ᠥᠪᠡᠷᠲᠡᠭᠡᠨ ᠵᠠᠰᠠᠬᠤ ᠤᠷᠤᠨ ᠤ ︽3 · 8︾᠎ ᠤ ᠲᠡᠯᠡᠭᠡᠢ ᠶᠢᠨ ᠡᠮᠡᠭᠳᠡᠶᠢᠴᠤᠳ ᠤᠨ ᠪᠠᠶᠠᠷ ᠢ ᠲᠤᠷᠠᠰᠬᠠᠬᠤ ᠵᠢᠴᠢ ᠦᠪᠡᠷᠳᠡᠭᠡᠨ ᠵᠠᠰᠠᠬᠤ ᠤᠷᠤᠨ ᠤ ︽3 · 8︾᠎ ᠤ ᠤᠯᠠᠭᠠᠨ ᠲᠤᠬᠴᠢ ︵ᠬᠠᠮᠳᠦ ᠨᠢᠭᠡᠴᠢ︶᠎ ᠶᠢ ᠬᠦᠬᠢᠬᠦᠯᠦᠨ ᠰᠠᠶᠢᠰᠢᠶᠠᠬᠤ ᠬᠤᠷᠠᠯ ᠬᠤᠷᠠᠯᠳᠤᠪᠠ  ᠸᠠᠩ ᠯᠢ ᠰᠢᠶᠠ ᠶᠠᠷᠢᠶ᠎ᠠ ᠲᠠᠯᠪᠢᠵᠤ ᠵᠸᠡᠭ ᠹᠦ᠋ ᠲᠢᠶᠠᠨ ᠬᠤᠷᠠᠯ ᠳᠤ ᠤᠷᠤᠯᠴᠠᠵᠠᠢ
ᠨᠡᠶᠢᠲᠡᠯᠡᠭᠰᠡᠨ ᠴᠠᠭ᠄
2019/3/8
     ︽3 · 8︾᠎ ᠤ ᠲᠡᠯᠡᠭᠡᠢ ᠶᠢᠨ ᠡᠮᠡᠭᠳᠡᠶᠢᠴᠤᠳ ᠤᠨ ᠪᠠᠶᠠᠷ ᠢ ᠲᠤᠷᠠᠰᠬᠠᠵᠤ᠂ ᠦᠷᠭᠡᠨ ᠤᠯᠠᠨ ᠡᠮᠡᠭᠳᠡᠶᠢᠴᠤᠳ ᠤᠨ ᠰᠢᠨ᠎ᠠ ᠴᠠᠭ ᠦᠶ᠎ᠠ ᠳᠤ ᠰᠢᠨ᠎ᠠ ᠭᠠᠪᠢᠶ᠎ᠠ ᠵᠢᠳᠬᠦᠯ ᠦᠵᠡᠬᠦᠯᠬᠦ ᠶᠢ ᠵᠤᠷᠢᠬᠵᠢᠭᠤᠯᠤᠨ ᠲᠠᠶᠢᠴᠢᠯᠠᠬᠤ ᠶᠢᠨ ᠲᠦᠯᠦᠭᠡ᠂ ᠥᠨᠥᠬᠡᠨ ᠦᠪᠡᠷᠳᠡᠭᠡᠨ ᠵᠠᠰᠠᠬᠤ ᠤᠷᠤᠨ ᠤ ᠡᠮᠡᠭᠳᠡᠶᠢᠴᠤᠳ ᠤᠨ ᠬᠤᠯᠪᠤᠭ᠎ᠠ ᠠᠴᠠ ᠭᠤᠤᠯᠯᠠᠨ ᠡᠷᠬᠢᠯᠡᠭᠰᠡᠨ ᠦᠪᠡᠷᠳᠡᠭᠡᠨ ᠵᠠᠰᠠᠬᠤ ᠤᠷᠤᠨ ᠤ ︽3 · 8︾᠎ ᠤ ᠲᠡᠯᠡᠭᠡᠢ ᠶᠢᠨ ᠡᠮᠡᠭᠳᠡᠶᠢᠴᠤᠳ ᠤᠨ ᠪᠠᠶᠠᠷ ᠎ ᠢ ᠲᠤᠷᠠᠰᠬᠠᠬᠤ ᠵᠢᠴᠢ ᠦᠪᠡᠷᠳᠡᠭᠡᠨ ᠵᠠᠰᠠᠬᠤ ᠤᠷᠤᠨ ᠤ ︽3 · 8︾᠎ ᠤ ᠤᠯᠠᠭᠠᠨ ᠲᠤᠬᠴᠢ ︵ᠬᠠᠮᠳᠦ ᠨᠢᠭᠡᠴᠢ︶ ᠎ ᠶᠢ ᠬᠦᠬᠢᠬᠦᠯᠦᠨ ᠰᠠᠶᠢᠰᠢᠶᠠᠬᠤ ᠬᠤᠷᠠᠯ ᠬᠦᠬᠡᠬᠤᠳᠠ ᠳᠤ ᠬᠤᠷᠠᠯᠳᠤᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠬᠡᠰᠢᠬᠦᠨ᠂ ᠨᠢᠭᠡᠳᠦᠮᠡᠯ ᠹᠷᠤᠨᠲ ᠎ ᠤᠨ ᠬᠡᠯᠳᠡᠰ ᠤᠨ ᠲᠠᠷᠤᠭ᠎ᠠ ᠸᠠᠩ ᠯᠢ ᠰᠢᠶᠠ ᠬᠤᠷᠠᠯ ᠳᠤ ᠤᠷᠤᠯᠴᠠᠬᠰᠠᠨ ᠪᠦᠭᠡᠳ ᠶᠠᠷᠢᠶ᠎ᠠ ᠲᠠᠯᠪᠢᠵᠦ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠠᠷᠢᠬᠦᠯᠡᠭᠴᠢ ᠵᠸᠡᠭ ᠹᠦ᠋ ᠲᠢᠶᠠᠨ ᠬᠤᠷᠠᠯ ᠳᠤ ᠤᠷᠤᠯᠴᠠᠵᠠᠢ᠃      ᠬᠤᠷᠠᠯ ᠲᠡᠭᠡᠷ᠎ᠠ᠂ 10 ᠨᠡᠷ᠎ᠠ ᠦᠪᠡᠷᠳᠡᠭᠡᠨ ᠵᠠᠰᠠᠬᠤ ᠤᠷᠤᠨ ᠤ ︽3 · 8︾᠎ ᠤ ᠤᠯᠠᠭᠠᠨ ᠲᠤᠬᠴᠢ ᠶᠢᠨ ᠲᠠᠭᠤᠷᠢᠶᠠᠯ᠂ 100 ᠨᠠᠷ᠎ᠠ ᠦᠪᠡᠷᠳᠡᠭᠡᠨ ᠵᠠᠰᠬᠠᠤ ᠤᠷᠤᠨ ᠤ ︽3 · 8︾᠎ ᠤ ᠤᠯᠠᠭᠠᠨ ᠲᠤᠬᠴᠢ ᠪᠤᠯᠤᠨ 50 ᠦᠪᠡᠷᠳᠡᠭᠡᠨ ᠵᠠᠰᠬᠠᠤ ᠤᠷᠤᠨ ᠤ ︽3 · 8︾᠎ ᠤ ᠤᠯᠠᠭᠠᠨ ᠲᠤᠬᠴᠢ ᠶᠢᠨ ᠬᠠᠮᠳᠤ ᠨᠢᠭᠡᠴᠢ ᠶᠢ ᠬᠦᠬᠢᠬᠦᠯᠦᠨ ᠰᠠᠶᠢᠰᠢᠶᠠᠪᠠ᠃ ᠲᠡᠳᠡ ᠨᠡᠷ ᠰᠢᠨ᠎ᠠ ᠴᠠᠭ ᠦᠶ᠎ᠠ ᠶᠢᠨ ᠦᠪᠦᠷ ᠮᠤᠩᠭᠤᠯ ᠤᠨ ᠡᠮᠡᠭᠳᠡᠶᠢᠴᠤᠳ ᠤᠨ ᠴᠤᠭ ᠵᠢᠪᠬᠤᠭ᠎ᠠ ᠶᠢ ᠪᠠᠳᠠᠷᠠᠭᠤᠯᠤᠨ᠂ ᠡᠬᠡᠯ ᠵᠢᠷ ᠤᠨ ᠠᠵᠢᠯ ᠤᠨ ᠪᠠᠶᠢᠷᠢ ᠳᠤ ᠪᠠᠨ ᠡᠬᠡᠯ ᠵᠢᠷ ᠤᠨ ᠪᠤᠰᠤ ᠠᠮᠵᠢᠯᠳᠠ ᠪᠦᠳᠦᠮᠵᠢ ᠭᠠᠷᠭᠠᠵᠤ᠂ ᠦᠷᠭᠡᠨ ᠤᠯᠠᠨ ᠡᠮᠡᠭᠳᠡᠶᠢᠴᠤᠳ ᠤᠨ ᠲᠠᠭᠠᠨ ᠰᠤᠷᠤᠯᠴᠠᠬᠤ ᠲᠠᠭᠤᠷᠢᠶᠠᠯ ᠪᠤᠯᠤᠬᠰᠠᠨ ᠪᠠᠶᠢᠨ᠎ᠠ᠃      ᠸᠠᠩ ᠯᠢ ᠰᠢᠶᠠ ᠱᠠᠭᠠᠷᠳᠠᠭᠰᠠᠨ ᠨᠢ᠂ ᠪᠦᠬᠦ ᠤᠷᠤᠨ ᠤ ᠡᠯ᠎ᠠ ᠱᠠᠳᠤᠨ ᠤ ᠡᠮᠡᠭᠳᠡᠶᠢᠴᠤᠳ ᠤᠨ ᠬᠤᠯᠪᠤᠭ᠎ᠠ ᠶᠢᠨ ᠵᠤᠬᠢᠶᠠᠨ ᠪᠠᠶᠢᠭᠤᠯᠤᠯᠳᠠ ᠪᠠ ᠡᠮᠡᠭᠳᠡᠶᠢᠴᠤᠳ ᠤᠨ ᠬᠤᠯᠪᠤᠭ᠎ᠠ ᠶᠢᠨ ᠺᠠᠳ᠋ᠷᠴᠤᠳ ᠶᠡᠷᠦᠩᠭᠡᠢ ᠱᠦᠵᠢ ᠰᠢ ᠶᠢᠨ ᠫᠢᠡᠭ ᠤᠨ ᠪᠦᠬᠦ ᠤᠯᠤᠰ ᠤᠨ ᠡᠮᠡᠭᠳᠡᠶᠢᠴᠤᠳ ᠤᠨ ᠬᠤᠯᠪᠤᠭ᠎ᠠ ᠶᠢᠨ ᠰᠢᠨ᠎ᠠ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠪᠦᠷᠢᠯᠳᠦᠬᠦᠨ ᠲᠠᠢ ᠬᠠᠮᠳᠤ ᠶᠢᠨ ᠶᠠᠷᠢᠯᠴᠠᠭ᠎ᠠ ᠬᠢᠬᠦ ᠦᠶ᠎ᠠ ᠳᠤ ᠬᠡᠯᠡᠭᠰᠡᠨ ᠴᠢᠬᠤᠯᠠ ᠶᠠᠷᠢᠶ᠎ᠠ ᠲᠤ ᠠᠩᠬᠠᠷᠤᠯ ᠢᠶᠠᠨ ᠲᠦᠪᠯᠡᠷᠡᠬᠦᠯᠵᠦ᠂ ᠲᠡᠭᠡᠳᠦ ᠬᠡᠮᠵᠢᠶᠠᠨ ᠤ ᠤᠯᠤᠰ ᠲᠦᠷᠦ ᠶᠢᠨ ᠬᠠᠷᠢᠭᠤᠴᠠᠯᠭᠠᠳᠤ ᠤᠪᠤᠷ ᠢᠶᠠᠷ ᠰᠠᠶᠢᠳᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠳᠡᠢ᠃ ᠡᠯ᠎ᠠ ᠱᠠᠳᠤᠨ ᠤ ᠨᠠᠮ ᠤᠨ ᠬᠤᠷᠢᠶ᠎ᠠ ᠪᠦᠬᠦ ᠲᠠᠯ᠎ᠠ ᠪᠠ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠡᠮᠡᠭᠳᠡᠶᠢᠴᠤᠳ ᠤᠨ ᠠᠵᠢᠯ ᠲᠠᠬᠢ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠨ ᠰᠠᠶᠢᠵᠢᠷᠠᠭᠤᠯᠵᠤ᠂ ᠡᠮᠡᠭᠳᠡᠶᠢᠴᠤᠳ ᠤᠨ ᠤᠨᠴᠠᠭᠠᠢ ᠡᠷᠭᠡ ᠠᠰᠢᠭ ᠢ ᠬᠦᠢᠴᠡᠳ ᠪᠤᠳᠤᠯᠬᠢᠯᠠᠨ᠂ ᠡᠮᠡᠭᠳᠡᠶᠢᠴᠤᠳ ᠤᠨ ᠪᠦᠬᠦ ᠲᠠᠯ᠎ᠠ ᠶᠢᠨ ᠭᠦᠭᠵᠢᠯᠳᠠ ᠳᠤ ᠠᠰᠢᠬᠳᠠᠢ ᠠᠭᠤᠷ ᠠᠮᠢᠰᠬᠤᠯ ᠢ ᠪᠤᠢ ᠪᠤᠯᠭᠠᠵᠦ ᠥᠭᠬᠦ ᠬᠡᠷᠡᠭᠳᠡᠢ ᠭᠡᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号