ᠥᠪᠥᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠲᠦᠯᠦᠪᠯᠡᠭᠡ ᠶᠢᠨ ᠮᠡᠳᠡᠭᠦᠯᠦᠯᠳᠡ ᠪᠤᠯᠤᠨ ᠲᠦᠰᠦᠪ ᠎ ᠤᠨ ᠮᠡᠳᠡᠭᠦᠯᠦᠯᠳᠡ ᠶᠢ ᠬᠢᠨᠠᠨ ᠪᠠᠶᠢᠴᠠᠭᠠᠵᠠᠢ  ᠯᠢ ᠵᠢᠢ ᠾᠸᠡᠭ ᠪᠦ᠋ ᠰᠢᠶᠤᠤ ᠯᠢᠨ ᠯᠢ ᠰᠢᠤ ᠯᠢᠩ ᠬᠢᠨᠠᠨ ᠪᠠᠶᠢᠴᠠᠭᠠᠬᠤ ᠳᠤ ᠤᠷᠤᠯᠴᠠᠵᠤ ᠵᠠᠩ ᠮᠤᠤ ᠬᠤᠷᠠᠯ ᠳᠤ ᠤᠷᠤᠯᠴᠠᠨ ᠰᠠᠨᠠᠯ ᠢ ᠰᠤᠨᠤᠰᠴᠠᠢ
ᠨᠡᠶᠢᠲᠡᠯᠡᠭᠰᠡᠨ ᠴᠠᠭ᠄
2019/3/8
     3 ᠳ᠋ᠤᠭᠠᠷ ᠰᠠᠷ᠎ᠠ ᠶᠢᠨ 7᠎ ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠎ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠦᠪᠤᠷ ᠮᠤᠩᠭᠤᠯ ᠤᠨ ᠲᠦᠯᠦᠭᠡᠯᠡᠭᠴᠢᠳ ᠎ ᠤᠨ ᠪᠦᠯᠭᠦᠮ ᠰᠠᠭᠤᠭ᠎ᠠ ᠭᠠᠵᠠᠷ ᠲᠤ ᠪᠠᠨ ᠪᠦᠭᠦᠳᠡ ᠬᠤᠷᠠᠯ ᠪᠠ ᠲᠤᠭᠤᠢᠢᠯᠠᠩ ᠬᠤᠪᠢᠶᠠᠬᠰᠠᠨ ᠬᠤᠷᠠᠯ ᠬᠢᠵᠦ᠂ ᠲᠦᠷᠦ ᠶᠢᠨ ᠶᠠᠪᠤᠳᠠᠯ ᠤᠨ ᠬᠤᠷᠢᠶᠠᠨ ᠤ 2018 ᠣᠨ ᠤ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠳᠠ ᠶᠢᠨ ᠲᠦᠯᠦᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠬᠡᠳ 2019 ᠣᠨ ᠤ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠳᠠ ᠶᠢᠨ ᠲᠦᠯᠦᠪᠯᠡᠭᠡ ᠶᠢᠨ ᠲᠦᠰᠦᠯ ᠤᠨ ᠮᠡᠳᠡᠭᠦᠯᠦᠯᠳᠡ᠂ ᠲᠦᠷᠦ ᠶᠢᠨ ᠶᠠᠪᠤᠳᠠᠯ ᠤᠨ ᠬᠤᠷᠢᠶᠠᠨ ᠤ 2018 ᠣᠨ ᠤ ᠲᠦᠪ ᠤᠨ ᠪᠠ ᠤᠷᠤᠨ ᠨᠤᠳᠤᠬ ᠤᠨ ᠲᠦᠰᠦᠪ ᠢ ᠭᠦᠢᠴᠡᠳᠭᠡᠭᠰᠡᠨ ᠪᠠᠶᠢᠳᠠᠯ ᠬᠢᠬᠡᠳ 2019 ᠣᠨ ᠤ ᠲᠦᠪ ᠤᠨ ᠪᠠ ᠤᠷᠤᠨ ᠨᠤᠳᠤᠬ ᠤᠨ ᠲᠦᠰᠦᠪ ᠤᠨ ᠲᠦᠰᠦᠯ ᠤᠨ ᠮᠡᠳᠡᠭᠦᠯᠦᠯᠳᠡ ᠶᠢ ᠬᠢᠨᠠᠨ ᠪᠠᠶᠢᠴᠠᠭᠠᠵᠠᠢ᠃      ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠤᠨ ᠲᠠᠷᠤᠭ᠎ᠠ ᠯᠢ ᠵᠢᠢ ᠾᠸᠡᠭ᠂ ᠪᠦᠯᠭᠦᠮ ᠤᠨ ᠲᠡᠳ᠋ ᠲᠠᠷᠤᠭ᠎ᠠ ᠪᠦ᠋ ᠰᠢᠶᠤᠤ ᠯᠢᠨ᠂ ᠯᠢ ᠰᠢᠤ ᠯᠢᠩ ᠬᠢᠨᠠᠨ ᠪᠠᠶᠢᠴᠠᠭᠠᠬᠤ ᠳᠤ ᠤᠷᠤᠯᠴᠠᠵᠠᠢ᠃ ᠤᠯᠤᠰ ᠤᠨ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠶᠡᠷᠦᠩᠭᠡᠢ ᠲᠤᠪᠴᠢᠶᠠᠨ ᠤ ᠨᠠᠮ ᠤᠨ ᠤᠳᠤᠷᠢᠳᠬᠤ ᠲᠤᠭᠤᠢᠢᠯᠠᠩ ᠤᠨ ᠱᠦᠵᠢ᠂ ᠲᠤᠪᠴᠢᠶᠠᠨ ᠲᠠᠷᠤᠭ᠎ᠠ ᠵᠠᠩ ᠮᠤᠤ ᠬᠤᠷᠠᠯ ᠳᠤ ᠤᠷᠤᠯᠴᠠᠨ ᠰᠠᠨᠠᠯ ᠢ ᠰᠤᠨᠤᠰᠴᠤ᠂ ᠪᠦᠯᠭᠦᠮ ᠤᠨ ᠲᠡᠳ᠋ ᠲᠠᠷᠤᠭ᠎ᠠ ᠮᠠ ᠰᠢᠤᠸᠠᠢ ᠵᠢᠶᠦ᠋ᠨ ᠪᠦᠭᠦᠳᠡ ᠬᠤᠷᠠᠯ ᠪᠠ ᠲᠤᠭᠤᠢᠢᠯᠠᠩ ᠬᠤᠪᠢᠶᠠᠬᠰᠠᠨ ᠬᠤᠷᠠᠯ ᠢ ᠡᠷᠬᠢᠯᠡᠨ᠂ ᠪᠦᠯᠭᠦᠮ ᠎ ᠤᠨ ᠲᠡᠳ᠋ ᠲᠠᠷᠤᠭ᠎ᠠ ᠨᠠᠰᠤᠨᠮᠦ᠋ᠡᠭᠭᠡ ᠲᠤᠭᠤᠢᠢᠯᠠᠩ ᠬᠤᠪᠢᠶᠠᠬᠰᠠᠨ ᠬᠤᠷᠠᠯ ᠢ ᠡᠷᠬᠢᠯᠡᠵᠠᠢ᠃ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠬ ᠠᠵᠦ ᠠᠬᠤᠢ ᠶᠢᠨ ᠵᠦᠪᠯᠡᠯ᠂ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠦᠰᠦᠪ ᠤᠨ ᠠᠵᠢᠯ ᠤᠨ ᠵᠦᠪᠯᠡᠯ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠭᠢᠮ᠂ ᠤᠯᠤᠰ ᠤᠨ ᠬᠦᠭᠵᠢᠭᠦᠯᠦᠯᠳᠡ ᠪᠡ ᠦᠭᠡᠷᠡᠴᠢᠯᠡᠯᠳᠡ ᠶᠢᠨ ᠵᠦᠪᠯᠡᠯ ᠤᠨ ᠲᠦᠯᠦᠪᠯᠡᠭᠡ ᠶᠢᠨ ᠠᠰᠠᠭᠤᠳᠠᠯ ᠢ ᠲᠠᠶᠢᠯᠪᠤᠷᠢᠯᠠᠬᠤ ᠲᠤᠭᠤᠢᠢᠯᠠᠩ᠂ ᠡᠳ᠋ ᠤᠨ ᠵᠠᠰᠠᠬ ᠤᠨ ᠶᠠᠮᠤᠨ ᠤ ᠲᠦᠰᠦᠪ ᠤᠨ ᠠᠰᠠᠭᠤᠳᠠᠯ ᠢ ᠲᠠᠶᠢᠯᠪᠤᠷᠢᠯᠡᠬᠤ ᠲᠤᠭᠤᠢᠢᠯᠠᠩ᠂ ᠶᠡᠭᠡ ᠬᠤᠷᠠᠯ ᠤᠨ ᠬᠠᠤᠯᠢ ᠵᠦᠪᠯᠡᠯᠭᠡ ᠶᠢᠨ ᠲᠤᠭᠤᠢᠢᠯᠠᠩ ᠤᠨ ᠬᠠᠮᠢᠶ᠎ᠠ ᠪᠦᠭᠦᠢ ᠨᠦᠭᠦᠳ ᠬᠤᠷᠠᠯ ᠳᠤ ᠤᠷᠤᠯᠴᠠᠨ ᠰᠠᠨᠠᠯ ᠢ ᠰᠤᠨᠤᠰᠴᠠᠢ᠃      ᠯᠢᠤ ᠴᠢ ᠹᠠᠨ᠂ ᠨᠠᠰᠤᠨᠮᠦ᠋ᠡᠭᠭᠡ᠂ ᠸᠠᠩ ᠪᠦᠸᠧ᠂ ᠯᠢ ᠷᠦᠡᠭ ᠰᠢ᠂ ᠵᠠᠩ ᠵᠢᠶᠠᠨ ᠮᠢᠨ᠂ ᠢᠤᠢ ᠰᠢᠤᠢ ᠪᠦᠸᠧ᠂ ᠵᠠᠩ ᠯᠸᠢ᠂ ᠭᠦᠡᠭ ᠮᠢᠩ ᠵᠤ᠋ ᠵᠡᠷᠭᠡ ᠲᠦᠯᠦᠭᠡᠯᠡᠭᠴᠢ ᠦᠭᠡ ᠬᠡᠯᠡᠪᠠ᠃ ᠤᠯᠠᠨ ᠢᠶᠠᠷ ᠢᠶᠠᠨ᠂ ᠬᠤᠶᠠᠷ ᠮᠡᠳᠡᠭᠦᠯᠦᠯᠳᠡ ᠨᠢ ᠰᠢ ᠶᠢᠨ ᠫᠢᠡᠭ ᠤᠨ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠬᠤ ᠪᠠ ᠪᠦᠭᠦ ᠤᠯᠤᠰ ᠤᠨ ᠬᠦᠭᠵᠢᠯᠳᠠ ᠶᠢᠨ ᠶᠡᠭᠡ ᠲᠠᠯ᠎ᠠ ᠲᠠᠢ ᠨᠢᠬᠳᠠ ᠤᠶᠠᠯᠳᠤᠵᠦ᠂ ᠠᠵᠦ ᠠᠬᠤᠢ ᠶᠢᠨ ᠡᠷᠬᠢᠯᠳᠡ ᠶᠢᠨ ᠲᠤᠳᠤᠭᠠᠳᠤ ᠵᠢᠮ᠎ᠠ ᠶᠤᠰᠤ ᠪᠠ ᠢᠯᠠ ᠲᠤᠳᠤ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠢᠯᠡᠷᠡᠭᠦᠯᠵᠦ᠂ ᠴᠠᠬ ᠦᠶ᠎ᠠ ᠲᠠᠢ ᠵᠡᠷᠭᠡ ᠪᠠᠷ ᠤᠷᠤᠬᠰᠢᠯᠠᠬᠤ᠂ ᠦᠭᠡᠷᠡᠴᠢᠯᠡᠯᠳᠡ ᠬᠢᠵᠦ ᠰᠢᠨ᠎ᠠ ᠶᠢ ᠡᠭᠦᠳᠭᠦ ᠵᠤᠷᠢᠭ ᠰᠠᠨᠠᠭ᠎ᠠ ᠶᠢ ᠢᠯᠡᠷᠡᠭᠦᠯᠵᠦ᠂ ᠠᠷᠠᠳ ᠲᠦᠮᠡᠨ ᠤ ᠬᠦᠰᠡᠯ ᠡᠷᠡᠮᠡᠯᠵᠡᠯ ᠪᠠ ᠠᠷᠠᠳ ᠤᠨ ᠰᠡᠳᠭᠢᠯ ᠳᠠᠬᠢ ᠬᠦᠰᠡᠯ ᠱᠠᠭᠠᠷᠳᠠᠯᠭ᠎ᠠ ᠶᠢ ᠢᠯᠡᠷᠡᠭᠦᠯᠵᠠᠢ᠂ ᠬᠤᠶᠠᠷ ᠮᠡᠳᠡᠭᠦᠯᠦᠯᠳᠡ ᠶᠢ ᠪᠦᠷᠢᠮᠦᠰᠦᠨ ᠵᠦᠪᠰᠢᠶᠡᠷᠡᠨ᠎ᠠ ᠭᠡᠵᠦ ᠦᠵᠡᠵᠡᠭᠡᠪᠡ᠃      ᠲᠦᠯᠦᠭᠡᠯᠡᠭᠴᠢᠳ ᠬᠤᠶᠠᠷ ᠮᠡᠳᠡᠭᠦᠯᠦᠯᠳᠡ ᠶᠢ ᠬᠢᠨᠠᠨ ᠪᠠᠶᠢᠴᠠᠭᠠᠬᠰᠠᠨ ᠪᠠ ᠦᠪᠡᠷ ᠦᠪᠡᠷᠰᠡᠳ ᠤᠨ ᠢᠶᠠᠨ ᠠᠵᠢᠯ ᠤᠨ ᠪᠤᠳᠠᠳᠠᠢ ᠲᠠᠢ ᠪᠠᠨ ᠤᠶᠠᠯᠳᠤᠭᠤᠯᠵᠦ᠂ ᠨᠡᠭᠦᠷᠡᠰᠦ ᠴᠠᠬᠢᠯᠭᠠᠨ ᠤ ᠦᠨᠳᠤᠷ ᠪᠦᠲᠦᠮᠵᠢᠳᠠᠢ ᠠᠷᠢᠭᠤᠨ ᠴᠡᠪᠡᠷ ᠬᠡᠷᠡᠭᠯᠡᠯᠳᠡ ᠶᠢ ᠠᠬᠢᠭᠤᠯᠬᠤ᠂ ᠶᠠᠳᠠᠭᠤ ᠶᠢ ᠲᠡᠳᠭᠦᠭᠦ ᠠᠵᠢᠯ ᠢ ᠰᠢᠯᠭᠠᠨ ᠦᠨᠡᠯᠡᠬᠦ ᠲᠤᠬᠳᠠᠴᠠ ᠶᠢ ᠲᠡᠭᠦᠯᠳᠡᠷᠵᠢᠭᠦᠯᠭᠦ᠂ ᠬᠠᠳᠤᠨ ᠭᠤᠤᠯ ᠲᠠᠭᠠᠤ ᠶᠢᠨ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢ ᠲᠡᠮᠵᠢᠭᠦ ᠡᠷᠴᠢᠮ ᠎ ᠢ ᠴᠢᠩᠭᠠᠷᠠᠭᠤᠯᠬᠤ᠂ ᠲᠠᠷᠢᠶᠠᠯᠠᠬᠤ ᠶᠢ ᠵᠤᠬᠰᠤᠭᠠᠨ ᠤᠢᠢᠵᠢᠭᠤᠯᠬᠤ ᠪᠠ ᠪᠡᠯᠴᠢᠭᠡᠷ ᠢ ᠰᠡᠷᠭᠦᠭᠡᠭᠦ ᠨᠦᠭᠦᠪᠦᠷᠢ ᠶᠢᠨ ᠲᠦᠷᠦ ᠶᠢᠨ ᠪᠤᠳᠤᠯᠭ᠎ᠠ ᠶᠢ ᠴᠢᠨᠠᠬᠰᠢᠳᠠ ᠲᠡᠭᠦᠯᠳᠡᠷᠵᠢᠭᠦᠯᠬᠦ᠂ ᠢᠳᠡᠭᠡᠨ ᠤ ᠠᠮᠤᠷ ᠲᠦᠪᠰᠢᠨ ᠤ ᠮᠡᠳᠡᠭᠡ ᠵᠠᠩᠭᠢᠵᠢᠯᠳᠠ ᠶᠢᠨ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠬᠤ᠂ ᠤᠯᠤᠰ ᠤᠨ ᠱᠠᠳᠤ ᠲᠠᠪᠬᠤᠷᠭ᠎ᠠ ᠠᠴᠠ ᠦᠪᠤᠷ ᠮᠤᠩᠭᠤᠯ ᠳᠠᠬᠢ ᠲᠡᠩᠴᠡᠭᠦᠷᠢᠰᠢᠯ ᠤᠨ ᠴᠢᠨᠠᠷᠳᠠᠢ ᠰᠢᠯᠵᠢᠭᠦᠯᠦᠨ ᠦᠭᠬᠦ ᠪᠠ ᠬᠤᠰᠢᠭᠤ ᠰᠢᠶᠠᠨ ᠤ ᠱᠠᠳᠤᠨ ᠤ ᠡᠳ᠋ ᠤᠨ ᠬᠦᠴᠦᠨ ᠤ ᠪᠠᠳᠤᠯᠠᠭ᠎ᠠ ᠶᠢᠨ ᠲᠤᠬᠳᠠᠴᠠ ᠶᠢᠨ ᠱᠠᠩᠨᠠᠯ ᠨᠦᠭᠦᠪᠦᠷᠢ ᠶᠢᠨ ᠪᠡᠯᠡ ᠮᠦᠡᠭᠭᠦ ᠶᠢᠨ ᠡᠷᠴᠢᠮ ᠢᠶᠠᠨ ᠴᠢᠨᠠᠬᠰᠢᠳᠠ ᠴᠢᠩᠭᠠᠷᠠᠭᠤᠯᠬᠤ᠂ ᠦᠪᠤᠷ ᠮᠤᠩᠭᠤᠯ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠲᠠᠯ᠎ᠠ ᠪᠠᠷ ᠬᠢ ︽ᠲᠦᠰᠢᠭ ᠲᠤᠯᠭᠠᠭᠤᠷᠢ︾᠎ ᠶᠢ ᠴᠤᠬᠴᠠᠯᠠᠬᠤ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠲᠤᠷᠠᠳᠴᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号