| | | 4 ᠳ᠋ᠤᠭᠡᠷ ᠰᠠᠷ᠎ᠠ ᠶᠢᠨ 11 ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ | ᠱᠦᠵᠢ᠂ ᠦᠪᠡᠷᠳᠡᠬᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠬᠦᠯᠤᠨ ᠪᠤᠶᠢᠷ ᠬᠤᠳᠠ ᠶᠢᠨ ᠰᠢᠨ᠎ᠠ | ᠪᠠᠷᠭᠤ ᠪᠠᠷᠠᠭᠤᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠮᠡᠰᠡ ᠵᠠᠰᠠᠯ ᠬᠢᠯᠬᠡᠭᠰᠡᠡ ᠳᠤᠮᠳᠠᠳᠤ | ᠮᠤᠩᠭᠤᠯ ᠬᠤᠶᠠᠷ ᠤᠯᠤᠰ ᠤᠨ ᠴᠠᠭᠠᠨ ᠬᠠᠷᠠᠩ ᠡᠪᠡᠳᠴᠢᠲᠡᠨ ᠢ ᠡᠷᠬᠢᠨ ᠦᠵᠡᠪᠡ᠃ | 4 ᠳ᠋ᠤᠭᠡᠷ ᠰᠠᠷ᠎ᠠ ᠶᠢᠨ 11 ᠤ ᠡᠳᠤᠷ᠂ 2019 ᠤᠨ ᠤ ︽ᠨᠢᠬᠡ ᠪᠦᠰᠠ ᠨᠢᠬᠡ ᠵᠠᠮ · ᠬᠠᠷᠠᠭ᠎ᠠ | ᠰᠡᠷᠭᠦᠭᠡᠬᠦ ᠠᠶᠠᠯᠠᠯ︾ ᠤᠨ ᠮᠤᠩᠭᠤᠯ ᠤᠯᠤᠰ ᠲᠠᠬᠢ ᠠᠵᠢᠯᠯᠠᠭ᠎ᠠ ᠶᠢ ᠠᠬᠢᠭᠤᠯᠬᠤ ᠬᠤᠷᠠᠯ ᠵᠢᠴᠢ ᠪᠦᠬᠦ ᠤᠷᠤᠨ ᠤ ︽ | ᠬᠠᠷᠠᠭ᠎ᠠ ᠰᠡᠷᠭᠦᠭᠡᠬᠦ ᠠᠶᠠᠯᠠᠯ︾ ᠤᠨ ᠨᠡᠶᠢᠬᠡᠮ ᠤᠨ ᠠᠰᠠᠷᠠᠮᠵᠢ ᠶᠢᠨ ᠠᠵᠢᠯᠯᠠᠭ᠎ᠠ ᠬᠦᠯᠤᠨ ᠪᠤᠶᠢᠷ ᠬᠤᠳᠠ ᠶᠢᠨ ᠰᠢᠨ᠎ᠠ | ᠪᠠᠷᠭᠤ ᠪᠠᠷᠠᠭᠤᠨ ᠬᠤᠰᠢᠭᠤᠨ ᠳᠤ ᠶᠠᠪᠤᠬᠳᠠᠪᠠ᠃ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ | ᠲᠡᠷᠢᠬᠦᠯᠡᠭᠴᠢ᠂ ᠦᠪᠡᠷᠳᠡᠬᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠨᠡᠷ᠎ᠠ ᠬᠦᠨᠳᠤᠳᠤ | ᠲᠠᠷᠤᠭ᠎ᠠ ᠪᠦ᠋ ᠰᠢᠶᠤᠤ ᠯᠢᠨ ᠠᠵᠢᠯᠯᠠᠭ᠎ᠠ ᠡᠬᠢᠯᠡᠭᠰᠡᠨ ᠢ ᠨᠡᠶᠢᠳᠡᠯᠡᠵᠤ᠂ ᠡᠮᠴᠢᠯᠡᠬᠡᠨ ᠤ ᠠᠩᠬᠢ ᠳᠤ ᠲᠤᠭ ᠤᠯᠭᠤᠪᠠ᠃ | ᠮᠤᠩᠭᠤᠯ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠶᠠᠷᠤᠩᠬᠡᠢ ᠨᠠᠷᠢᠨ ᠪᠢᠴᠢᠭ ᠤᠨ ᠲᠠᠷᠤᠭ᠎ᠠ ᠨᠠ᠊ · | ᠪᠤᠯᠤᠷᠮ᠎ᠠ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠲᠡᠳ᠋ ᠲᠠᠷᠤᠭ᠎ᠠ ᠸᠠᠩ ᠷᠦ ᠫᠧᠩ | ᠪᠠᠶᠠᠷ ᠤᠨ ᠦᠬᠡ ᠬᠡᠯᠡᠵᠤ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠰᠠᠭᠤᠷᠢ | ᠮᠦᠩᠬᠦᠨ ᠤ ᠨᠡᠶᠢᠭᠡᠮᠯᠢᠭ ᠤᠨ ᠭᠡᠷᠡᠭ ᠡᠷᠬᠢᠯᠡᠭᠴᠢᠳ ᠤᠨ ᠲᠠᠷᠤᠭ᠎ᠠ ᠬᠦᠸᠧ ᠴᠠᠩ ᠵᠢᠶᠠᠩ ᠬᠤᠷᠠᠯ ᠳᠤ ᠤᠷᠤᠯᠴᠠᠵᠤ᠂ | ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ᠂ ᠦᠪᠡᠷᠳᠡᠬᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠠᠨ ᠤ | ᠨᠡᠶᠢᠭᠡᠮᠯᠢᠭ ᠤᠨ ᠲᠠᠷᠤᠭ᠎ᠠ ᠡᠸᠤ ᠶᠠᠩ ᠰᠢᠶᠤᠤ ᠬᠤᠢ ᠬᠤᠷᠠᠯ ᠢ ᠡᠷᠬᠢᠯᠠᠵᠠᠢ᠃ ᠸᠠᠩ ᠷᠦ ᠫᠧᠩ ᠢᠯᠡᠳᠭᠡᠬᠦ ᠳᠤ ᠪᠠᠨ᠂ | ︽ᠨᠢᠬᠡ ᠪᠦᠰᠠ ᠨᠢᠬᠡ ᠵᠠᠮ · ᠬᠠᠷᠠᠭ᠎ᠠ ᠰᠡᠷᠭᠦᠭᠡᠬᠦ ᠠᠶᠠᠯᠠᠯ︾ ᠤᠨ ᠮᠤᠩᠭᠤᠯ ᠤᠯᠤᠰ ᠲᠠᠬᠢ ᠠᠵᠢᠯᠯᠠᠭ᠎ᠠ ᠨᠢ | ᠮᠤᠩᠭᠤᠯ ᠤᠯᠤᠰ ᠤᠨ ᠴᠠᠭᠠᠨ ᠬᠠᠷᠠᠩ ᠡᠪᠡᠳᠴᠢᠳᠠᠨ ᠳᠤ ᠲᠠᠬᠢᠨ ᠬᠠᠷᠠᠭ᠎ᠠ ᠤᠷᠤᠭᠤᠯᠵᠤ᠂ ᠤᠯᠠᠭᠠᠨ | ᠵᠠᠭᠠᠯᠮᠠᠶᠢᠳᠠᠨ ᠤ ᠨᠡᠶᠢᠭᠡᠮᠯᠢᠭ ᠤᠨ ᠬᠦᠮᠦᠯᠢᠭ ᠦᠵᠡᠯ ᠤᠨ ᠭᠠᠳᠠᠭᠠᠳᠤ ᠬᠠᠷᠢᠯᠴᠠᠭᠠᠨ ᠤ ᠦᠪᠡᠷᠮᠢᠴᠠ ᠤᠨᠴᠠᠯᠢᠭ ᠢ | ᠬᠦᠢᠴᠡᠳ ᠪᠠᠳᠠᠷᠠᠭᠤᠯᠵᠤ᠂ ᠳᠤᠮᠳᠠᠳᠤ ᠮᠤᠩᠭᠤᠯ ᠤᠨ ᠨᠦᠬᠦᠷᠰᠡᠭ ᠬᠠᠮᠳᠤᠷᠠᠯᠴᠠᠭ᠎ᠠ ᠰᠤᠯᠢᠯᠴᠠᠭ᠎ᠠ ᠳᠤ | ᠦᠵᠡᠬᠦᠯᠪᠡᠰᠤ ᠵᠤᠬᠢᠬᠤ ᠬᠤᠪᠢ ᠨᠡᠮᠡᠷᠢ ᠦᠵᠡᠬᠦᠯᠦᠭᠰᠡᠨ ᠪᠠᠶᠢᠨ᠎ᠠ᠃ ᠮᠤᠩᠭᠤᠯ ᠤᠯᠤᠰ ᠤᠨ ᠤᠯᠠᠭᠠᠨ | ᠵᠠᠭᠠᠯᠮᠠᠶᠢᠳᠠᠨ ᠤ ᠨᠡᠶᠢᠭᠡᠮᠯᠢᠭ ᠤᠨ ᠬᠢᠨ ᠡᠨᠡ ᠬᠦ ᠤᠯᠠᠨ ᠤᠯᠤᠰ ᠤᠨ ᠬᠦᠮᠦᠯᠢᠭ ᠠᠪᠤᠷᠠᠨ ᠲᠤᠰᠠᠯᠠᠬᠤ ᠲᠦᠷᠤᠯ | ᠵᠤᠶᠢᠯ ᠢ ᠰᠠᠶᠢᠳᠤᠷ ᠨᠠᠶᠢᠳᠠᠪᠤᠷᠢᠵᠢᠭᠤᠯᠬᠤ ᠶᠢ ᠬᠦᠰᠡᠵᠤ ᠪᠠᠶᠢᠨ᠎ᠠ ᠬᠡᠵᠤ ᠬᠡᠯᠡᠪᠡ᠃ | ᠨᠠ᠊ · ᠪᠤᠯᠤᠷᠮ᠎ᠠ ᠬᠡᠯᠡᠬᠦ ᠳᠤ ᠪᠠᠨ᠂ ᠮᠤᠩᠭᠤᠯ ᠳᠤᠮᠳᠠᠳᠤ ᠬᠤᠶᠠᠷ ᠤᠯᠤᠰ ᠤᠨ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠬᠦᠮᠦᠯᠢᠭ ᠦᠵᠡᠯ ᠤᠨ ᠬᠦᠷᠢᠶᠡᠨ ᠳᠤ ᠰᠤᠯᠢᠯᠴᠠᠭ᠎ᠠ ᠬᠠᠮᠲᠤᠷᠠᠯᠴᠠᠭ᠎ᠠ ᠶᠢᠨ ᠤᠷᠤᠨ ᠵᠠᠢ ᠪᠠᠨ | ᠲᠠᠰᠤᠷᠠᠯᠲᠠ ᠦᠭᠡᠢ ᠦᠷᠭᠡᠳᠬᠡᠵᠦ᠂ ᠴᠢᠯᠦᠭᠡᠲᠡᠢ ᠪᠦᠭᠡᠳ ᠬᠠᠮᠲᠤ ᠳᠤ ᠪᠠᠨ ᠬᠦᠷᠲᠡᠬᠦ ᠶᠢ ᠤᠯᠠᠮ ᠴᠢᠨᠠᠬᠰᠢᠳᠠ | ᠬᠦᠨᠵᠡᠬᠡᠶᠢᠷᠡᠭᠦᠯᠤᠨ ᠦᠷᠭᠡᠳᠭᠡᠬᠦ ᠶᠢ ᠬᠦᠰᠡᠵᠦ ᠪᠠᠶᠢᠨ᠎ᠠ ᠭᠡᠪᠡ᠃ ︽ᠬᠠᠷᠠᠭ᠎ᠠ ᠰᠡᠷᠭᠦᠭᠡᠬᠦ ᠠᠶᠠᠯᠠᠯ︾ ᠮᠤᠩᠭᠤᠯ | ᠤᠯᠤᠰ ᠤᠨ ᠴᠠᠭᠠᠨ ᠬᠠᠷᠠᠩ ᠡᠪᠡᠳᠴᠢᠲᠡᠳ ᠳᠤ ᠦᠵᠡᠰᠬᠦᠯᠡᠩᠲᠤ ᠰᠠᠶᠢᠬᠠᠨ ᠶᠢᠷᠲᠢᠨᠴᠤ ᠶᠢ ᠰᠤᠨᠢᠷᠬᠠᠬᠤ ᠬᠠᠷᠠᠭ᠎ᠠ | ᠪᠠ ᠡᠷᠡᠭᠦᠯ ᠮᠠᠨᠳᠤ ᠵᠤᠯ ᠵᠢᠷᠭᠠᠯ ᠤᠯᠭᠤᠬᠰᠠᠨ ᠪᠠᠶᠢᠨ᠎ᠠ᠂ ᠡᠨᠡ ᠬᠦ ᠠᠵᠢᠯᠯᠠᠭ᠎ᠠ ᠡᠷᠬᠢᠯᠡᠬᠦ ᠲᠤᠳᠤᠮ ᠰᠠᠶᠢᠨ | ᠪᠤᠯᠬᠤ ᠶᠢ ᠬᠦᠰᠡᠨ ᠵᠦᠩᠨᠡᠶ᠎ᠡ ᠭᠡᠪᠡ᠃ | ᠬᠤᠷᠠᠯ ᠳᠡᠭᠡᠷ᠎ᠡ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠰᠠᠭᠤᠷᠢ ᠮᠦᠩᠭᠦᠨ ᠤ ᠨᠡᠶᠢᠭᠡᠮᠯᠢᠭ᠂ | ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠴᠤᠤ ᠵᠢᠤᠢ | ᠨᠢᠳᠦᠨ ᠤ ᠡᠮᠨᠡᠯᠭᠡ ᠶᠢᠨ ᠬᠤᠷᠢᠶ᠎ᠠ ᠶᠢᠨ ᠪᠦᠯᠦᠭᠯᠡᠯ ︽ᠨᠢᠭᠡ ᠪᠦᠰᠡ ᠨᠢᠭᠡ ᠵᠠᠮ · ᠬᠠᠷᠠᠭ᠎ᠠ ᠰᠡᠷᠭᠦᠭᠡᠬᠦ ᠠᠶᠠᠯᠠᠯ︾ | ᠤᠨ ᠮᠤᠩᠭᠤᠯ ᠤᠯᠤᠰ ᠲᠠᠬᠢ ᠠᠵᠢᠯᠯᠠᠭ᠎ᠠ ᠶᠢᠨ ᠬᠠᠮᠲᠤᠷᠠᠯᠴᠠᠭᠠᠨ ᠤ ᠵᠦᠪᠳᠡᠯᠴᠡᠭᠡᠷ ᠳᠤᠬᠢᠷᠠᠯᠴᠠᠵᠤ᠂ ᠳᠤᠮᠳᠠᠳᠤ | ᠤᠯᠤᠰ ᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠤᠯᠤᠨ | ᠮᠤᠩᠭᠤᠯ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠯᠠᠭᠠᠨ ᠵᠠᠭᠠᠯᠮᠠᠶᠢᠲᠠᠨ ᠤ ᠪᠠᠴᠢᠮ ᠪᠠᠶᠢᠳᠠᠯ ᠢ | ᠠᠷᠭᠠᠴᠠᠭᠠᠬᠤ ᠲᠤᠰᠠᠯᠠᠨ ᠠᠪᠤᠷᠠᠬᠴᠢ ᠶᠢᠨ ᠬᠢᠷᠢ ᠬᠡᠮ ᠤᠨ ᠪᠣᠯᠪᠠᠰᠤᠷᠠᠭᠤᠯᠤᠯ ᠤᠨ ᠬᠠᠮᠲᠤᠷᠠᠯᠴᠠᠭᠠᠨ ᠤ | ᠵᠦᠪᠳᠡᠯᠴᠡᠭᠡᠷ ᠳᠤᠬᠢᠷᠠᠯᠴᠠᠪᠠ᠃ | ᠳᠠᠷᠠᠭ᠎ᠠ ᠨᠢ᠂ ᠪᠦ᠋ ᠰᠢᠶᠤᠤ ᠯᠢᠨ᠂ ᠨᠠ᠊ · ᠪᠤᠯᠤᠷᠮ᠎ᠠ᠂ ᠸᠠᠩ ᠷᠦ ᠫᠧᠩ᠂ ᠭᠦᠸᠧ ᠴᠠᠩ ᠵᠢᠶᠠᠩ᠂ ᠡᠸᠤ | ᠶᠠᠩ ᠰᠢᠶᠤᠤ ᠬᠤᠢ ᠮᠡᠰᠡ ᠵᠠᠰᠠᠯ ᠬᠢᠯᠬᠡᠭᠰᠡᠡ ᠳᠤᠮᠳᠠᠳᠤ ᠮᠤᠩᠭᠤᠯ ᠬᠤᠶᠠᠷ ᠤᠯᠤᠰ ᠤᠨ ᠴᠠᠭᠠᠨ ᠬᠠᠷᠠᠩ | ᠡᠪᠡᠳᠴᠢᠲᠡᠨ ᠢ ᠡᠷᠬᠢᠨ ᠦᠵᠡᠵᠦ᠂ ᠤᠯᠠᠭᠠᠨ ᠵᠠᠭᠠᠯᠮᠠᠶᠢᠲᠠᠨ ᠤ ᠮᠠᠯᠴᠢᠨ ᠰᠠᠶᠢᠨ ᠳᠤᠷᠠᠴᠤᠳ ᠤᠨ ᠦᠢᠯᠡᠴᠢᠯᠡᠭᠡᠨ ᠤ | ᠠᠩᠬᠢ ᠶᠢᠨ ᠪᠠᠴᠢᠮ ᠪᠠᠶᠢᠳᠠᠯ ᠢ ᠠᠷᠭᠠᠴᠠᠭᠠᠵᠤ ᠲᠤᠰᠠᠯᠠᠨ ᠠᠪᠤᠷᠠᠬᠤ ᠪᠤᠯᠪᠠᠰᠤᠷᠠᠯ ᠢ ᠲᠤᠭᠤᠷᠢᠨ ᠦᠵᠡᠵᠦ | ᠰᠢᠨᠵᠢᠯᠡᠨ ᠪᠠᠶᠢᠴᠠᠭᠠᠪᠠ᠃ | ︽ᠨᠢᠭᠡ ᠪᠦᠰᠡ ᠨᠢᠭᠡ ᠵᠠᠮ · ᠬᠠᠷᠠᠭ᠎ᠠ ᠰᠡᠷᠭᠦᠭᠡᠬᠦ ᠠᠶᠠᠯᠠᠯ︾ ᠤᠨ ᠮᠤᠩᠭᠤᠯ ᠤᠯᠤᠰ ᠲᠠᠬᠢ ᠠᠵᠢᠯᠯᠠᠭ᠎ᠠ ᠶᠢ | ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠰᠠᠭᠤᠷᠢ ᠮᠦᠩᠭᠦ ᠶᠢᠨ ᠨᠡᠶᠢᠭᠡᠮᠯᠢᠭ᠂ ᠦᠪᠦᠷ ᠮᠤᠩᠭᠤᠯ ᠤᠨ | ᠦᠪᠡᠷᠲᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠮᠲᠤ ᠪᠠᠷ ᠵᠤᠬᠢᠶᠠᠨ ᠪᠠᠶᠢᠭᠤᠯᠤᠨ | ᠬᠡᠷᠡᠭᠵᠢᠭᠦᠯᠵᠦ᠂ 2018 ᠤᠨ ᠤ 5 ᠳ᠋ᠤᠭᠠᠷ ᠰᠠᠷ᠎ᠠ ᠶᠢᠨ 4 ᠤ ᠡᠳᠦᠷ ᠡᠬᠢᠯᠡᠭᠦᠯᠪᠡ᠂ ᠤᠳᠤ ᠪᠤᠯᠲᠠᠯ᠎ᠠ ᠨᠢᠭᠡᠨᠲᠡ | ᠮᠤᠩᠭᠤᠯ ᠤᠯᠤᠰ ᠤᠨ 36 ᠴᠠᠭᠠᠨ ᠬᠠᠷᠠᠩ ᠡᠪᠡᠳᠴᠢᠲᠡᠨ ᠳᠤ ᠰᠦᠢᠳᠭᠡᠯ ᠠᠪᠬᠤ ᠦᠭᠡᠢ ᠪᠠᠷ ᠬᠠᠷᠠᠭ᠎ᠠ | ᠤᠷᠤᠭᠤᠯᠬᠤ ᠮᠡᠰᠡ ᠵᠠᠰᠠᠯ ᠬᠢᠵᠤ ᠦᠭᠴᠠᠢ᠃ ᠲᠤᠰ ᠤᠳᠠᠭ᠎ᠠ ᠶᠢᠨ ᠠᠵᠢᠯᠯᠠᠭ᠎ᠠ ᠳᠤ ᠮᠤᠩᠭᠤᠯ ᠤᠯᠤᠰ ᠤᠨ 59 | ᠴᠠᠭᠠᠨ ᠬᠠᠷᠠᠩ ᠡᠪᠡᠳᠴᠢᠲᠡᠨ ᠳᠤ ᠮᠡᠰᠠ ᠵᠠᠰᠠᠯ ᠬᠢᠬᠦ ᠪᠠᠷ ᠪᠠᠶᠢᠨ᠎ᠠ᠃ |