ᠪᠠ ᠪᠠᠭᠤᠯᠭᠠᠭᠰᠠᠨ ᠪᠠᠶᠢᠭᠤᠯᠭ᠎ᠠ ᠨᠢ ᠬᠠᠷᠢᠭᠤᠴᠠᠯᠭ᠎ᠠ ᠲᠠᠢ ᠬᠦᠮᠦᠰ ᠲᠤ ᠬᠠᠤᠯᠢ ᠶᠤᠰᠤᠭᠠᠷ ᠰᠢᠢᠳᠭᠡᠯ ᠣᠯᠭᠤᠬᠤ ᠬᠡᠷᠡᠭᠲᠡᠢ᠃      ᠳᠦᠴᠢᠨ ᠳᠦᠷᠪᠡᠳᠦᠭᠡᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠭᠴᠢᠳ ᠨᠢ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠠᠵᠢᠯᠯᠠᠭ᠎ᠠ ᠳᠤ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠠᠯᠪᠠᠨ ᠲᠤᠰᠢᠶᠠᠯ ᠳᠤ ᠠᠯᠮᠠᠶᠢᠷᠠᠨ ᠣᠰᠤᠯᠳᠤᠭᠰᠠᠨ᠂ ᠭᠤᠶᠠᠴᠢᠯᠠᠨ ᠬᠠᠤᠯᠢ ᠶᠤᠰᠣ ᠶᠢ ᠵᠦᠷᠢᠴᠡᠭᠰᠡᠨ ᠪᠤᠶᠤ ᠱᠠᠮᠰᠢᠵᠤ ᠬᠠᠭ᠋ᠤᠤᠯᠢ ᠢᠳᠡᠭᠰᠡᠨ ᠪᠠᠶᠢᠪᠠᠯ᠂ ᠬᠠᠤᠯᠢ ᠶᠤᠰᠤᠭᠠᠷ ᠰᠢᠢᠳᠭᠡᠯ ᠥᠭᠬᠦ ᠬᠡᠷᠡᠭᠲᠡᠢ︔ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠶᠢ ᠨᠡᠭᠡᠮᠵᠢᠯᠡᠬᠦ ᠬᠡᠷᠡᠭᠲᠡᠢ᠃      ᠳᠦᠴᠢᠨ ᠲᠠᠪᠤᠳᠤᠭᠠᠷ ᠵᠦᠢᠯ   ᠲᠤᠰ ᠠᠷᠭ᠎ᠠ ᠶᠢᠨ ᠲᠣᠭᠲᠠᠭᠠᠯ ᠠᠴᠠ ᠵᠦᠷᠢᠴᠡᠵᠦ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ᠂ ᠪᠠᠷᠢᠮᠵᠢᠶ᠎ᠠ ᠶᠢ ᠵᠦᠷᠢᠴᠡᠭᠰᠡᠨ ᠦᠢᠯᠡ ᠠᠵᠢᠯᠯᠠᠭ᠎ᠠ ᠶᠢᠨ ᠢᠯᠡᠴᠢᠯᠡᠨ ᠮᠡᠳᠡᠭᠦᠯᠦᠯᠲᠡ ᠶᠢ ᠣᠯᠤᠭᠠᠳ ᠴᠠᠭ ᠲᠣᠬᠠᠢ ᠳᠤ ᠨᠢ ᠬᠠᠤᠯᠢ ᠶᠤᠰᠤᠭᠠᠷ ᠪᠠᠶᠢᠴᠠᠭᠠᠵᠤ ᠰᠢᠢᠳᠪᠦᠷᠢᠯᠡᠭᠰᠡᠨ ᠦᠭᠡᠢ ᠪᠠᠶᠢᠪᠠᠯ᠂ ᠳᠡᠭᠡᠳᠦ ᠱᠠᠲᠤᠨ ᠤ ᠪᠠᠶᠢᠭᠤᠯᠭ᠎ᠠ ᠨᠢ ᠵᠠᠷᠯᠢᠭᠳᠠᠵᠤ ᠪᠠᠶᠢᠭᠠᠳ ᠵᠠᠯᠠᠷᠠᠭᠤᠯᠬᠤ ᠬᠡᠷᠡᠭᠲᠡᠢ︔ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠲᠣᠮᠢᠯᠠᠬᠤ ᠪᠠ ᠪᠠᠭᠤᠯᠭᠠᠭᠰᠠᠨ ᠪᠠᠶᠢᠭᠤᠯᠭ᠎ᠠ ᠨᠢ ᠬᠠᠷᠢᠭᠤᠴᠠᠯᠭ᠎ᠠ ᠲᠠᠢ ᠬᠦᠮᠦᠰ ᠲᠤ ᠬᠠᠤᠯᠢ ᠶᠤᠰᠤᠭᠠᠷ ᠰᠢᠢᠳᠭᠡᠯ ᠥᠭᠬᠦ ᠬᠡᠷᠡᠭᠲᠡᠢ᠃      ᠳᠤᠯᠤᠳᠤᠭᠠᠷ ᠪᠦᠯᠦᠭ   ᠳᠠᠭᠠᠯᠳᠤᠭᠤᠯᠤᠯ ᠳᠦᠷᠢᠮ      ᠳᠦᠴᠢᠨ ᠵᠢᠷᠭᠤᠳᠤᠭᠠᠷ ᠵᠦᠢᠯ   ᠲᠤᠰ ᠠᠷᠭ᠎ᠠ ᠳᠤ ᠬᠡᠯᠡᠵᠦ ᠪᠠᠶᠢᠭ᠎ᠠ ᠪᠠᠶᠢᠭᠤᠯᠭ᠎ᠠ ᠶᠢᠨ ᠶᠠᠪᠤᠳᠠᠯ ᠭᠡᠳᠡᠭ ᠨᠢ ᠪᠠᠶᠢᠭᠤᠯᠭ᠎ᠠ ᠶᠢᠨ ᠬᠡᠪ ᠤᠨ ᠠᠵᠢᠯᠯᠠᠭᠠᠨ ᠢ ᠪᠠᠲᠤᠯᠠᠬᠤ ᠡᠯ᠎ᠡ ᠵᠦᠢᠯ ᠤᠨ ᠠᠵᠢᠯᠯᠠᠭ᠎ᠠ ᠶᠢ ᠵᠢᠭᠠᠵᠤ ᠪᠣᠢ᠂ ᠡᠭᠦᠨ ᠳᠤ ᠵᠠᠷᠤᠳᠠᠯ ᠤᠨ ᠬᠠᠮᠢᠶᠠᠷᠤᠯᠲᠠ᠂ ᠡᠳ᠋ ᠬᠦᠷᠦᠩᠭᠡ ᠶᠢᠨ ᠬᠠᠮᠢᠶᠠᠷᠤᠯᠲᠠ᠂ ᠡᠬᠢ ᠪᠠᠶᠠᠯᠢᠭ ᠢ ᠠᠷᠪᠢᠯᠠᠬᠤ ᠬᠠᠮᠢᠶᠠᠷᠤᠯᠲᠠ᠂ ᠠᠯᠪᠠᠨ ᠶᠠᠪᠤᠳᠠᠯ ᠤᠨ ᠵᠣᠴᠢᠯᠠᠬᠤ ᠵᠢᠴᠢ ᠠᠷᠤ ᠲᠠᠯ᠎ᠠ ᠶᠢᠨ ᠦᠢᠯᠡᠴᠢᠯᠡᠭᠡ ᠵᠡᠷᠭᠡ ᠲᠠᠯ᠎ᠠ ᠳᠠᠬᠢ ᠠᠵᠢᠯ ᠶᠠᠪᠤᠳᠠᠯ ᠤᠳ ᠢ ᠪᠠᠭᠲᠠᠭᠠᠨ᠎ᠠ᠃      ᠲᠤᠰ ᠠᠷᠭ᠎ᠠ ᠳᠤ ᠬᠡᠯᠡᠵᠦ ᠪᠠᠶᠢᠭ᠎ᠠ ᠪᠠᠶᠢᠭᠤᠯᠭ᠎ᠠ ᠶᠢᠨ ᠠᠵᠢᠯᠯᠠᠭᠠᠨ ᠤ ᠵᠠᠷᠤᠳᠠᠯ ᠭᠡᠳᠡᠭ ᠨᠢ ᠪᠠᠶᠢᠭᠤᠯᠭ᠎ᠠ ᠶᠢᠨ ᠠᠵᠢᠯᠯᠠᠭᠠᠨ ᠢ ᠪᠠᠲᠤᠯᠠᠬᠤ ᠪᠠᠷ ᠡᠳ᠋ ᠪᠠᠷᠠᠭ᠎ᠠ ᠪᠠ ᠦᠢᠯᠡᠴᠢᠯᠡᠭᠡ ᠬᠤᠳᠠᠯᠳᠤᠨ ᠠᠪᠬᠤ ᠳᠤ ᠬᠡᠷᠡᠭᠯᠡᠬᠦ ᠡᠯ᠎ᠡ ᠵᠦᠢᠯ ᠤᠨ ᠪᠡᠯᠡ ᠮᠦᠩᠭᠦ ᠶᠢ ᠵᠢᠭᠠᠵᠤ ᠪᠣᠢ᠃      ᠳᠦᠴᠢᠨ ᠳᠤᠯᠤᠳᠤᠭᠠᠷ ᠵᠦᠢᠯ   ᠪᠤᠰᠤᠳ ᠲᠥᠷᠥ ᠶᠢᠨ ᠪᠠᠶᠢᠭᠤᠯᠭ᠎ᠠ ᠪᠣᠯᠣᠨ ᠬᠤᠯᠪᠣᠭᠳᠠᠯ ᠪᠦᠬᠦᠢ ᠠᠷᠠᠳ ᠤᠨ ᠪᠦᠯᠬᠦᠮ ᠤᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠠᠵᠢᠯᠯᠠᠭ᠎ᠠ ᠶᠢ ᠲᠤᠰ ᠠᠷᠭ᠎ᠠ ᠪᠠᠷ ᠯᠠᠪᠯᠠᠯᠲᠠ ᠪᠣᠯᠭᠠᠵᠤ ᠬᠡᠷᠡᠭᠵᠢᠭᠦᠯᠦᠨ᠎ᠡ᠃      ᠳᠦᠴᠢᠨ ᠨᠠᠢᠮᠠᠳᠤᠭᠠᠷ ᠵᠦᠢᠯ   ᠲᠤᠰ ᠠᠷᠭ᠎ᠠ ᠶᠢ 2019 ᠣᠨ ᠤ 2 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ