| | | 2 ᠳ᠋ᠤᠭᠠᠷ ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ | ᠮᠡᠳᠡᠭᠡᠨ ᠤ ᠠᠯᠪᠠᠨ ᠭᠡᠷ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠢ ᠯᠠᠪᠳᠠᠭᠤᠨ | ᠪᠠᠲᠤᠲᠠᠢ ᠠᠬᠢᠭᠤᠯᠬᠤ ᠬᠡᠷᠡᠭᠲᠡᠢ ᠭᠡᠰᠡᠨ ᠰᠡᠳᠦᠪ ᠢᠶᠠᠷ ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ | ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ | ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ | ᠦᠶ᠎ᠡ ᠳᠤ ᠬᠡᠯᠡᠭᠰᠡᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠰᠢᠷᠢᠰ ᠰᠣᠨᠢᠨ ᠮᠡᠳᠡᠭᠡ | ᠨᠡᠶᠢᠲᠡᠯᠡᠬᠦ ᠭᠤᠷᠪᠠᠳᠤᠭᠠᠷ ᠲᠠᠯᠠᠪᠠᠢ ᠶᠢᠨ ᠬᠤᠷᠠᠯ ᠢ ᠬᠥᠬᠡᠬᠤᠲᠠ ᠳᠤ ᠬᠤᠷᠠᠯᠳᠤᠭᠤᠯᠪᠠ᠃ ᠥᠪᠡᠷᠲᠡᠭᠡᠨ ᠵᠠᠰᠠᠬᠤ | ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠲᠡᠮᠦᠷ | ᠭᠤᠣᠯ ᠰᠡᠳᠦᠪ ᠢ ᠨᠡᠶᠢᠲᠡᠯᠡᠭᠰᠡᠨ ᠪᠦᠭᠡᠳ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ | ᠳᠡᠳ᠋ ᠳᠠᠷᠤᠭ᠎ᠠ ᠳ᠋ᠸᠥ ᠭᠥᠢ ᠵᠢᠶᠦ᠋ᠨ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠤᠨ | ᠲᠣᠭᠤᠷᠢᠨ ᠪᠠᠶᠢᠴᠠᠭᠠᠭᠴᠢ ᠵᠦ ᠯᠢ ᠫᠢᠩ ᠲᠠᠢ ᠬᠠᠮᠲᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ᠃ |