ᠤᠯᠠᠭᠠᠨᠴᠠᠪ ᠬᠤᠲᠠ 2019 ᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠲᠤᠰᠠᠯᠠᠮᠵᠢ ᠨᠥᠬᠦᠪᠦᠷᠢ ᠶᠢᠨ ᠵᠠᠷᠤᠳᠠᠯ ᠢ 6224 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2019/3/7
     ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠤᠨ ︽2019 ᠣᠨ ᠤ ᠡᠩ ᠤᠨ ᠥᠨᠳᠥᠷ ᠳᠤᠮᠳᠠᠳᠤ ᠶᠢᠨ ᠰᠤᠷᠤᠭᠴᠢ ᠶᠢᠨ ᠲᠤᠰᠠᠯᠠᠮᠵᠢ ᠨᠥᠬᠦᠪᠥᠷᠢ ᠶᠢᠨ ᠵᠠᠷᠤᠳᠠᠯ ᠤᠨ ᠲᠥᠰᠦᠪ ᠢ ᠤᠷᠢᠳᠴᠢᠯᠠᠨ ᠪᠠᠭᠤᠯᠭᠠᠬᠤ ᠲᠤᠬᠠᠢ ᠮᠡᠳᠡᠭᠳᠡᠯ︾ ︵ᠥᠪᠥᠷ ᠡᠳ᠋ ᠤᠨ ᠵᠠᠰᠠᠭ ᠰᠤᠷᠭᠠᠨ ᠬᠥᠮᠦᠵᠢᠯ ﹇2018  ﹈ 1859 ᠳ᠋ᠦ᠋ᠭᠡᠷ ᠲᠣᠭᠠᠲᠤ︶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠤᠯᠠᠭᠠᠨᠴᠠᠪ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠲᠠᠢ ᠬᠠᠮᠲᠤᠷᠠᠨ 2019 ᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠶᠢᠨ ᠰᠤᠷᠤᠭᠴᠢ ᠶᠢᠨ ᠲᠤᠰᠠᠯᠠᠮᠵᠢ ᠨᠥᠬᠦᠪᠥᠷᠢ ᠶᠢᠨ ᠵᠠᠷᠤᠳᠠᠯ ᠢ 6224 ᠲᠦᠮᠡᠨ ᠲᠥᠭᠦᠷᠢᠭ ᠪᠠᠭᠤᠯᠭᠠᠪᠠ᠃ ᠡᠭᠦᠨ ᠳᠤ ᠬᠤᠲᠠ ᠶᠢᠨ ᠲᠤᠰ ᠱᠠᠲᠤᠨ ᠳᠤ ᠨᠡᠶᠢᠲᠡ 2136.1 ᠲᠦᠮᠡᠨ ᠲᠥᠭᠦᠷᠢᠭ᠂ ᠵᠢᠨᠢᠩ ᠲᠣᠭᠤᠷᠢᠭ ᠤᠨ 861.9 ᠲᠦᠮᠡᠨ ᠲᠥᠭᠦᠷᠢᠭ᠂ ᠵᠦᠸᠧᠽᠢ ᠰᠢᠶᠠᠨ ᠤ 322.8 ᠲᠦᠮᠡᠨ ᠲᠥᠭᠦᠷᠢᠭ᠂ ᠬᠤᠸᠠᠳᠧ ᠰᠢᠶᠠᠨ ᠤ 267.1 ᠲᠦᠮᠡᠨ ᠲᠥᠭᠦᠷᠢᠭ᠂ ᠱᠠᠩᠳᠤ ᠰᠢᠶᠠᠨ ᠤ 423.2 ᠲᠦᠮᠡᠨ ᠲᠥᠭᠦᠷᠢᠭ᠂ ᠰᠢᠩ ᠾᠧ ᠰᠢᠶᠠᠨ ᠤ 333.7 ᠲᠦᠮᠡᠨ ᠲᠥᠭᠦᠷᠢᠭ᠂ ᠯᠢᠶᠠᠩᠴᠧᠩ ᠰᠢᠶᠠᠨ ᠤ 376.6 ᠲᠦᠮᠡᠨ ᠲᠥᠭᠦᠷᠢᠭ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ ᠶᠢᠨ 254.3 ᠲᠦᠮᠡᠨ ᠲᠥᠭᠦᠷᠢᠭ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠶᠢᠨ 205.5 ᠲᠦᠮᠡᠨ ᠲᠥᠭᠦᠷᠢᠭ᠂ ᠴᠠᠬᠠᠷ ᠪᠠᠷᠠᠭᠤᠨ ᠭᠠᠷᠤᠨ ᠬᠤᠢᠲᠤ ᠬᠤᠰᠢᠭᠤ ᠶᠢᠨ 209.4 ᠲᠦᠮᠡᠨ ᠲᠥᠭᠦᠷᠢᠭ᠂ ᠳᠥᠷᠪᠡᠳ ᠬᠤᠰᠢᠭᠤ ᠶᠢᠨ 329.7 ᠲᠦᠮᠡᠨ ᠲᠥᠭᠦᠷᠢᠭ᠂ ᠹᠧᠩᠵᠧᠨ ᠬᠤᠲᠠ ᠶᠢᠨ 503.7 ᠲᠦᠮᠡᠨ ᠲᠥᠭᠦᠷᠢᠭ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号