ᠯᠢ ᠵᠢᠢ ᠡᡁᠧᠩ ᠤᠷᠳᠤᠰ ᠬᠤᠳᠠ ᠳᠤ ᠪᠠᠶᠢᠴᠠᠭᠠᠨ ᠰᠤᠳᠤᠯᠬᠤ ᠳᠤ ᠪᠠᠨ ᠴᠢᠬᠤᠯᠠᠴᠢᠯᠠᠬᠰᠠᠠ ᠨᠢ | ᠶᠡᠷᠤᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ | ᠲᠤᠭᠤᠰᠢᠯᠠᠭᠤᠯᠵᠥ ᠠᠵᠥ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠯᠠᠪᠳᠠᠭᠤᠨ ᠪᠠᠳᠤᠳᠠᠢ ᠠᠬᠢᠭᠤᠯᠬᠤ | ᠬᠡᠷᠡᠭᠳᠡᠢ ᠭᠡᠵᠡᠢ | | | | | | 4 ᠳ᠋ᠦ᠋ᠭᠡᠷ ᠰᠠᠷ᠎ᠠ ᠶᠢᠨ 10 ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠱᠦᠵᠢ᠂ | ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶᠡᠨ ᠤ ᠡᠷᠬᠢᠯᠡᠭᠴᠢ ᠯᠢ ᠵᠢᠢ ᠡᡁᠧᠩ | ᠵᠢᠶᠠᠨ ᠨᠧᠩ ᠰᠢᠩ ᠬᠤᠢ ᠸᠠᠭᠠᠷ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠳᠤ ᠬᠦᠷᠴᠦ᠂ ᠪᠤᠬᠢᠷᠳᠤᠯ ᠦᠬᠡᠢ | ᠬᠦᠬᠡᠰᠦᠷᠬᠡᠭ ᠸᠠᠭᠠᠷ ᠵᠢᠴᠢ ᠨᠡᠶᠢᠯᠡᠮᠡᠯ ᠬᠡᠷᠡᠮ ᠤᠨ ᠮᠠᠲ᠋ᠧᠷᠢᠶᠠᠯ ᠤᠨ ᠲᠦᠷᠦᠯ ᠵᠦᠢᠯ ᠤᠨ ᠦᠢᠯᠡᠳᠪᠦᠷᠢᠯᠡᠯ ᠪᠦᠳᠦᠭᠡᠨ | ᠪᠠᠶᠢᠭᠤᠯᠤᠯᠲᠠ ᠶᠢᠨ ᠪᠠᠶᠢᠳᠠᠯ ᠢ ᠭᠦᠨᠵᠡᠬᠡᠢ ᠣᠶᠢᠯᠠᠭᠠᠵᠠᠢ᠃ | | | 4 ᠳ᠋ᠦ᠋ᠭᠡᠷ ᠰᠠᠷ᠎ᠠ ᠶᠢᠨ 10 ᠤ ᠡᠳᠤᠷ ᠠᠴᠠ 11 ᠤ ᠡᠳᠤᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ | ᠨᠠᠮ ᠤᠨ ᠬᠤᠷᠢᠶᠡᠨ ᠤ ᠱᠦᠵᠢ᠂ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶᠡᠨ | ᠤ ᠡᠷᠬᠢᠯᠡᠭᠴᠢ ᠯᠢ ᠵᠢᠢ ᠡᡁᠧᠩ ᠵᠡᠬᠦᠨᠭᠠᠷ ᠬᠤᠰᠢᠭᠤ᠂ ᠲᠠᠯᠠᠳ ᠬᠤᠰᠢᠭᠤ᠂ ᠳ᠋ᠦᠩᠱᠧᠩ ᠲᠤᠭᠤᠷᠢᠭ᠂ ᠡᠵᠡᠨ | ᠬᠤᠷᠤᠭ᠎ᠠ ᠬᠤᠰᠢᠭᠤᠨ ᠳᠤ ᠬᠦᠷᠴᠦ᠂ ᠶᠡᠷᠤᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ | ᠤ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠬᠤᠶᠠᠳᠤᠭᠠᠷ ᠬᠤᠷᠡᠯ ᠤᠨ ᠦᠪᠤᠷ | ᠮᠤᠩᠭᠤᠯ ᠤᠨ ᠲᠦᠯᠥᠬᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠦᠶ᠎ᠡ ᠳᠤ ᠬᠡᠯᠡᠭᠰᠡᠨ | ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠤᠭᠤᠷᠢᠨ ᠳᠤ᠂ ᠰᠢᠨ᠎ᠡ | ᠬᠦᠭᠵᠢᠯᠳᠡ ᠶᠢᠨ ᠣᠨᠤᠯᠵᠢᠬᠤᠨ ᠢ ᠨᠠᠶᠢᠳᠠᠪᠤᠷᠢᠵᠢᠭᠤᠯᠬᠤ᠂ ᠠᠵᠥ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ | ᠠᠬᠢᠭᠤᠯᠬᠤ ᠲᠤᠬᠠᠢ ᠪᠠᠶᠢᠴᠠᠭᠠᠨ ᠰᠤᠳᠤᠯᠵᠠᠢ᠃ | ᠬᠤᠶᠠᠷ ᠡᠳᠤᠷ ᠤᠨ ᠲᠤᠷᠰᠢ᠂ ᠯᠢ ᠵᠢᠢ ᠡᡁᠧᠩ ᠤᠷᠢᠳ ᠬᠤᠵᠢᠳ ᠤᠳᠤ ᠦᠶ᠎ᠡ ᠶᠢᠨ ᠨᠡᠬᠦᠷᠡᠰᠤ ᠬᠢᠮᠢ ᠶᠢᠨ | ᠠᠵᠥ ᠦᠢᠯᠡᠳᠪᠤᠷᠢ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠬᠢ᠂ ᠲᠤᠨᠤᠬᠯᠠᠯ ᠦᠢᠯᠡᠳᠬᠦ᠂ ᠠᠮᠢ ᠠᠬᠤᠢ ᠤᠷᠴᠢᠨ | ᠲᠤᠭᠤᠷᠢᠨ ᠤ ᠬᠠᠮᠠᠭᠠᠯᠠᠯᠳᠡ ᠪᠦᠳᠦᠬᠡᠨ ᠪᠠᠶᠢᠭᠤᠯᠤᠯᠳᠠ᠂ ᠤᠳᠤ ᠦᠶ᠎ᠡ ᠶᠢᠨ ᠡᠳ᠋ ᠪᠠᠷᠠᠭᠠᠨ ᠤ ᠬᠦᠢᠯᠬᠡᠬᠡ ᠪᠤᠯᠤᠨ | ᠦᠢᠯᠡᠴᠢᠯᠡᠬᠡᠨ ᠤ ᠦᠢᠯᠡᠰ ᠵᠡᠷᠬᠡ ᠬᠦᠷᠢᠶᠡᠨ ᠤ ᠭᠤᠤᠯᠳᠠᠯᠭ᠎ᠠ ᠲᠠᠢ ᠲᠦᠷᠦᠯ ᠵᠦᠢᠯ ᠢ ᠰᠢᠨᠵᠢᠯᠡᠨ ᠪᠠᠶᠢᠴᠠᠭᠠᠪᠠ᠃ | ᠯᠢ ᠵᠢᠢ ᠡᡁᠧᠩ ᠱᠧᠨ ᠬᠤᠸᠠ ᠵᠦᠨ ᠨᠧᠩ᠂ ᠢ ᠲᠠᠢ᠂ ᠵᠢᠦ ᠲᠠᠢ᠂ ᠵᠦᠩ ᠺᠧ ᠵᠡᠷᠬᠡ ᠨᠡᠬᠦᠷᠡᠰᠤ ᠶᠢ ᠨᠠᠷᠢᠯᠢᠭ | ᠡᠳ᠋ᠰᠢᠬᠦᠯᠬᠦ ᠠᠵᠥ ᠠᠬᠤᠶᠢᠯᠠᠯ ᠶᠢᠨ ᠦᠢᠯᠡᠳᠪᠤᠷᠢ ᠶᠢᠨ ᠲᠠᠰᠤᠭ᠂ ᠪᠠᠷᠢᠯᠭ᠎ᠠ ᠶᠢᠨ ᠲᠠᠯᠠᠪᠠᠢ ᠳᠤ ᠬᠦᠷᠴᠦ᠂ ᠲᠦᠷᠦᠯ | ᠵᠦᠢᠯ ᠤᠨ ᠠᠬᠢᠴᠠ᠂ ᠠᠵᠥ ᠦᠢᠯᠡᠰ ᠤᠨ ᠬᠡᠯᠬᠢᠶ᠎ᠡ ᠶᠢ ᠤᠷᠳᠤᠳᠬᠠᠬᠤ᠂ ᠦᠢᠯᠡᠳᠬᠦᠨ ᠤ ᠤᠷᠠᠯᠠᠯ᠂ | ᠦᠢᠯᠡᠳᠪᠤᠷᠢᠯᠡᠯ ᠡᠵᠡᠩᠨᠡᠯᠳᠡ ᠵᠡᠷᠬᠡ ᠪᠠᠶᠢᠳᠠᠯ ᠢ ᠬᠦᠨᠵᠡᠬᠡᠢ ᠤᠶᠢᠯᠠᠭᠠᠬᠤ ᠳᠤ ᠪᠠᠨ ᠱᠠᠭᠠᠷᠳᠠᠭᠰᠠᠨ ᠨᠢ᠂ ᠲᠤᠰ | ᠭᠠᠵᠠᠷ ᠲᠤ ᠡᠬᠢ ᠪᠠᠶᠠᠯᠢᠭ ᠤᠨ ᠲᠠᠪᠠᠭᠤᠯᠢᠭ ᠳᠤ ᠪᠠᠨ ᠲᠦᠰᠢᠭᠯᠡᠵᠥ᠂ ᠤᠯᠠᠮᠵᠢᠯᠠᠯᠳᠤ ᠠᠵᠥ ᠦᠢᠯᠡᠰ ᠢ | ᠦᠬᠡᠷᠡᠴᠢᠯᠡᠨ ᠲᠡᠰ ᠲᠡᠪᠰᠢᠬᠦᠯᠬᠦ ᠶᠢ ᠦᠷᠬᠦᠯᠵᠢᠯᠡᠨ ᠠᠬᠢᠭᠤᠯᠵᠥ᠂ ᠤᠳᠤ ᠦᠶ᠎ᠡ ᠶᠢᠨ ᠡᠨᠧᠷᠬᠢ ᠶᠢᠨ ᠠᠵᠥ ᠠᠬᠤᠢ | ᠶᠢ ᠶᠡᠭᠡ ᠪᠠᠷ ᠬᠥᠭᠵᠢᠭᠦᠯᠳᠦᠭᠡᠢ ᠬᠡᠮᠡᠨ ᠵᠠᠬᠢᠵᠥ᠂ ᠵᠠᠰᠠᠭ ᠤᠨ ᠤᠷᠳᠤᠨ ᠪᠤᠯᠤᠨ ᠠᠵᠥ ᠠᠬᠤᠶᠢᠯᠠᠯ ᠢ ᠬᠢᠨᠠᠨ | ᠬᠠᠮᠢᠶᠠᠷᠬᠤ ᠬᠠᠷᠢᠭᠤᠴᠠᠯᠭ᠎ᠠ ᠪᠤᠯᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠥ᠂ | ᠠᠶᠤᠯ ᠦᠬᠡᠢ ᠦᠢᠯᠡᠳᠪᠤᠷᠢᠯᠡᠯ ᠤᠨ ᠲᠠᠯ᠎ᠠ ᠪᠠᠷ ᠦᠴᠦᠬᠡᠨ ᠴᠦ ᠤᠰᠤᠯ ᠠᠳᠡᠯ ᠭᠠᠷᠭᠠᠬᠤ ᠦᠬᠡᠢ ᠪᠠᠶᠢᠬᠤ ᠶᠢ | ᠦᠨᠡᠨ ᠬᠦ ᠪᠠᠳᠤᠯᠠᠬᠤ ᠬᠡᠷᠡᠭᠳᠡᠢ ᠬᠡᠪᠠ᠃ | ᠯᠢ ᠵᠢᠢ ᠾᠧᠩ ᠵᠢᠶᠠᠨ ᠨᠧᠩ ᠰᠢᠩ ᠬᠤᠢ ᠶᠢᠨ ᠪᠤᠬᠢᠷᠳᠤᠯ ᠦᠬᠡᠢ ᠬᠦᠬᠡᠰᠦᠷᠬᠡᠭ ᠸᠠᠭᠠᠷ ᠵᠢᠴᠢ ᠨᠡᠶᠢᠯᠡᠮᠡᠯ | ᠬᠡᠷᠡᠮ ᠤᠨ ᠮᠠᠲ᠋ᠧᠷᠢᠶᠠᠯ᠂ ᠲᠠᠯᠠᠳ ᠤᠨ ᠬᠡᠷᠡᠯ ᠴᠡᠨᠡᠭ ᠤᠨ ᠴᠠᠬᠢᠯᠭᠠᠨ ᠭᠠᠷᠭᠠᠬᠤ ᠬᠡᠷᠡᠭᠯᠡᠬᠡᠨ ᠤ ᠲᠠᠭᠠᠭᠤᠯᠤᠬᠴᠢ | ᠰᠠᠭᠤᠷᠢᠨ ᠭᠠᠵᠠᠷ᠂ ᠵᠦᠩ ᠰᠢᠩ ᠲᠧ ᠰᠢᠨ᠎ᠡ ᠡᠨᠧᠷᠬᠢ ᠶᠢᠨ ᠮᠠᠰᠢᠨ ᠲᠡᠷᠬᠡ ᠦᠢᠯᠡᠳᠬᠦ᠂ ᠮᠢᠨ ᠳ᠋ᠠ ᠨᠡᠬᠦᠷᠡᠰᠤᠨ | ᠠᠭᠤᠷᠬᠠᠢ ᠶᠢᠨ ᠪᠤᠬᠢᠷᠳᠤᠯ ᠦᠬᠡᠢ ᠠᠭᠤᠷᠬᠠᠢ ᠶᠢᠨ ᠪᠦᠳᠦᠬᠡᠨ ᠪᠠᠶᠢᠭᠤᠯᠤᠯᠳᠠ᠂ ᠡᠵᠡᠨ ᠬᠤᠷᠤᠭ᠎ᠠ ᠬᠤᠰᠢᠭᠤᠨ ᠤ | ᠡᠯᠡᠰᠦ ᠶᠢ ᠰᠡᠷᠬᠡᠶᠢᠯᠡᠨ ᠵᠠᠰᠠᠬᠤ ᠵᠢᠴᠢ ᠤᠷᠳᠤᠰ ᠤᠨ ᠸᠠᠨ ᠳ᠋ᠠ ᠠᠭᠤᠳᠠᠮ ᠲᠠᠯᠠᠪᠠᠢ᠂ ᠶᠡᠷᠤᠩᠬᠡᠶᠢᠯᠡᠭᠰᠡᠡ ᠭᠠᠶᠢᠯᠢ ᠶᠢ | ᠪᠠᠳᠤᠯᠠᠬᠤ ᠤᠷᠤᠨ ᠤ ᠲᠦᠷᠦᠯ ᠵᠦᠢᠯ ᠢ ᠰᠢᠨᠵᠢᠯᠡᠨ ᠪᠠᠶᠢᠴᠠᠭᠠᠬᠤ ᠳᠤ ᠪᠠᠨ ᠵᠢᠭᠠᠵᠤ ᠭᠠᠷᠭᠠᠭᠰᠠᠨ ᠨᠢ᠂ ᠪᠤᠬᠢᠷᠲᠤᠯ | ᠦᠭᠡᠢ ᠬᠦᠭᠵᠢᠯᠲᠡ ᠶᠢᠨ ᠢᠷᠡᠭᠡᠳᠦᠢ ᠴᠠᠬᠯᠠᠰᠢ ᠦᠭᠡᠢ ᠠᠭᠤᠳᠠᠮ ᠪᠠᠶᠢᠭ᠎ᠠ ᠶᠤᠮ᠂ ᠨᠦᠬᠦᠴᠡᠯ ᠪᠤᠯᠤᠮᠵᠢ ᠶᠡᠭᠡ | ᠪᠠᠶᠢᠭ᠎ᠠ ᠶᠤᠮ᠂ ᠤᠷᠳᠤᠰ ᠬᠤᠲᠠ ᠠᠵᠤ ᠦᠢᠯᠡᠰ ᠢ ᠠᠮᠢ ᠠᠬᠤᠶᠢᠵᠢᠭᠤᠯᠬᠤ᠂ ᠠᠵᠤ ᠠᠬᠤᠢ ᠶᠢ ᠪᠤᠬᠢᠷᠲᠤᠯ | ᠦᠭᠡᠢ ᠪᠠᠷ ᠬᠦᠭᠵᠢᠭᠦᠯᠬᠦ ᠶᠢᠨ ᠲᠤᠭᠤᠷᠢᠨ ᠳᠤ᠂ ᠰᠢᠨ᠎ᠠ ᠠᠵᠤ ᠦᠢᠯᠡᠰ᠂ ᠰᠢᠨ᠎ᠠ ᠬᠦᠳᠡᠯᠭᠡᠬᠦ ᠡᠨᠧᠷᠬᠢ᠂ ᠰᠢᠨ᠎ᠠ | ᠨᠡᠮᠡᠭᠳᠡᠯ ᠤᠨ ᠲᠦᠢᠯ ᠢ ᠶᠡᠭᠡ ᠪᠠᠷ ᠪᠤᠶᠢᠵᠢᠭᠤᠯᠵᠤ᠂ ᠪᠤᠬᠢᠷᠲᠤᠯ ᠦᠭᠡᠢ ᠬᠦᠭᠵᠢᠯᠲᠡ ᠶᠢᠨ ᠠᠵᠠ ᠲᠤᠬᠢᠶᠠᠯ ᠢ | ᠠᠮᠵᠢᠵᠤ᠂ ᠪᠤᠬᠢᠷᠲᠤᠯ ᠦᠭᠡᠢ ᠬᠦᠭᠵᠢᠯᠳᠡ ᠶᠢ ᠲᠤᠪᠤᠶᠢᠯᠭᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠠ | ᠪᠤᠯᠤᠨ ᠠᠮᠢ ᠠᠬᠤᠢ ᠤᠷᠴᠢᠨ ᠲᠤᠭᠤᠷᠢᠨ ᠤ ᠦᠨᠳᠦᠷ ᠲᠦᠪᠰᠢᠨ ᠪᠦᠬᠦᠢ ᠬᠠᠮᠠᠭᠠᠯᠠᠯᠲᠠ ᠶᠢ ᠵᠤᠬᠢᠴᠠᠭᠤᠯᠤᠨ | ᠠᠬᠢᠭᠤᠯᠬᠤ ᠬᠡᠷᠡᠭᠲᠡᠢ ᠭᠡᠪᠠ᠃ | ᠪᠠᠶᠢᠴᠠᠭᠠᠨ ᠰᠤᠳᠤᠯᠬᠤ ᠬᠤᠭᠤᠴᠠᠭᠠᠨ ᠳᠤ ᠂ ᠯᠢ ᠵᠢᠢ ᠾᠧᠩ ᠬᠤᠷᠠᠯ ᠡᠷᠬᠢᠯᠡᠨ ᠬᠤᠷᠠᠯᠳᠤᠭᠤᠯᠵᠤ᠂ | ᠤᠷᠳᠤᠰ ᠬᠤᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠪᠠ᠃ ᠲᠡᠷᠡ ᠴᠢᠬᠤᠯᠠᠴᠢᠯᠠᠭᠰᠠᠨ ᠨᠢ᠂ | ᠦᠵᠡᠯ ᠰᠠᠨᠠᠭ᠎ᠠ ᠪᠤᠯᠤᠨ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ | ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠦᠶ᠎ᠠ ᠳᠤ | ᠬᠡᠯᠡᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠲᠠᠢ ᠦᠨᠡᠨ ᠬᠦ ᠨᠢᠭᠡᠲᠦᠯᠲᠡᠢ ᠪᠠᠶᠢᠯᠭᠠᠵᠤ᠂ ᠰᠢᠨ᠎ᠠ ᠬᠦᠭᠵᠢᠯᠲᠡ | ᠶᠢᠨ ᠣᠨᠤᠯᠵᠢᠬᠤᠨ ᠢ ᠪᠠᠲᠤ ᠪᠤᠢ ᠪᠤᠯᠭᠠᠨ᠂ ᠭᠦᠨᠵᠡᠭᠡᠢ ᠦᠢᠯᠡᠳᠦᠯᠭᠡᠵᠢᠭᠦᠯᠵᠦ᠂ ᠶᠡᠷᠦᠩᠬᠡᠢ ᠱᠦᠵᠢ ᠰᠢ ᠶᠢᠨ ᠫᠢᠩ | ᠤᠨ ᠪᠢᠳᠡᠨ ᠳᠤ ᠵᠢᠭᠠᠵᠤ ᠦᠭᠭᠦᠭᠰᠡᠨ ᠴᠢᠭᠯᠡᠯ ᠢᠶᠠᠷ᠂ ᠮᠡᠳᠡᠬᠦ ᠬᠢᠬᠦ ᠪᠠᠨ ᠨᠢᠭᠡᠳᠭᠡᠨ ᠠᠮᠢ ᠠᠬᠤᠢ ᠶᠢ ᠤᠷᠢᠳ ᠢᠶᠠᠷ | ᠪᠤᠳᠤᠯᠬᠢᠯᠠᠬᠤ᠂ ᠪᠤᠬᠢᠷᠲᠤᠯ ᠦᠭᠡᠢ ᠬᠦᠭᠵᠢᠯᠲᠡ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠲᠠᠢ ᠬᠦᠭᠵᠢᠯᠲᠡ | ᠶᠢᠨ ᠰᠢᠨ᠎ᠠ ᠵᠠᠮ ᠢᠶᠠᠷ ᠯᠠᠪᠳᠠᠭᠤᠨ ᠪᠠᠲᠤᠲᠠᠢ ᠰᠠᠶᠢᠲᠤᠷ ᠵᠠᠮᠨᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ | ᠪᠤᠯᠭᠠᠬᠤ ᠶᠢ ᠳᠤᠪᠤᠶᠢᠯᠭᠠᠵᠤ᠂ ᠲᠦᠷᠦ ᠶᠢᠨ ᠪᠤᠳᠤᠯᠭ᠎ᠠ ᠶᠢ ᠶᠡᠷᠦᠩᠬᠡᠶᠢᠯᠡᠨ ᠬᠡᠷᠡᠭᠵᠢᠭᠦᠯᠬᠦ ᠶᠢ ᠪᠠᠷᠢᠮᠲᠠᠯᠠᠵᠤ᠂ ᠠᠵᠤ | ᠠᠬᠤᠢ ᠶᠢᠨ ᠲᠤᠬᠲᠠᠭᠤᠨ ᠠᠵᠢᠯᠯᠠᠭ᠎ᠠ ᠶᠢ ᠪᠠᠲᠤᠯᠠᠬᠤ ᠡᠯ᠎ᠠ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ | ᠬᠢᠬᠦ ᠬᠡᠷᠡᠭᠲᠡᠢ᠃ ᠪᠡᠯᠡ ᠤᠷᠤᠭᠤᠯᠤᠯᠳᠠ ᠶᠢ ᠲᠤᠬᠳᠠᠪᠤᠷᠢᠵᠢᠭᠤᠯᠬᠤ ᠶᠢ ᠭᠤᠤᠯᠳᠠᠯᠭ᠎ᠠ ᠲᠠᠢ ᠡᠭᠦᠷᠭᠡ ᠪᠤᠯᠭᠠᠨ | ᠠᠳᠬᠤᠵᠤ᠂ ᠤᠯᠤᠰ ᠤᠨ ᠲᠦᠷᠦ ᠶᠢᠨ ᠪᠤᠳᠤᠯᠭ᠎ᠠ ᠶᠢᠨ ᠠᠵᠠ ᠲᠤᠬᠢᠶᠠᠯ ᠢ ᠠᠮᠵᠢᠵᠤ᠂ ᠵᠠᠰᠠᠭ ᠤᠨ ᠤᠷᠳᠤᠨ ᠤ | ᠪᠡᠯᠡ ᠤᠷᠤᠭᠤᠯᠤᠯᠲᠠ ᠶᠢᠨ ᠬᠦᠰᠢᠭᠦᠷᠭᠡ ᠶᠢᠨ ᠦᠢᠯᠡᠳᠤᠯ᠂ ᠵᠠᠬ᠎ᠠ ᠳᠡᠯᠭᠡᠭᠦᠷ ᠤᠨ ᠲᠤᠬᠲᠠᠴᠠ ᠪᠤᠯᠤᠨ ᠨᠡᠶᠢᠭᠡᠮ ᠤᠨ | ᠪᠡᠯᠡ ᠤᠷᠤᠭᠤᠯᠤᠯᠲᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠪᠡᠯᠡ ᠤᠷᠤᠭᠤᠯᠤᠯᠲᠠ ᠶᠢᠨ ᠴᠢᠭᠯᠡᠯ ᠢ | ᠤᠨᠤᠪᠴᠢᠲᠠᠢ ᠡᠵᠡᠮᠳᠡᠵᠦ᠂ ᠬᠦᠷᠢᠶ᠎ᠠ ᠴᠠᠷᠠᠭ᠎ᠠ ᠪᠤᠯᠤᠨ ᠲᠦᠷᠦᠯ ᠵᠦᠢᠯ ᠢ ᠤᠨᠤᠪᠴᠢᠲᠠᠢ ᠰᠤᠩᠭᠤᠵᠤ᠂ | ᠪᠦᠲᠦᠮᠵᠢᠲᠡᠢ ᠬᠠᠨᠭ᠍ᠭᠠᠯᠭ᠎ᠠ ᠶᠢ ᠨᠡᠮᠡᠭᠳᠡᠭᠦᠯᠬᠦ᠂ ᠬᠦᠭᠵᠢᠯᠲᠡ ᠶᠢᠨ ᠳᠤᠲᠠᠭᠤᠳᠠᠯ ᠢ ᠨᠦᠬᠦᠪᠦᠷᠢᠯᠡᠬᠦ᠂ ᠬᠦᠭᠵᠢᠯᠲᠡ ᠶᠢᠨ | ᠨᠦᠬᠡᠴᠡ ᠬᠦᠴᠦᠨ ᠢ ᠬᠤᠷᠠᠮᠳᠤᠭᠤᠯᠬᠤ ᠳᠡᠭᠡᠷ᠎ᠠ ᠬᠦᠴᠦ ᠪᠠᠨ ᠲᠦᠪᠯᠡᠷᠡᠭᠦᠯᠵᠦ᠂ ᠪᠡᠯᠡ ᠤᠷᠤᠭᠤᠯᠤᠯᠲᠠ ᠶᠢᠨ | ᠪᠦᠲᠦᠮᠵᠢᠲᠦ ᠴᠢᠨᠠᠷ ᠪᠤᠯᠤᠨ ᠤᠨᠤᠪᠴᠢ ᠶᠢᠨ ᠬᠡᠮᠵᠢᠶ᠎ᠠ ᠶᠢ ᠳᠡᠭᠡᠭᠰᠢᠯᠡᠭᠦᠯᠬᠦ ᠬᠡᠷᠡᠭᠲᠡᠢ᠃ ᠪᠡᠯᠡ ᠤᠷᠤᠭᠤᠯᠤᠯᠲᠠ ᠶᠢ | ᠠᠳᠬᠤᠬᠤ ᠳᠤ ᠪᠠᠳᠤᠯᠠᠬᠤ ᠶᠢ ᠨᠢ ᠪᠠᠳᠤᠯᠠᠵᠤ ᠬᠢᠵᠠᠭᠠᠷᠯᠠᠬᠤ ᠶᠢ ᠨᠢ ᠬᠢᠵᠠᠭᠠᠷᠯᠠᠵᠤ᠂ ᠲᠡᠳᠭᠦᠬᠦ ᠶᠢ ᠨᠢ ᠲᠡᠳᠭᠦᠵᠤ | ᠬᠢᠵᠠᠭᠠᠷᠯᠠᠬᠤ ᠶᠢ ᠨᠢ ᠬᠢᠵᠠᠭᠠᠷᠯᠠᠬᠤ ᠬᠡᠷᠡᠭᠳᠠᠢ᠂ ᠶᠠᠭᠠᠬᠢᠬᠰᠠᠨ ᠴᠤ ᠰᠤᠬᠤᠷ ᠪᠠᠯᠠᠢ ᠪᠠᠷ ᠪᠦᠲᠦᠭᠡᠨ ᠪᠠᠶᠢᠭᠤᠯᠤᠯᠲᠠ | ᠬᠢᠵᠦ ᠲᠦᠷᠦᠯ ᠵᠦᠢᠯ ᠡᠷᠬᠢᠯᠡᠵᠦ ᠪᠤᠯᠬᠤ ᠦᠭᠡᠢ᠂ ᠶᠠᠭᠠᠬᠢᠬᠰᠠᠨ ᠴᠤ ᠤᠷᠴᠢᠨ ᠲᠤᠭᠤᠷᠢᠨ ᠢᠶᠠᠨ ᠦᠷᠡᠭᠳᠡᠭᠦᠯᠵᠤ | ᠪᠠᠶᠢᠭᠠᠳ ᠠᠵᠤ ᠠᠬᠤᠢ ᠶᠢᠨ ᠨᠡᠮᠡᠭᠳᠡᠯ ᠢ ᠰᠤᠯᠢᠵᠤ ᠠᠪᠴᠢᠷᠠᠵᠤ ᠪᠤᠯᠬᠤ ᠦᠭᠡᠢ᠂ ᠦᠨᠡᠨ ᠬᠦ ᠴᠢᠨᠠᠷ ᠰᠠᠶᠢᠲᠠᠢ ᠪᠡᠯᠡ | ᠤᠷᠤᠭᠤᠯᠤᠯᠲᠠ ᠪᠠᠷ ᠠᠵᠤ ᠠᠬᠤᠢ ᠶᠢᠨ ᠲᠤᠬᠲᠠᠭᠤᠨ ᠠᠵᠢᠯᠯᠠᠭ᠎ᠠ ᠶᠢ ᠲᠤᠯᠭᠠᠭᠤᠷᠢᠯᠠᠭᠤᠯᠵᠤ᠂ ᠴᠢᠨᠠᠷ ᠰᠠᠶᠢᠲᠠᠢ | ᠬᠦᠭᠵᠢᠯᠲᠡ ᠶᠢ ᠪᠠᠲᠤᠯᠠᠬᠤ ᠬᠡᠷᠡᠭᠲᠡᠢ ᠭᠡᠪᠠ᠃ | ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠵᠠᠩ ᠱᠤᠤ ᠴᠦᠨ ᠬᠢᠬᠡᠳ ᠬᠤᠯᠪᠤᠬᠳᠠᠯ ᠪᠦᠬᠦᠢ | ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠨᠦᠬᠦᠳ ᠪᠠᠶᠢᠴᠠᠭᠠᠨ ᠰᠤᠳᠤᠯᠤᠯᠲᠠ ᠳᠤ ᠤᠷᠤᠯᠴᠠᠪᠠ᠃ | | | |