| | | 4 ᠳ᠋ᠤᠭᠡᠷ ᠰᠠᠷ᠎ᠠ ᠶᠢᠨ 14 ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ | ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠤᠯᠠᠭᠠᠨᠬᠠᠳᠠ ᠬᠤᠳᠠ ᠳᠤ ᠵᠢᠨᠢᠩ | ᠲᠦᠩᠯᠢᠶᠤᠤ ᠶᠢᠨ ᠲᠡᠮᠤᠷ ᠵᠠᠮ ᠢ ᠴᠠᠬᠢᠯᠭᠠᠨᠵᠢᠭᠤᠯᠤᠨ ᠦᠬᠡᠷᠡᠴᠢᠯᠡᠬᠦ ᠢᠨᠵᠧᠨᠧᠷᠢᠩ ᠤᠨ ᠲᠦᠷᠦᠯ ᠵᠦᠢᠯ ᠳᠤ | ᠪᠠᠶᠢᠴᠠᠭᠠᠨ ᠰᠤᠳᠤᠯᠤᠯᠳᠡ ᠬᠢᠪᠠ᠃ | 4 ᠳ᠋ᠤᠭᠡᠷ ᠰᠠᠷ᠎ᠠ ᠶᠢᠨ 14 ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ | ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠤᠯᠠᠭᠠᠨᠬᠠᠳᠠ ᠬᠤᠳᠠ ᠳᠤ ᠵᠢᠨᠢᠩ | ᠲᠦᠩᠯᠢᠶᠤᠤ ᠶᠢᠨ ᠲᠡᠮᠤᠷ ᠵᠠᠮ ᠢ ᠴᠠᠬᠢᠯᠭᠠᠨᠵᠢᠭᠤᠯᠤᠨ ᠦᠬᠡᠷᠡᠴᠢᠯᠡᠬᠦ ᠢᠨᠵᠧᠨᠧᠷᠢᠩ ᠤᠨ ᠲᠦᠷᠦᠯ ᠵᠦᠢᠯ ᠳᠤ | ᠪᠠᠶᠢᠴᠠᠭᠠᠨ ᠰᠤᠳᠤᠯᠤᠯᠳᠡ ᠬᠢᠪᠠ᠃ | ᠵᠢᠨᠢᠩ ᠲᠦᠩᠯᠢᠶᠤᠤ ᠶᠢᠨ ᠲᠡᠮᠤᠷ ᠵᠠᠮ ᠢ ᠴᠠᠬᠢᠯᠭᠠᠨᠵᠢᠭᠤᠯᠤᠨ ᠦᠬᠡᠷᠡᠴᠢᠯᠡᠬᠦ ᠲᠦᠷᠦᠯ ᠵᠦᠢᠯ ᠤᠨ ᠪᠦᠳᠦᠬᠡᠨ | ᠪᠠᠶᠢᠭᠤᠯᠤᠯᠳᠠ ᠨᠢ ᠪᠠᠷᠠᠭᠤᠨ ᠤᠷᠤᠨ ᠢ ᠶᠡᠭᠡ ᠪᠠᠷ ᠨᠡᠬᠡᠬᠡᠨ ᠬᠦᠭᠵᠢᠬᠦᠯᠬᠦ ᠪᠠ ᠵᠡᠬᠦᠨ ᠬᠤᠶᠢᠳᠤ ᠤᠷᠤᠨ ᠵᠡᠷᠬᠡ | ᠬᠠᠭᠤᠴᠢᠨ ᠠᠵᠥ ᠦᠢᠯᠡᠳᠪᠤᠷᠢ ᠶᠢᠨ ᠰᠠᠭᠤᠷᠢᠨ ᠢ ᠬᠦᠭᠵᠢᠬᠦᠯᠥᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ | ᠬᠦᠨᠵᠡᠬᠡᠢ ᠬᠡᠷᠡᠭᠵᠢᠬᠦᠯᠬᠦ᠂ ᠦᠪᠤᠷ ᠮᠤᠩᠭᠤᠯ ᠤᠨ ᠠᠵᠥ ᠠᠬᠤᠢ ᠶᠢᠨ ᠬᠦᠭᠵᠢᠯᠳᠡ ᠶᠢ ᠲᠠᠶᠢᠴᠢᠯᠠᠬᠤ ᠳᠤ ᠴᠢᠬᠤᠯᠠ | ᠠᠴᠢ ᠬᠤᠯᠪᠤᠭᠳᠠᠯ ᠲᠠᠢ ᠶᠤᠮ᠃ ᠯᠢᠨᠰᠢ ᠭᠠᠯᠲᠤ ᠲᠡᠷᠭᠡᠨ ᠦᠷᠲᠡᠭᠡ ᠳᠤ᠂ ᠪᠦ᠋ ᠰᠢᠶᠤᠤ ᠯᠢᠨ ᠲᠦᠷᠦᠯ ᠵᠦᠢᠯ ᠤᠨ | ᠠᠩᠬ᠎ᠠ ᠠᠯᠬᠤᠮ ᠤᠨ ᠵᠢᠷᠤᠭ ᠲᠦᠰᠦᠯ ᠤᠨ ᠱᠤᠭᠤᠮ ᠪᠤᠯᠤᠨ ᠯᠢᠨᠰᠢ ᠭᠠᠯᠲᠤ ᠲᠡᠷᠭᠡᠨ ᠦᠷᠲᠡᠭᠡ ᠶᠢ ᠨᠡᠭᠦᠯᠭᠡᠨ | ᠪᠠᠶᠢᠭᠤᠯᠬᠤ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠤᠨᠤᠰᠪᠠ᠃ ᠳᠠᠷᠠᠭ᠎ᠠ ᠨᠢ᠂ ᠲᠡᠷᠡ ᠲᠡᠮᠦᠷ ᠵᠠᠮ ᠤᠨ ᠠᠮᠤᠷ | ᠲᠦᠪᠰᠢᠨ ᠢ ᠪᠠᠶᠢᠴᠠᠭᠠᠬᠤ ᠲᠡᠷᠭᠡᠨ ᠳᠤ ᠰᠠᠭᠤᠵᠤ᠂ ᠵᠢᠨᠢᠩ ᠲᠦᠡᠭᠯᠢᠶᠤᠤ ᠶᠢᠨ ᠲᠡᠮᠦᠷ ᠵᠠᠮ ᠢ ᠴᠠᠬᠢᠯᠭᠠᠨᠵᠢᠭᠤᠯᠤᠨ | ᠦᠭᠡᠷᠡᠴᠢᠯᠡᠬᠦ ᠢᠨᠵᠧᠨᠧᠷᠢᠩ ᠤᠨ ᠲᠦᠷᠦᠯ ᠵᠦᠢᠯ ᠤᠨ ᠯᠢᠨᠰᠢ ᠦᠷᠲᠡᠭᠡ᠂ ᠬᠡᠰᠢᠭᠲᠡᠨ ᠤ ᠨᠦᠬᠡᠨ ᠵᠠᠮ᠂ ᠪᠢᠷᠠᠭᠤ | ᠦᠷᠲᠡᠭᠡ ᠵᠡᠷᠭᠡ ᠭᠤᠤᠯᠳᠠᠯᠭ᠎ᠠ ᠲᠠᠢ ᠢᠨᠵᠧᠨᠧᠷᠢᠩ ᠤᠨ ᠭᠠᠵᠠᠷ ᠲᠤ ᠪᠠᠶᠢᠴᠠᠭᠠᠨ ᠰᠤᠳᠤᠯᠤᠯᠲᠠ ᠬᠢᠵᠦ᠂ ᠲᠦᠷᠦᠯ | ᠵᠦᠢᠯ ᠤᠨ ᠲᠦᠯᠦᠪᠵᠢᠭᠦᠯᠬᠡ ᠵᠢᠷᠤᠭ ᠲᠦᠰᠦᠯ ᠤᠨ ᠠᠵᠢᠯᠲᠠᠨ ᠵᠢᠴᠢ ᠬᠠᠮᠢᠶ᠎ᠠ ᠪᠦᠬᠦᠢ ᠭᠠᠵᠠᠷ ᠤᠷᠤᠨ᠂ ᠬᠠᠮᠢᠶ᠎ᠠ | ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠲᠠᠢ ᠢᠨᠵᠧᠨᠧᠷᠢᠩ ᠤᠨ ᠪᠤᠳᠠᠲᠠᠢ ᠵᠦᠢᠯᠡᠰ ᠢ | ᠰᠤᠳᠤᠯᠪᠠ᠃ | ᠪᠦ᠋ ᠰᠢᠶᠤᠤ ᠯᠢᠨ ᠴᠢᠬᠤᠯᠠᠴᠢᠯᠠᠬᠤ ᠳᠤ ᠪᠠᠨ᠂ ᠲᠡᠮᠦᠷ ᠵᠠᠮ ᠤᠨ ᠪᠦᠳᠦᠭᠡᠨ ᠪᠠᠶᠢᠭᠤᠯᠤᠯᠲᠠ ᠶᠢ | ᠲᠦᠷᠭᠡᠪᠴᠢᠯᠡᠨ ᠠᠬᠢᠭᠤᠯᠬᠤ ᠨᠢ᠂ ᠤᠳᠤᠬᠠᠨ ᠳᠤ ᠠᠰᠢᠬᠲᠠᠢ ᠪᠠᠷ ᠪᠠᠷᠠᠬᠤ ᠦᠭᠡᠢ᠂ ᠠᠯᠤᠰ ᠢᠷᠡᠭᠡᠳᠦᠢ ᠳᠤ ᠴᠤ | ᠠᠰᠢᠬᠲᠠᠢ ᠶᠤᠮ᠂ ᠨᠡᠮᠡᠭᠳᠡᠯ ᠢ ᠲᠤᠬᠲᠠᠭᠤᠨ ᠪᠠᠶᠢᠯᠭᠠᠬᠤ᠂ ᠪᠦᠲᠦᠴᠡ ᠶᠢ ᠲᠤᠬᠢᠷᠠᠭᠤᠯᠬᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ ᠳᠤ ᠴᠢᠬᠤᠯᠠ ᠠᠴᠢ ᠬᠤᠯᠪᠤᠬᠳᠠᠯ ᠲᠠᠢ ᠶᠤᠮ᠃ ᠡᠯ᠎ᠡ ᠲᠠᠯ᠎ᠠ ᠶᠢᠨ ᠬᠢᠨ ᠡᠭᠦᠷᠭᠡ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠠᠵᠢᠯᠯᠠᠵᠤ᠂ | ᠨᠢᠬᠲᠠ ᠵᠤᠬᠢᠴᠠᠭᠤᠯᠤᠨ ᠬᠠᠮᠵᠢᠯᠴᠠᠵᠤ᠂ ᠠᠵᠢᠯ ᠤᠨ ᠦᠷ᠎ᠡ ᠪᠦᠳᠦᠮᠵᠢ ᠪᠠᠨ ᠳᠡᠭᠡᠭᠰᠢᠯᠡᠭᠦᠯᠵᠦ᠂ ᠡᠯ᠎ᠡ ᠵᠦᠢᠯ ᠤᠨ | ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠭᠤᠤᠯᠳᠠᠯᠭ᠎ᠠ ᠶᠢ ᠠᠳᠬᠤᠵᠤ᠂ | ᠵᠠᠩᠬᠢᠯᠠᠭ᠎ᠠ ᠶᠢᠨ ᠭᠤᠬᠴᠤᠭᠠᠨ ᠳᠤ ᠰᠢᠪᠳᠤᠯᠤᠯᠳᠠ ᠭᠠᠷᠭᠠᠵᠤ᠂ ᠪᠤᠲᠠᠲᠠᠢ ᠬᠦᠴᠢᠷᠳᠡᠯ ᠪᠠ ᠠᠰᠠᠭᠤᠳᠠᠯ ᠢ ᠴᠠᠬ | ᠲᠤᠬᠠᠢ ᠳᠤ ᠨᠢ ᠰᠢᠢᠳᠪᠦᠷᠢᠯᠡᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠤᠷᠤᠬᠰᠢᠲᠠᠢ | ᠶᠠᠪᠤᠬᠳᠠᠬᠤ ᠶᠢ ᠪᠠᠲᠤᠯᠠᠵᠤ᠂ ᠠᠵᠤ ᠠᠬᠤᠢ ᠨᠡᠶᠢᠭᠡᠮ ᠤᠨ ᠬᠦᠭᠵᠢᠯᠲᠡ ᠪᠠ ᠠᠷᠠᠳ ᠤᠯᠠᠨ ᠤ ᠠᠶᠠᠯᠠᠯ ᠳᠤ ᠨᠡᠩ | ᠰᠠᠶᠢᠨ ᠨᠦᠬᠦᠴᠡᠯ ᠬᠠᠩᠭᠠᠬᠤ ᠬᠡᠷᠡᠭᠲᠡᠢ ᠬᠡᠪᠠ᠃ | ᠪᠦ᠋ ᠰᠢᠶᠤᠤ ᠯᠢᠨ ᠪᠠᠰᠠ ᠪᠠᠭᠠᠷᠢᠨ ᠪᠠᠷᠠᠭᠤᠨ ᠬᠤᠰᠢᠭᠤᠨ ᠳᠤ ᠬᠦᠷᠴᠤ᠂ ᠳ᠋ᠠᠪᠠᠨ ᠤ ᠲᠡᠮᠦᠷ ᠵᠠᠮ ᠤᠨ | ᠬᠦᠢᠰᠦ ᠪᠠᠷᠢᠯᠭ᠎ᠠ ᠶᠢᠨ ᠪᠠᠶᠢᠷᠢᠰᠢᠭᠤᠯᠤᠯᠲᠠ ᠶᠢᠨ ᠲᠦᠯᠦᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢᠨ | ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠲᠦᠷᠦᠯ ᠵᠦᠢᠯ ᠤᠨ ᠰᠤᠳᠤᠯᠤᠯᠳᠠ ᠮᠠᠭᠠᠳᠯᠠᠯᠲᠠ᠂ | ᠲᠦᠯᠦᠪᠵᠢᠭᠦᠯᠭᠡ ᠲᠦᠯᠦᠪᠯᠡᠭᠡ ᠶᠢ ᠨᠠᠷᠢᠨ ᠬᠢᠨᠠᠮᠠᠭᠠᠢ ᠰᠠᠶᠢᠳᠤᠷ ᠬᠢᠵᠦ᠂ ᠤᠷᠤᠨ ᠪᠦᠰᠡ ᠶᠢᠨ ᠲᠤᠳᠤᠷᠠᠬᠢ ᠲᠡᠮᠦᠷ | ᠵᠠᠮ ᠤᠨ ᠬᠤᠯᠪᠤᠯᠳᠤᠨ ᠨᠡᠪᠲᠡᠷᠡᠯᠴᠡᠬᠦ ᠶᠢ ᠪᠡᠶᠡᠯᠡᠭᠦᠯᠵᠦ᠂ ᠭᠠᠵᠠᠷ ᠤᠷᠤᠨ ᠤ ᠲᠡᠮᠦᠷ ᠵᠠᠮ ᠤᠨ ᠲᠡᠭᠡᠭᠡᠪᠦᠷᠢᠯᠡᠬᠦ | ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠳᠠᠢ ᠭᠡᠵᠤ ᠱᠠᠭᠠᠷᠳᠠᠪᠠ᠃ | ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ᠂ ᠤᠯᠠᠭᠠᠨᠬᠠᠲᠠ ᠬᠤᠲᠠ ᠶᠢᠨ ᠨᠠᠮ ᠤᠨ ᠬᠤᠷᠢᠶᠠᠨ ᠤ | ᠱᠦᠵᠢ ᠳ᠋ᠤᠸᠠᠨ ᡁᠢ ᠴᠢᠶᠠᠩ᠂ ᠦᠪᠡᠷᠲᠡᠭᠡᠨ ᠵᠠᠰᠠᠬᠤ ᠤᠷᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠵᠢᠴᠢ | ᠳᠤᠮᠳᠠᠳᠤ ᠤᠯᠤᠰ ᠤᠨ ᠲᠡᠮᠦᠷ ᠵᠠᠮ ᠤᠨ ᠬᠦᠬᠡᠬᠤᠲᠠ ᠲᠤᠪᠴᠢᠶᠠᠨ ᠤ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ | ᠬᠠᠷᠢᠭᠤᠴᠠᠯᠭᠠᠲᠠᠳ ᠪᠠᠶᠢᠴᠠᠭᠠᠨ ᠰᠤᠳᠤᠯᠤᠯᠲᠠ ᠳᠤ ᠤᠷᠤᠯᠴᠠᠪᠠ᠃ |