2019 ᠣᠨ ᠤ ᠦᠪᠤᠷ ᠮᠤᠩᠭᠤᠯ ᠤᠨ ᠬᠠᠪᠤᠷ ᠤᠨ ᠤᠯᠠᠷᠢᠯ ᠤᠨ ᠠᠵᠢᠯᠳᠠᠨ ᠡᠯᠰᠡᠬᠦ ᠪᠠ ᠠᠵᠢᠯ ᠤᠯᠭᠤᠬᠤ ᠦᠢᠯᠡᠰ ᠴᠣᠭᠴᠠᠯᠠᠬᠤ ᠶᠢ ᠠᠬᠢᠭᠤᠯᠬᠤ ᠬᠤᠷᠡᠯ ᠬᠤᠷᠠᠯᠳᠤᠵᠤ ᠪᠦ᠋ ᠰᠢᠶᠤᠤ ᠯᠢᠨ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2019/4/15
     4 ᠳ᠋ᠤᠭᠡᠷ ᠰᠠᠷ᠎ᠠ ᠶᠢᠨ 13᠎ ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ᠂ ᠤᠯᠠᠭᠠᠨᠬᠠᠳᠠ ᠬᠤᠳᠠ ᠶᠢᠨ ᠨᠠᠮ ᠤᠨ ᠬᠤᠷᠢᠶᠡᠨ ᠤ ᠱᠦᠵᠢ ᠳ᠋ᠤᠸᠠᠨ ᡁᠢ ᠴᠢᠶᠠᠩ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠡᠸᠥ ᠶᠠᠩ ᠰᠢᠶᠤᠤ ᠬᠤᠢ ᠵᠡᠷᠭᠡ ᠤᠳᠤᠷᠢᠳᠤᠯᠭ᠎ᠠ ᠨᠠᠷ ᠤᠯᠠᠭᠠᠨᠬᠠᠳᠠ ᠳᠤ 2019 ᠣᠨ ᠤ ᠦᠪᠤᠷ ᠮᠤᠩᠭᠤᠯ ᠤᠨ ᠬᠠᠪᠤᠷ ᠤᠨ ᠤᠯᠠᠷᠢᠯ ᠤᠨ ᠠᠵᠢᠯᠳᠠᠨ ᠡᠯᠰᠡᠬᠦ ᠪᠠ ᠠᠵᠢᠯ ᠤᠯᠭᠤᠬᠤ ᠦᠢᠯᠡᠰ ᠴᠣᠭᠴᠠᠯᠠᠬᠤ ᠶᠢ ᠠᠬᠢᠭᠤᠯᠬᠤ ᠬᠤᠷᠡᠯ ᠳᠤ ᠤᠷᠤᠯᠴᠠᠬᠤ ᠳᠤ ᠪᠠᠨ ᠠᠵᠥ ᠠᠬᠤᠶᠢᠯᠠᠯ ᠤᠨ ᠠᠵᠢᠯᠳᠠᠨ ᠡᠯᠰᠡᠵᠥ ᠪᠠᠶᠢᠭ᠎ᠠ ᠪᠠᠶᠢᠳᠠᠯ᠂ ᠤᠷ᠎ᠡ ᠮᠡᠷᠬᠡᠰᠢᠯ ᠤᠨ ᠪᠣᠯᠪᠠᠰᠤᠷᠠᠭᠤᠯᠤᠯ᠂ ᠦᠢᠯᠡᠰ ᠴᠣᠭᠴᠠᠯᠠᠬᠤ ᠶᠢ ᠲᠡᠮᠵᠢᠵᠥ ᠪᠠᠶᠢᠭ᠎ᠠ ᠪᠠᠶᠢᠳᠠᠯ ᠵᠡᠷᠬᠡ ᠶᠢ ᠤᠶᠢᠯᠠᠭᠠᠪᠠ᠃      4 ᠳ᠋ᠤᠭᠡᠷ ᠰᠠᠷ᠎ᠠ ᠶᠢᠨ 13᠎ ᠤ ᠡᠳᠤᠷ᠂ 2019 ᠣᠨ ᠤ ᠦᠪᠤᠷ ᠮᠤᠩᠭᠤᠯ ᠤᠨ ᠬᠠᠪᠤᠷ ᠤᠨ ᠤᠯᠠᠷᠢᠯ ᠤᠨ ᠠᠵᠢᠯᠳᠠᠨ ᠡᠯᠰᠡᠬᠦ ᠪᠠ ᠠᠵᠢᠯ ᠤᠯᠭᠤᠬᠤ ᠦᠢᠯᠡᠰ ᠴᠣᠭᠴᠠᠯᠠᠬᠤ ᠶᠢ ᠠᠬᠢᠭᠤᠯᠬᠤ ᠬᠤᠷᠡᠯ ᠤᠯᠠᠭᠠᠨᠬᠠᠳᠠ ᠬᠤᠳᠠ ᠳᠤ ᠬᠤᠷᠡᠯᠳᠤᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ᠂ ᠤᠯᠠᠭᠠᠨᠬᠠᠳᠠ ᠬᠤᠳᠠ ᠶᠢᠨ ᠨᠠᠮ ᠤᠨ ᠬᠤᠷᠢᠶᠡᠨ ᠤ ᠱᠦᠵᠢ ᠳ᠋ᠤᠸᠠᠨ ᡁᠢ ᠴᠢᠶᠠᠩ ᠬᠤᠷᠡᠯ ᠳᠤ ᠤᠷᠤᠯᠴᠠᠪᠠ᠃ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠡᠸᠥ ᠶᠠᠩ ᠰᠢᠶᠤᠤ ᠬᠤᠢ ᠶᠠᠷᠢᠶ᠎ᠠ ᠲᠠᠯᠪᠢᠵᠠᠢ᠃      ᠬᠤᠷᠡᠯ ᠢ ᠦᠪᠡᠷᠳᠡᠬᠡᠨ ᠤᠷᠤᠨ ᠤ ᠵᠠᠰᠠᠭ ᠤᠨ ᠤᠷᠳᠤᠨ ᠭᠤᠤᠯᠯᠠᠨ ᠡᠷᠬᠢᠯᠡᠵᠥ᠂ ᠦᠪᠡᠷᠳᠡᠬᠡᠨ ᠵᠠᠰᠠᠬᠤ ᠤᠷᠤᠨ ᠤ ᠬᠦᠮᠥᠨ ᠤ ᠬᠦᠴᠦᠨ ᠤ ᠡᠬᠢ ᠪᠠᠶᠠᠯᠢᠭ ᠪᠡ ᠨᠡᠶᠢᠬᠡᠮ ᠤᠨ ᠪᠠᠳᠤᠯᠠᠭ᠎ᠠ ᠶᠢᠨ ᠲᠢᠩᠬᠢᠮ᠂ ᠤᠯᠠᠭᠠᠨᠬᠠᠳᠠ ᠬᠤᠳᠠ ᠶᠢᠨ ᠵᠠᠰᠠᠭ ᠤᠨ ᠤᠷᠳᠤᠨ ᠲᠠᠭᠠᠭᠠᠴᠢᠯᠠᠨ ᠡᠷᠬᠢᠯᠡᠵᠥ᠂ ᠠᠵᠢᠯ ᠤᠯᠭᠤᠬᠤ ᠶᠢ ᠤᠷᠢᠳ ᠢᠶᠠᠷ ᠪᠤᠳᠤᠯᠬᠢᠯᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢᠨ ᠲᠤᠭᠤᠷᠢᠨ  ᠳᠤ᠂ ᠪᠦᠬᠦ ᠤᠷᠤᠨ ᠢᠶᠠᠷ ᠢᠶᠠᠨ ᠬᠤᠯᠪᠤᠭᠠᠯᠠᠨ ᠬᠦᠳᠡᠯᠥᠯᠴᠡᠵᠥ ᠪᠠᠶᠢᠭᠠᠳ ᠲᠤᠬᠠᠢ ᠶᠢᠨ ᠲᠠᠯᠠᠪᠠᠢ ᠳᠤ ᠠᠵᠢᠯᠳᠠᠨ ᠡᠯᠰᠡᠬᠦ᠂ ᠰᠦᠯᠵᠢᠶᠡᠨ ᠲᠡᠬᠡᠷ᠎ᠡ ᠡᠯᠰᠡᠬᠦ ᠪᠠ ᠠᠵᠢᠯ ᠤᠯᠭᠤᠬᠤ ᠦᠢᠯᠡᠰ ᠴᠣᠭᠴᠠᠯᠠᠬᠤ ᠶᠢ ᠨᠡᠶᠢᠬᠡᠮ ᠲᠤᠭᠤᠷᠢᠭ ᠲᠤ ᠤᠷᠤᠭᠤᠯᠬᠤ᠂ ᠠᠵᠥ ᠠᠬᠤᠶᠢᠯᠠᠯ ᠳᠤ ᠤᠷᠤᠭᠤᠯᠬᠤ᠂ ᠰᠤᠷᠭᠠᠭᠤᠯᠢ ᠶᠢᠨ ᠬᠦᠷᠢᠶᠡᠨ ᠳᠤ ᠤᠷᠤᠭᠤᠯᠬᠤ᠂ ᠴᠡᠷᠢᠭ ᠤᠨ ᠬᠤᠸᠠᠷᠡᠨ ᠳᠤ ᠤᠷᠤᠭᠤᠯᠬᠤ᠂ ᠭᠠᠴᠠᠭ᠎ᠠ ᠲᠤᠰᠬᠤᠨ ᠳᠤ ᠤᠷᠤᠭᠤᠯᠬᠤ ᠵᠡᠷᠬᠡ ᠠᠯᠢ ᠤᠯᠠᠨ ᠠᠵᠢᠯᠯᠠᠭ᠎ᠠ ᠦᠷᠨᠢᠬᠦᠯᠪᠠ᠃ ᠨᠢᠬᠡ ᠲᠡᠯ᠎ᠡ ᠪᠠᠷ᠂ ᠶᠡᠭᠡ ᠲᠡᠬᠡᠳᠤ ᠰᠤᠷᠭᠠᠭᠤᠯᠢ ᠲᠡᠬᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ ᠤᠨ ᠠᠯᠪᠠᠨ ᠠᠴᠠ  ᠪᠠᠭᠤᠭᠰᠠᠳ᠂ ᠠᠵᠢᠯ ᠤᠯᠬᠤ ᠳᠤ ᠬᠦᠴᠢᠷ ᠲᠠᠢ ᠬᠦᠮᠥᠰ ᠵᠡᠷᠬᠡ ᠭᠤᠤᠯᠳᠠᠯᠭ᠎ᠠ ᠲᠠᠢ ᠬᠦᠮᠥᠰ ᠲᠤ ᠠᠵᠢᠯ ᠤᠯᠭᠤᠬᠤ ᠦᠢᠯᠡᠰ ᠴᠣᠭᠴᠠᠯᠠᠬᠤ ᠲᠠᠪᠴᠠᠩ ᠬᠠᠨᠭ᠍ᠭᠠᠵᠤ᠂ ᠨᠡᠩ ᠤᠯᠠᠨ ᠬᠦᠳᠡᠯᠮᠤᠷᠢᠴᠢᠳ ᠲᠤ ᠲᠤᠭᠳᠠᠭᠤᠨ ᠢᠶᠠᠷ ᠠᠵᠢᠯ ᠤᠯᠭᠤᠪᠠ︔ ᠨᠦᠬᠦᠬᠡ ᠲᠡᠯ᠎ᠡ ᠪᠠᠷ᠂ ᠠᠵᠢᠯ ᠮᠡᠷᠬᠡᠵᠢᠯ ᠤᠨ ᠪᠤᠯᠪᠠᠰᠤᠷᠠᠯ ᠢ ᠴᠢᠩᠭᠠᠳᠬᠠᠬᠤ ᠪᠠ ᠠᠵᠢᠯ ᠤᠯᠭᠤᠬᠤ ᠦᠢᠯᠡᠴᠢᠯᠡᠭᠡ ᠶᠢ ᠰᠠᠶᠢᠳᠤᠷ ᠬᠢᠬᠦ ᠪᠠᠷ ᠲᠡᠮᠵᠢᠭᠤᠯᠤᠨ᠂ ᠠᠵᠥ ᠠᠬᠤᠶᠢᠯᠠᠯ ᠢ ᠬᠠᠪᠰᠤᠷᠤᠨ ᠠᠵᠢᠯᠳᠠᠨ ᠬᠡᠷᠡᠭᠯᠡᠬᠦ ᠬᠡᠷᠡᠭᠴᠡᠭᠡ ᠶᠢ ᠨᠢ ᠰᠢᠢᠳᠪᠤᠷᠢᠯᠡᠵᠥ᠂ ᠠᠵᠢᠯ ᠤᠯᠭᠤᠬᠤ ᠠᠵᠢᠯ ᠤᠨ ᠪᠠᠶᠢᠷᠢ ᠶᠢ ᠲᠤᠭᠳᠠᠭᠤᠨ ᠪᠠᠶᠢᠯᠭᠠᠵᠥ᠂ ᠠᠷᠠᠳ ᠠᠴᠠ ᠡᠵᠡᠩᠨᠡᠭᠰᠡᠨ ᠠᠵᠥ ᠠᠬᠤᠶᠢᠯᠠᠯ  ᠂ ᠲᠤᠮᠳᠠ ᠪᠠᠭ᠎ᠠ ᠪᠢᠴᠢᠯ ᠠᠵᠥ ᠠᠬᠤᠶᠢᠯᠠᠯ ᠤᠨ ᠠᠵᠢᠯ ᠤᠯᠭᠤᠬᠤ ᠭᠤᠤᠯ ᠠᠷᠭ᠎ᠠ ᠵᠠᠮ ᠤᠨ ᠦᠢᠯᠡᠳᠦᠯ ᠢ ᠨᠢ ᠪᠠᠳᠠᠷᠠᠭᠤᠯᠪᠠ᠃ ᠬᠤᠷᠡᠯ ᠲᠡᠭᠡᠷ᠎ᠡ᠂ ᠦᠪᠤᠷ ᠮᠤᠩᠭᠤᠯ ᠤᠨ ᠲᠠᠷᠢᠶᠠᠯᠠᠩ ᠎ ᠤᠨ ᠶᠡᠭᠡ ᠰᠤᠷᠭᠠᠭᠤᠯᠢ᠂ ᠤᠯᠠᠭᠠᠨᠬᠠᠳᠠ ᠶᠢᠨ ᠮᠠᠯ ᠲᠠᠷᠢᠶᠠᠯᠠᠩ ᠤᠨ ᠲᠡᠬᠡᠳᠤ ᠵᠡᠷᠬᠡ ᠶᠢᠨ ᠮᠡᠷᠬᠡᠵᠢᠯ ᠤᠨ ᠠᠵᠢᠯᠴᠢᠨ ᠎ ᠤ ᠰᠤᠷᠭᠠᠭᠤᠯᠢ᠂ ᠦᠪᠤᠷ ᠮᠤᠩᠭᠤᠯ ᠤᠨ ᠦᠨᠳᠦᠰᠦᠳᠡᠨ ᠤ ᠵᠠᠮ ᠬᠠᠷᠢᠯᠴᠠᠭᠠᠨ ᠤ ᠮᠠᠰᠲ᠋ᠧᠷ ᠤᠨ ᠲᠡᠬᠡᠳᠤ ᠰᠤᠷᠭᠠᠭᠤᠯᠢ ᠵᠡᠷᠬᠡ 10 ᠶᠡᠭᠡ ᠲᠡᠬᠡᠳᠤ ᠰᠤᠷᠭᠠᠭᠤᠯᠢ ᠪᠤᠯᠤᠨ ᠠᠷᠠᠳ ᠠᠴᠠ ᠡᠷᠬᠢᠯᠡᠭᠰᠡᠨ ᠪᠤᠯᠪᠠᠰᠤᠷᠠᠯ ᠤᠨ ᠪᠠᠶᠢᠭᠤᠯᠤᠮᠵᠢ ᠠᠴᠠ ᠢᠯᠢ ᠪᠦᠯᠥᠭᠯᠡᠯ᠂ ᠤᠯᠠᠭᠠᠨᠬᠠᠳᠠ ᠬᠤᠳᠠ ᠶᠢᠨ ᠬᠤᠩᠱᠠᠨ ᠲᠤᠭᠤᠷᠢᠭ ᠤᠨ ᠲᠡᠭᠡᠳᠤ ᠰᠢᠨ᠎ᠡ ᠮᠡᠷᠬᠡᠵᠢᠯ ᠤᠨ ᠠᠵᠥ ᠦᠢᠯᠡᠰ ᠤᠨ ᠬᠦᠷᠢᠶᠡᠯᠡᠩ᠂ ᠲᠤᠮᠳᠠᠳᠤ ᠤᠯᠤᠰ ᠤᠨ ᠡᠨᠧᠷᠬᠢ ᠶᠢᠨ ᠪᠦᠳᠦᠭᠡᠨ ᠪᠠᠶᠢᠭᠤᠯᠤᠯᠳᠠ ᠎ ᠶᠢᠨ ᠵᠡᠬᠦᠨ ᠬᠡᠰᠡᠭ ᠤᠨ ᠴᠠᠬᠢᠯᠭᠠᠨ ᠤ ᠨᠢᠬᠡᠳᠤᠭᠡᠷ ᠺᠤᠮᠫᠠᠨᠢ ᠵᠡᠷᠬᠡ 10 ᠠᠵᠥ ᠠᠬᠤᠶᠢᠯᠠᠯ ᠲᠠᠢ ᠪᠤᠯᠪᠠᠰᠤᠷᠠᠯ ᠪᠠ ᠬᠠᠮᠳᠤᠷᠠᠯᠴᠠᠭᠠᠨ ᠤ ᠵᠦᠪᠯᠡᠯᠴᠡᠬᠡᠷ ᠲᠤᠬᠢᠷᠠᠯᠴᠠᠪᠠ︔ 239 ᠠᠵᠥ ᠠᠬᠤᠶᠢᠯᠠᠯ ᠠᠵᠢᠯᠳᠠᠨ ᠡᠯᠰᠡᠬᠦ ᠠᠵᠢᠯᠯᠠᠭ᠎ᠠ ᠳᠤ ᠤᠷᠤᠯᠴᠠᠵᠥ᠂ ᠲᠦᠮᠡ ᠰᠢᠬᠠᠮ ᠠᠵᠢᠯ ᠤᠨ ᠪᠠᠶᠢᠷᠢ ᠬᠠᠩᠭᠠᠪᠠ︔ 35 ᠦᠢᠯᠡᠰ ᠴᠣᠭᠴᠠᠯᠠᠭᠰᠠᠨ ᠲᠦᠷᠦᠯ ᠵᠦᠢᠯ ᠦᠢᠯᠡᠰ ᠴᠣᠭᠴᠠᠯᠠᠭᠰᠠᠨ ᠦᠷ᠎ᠡ ᠪᠦᠳᠦᠬᠡᠯ ᠢᠶᠠᠨ ᠲᠡᠯᠬᠡᠨ ᠦᠵᠡᠬᠦᠯᠵᠡᠢ︔ 26 ᠤᠷ᠎ᠠ ᠮᠡᠷᠬᠡᠰᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠪᠣᠯᠪᠠᠰᠤᠷᠠᠭᠤᠯᠤᠯ ᠤᠨ ᠲᠦᠷᠦᠯ ᠵᠦᠢᠯ ᠢᠶᠠᠨ ᠦᠵᠡᠬᠦᠯᠥᠭᠰᠡᠡ ᠪᠦᠬᠡᠳ ᠲᠤᠬᠠᠢ ᠶᠢᠨ ᠲᠠᠯᠠᠪᠠᠢ ᠳᠤ ᠰᠤᠷᠤᠭᠴᠢ ᠡᠯᠰᠡᠪᠡ᠃ ᠤᠷᠤᠨ ᠤ ᠲᠤᠳᠤᠷᠠᠬᠢ ᠪᠤᠰᠤᠳ ᠠᠶᠢᠮᠠᠭ ᠬᠤᠳᠠ ᠵᠡᠷᠬᠡ ᠪᠠᠷ ᠠᠵᠢᠯᠳᠠᠨ ᠡᠯᠰᠡᠬᠦ ᠴᠤᠭᠯᠠᠭᠠᠨ ᠡᠷᠬᠢᠯᠡᠵᠡᠢ᠃      ᠬᠤᠷᠡᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠤᠨ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠠᠵᠢᠯ ᠤᠯᠭᠤᠬᠤ ᠦᠢᠯᠡᠰ ᠴᠣᠭᠴᠠᠯᠠᠬᠤ ᠠᠵᠢᠯ ᠢ ᠪᠦᠬᠦ ᠬᠦᠴᠦ ᠪᠠᠷ ᠢᠶᠠᠨ ᠠᠬᠢᠭᠤᠯᠵᠥ᠂ ᠲᠤᠭᠳᠠᠭᠤᠨ ᠢᠶᠠᠷ ᠠᠵᠢᠯ ᠤᠯᠭᠤᠬᠤ᠂ ᠠᠷᠠᠳ ᠲᠤ ᠠᠰᠢᠬ ᠬᠦᠷᠳᠡᠬᠡᠬᠦ ᠶᠢᠨ ᠲᠤᠭᠤᠷᠢᠨ ᠳᠤ᠂ ᠵᠤᠬᠢᠶᠠᠨ ᠪᠠᠶᠢᠭᠤᠯᠵᠥ ᠦᠢᠯᠡᠴᠢᠯᠡᠬᠦ ᠠᠵᠢᠯ ᠢ ᠦᠨᠡᠨ ᠬᠦ ᠰᠠᠶᠢᠳᠤᠷ ᠬᠢᠵᠥ᠂ ᠠᠵᠢᠯᠳᠠᠨ ᠬᠡᠷᠡᠭᠯᠡᠬᠦ ᠨᠢᠬᠡᠴᠢ ᠪᠤᠯᠤᠨ ᠠᠵᠢᠯ ᠡᠷᠢᠵᠥ ᠪᠠᠶᠢᠭ᠎ᠠ ᠬᠦᠮᠥᠰ ᠲᠤ ᠰᠠᠶᠢᠳᠤᠷ ᠬᠦᠬᠦᠷᠬᠡ ᠬᠤᠯᠪᠤᠭᠠᠰᠤ ᠪᠤᠯᠵᠥ᠂ ᠦᠨᠳᠤᠷ ᠦᠷ᠎ᠡ ᠪᠦᠳᠦᠮᠵᠢᠳᠡᠢ᠂ ᠰᠢᠯᠢᠳᠡᠭ ᠦᠢᠯᠡᠴᠢᠯᠡᠭᠡ ᠬᠠᠩᠭᠠᠬᠤ ᠬᠡᠷᠡᠭᠳᠡᠢ᠃ ᠠᠵᠢᠯᠳᠠᠨ ᠬᠡᠷᠡᠭᠯᠡᠬᠦ ᠨᠢᠬᠡᠴᠢ ᠨᠦᠭᠦᠳ ᠤᠬᠠᠭᠤᠯᠭ᠎ᠠ᠂ ᠪᠣᠯᠪᠠᠰᠤᠷᠠᠭᠤᠯᠤᠯ ᠢ ᠰᠠᠶᠢᠳᠤᠷ ᠬᠢᠵᠥ᠂ ᠠᠵᠢᠯᠳᠠᠨ ᠬᠡᠷᠡᠭᠯᠡᠬᠦ ᠨᠦᠬᠦᠴᠡᠯ ᠢᠶᠠᠨ ᠲᠠᠰᠤᠷᠠᠯᠳᠡ ᠦᠭᠡᠢ ᠰᠠᠶᠢᠵᠢᠷᠠᠭᠤᠯᠵᠥ᠂ ᠬᠦᠳᠡᠯᠮᠤᠷᠢᠴᠢᠳ ᠲᠤ ᠬᠦᠢᠴᠡᠳ ᠠᠵᠢᠯ ᠤᠯᠭᠤᠬᠤ ᠬᠡᠷᠡᠭᠳᠡᠢ ᠬᠡᠪᠠ᠃      ᠪᠦ᠋ ᠰᠢᠶᠤᠤ ᠯᠢᠨ ᠵᠡᠷᠬᠡ ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠪᠠᠰᠠ ᠤᠯᠠᠭᠠᠨᠬᠠᠳᠠ ᠬᠤᠳᠠ ᠎ ᠶᠢᠨ ᠠᠵᠢᠯᠳᠠᠨ ᠡᠯᠰᠡᠬᠦ ᠲᠤᠬᠠᠢ ᠶᠢᠨ ᠲᠠᠯᠠᠪᠠᠢ ᠳᠤ ᠬᠦᠷᠴᠦ᠂ ᠠᠵᠥ ᠠᠬᠤᠶᠢᠯᠠᠯ ᠤᠨ ᠠᠵᠢᠯᠳᠠᠨ ᠡᠯᠰᠡᠵᠥ ᠪᠠᠶᠢᠭ᠎ᠠ ᠪᠠᠶᠢᠳᠠᠯ᠂ ᠤᠷ᠎ᠡ ᠮᠡᠷᠬᠡᠰᠢᠯ ᠤᠨ ᠪᠣᠯᠪᠠᠰᠤᠷᠠᠭᠤᠯᠤᠯ᠂ ᠦᠢᠯᠡᠰ ᠴᠣᠭᠴᠠᠯᠠᠬᠤ ᠶᠢ ᠲᠡᠮᠵᠢᠵᠥ ᠪᠠᠶᠢᠭ᠎ᠠ ᠪᠠᠶᠢᠳᠠᠯ ᠵᠡᠷᠬᠡ ᠶᠢ ᠤᠶᠢᠯᠠᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号