| | | 4 ᠳ᠋ᠦ᠋ᠭᠡᠷ ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠥᠪᠡᠷᠲᠡᠭᠡᠨ ᠵᠠᠰᠠᠬᠤ ᠣᠷᠣᠨ ᠤ ᠲᠡᠭᠡᠭᠡᠪᠦᠷᠢ ᠶᠢᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠬᠤ ᠭᠤᠷᠪᠠᠨ | ᠵᠢᠯ ᠤᠨ ᠠᠵᠢᠯᠯᠠᠭᠠᠨ ᠤ ᠲᠥᠯᠥᠪᠯᠡᠭᠡ ᠶᠢᠨ ᠬᠡᠷᠡᠭᠵᠢᠭᠦᠯᠬᠦ ᠲᠥᠰᠦᠯ ︵2018 — 2020 ᠣᠨ︶ ᠤᠨ | ᠲᠥᠷᠥ ᠶᠢᠨ ᠪᠣᠳᠣᠯᠭ᠎ᠠ ᠶᠢᠨ ᠲᠤᠬᠠᠢ ᠰᠣᠨᠢᠢᠨ ᠮᠡᠳᠡᠭᠡ ᠨᠡᠶᠢᠲᠡᠯᠡᠬᠦ ᠵᠤᠷᠰᠢᠯᠲᠤ ᠬᠤᠷᠠᠯ ᠬᠢᠪᠡ᠃ ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠵᠧᠩ ᠵᠢᠶᠦ᠋ᠨ | ᠪᠣᠯᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠳᠡᠳ᠋ ᠳᠠᠷᠤᠭ᠎ᠠ ᠽᠠᠩ | ᠵᠢᠶᠦ᠋ᠨ ᠬᠡᠷᠡᠭᠵᠢᠭᠦᠯᠬᠦ ᠲᠥᠰᠦᠯ ᠤᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠥᠪᠡᠷᠲᠡᠭᠡᠨ ᠵᠠᠰᠠᠬᠤ | ᠣᠷᠣᠨ ᠤ ᠠᠵᠤ ᠦᠶᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ ᠤᠨ ᠳᠡᠳ᠋ ᠳᠠᠷᠤᠭ᠎ᠠ ᠵᠠᠩ ᠳ᠋ᠧ᠂ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠶᠡᠷᠦᠩᠬᠡᠶ ᠲᠥᠯᠥᠪᠵᠢᠭᠦᠯᠦᠭᠴᠢ | ᠵᠣᠣ ᠶᠤᠸᠠᠨ ᠴᠧᠩ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ | ᠭᠦᠶᠯᠭᠡᠭᠡᠨ ᠤ ᠦᠢᠯᠡᠰ ᠤᠨ ᠬᠥᠭᠵᠢᠯᠲᠡ ᠶᠢᠨ ᠭᠠᠵᠠᠷ ᠤᠨ ᠳᠠᠷᠤᠭ᠎ᠠ ᠴᠧᠨ ᠵᠢᠶ ᠱᠣ᠋᠂ ᠳᠤᠮᠳᠠᠳᠤ ᠤᠯᠤᠰ ᠤᠨ | ᠲᠡᠮᠦᠷ ᠵᠠᠮ ᠤᠨ ᠬᠦᠬᠡᠬᠤᠲᠠ ᠲᠡᠮᠦᠷ ᠵᠠᠮ ᠤᠨ ᠲᠣᠪᠴᠢᠶ᠎ᠠ ᠶᠢᠨ ᠪᠦᠯᠦᠭᠯᠡᠯᠲᠦ ᠬᠢᠵᠠᠭᠠᠷᠲᠤ ᠺᠣᠮᠫᠠᠨᠢ ᠶᠢᠨ ᠪᠠᠷᠠᠭ᠎ᠠ | ᠲᠡᠭᠡᠭᠡᠪᠦᠷᠢ ᠶᠢᠨ ᠬᠡᠯᠲᠡᠰ ᠤᠨ ᠡᠷᠬᠢᠯᠡᠭᠴᠢ ᠸᠠᠩ ᡁᠢ ᠮᠢᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ | ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ |