ᠨᠢᠭᠡ᠂ ᠰᠤᠷᠤᠭᠴᠢ ᠡᠯᠰᠡᠬᠦ ᠲᠦᠯᠦᠪᠯᠡᠭᠡ | ᠦᠪᠦᠷ ᠮᠤᠩᠭᠤᠯ ᠠᠴᠠ ᠨᠠᠶᠢᠳᠠᠨ ᠬᠦᠮᠦᠵᠢᠭᠦᠯᠬᠦ ᠰᠤᠷᠤᠭᠴᠢ 5 ᠡᠯᠰᠡᠨ᠎ᠠ ︵ᠵᠦᠪᠬᠡᠨ ᠮᠤᠩᠭᠤᠯ | ᠦᠨᠳᠦᠰᠦᠳᠡᠨ᠂ ᠳᠠᠭᠤᠷ ᠦᠨᠳᠦᠰᠦᠳᠡᠨ᠂ ᠡᠸᠠᠩᠭᠢ ᠦᠨᠳᠦᠰᠦᠳᠡᠨ᠂ ᠤᠷᠴᠤᠨ ᠦᠨᠳᠦᠰᠦᠳᠡᠨ ᠢᠶᠠᠷ | ᠬᠢᠵᠠᠭᠠᠷᠯᠠᠨ᠎ᠠ᠂ ᠮᠤᠩᠭᠤᠯ ᠬᠢᠳᠠᠳ ᠬᠤᠶᠠᠷ ᠬᠡᠯᠡᠨ ᠳᠤ ᠨᠡᠪᠳᠡᠷᠡᠭᠰᠡᠳ ᠢ ᠲᠦᠷᠦᠭᠦᠨ ᠳᠤ ᠡᠯᠰᠡᠨ᠎ᠠ︶᠂ ᠰᠤᠷᠤᠭᠴᠢ | ᠡᠯᠰᠡᠬᠦ ᠲᠤᠰᠬᠠᠢ ᠮᠡᠷᠭᠡᠵᠢᠯ ᠤᠨ ᠲᠦᠯᠦᠪᠯᠡᠭᠡ ᠶᠢᠨ ᠲᠤᠭ᠎ᠠ ᠳᠤᠤᠷᠠᠬᠢ ᠮᠡᠳᠦ᠄ | 1᠂ ᠳᠠᠭᠤᠤ ᠬᠦᠭᠵᠢᠮ ᠤᠨ ᠲᠤᠭᠯᠠᠯᠳᠠ ︵ᠳᠠᠭᠤᠯᠠᠯᠭ᠎ᠠ — ᠭᠤᠶᠢᠳᠠ ᠳᠠᠭᠤᠯᠠᠯᠭ᠎ᠠ︶᠄ 2 ᠨᠡᠷ᠎ᠠ | 2᠂ ᠳᠠᠭᠤᠤ ᠬᠦᠭᠵᠢᠮ ᠤᠨ ᠲᠤᠭᠯᠠᠯᠳᠠ ︵ᠳᠠᠭᠤᠤ ᠬᠦᠭᠵᠢᠮ ᠰᠢ ᠵᠦᠴᠦᠭᠡ ᠶᠢᠨ ᠲᠤᠭᠯᠠᠯᠳᠠ︶᠄ | 3 ᠨᠡᠷ᠎ᠠ | ᠬᠤᠶᠠᠷ᠂ ᠰᠢᠯᠭᠠᠯᠳᠠ ᠳᠤ ᠨᠡᠷ᠎ᠠ ᠮᠡᠳᠡᠭᠦᠯᠬᠦ ᠠᠷᠭ᠎ᠠ | ᠰᠢᠯᠭᠠᠯᠳᠠ ᠳᠤ ᠨᠡᠷ᠎ᠠ ᠮᠡᠳᠡᠭᠦᠯᠬᠦ ᠴᠠᠭ ᠪᠠ ᠭᠠᠵᠠᠷ | ︵1︶ ᠨᠡᠷ᠎ᠠ ᠮᠡᠳᠡᠭᠦᠯᠬᠦ ᠴᠠᠭ᠄ 2019 ᠤᠨ ᠤ 3 ᠳ᠋ᠤᠭᠠᠷ ᠰᠠᠷ᠎ᠠ ᠶᠢᠨ 22 ᠤᠨ ᠡᠳᠦᠷ | ︵2︶ ᠰᠢᠯᠭᠠᠯᠳᠠ ᠶᠢᠨ ᠴᠠᠭ᠄ 2019 ᠤᠨ ᠤ 3 ᠳ᠋ᠤᠭᠠᠷ ᠰᠠᠷ᠎ᠠ ᠶᠢᠨ 23 ᠤ ᠡᠳᠦᠷ | ︵3︶ ᠨᠡᠷ᠎ᠠ ᠮᠡᠳᠡᠭᠦᠯᠬᠦ ᠵᠢᠴᠢ ᠰᠢᠯᠭᠠᠬᠤ ᠭᠠᠵᠠᠷ᠄ ᠦᠪᠦᠷ ᠮᠤᠩᠭᠤᠯ ᠤᠨ ᠤᠷᠠᠯᠢᠭ ᠤᠨ ᠳᠡᠭᠡᠳᠦ | ᠰᠤᠷᠭᠠᠭᠤᠯᠢ ︵ᠬᠦᠬᠡᠬᠤᠳᠠ ᠶᠢᠨ ᠰᠢᠨ᠎ᠠ ᠬᠤᠳᠠ ᠲᠤᠭᠤᠷᠢᠭ ᠤᠨ ᠰᠢᠨᠬᠤᠸᠠ ᠵᠡᠭᠦᠨ ᠵᠡᠭᠡᠯᠢ ᠶᠢᠨ 101 ᠨᠤᠮᠧᠷ︶ | 2᠂ ᠨᠡᠷ᠎ᠠ ᠮᠡᠳᠡᠭᠦᠯᠬᠦ ᠦᠶᠡᠰ ᠳᠤᠤᠷ᠎ᠠ ᠳᠤᠷᠠᠳᠤᠭᠰᠠᠨ ᠦᠨᠡᠮᠯᠡᠯ ᠢ ᠪᠠᠶᠢᠴᠠᠭᠠᠨ᠎ᠠ᠄ | ︵1︶ ᠰᠢᠯᠭᠠᠭᠤᠯᠤᠭᠰᠠᠳ ᠤᠨ ᠪᠡᠶ᠎ᠠ ᠶᠢᠨ ᠦᠨᠡᠮᠯᠡᠯ ᠵᠢᠴᠢ ᠳᠠᠷᠤᠮᠠᠯᠯᠠᠭᠰᠠᠨ ᠮᠠᠲ᠋ᠧᠷᠢᠶᠠᠯ ︵ᠪᠡᠶ᠎ᠠ ᠶᠢᠨ | ᠦᠨᠡᠮᠯᠡᠯ ᠤᠨ ᠬᠤᠶᠠᠷ ᠲᠠᠯ᠎ᠠ ᠶᠢ ᠨᠢᠭᠡ ᠬᠠᠭᠤᠳᠠᠰᠤ A4 ᠴᠠᠭᠠᠰᠤᠨ ᠳᠡᠭᠡᠷ᠎ᠠ ᠳᠠᠷᠤᠮᠠᠯᠯᠠᠬᠤ ᠬᠡᠷᠡᠭᠳᠠᠢ︶︔ | ︵2︶ ᠤᠷᠠᠯᠢᠭ ᠤᠨ ᠲᠦᠷᠦᠯ ᠤᠨ ᠰᠢᠯᠭᠠᠭᠤᠯᠤᠭᠰᠠᠳ ︵ᠪᠤᠶᠤ ᠤᠯᠤᠰ ᠤᠨ ᠨᠢᠭᠡᠳᠦᠯᠳᠡᠢ ᠰᠢᠯᠭᠠᠯᠳᠠ︶ | ᠤᠨ ᠨᠡᠷ᠎ᠠ ᠮᠡᠳᠡᠭᠦᠯᠦᠭᠰᠡᠨ ᠦᠨᠡᠮᠯᠡᠯ ᠵᠢᠴᠢ ᠳᠠᠷᠤᠮᠠᠯᠯᠠᠭᠰᠠᠨ ᠮᠠᠲ᠋ᠧᠷᠢᠶᠠᠯ︔ | ︵3︶ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠤᠰᠬᠠᠢ ᠮᠡᠷᠭᠡᠵᠢᠯ ᠤᠨ ᠨᠢᠭᠡᠳᠦᠯᠳᠠᠢ | ᠰᠢᠯᠭᠠᠯᠳᠠ ᠶᠢᠨ ᠬᠢᠷᠢ ᠲᠡᠩᠴᠡᠭᠰᠠᠨ ᠦᠨᠡᠮᠯᠡᠯ ᠪᠤᠶᠤ ᠬᠢᠷᠢ ᠲᠡᠩᠴᠡᠭᠰᠡᠨ ᠭᠡᠷᠡᠴᠢᠯᠡᠭᠡ ᠵᠢᠴᠢ ᠳᠠᠷᠤᠮᠠᠯᠯᠠᠭᠰᠠᠨ | ᠮᠠᠲ᠋ᠧᠷᠢᠶᠠᠯ︔ | ︵4︶ 2 ᠢᠮᠠᠬᠤ ᠶᠢᠨ ᠮᠠᠯᠠᠭᠠᠢ ᠵᠡᠬᠦᠭᠰᠡᠨ ᠦᠭᠡᠢ ᠲᠦᠪ ᠰᠡᠭᠦᠳᠡᠷ ︵ᠬᠤᠶᠠᠷ ᠬᠤᠪᠢ / ᠲᠤᠰᠬᠠᠢ | ᠮᠡᠷᠭᠡᠵᠢᠯ ᠤᠨ︶︔ | ︵5︶ ᠨᠡᠷ᠎ᠠ ᠮᠡᠳᠡᠭᠦᠯᠬᠦ ᠰᠦᠢᠳᠭᠡᠯ 300 ᠲᠦᠭᠦᠷᠢᠭ᠃ | ᠭᠤᠷᠪᠠ᠂ ᠰᠢᠯᠭᠠᠬᠤ ᠠᠭᠤᠯᠭ᠎ᠠ | ︽2019 ᠤᠨ ᠤ ᠱᠠᠩᠬᠠᠢ ᠶᠢᠨ ᠳᠠᠭᠤᠤ ᠬᠦᠭᠵᠢᠮ ᠤᠨ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠶᠢᠨ | ᠤᠷᠠᠯᠢᠭ ᠤᠨ ᠲᠦᠷᠦᠯ ᠤᠨ ᠲᠤᠰᠬᠠᠢ ᠮᠡᠷᠭᠡᠵᠢᠯ ᠤᠨ ᠰᠤᠷᠤᠬᠴᠢ ᠡᠯᠰᠡᠬᠦ ᠲᠤᠪᠴᠢ ᠳᠦᠷᠢᠮ︾ ᠤᠨ ᠬᠠᠮᠢᠶ᠎ᠠ | ᠪᠦᠬᠦᠢ ᠠᠭᠤᠯᠭ᠎ᠠ ᠶᠢ ᠯᠠᠪᠯᠠᠭᠠᠷᠠᠢ ︵ᠦᠪᠡᠷ ᠢᠶᠠᠨ ᠱᠠᠩᠬᠠᠢ ᠶᠢᠨ ᠳᠠᠭᠤᠤ ᠬᠦᠭᠵᠢᠮ ᠤᠨ ᠳᠡᠭᠡᠳᠦ ᠰᠤᠷᠭᠠᠭᠤᠯᠢ ᠶᠢᠨ | ᠰᠤᠷᠤᠬᠴᠢ ᠡᠯᠰᠡᠬᠦ ᠠᠯᠪᠠᠨ ᠭᠡᠷ ᠤᠨ ᠠᠯᠪᠠᠨ ᠰᠦᠯᠵᠢᠶ᠎ᠠ ᠠᠴᠠ ᠪᠠᠭᠤᠯᠭᠠᠭᠠᠷᠠᠢ᠂ ᠰᠦᠯᠵᠢᠶᠡᠨ ᠤ ᠬᠠᠶ᠋ᠢᠭ | http://jwc.shcmu⁃sic.edu.cn︶᠃ | ᠳᠦᠷᠪᠡ᠂ ᠰᠤᠶᠤᠯ ᠤᠨ ᠬᠢᠴᠢᠶᠡᠯ ᠤᠨ ᠰᠢᠯᠭᠠᠯᠲᠠ | ᠲᠤᠰᠬᠠᠢ ᠮᠡᠷᠭᠡᠵᠢᠯ ᠨᠢ ᠬᠢᠷᠢ ᠲᠡᠩᠴᠡᠭᠰᠡᠨ ᠰᠢᠯᠭᠠᠭᠤᠯᠤᠬᠰᠠᠳ ᠲᠤᠬᠲᠠᠬᠰᠠᠨ ᠴᠠᠭ ᠲᠤ ᠦᠪᠦᠷ ᠮᠤᠩᠭᠤᠯ | ᠤᠨ ᠦᠪᠡᠷᠲᠡᠭᠡᠨ ᠵᠠᠰᠠᠬᠤ ᠤᠷᠤᠨ ᠤ ᠰᠤᠷᠤᠬᠴᠢ ᠡᠯᠰᠡᠬᠦ ᠠᠯᠪᠠᠨ ᠭᠡᠷ ᠲᠤ ᠬᠦᠷᠴᠦ ᠤᠯᠤᠰ ᠤᠨ ᠨᠢᠭᠡᠲᠦᠯᠲᠡᠢ | ᠰᠢᠯᠭᠠᠯᠲᠠ ᠳᠤ ᠨᠡᠷ᠎ᠠ ᠮᠡᠳᠡᠭᠦᠯᠬᠦ ᠵᠢᠴᠢ ᠡᠷᠡᠮᠡᠯᠵᠡᠯ ᠲᠠᠬᠯᠠᠨ ᠮᠡᠳᠡᠭᠦᠯᠬᠦ ᠭᠠᠷ ᠭᠦᠢᠴᠡᠳᠭᠡᠯ ᠬᠢᠵᠦ᠂ ᠲᠤᠬᠠᠢ ᠶᠢᠨ | ᠭᠠᠵᠠᠷ ᠤᠨ ᠲᠤᠬᠲᠠᠭᠠᠬᠰᠠᠨ ᠬᠢᠴᠢᠶᠡᠯ ᠲᠦᠷᠦᠯ ᠢᠶᠠᠷ ᠨᠢᠭᠡᠲᠦᠯᠲᠡᠢ ᠰᠢᠯᠭᠠᠯᠲᠠ ᠳᠤ ᠤᠷᠤᠯᠴᠠᠬᠤ ᠬᠡᠷᠡᠭᠲᠡᠢ᠃ | ᠨᠡᠶᠢᠭᠡᠮ ᠤᠨ ᠰᠢᠨᠵᠢᠯᠡᠬᠦ ᠤᠬᠠᠭᠠᠨ᠂ ᠪᠠᠶᠢᠭᠠᠯᠢ ᠶᠢᠨ ᠰᠢᠨᠵᠢᠯᠡᠬᠦ ᠤᠬᠠᠭᠠᠨ ᠢᠶᠠᠷ ᠪᠦᠷ ᠮᠡᠳᠡᠭᠦᠯᠵᠦ ᠪᠤᠯᠤᠨ᠎ᠠ᠃ | ᠲᠠᠪᠤ᠂ ᠡᠯᠰᠡᠬᠦ ᠵᠠᠷᠴᠢᠮ | ᠰᠢᠯᠭᠠᠭᠤᠯᠤᠬᠰᠠᠳ ᠱᠠᠩᠬᠠᠢ ᠶᠢᠨ ᠳᠠᠭᠤᠤ ᠬᠦᠭᠵᠢᠮ ᠤᠨ ᠳᠡᠭᠡᠳᠦ ᠰᠤᠷᠭᠠᠭᠤᠯᠢ ᠶᠢᠨ ᠪᠡᠶ᠎ᠠ ᠪᠠᠨ ᠳᠠᠭᠠᠭᠠᠵᠦ | ᠲᠤᠬᠲᠠᠭᠠᠬᠰᠠᠨ ᠪᠦᠬᠦ ᠤᠯᠤᠰ ᠤᠨ ᠨᠢᠭᠡᠲᠦᠯᠲᠡᠢ ᠰᠢᠯᠭᠠᠯᠲᠠ ᠶᠢᠨ ᠰᠤᠶᠤᠯ ᠤᠨ ᠬᠢᠴᠢᠶᠡᠯ ᠤᠨ ᠬᠠᠮᠤᠭ ᠤᠨ ᠳᠤᠤᠷ᠎ᠠ | ᠡᠯᠰᠡᠬᠦ ᠬᠤᠪᠢ ᠳᠤ ᠬᠦᠷᠬᠦ ᠬᠡᠷᠡᠭᠲᠡᠢ᠂ ᠲᠤᠰᠬᠠᠢ ᠮᠡᠷᠭᠡᠵᠢᠯ ᠤᠨ ᠰᠢᠯᠭᠠᠯᠲᠠ ᠶᠢᠨ ᠬᠢᠷᠢ ᠪᠦᠲᠦᠮᠵᠢ ᠶᠢᠨ | ᠦᠨᠳᠦᠷ ᠠᠴᠠ ᠳᠤᠷᠤᠬᠰᠢ ᠵᠢᠬᠰᠠᠭᠠᠬᠰᠠᠨ ᠨᠡᠷᠡᠰ ᠢᠶᠠᠷ ᠰᠢᠯᠢᠳᠡᠭ ᠢ ᠨᠢ ᠰᠤᠩᠭᠤᠨ ᠡᠯᠰᠡᠨ᠎ᠠ᠃ | ᠵᠢᠷᠭᠤᠭ᠎ᠠ᠂ ᠰᠤᠷᠤᠬᠴᠢ ᠡᠯᠰᠡᠬᠦ ᠯᠠᠪᠯᠠᠭ᠎ᠠ | 1᠂ ᠦᠪᠦᠷ ᠮᠤᠩᠭᠤᠯ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠤᠳᠬ᠎ᠠ ᠤᠷᠠᠯᠢᠭ ᠤᠨ | ᠭᠠᠵᠠᠷ | ᠬᠠᠷᠢᠯᠴᠠᠬᠤ ᠤᠲᠠᠰᠤ᠄ 0471 — 4812637/48182462 | 2᠂ ᠱᠠᠩᠬᠠᠢ ᠶᠢᠨ ᠳᠠᠭᠤᠤ ᠬᠦᠭᠵᠢᠮ ᠤᠨ ᠳᠡᠭᠡᠳᠦ ᠰᠤᠷᠭᠠᠭᠤᠯᠢ ᠶᠢᠨ ᠰᠤᠷᠤᠬᠴᠢ ᠡᠯᠰᠡᠬᠦ ᠠᠯᠪᠠᠨ ᠭᠡᠷ | ᠬᠠᠷᠢᠯᠴᠠᠬᠤ ᠤᠲᠠᠰᠤ᠄ 021 — 64316349/ 64376411 | ᠢᠮᠧᠯ᠄ zb@shcmusic.edu.cn | | ᠳᠤᠮᠳᠠᠳᠤ ᠤᠯᠤᠰ ᠤᠨ ᠡᠪ ᠬᠠᠮᠳᠦ ᠨᠠᠮ ᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ | ᠬᠤᠷᠢᠶᠠᠨ ᠤ ᠤᠬᠠᠭᠤᠯᠬᠤ ᠬᠡᠯᠲᠡᠰ | ᠱᠠᠩᠬᠠᠢ ᠶᠢᠨ ᠳᠠᠭᠤᠤ ᠬᠦᠭᠵᠢᠮ ᠤᠨ ᠳᠡᠭᠡᠳᠦ ᠰᠤᠷᠭᠠᠭᠤᠯᠢ ᠶᠢᠨ ᠰᠤᠷᠤᠬᠴᠢ ᠡᠯᠰᠡᠬᠦ ᠠᠯᠪᠠᠨ ᠭᠡᠷ | | 2019 ᠣᠨ ᠤ 3 ᠳ᠋ᠤᠭᠠᠷ ᠰᠠᠷ᠎ᠠ ᠶᠢᠨ 1 ᠤ ᠡᠳᠦᠷ | |