4 ᠳ᠋ᠦ᠋ᠭᠡᠷ ᠰᠠᠷ᠎ᠠ ᠶᠢᠨ 9 ᠤ ᠡᠳᠦᠷ᠂ ᠤᠯᠠᠭᠠᠨᠴᠠᠪ ᠬᠤᠲᠠ ︽ᠢᠨᠲ᠋ᠧᠷ ᠰᠦᠯᠵᠢᠶ᠎ᠡ + ᠵᠠᠰᠠᠭ ᠤᠨ | ᠶᠠᠪᠤᠳᠠᠯ ᠤᠨ ᠦᠶᠯᠡᠴᠢᠯᠡᠭᠡ︾ ᠶᠢᠨ ᠲᠠᠪᠴᠠᠩ ᠢ ᠨᠡᠶᠢᠲᠡᠯᠡᠬᠦ ᠬᠤᠷᠠᠯ ᠬᠢᠪᠡ᠂ ᠡᠨᠡ ᠨᠢ ᠲᠤᠰ ᠬᠤᠲᠠ ᠶᠢᠨ ︽ | ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾ ᠶᠢᠨ ᠲᠠᠪᠴᠠᠩ ᠢ ᠵᠢᠩᠬᠢᠨᠢ ᠪᠠᠷ | ᠠᠵᠢᠯᠯᠠᠭᠤᠯᠤᠭᠰᠠᠨ ᠢ ᠬᠠᠷᠠᠭᠤᠯᠵᠤ ᠪᠠᠶᠢᠨ᠎ᠠ᠃ | ᠲᠤᠰ ᠲᠠᠪᠴᠠᠩ ᠳᠤ ᠣᠳᠣᠬᠠᠨ ᠳᠤ ᠨᠡᠶᠢᠲᠡ 39 ᠰᠠᠯᠠᠭ᠎ᠠ ᠮᠥᠴᠢᠷ ᠤᠨ 31 ᠲᠥᠷᠥᠯ ᠤᠨ ᠬᠡᠷᠡᠭ | ᠶᠠᠪᠤᠳᠠᠯ ᠢ ᠵᠠᠯᠭᠠᠨ ᠣᠷᠣᠭᠤᠯᠵᠤ᠂ 1896 ᠠᠵᠢᠯ ᠶᠠᠪᠤᠳᠠᠯ ᠭᠦᠶᠴᠡᠳᠬᠡᠬᠦ ᠲᠥᠷᠥᠯ ᠵᠦᠶᠯ ᠣᠷᠣᠵᠤ ᠰᠠᠭᠤᠨ᠂ | ᠰᠦᠯᠵᠢᠶᠡᠨ ᠳᠡᠭᠡᠷ᠎ᠡ ᠰᠢᠶᠳᠪᠦᠷᠢᠯᠡᠵᠦ ᠪᠣᠯᠬᠤ ᠨᠢ 320 ᠭᠠᠷᠤᠶ ᠵᠦᠶᠯ ᠳᠤ ᠬᠦᠷᠴᠦ᠂ ︽ᠣᠯᠠᠨ ᠲᠦᠮᠡᠨ ᠢ | ᠳᠤᠲᠠᠭᠤ ᠭᠦᠶᠦᠯᠭᠡᠵᠦ᠂ ᠲᠤᠭ᠎ᠠ ᠪᠠᠷᠢᠮᠲᠠ ᠶᠢ ᠢᠯᠡᠭᠦᠤ ᠳᠠᠮᠵᠢᠭᠤᠯᠬᠤ︾ ᠪᠠ ︽24 ᠴᠠᠭ ᠲᠤ ᠡᠭᠦᠳᠡ ᠪᠠᠨ | ᠬᠠᠭᠠᠬᠤ ᠥᠬᠡᠶ︾ ᠦᠶᠯᠡᠴᠢᠯᠡᠭᠡ ᠶᠢ ᠪᠡᠶᠡᠯᠡᠭᠦᠯᠦᠭᠰᠡᠨ ᠪᠠᠶᠢᠨ᠎ᠠ᠃ ᠡᠭᠦᠨ ᠠᠴᠠ ᠭᠠᠳᠠᠨ᠎ᠠ᠂ ᠪᠠᠰᠠ ᠣᠯᠠᠨ | ᠲᠠᠯ᠎ᠠ ᠶᠢᠨ ᠦᠢᠯᠡᠳᠦᠯᠴᠡᠯ ᠪᠤᠢ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠫᠣᠷᠲ᠋ᠧᠯ᠂ ᠤᠯᠠᠭᠠᠨᠴᠠᠪ ᠤᠨ ᠳᠠᠷᠤᠶ | ᠲᠦᠷᠭᠡᠨ ᠭᠦᠢᠴᠡᠳᠬᠡᠬᠦ ᠵᠢᠵᠢᠭ ᠫᠷᠤᠭ᠍ᠷᠠᠮ᠂ ᠸᠢᠴᠠᠲ ᠤᠨ ᠣᠯᠠᠨ ᠨᠡᠶᠢᠲᠡ ᠶᠢᠨ ᠨᠣᠮᠧᠷ᠂ ᠰᠢᠯᠵᠢᠮᠡᠯ app᠂ ᠶᠡᠭᠡ | ᠲᠠᠩᠬᠢᠮ ᠤᠨ ᠨᠢᠭᠡ ᠴᠣᠭᠴᠠᠲᠤ ᠮᠠᠰᠢᠨ ᠢᠶᠠᠷ ᠭᠦᠨᠵᠡᠭᠡᠶ ᠨᠡᠶᠢᠯᠡᠯᠴᠡᠭᠦᠯᠵᠦ᠂ ᠦᠨᠡᠨ ᠨᠡᠷ᠎ᠡ ᠪᠠᠷ ᠮᠠᠭᠠᠳᠯᠠᠨ | ᠭᠡᠷᠡᠴᠢᠯᠡᠬᠦ ᠪᠠᠷ ᠭᠡᠷᠡᠴᠢᠯᠡᠯ ᠤᠨ ᠰᠠᠭᠤᠷᠢ ᠪᠣᠯᠭᠠᠵᠤ᠂ ᠶᠠᠮᠠᠷᠪᠠ ᠨᠢᠭᠡ ᠥᠵᠥᠭᠦᠷᠯᠢᠭ ᠲᠤ ᠴᠥᠮ ᠲᠤᠬᠠᠶᠢᠯᠠᠭᠰᠠᠨ | ᠠᠵᠢᠯ ᠭᠦᠶᠴᠡᠳᠬᠡᠬᠦ᠂ ᠠᠬᠢᠴᠠ ᠶᠢ ᠪᠠᠶᠢᠴᠠᠭᠠᠨ ᠯᠠᠪᠯᠠᠬᠤ᠂ ᠦᠨᠡᠯᠡᠬᠦ ᠵᠠᠭᠠᠯᠳᠤᠬᠤ ᠠᠵᠢᠯ ᠢ ᠭᠦᠢᠴᠡᠳᠬᠡᠬᠦ | ᠪᠣᠯᠵᠠᠢ᠃ | ᠤᠯᠠᠭᠠᠨᠴᠠᠪ ᠤᠨ ᠳᠠᠷᠤᠶ ᠲᠦᠷᠭᠡᠨ ᠭᠦᠢᠴᠡᠳᠬᠡᠬᠦ ᠵᠢᠵᠢᠭ ᠫᠷᠤᠭ᠍ᠷᠠᠮ ᠨᠢ ᠤᠯᠠᠨ ᠲᠦᠮᠡᠨ ᠤ ᠳᠡᠷᠭᠡᠳᠡᠬᠢ | ᠤᠴᠢᠷ ᠶᠠᠪᠤᠳᠠᠯ ᠢᠶᠠᠨ ᠳᠡᠷᠭᠡᠳᠡ ᠪᠠᠨ ᠰᠢᠢᠳᠪᠦᠷᠢᠯᠡᠭᠦᠯᠬᠦ ᠵᠠᠰᠠᠭ ᠤᠨ ᠶᠠᠪᠤᠳᠠᠯ ᠤᠨ ᠲᠠᠪᠴᠠᠩ ᠪᠣᠯᠤᠨ᠎ᠠ᠂ | ᠭᠤᠣᠯᠳᠠᠭᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠨᠡᠶᠢᠭᠡᠮ ᠤᠨ ᠪᠠᠲᠤᠯᠠᠭ᠎ᠠ᠂ ᠫᠠᠰᠫᠣᠷᠲ ᠨᠡᠪᠲᠡᠷᠡᠯ ᠤᠨ | ᠦᠨᠡᠮᠯᠡᠯ᠂ ᠵᠢᠯᠣᠭᠤᠴᠢ ᠶᠢᠨ ᠦᠨᠡᠮᠯᠡᠯ᠂ ᠭᠠᠶᠢᠯᠢ ᠶᠢᠨ ᠶᠠᠪᠤᠳᠠᠯ᠂ ᠤᠷᠤᠭ ᠤᠨ ᠶᠠᠪᠤᠳᠠᠯ᠂ ᠡᠷᠦᠬᠡ ᠠᠮᠠ ᠶᠢᠨ | ᠶᠠᠪᠤᠳᠠᠯ᠂ ᠲᠥᠷᠥᠯᠳ᠋ᠨ ᠶᠢᠨ ᠠᠨᠠᠭᠠᠬᠤ ᠤᠬᠠᠭᠠᠨ ᠤ ᠭᠡᠷᠡᠴᠢᠯᠡᠯ᠂ ᠬᠥᠳᠡᠯᠮᠦᠷᠢ ᠠᠵᠢᠯᠲᠠᠨ ᠤ ᠶᠠᠪᠤᠳᠠᠯ ᠤᠨ | ᠡᠶᠡᠳᠡᠭᠦᠯᠭᠡ ᠪᠠ ᠬᠥᠨᠳᠡᠯᠡᠨ ᠠᠴᠠ ᠲᠠᠰᠤᠯᠬᠤ᠂ ᠵᠡᠮᠳᠡᠭᠴᠦᠳ ᠢ ᠲᠤᠰᠠᠯᠠᠬᠤ᠂ ᠤᠯᠠᠨ ᠨᠡᠶᠢᠲᠡ ᠶᠢᠨ ᠦᠢᠯᠡᠴᠢᠯᠡᠭᠡ᠂ | ᠤᠰᠤ ᠴᠠᠬᠢᠯᠭᠠᠨ ᠳᠤᠯᠠᠭᠠᠯᠠᠭ᠎ᠠ ᠶᠢᠨ ᠰᠦᠢᠳᠬᠡᠯ ᠲᠤᠰᠢᠶᠠᠬᠤ ᠵᠡᠷᠭᠡ ᠲᠤᠬᠠᠶᠢᠯᠠᠭᠰᠠᠨ ᠠᠵᠢᠯ ᠢ ᠪᠠᠶᠢᠴᠠᠭᠠᠨ ᠯᠠᠪᠯᠠᠬᠤ᠂ | ᠤᠷᠢᠳᠴᠢᠯᠠᠨ ᠪᠣᠯᠵᠣᠬᠤ᠂ ᠭᠦᠢᠴᠡᠳᠬᠡᠬᠦ ᠦᠢᠯᠡᠴᠢᠯᠡᠭᠡ ᠶᠢ ᠬᠠᠩᠭᠠᠬᠤ ᠪᠦᠭᠡᠳ ᠬᠤᠶᠢᠰᠢᠳᠠ ᠨᠠᠩ ᠤᠯᠠᠨ | ᠠᠷᠠᠳ ᠤᠨ ᠠᠮᠢᠳᠤᠷᠠᠯ ᠤᠨ ᠦᠢᠯᠡᠴᠢᠯᠡᠭᠡ ᠶᠢ ᠠᠯᠬᠤᠮ ᠠᠯᠬᠤᠮ ᠢᠶᠠᠷ ᠨᠡᠮᠡᠭᠳᠡᠭᠦᠯᠬᠦ ᠪᠣᠯᠣᠨ᠎ᠠ᠃ |