| | | 4 ᠳ᠋ᠦ᠋ᠭᠡᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ | ᠮᠡᠳᠡᠭᠡᠨ ᠤ ᠠᠯᠪᠠᠨ ᠭᠡᠷ ᠪᠥᠬᠦ ᠣᠷᠣᠨ ᠤ ︽ᠤᠷᠢᠬᠠᠨ ᠬᠠᠪᠤᠷ ᠤᠷᠢᠨ ᠳᠤᠯᠠᠭᠠᠨ ᠬᠦᠷᠭᠡᠬᠦ︾ ᠠᠵᠢᠯ ᠣᠯᠭᠤᠵᠦ | ᠦᠢᠯᠡᠰ ᠴᠣᠭᠴᠠᠯᠠᠬᠤ ᠦᠢᠯᠡᠴᠢᠯᠡᠭᠡ ᠵᠢᠴᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠵᠢᠯᠲᠠᠨ ᠤᠷᠢᠨ | ᠡᠯᠰᠡᠬᠦ ᠰᠠᠷ᠎ᠠ ᠶᠢᠨ ᠠᠵᠢᠯᠯᠠᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ | ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠨᠠ | ᠸᠧᠶ ᠴᠢᠩ ᠭᠤᠤᠯ ᠰᠡᠳᠦᠪᠲᠦ ᠨᠡᠶᠢᠲᠡᠯᠡᠯ ᠬᠢᠵᠦ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠤᠨ ᠲᠥᠷᠥ ᠶᠢᠨ ᠪᠣᠳᠣᠯᠭ᠎ᠠ ᠶᠢᠨ ᠰᠤᠳᠤᠯᠭᠠᠨ ᠪᠠ ᠤᠬᠠᠭᠤᠯᠭ᠎ᠠ ᠶᠢᠨ ᠭᠠᠵᠠᠷ ᠤᠨ | ᠳᠠᠷᠤᠭ᠎ᠠ ᠯᠢ ᠸᠧᠨ ᠭᠠᠩ ᠲᠠᠢ ᠬᠠᠮᠲᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠶ᠃ |