4 ᠳ᠋ᠦ᠋ᠭᠡᠷ ᠰᠠᠷ᠎ᠠ ᠶᠢᠨ 12 ᠤᠨ ᠡᠳᠦᠷ᠂ ᠪᠥᠬᠦ ᠣᠷᠣᠨ ᠤ ᠡᠮᠴᠢᠯᠡᠭᠡᠨ ᠤ ᠪᠠᠲᠤᠯᠠᠭ᠎ᠠ ᠪᠠᠷ ᠶᠠᠳᠠᠭᠤ ᠶᠢ | ᠲᠡᠳᠬᠦᠬᠦ ᠠᠵᠢᠯ ᠤᠨ ᠲᠤᠬᠠᠢ ᠶᠢᠨ ᠲᠠᠯᠠᠪᠠᠢ ᠶᠢᠨ ᠬᠤᠷᠠᠯ ᠬᠢᠩᠭᠠᠨ ᠠᠶᠢᠮᠠᠭ ᠲᠤ ᠬᠤᠷᠠᠯᠳᠤᠪᠠ᠃ | ᠬᠤᠷᠠᠯ ᠠᠴᠠ ᠱᠠᠭᠠᠷᠳᠠᠭᠰᠠᠨ ᠨᠢ᠂ ᠪᠦᠬᠦ ᠣᠷᠣᠨ ᠤ ᠡᠯ᠎ᠡ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ | ᠰᠠᠯᠠᠭ᠎ᠠ ᠮᠥᠴᠢᠷ ᠤᠳ ᠶᠡᠷᠦᠩᠬᠡᠶᠢᠯᠡᠭᠰᠡᠨ ᠪᠠᠲᠤᠯᠠᠭ᠎ᠠ ᠪᠠᠨ ᠴᠢᠩᠭᠠᠳᠬᠠᠵᠤ᠂ ᠡᠮ ᠡᠮᠨᠡᠯᠭᠡ ᠶᠢᠨ ᠪᠠᠲᠤᠯᠠᠭ᠎ᠠ ᠪᠠᠷ | ᠶᠠᠳᠠᠭᠤ ᠶᠢ ᠲᠡᠳᠬᠦᠬᠦ ᠰᠢᠪᠲᠦᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠵᠤ᠂ ᠲᠥᠪ ᠤᠨ ᠶᠠᠳᠠᠭᠤ ᠠᠴᠠ | ᠠᠩᠭᠢᠵᠢᠷᠠᠭᠤᠯᠬᠤ ᠰᠢᠪᠲᠦᠯᠤᠯᠲᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠲᠤᠭᠤᠰᠢᠯᠠᠭᠤᠯᠵᠤ᠂ ᠡᠮ ᠡᠮᠨᠡᠯᠭᠡ ᠶᠢᠨ ᠳᠠᠭᠠᠳᠬᠠᠯ ᠢᠶᠠᠷ ᠶᠠᠳᠠᠭᠤ ᠶᠢ ᠲᠡᠳᠬᠦᠬᠦ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠨᠠᠭᠰᠢᠳᠠ | ᠴᠢᠩᠭᠠᠳᠬᠠᠵᠤ᠂ ᠲᠥᠪ ᠤᠨ ᠲᠣᠭᠤᠷᠢᠨ ᠪᠠᠶᠢᠴᠠᠭᠠᠯᠲᠠ ᠠᠴᠠ ᠲᠤᠰᠬᠠᠭᠰᠠᠨ ᠴᠡᠭᠴᠡᠯᠡᠨ ᠰᠠᠶᠢᠵᠢᠷᠠᠭᠤᠯᠬᠤ | ᠶᠠᠪᠤᠳᠠᠯ ᠢ ᠨᠠᠶᠢᠳᠠᠪᠤᠷᠢᠵᠢᠭᠤᠯᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ︔ ᠭᠤᠣᠯᠳᠠᠯᠭ᠎ᠠ ᠲᠠᠢ | ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥ ᠶᠢᠨ ᠪᠣᠳᠣᠯᠭ᠎ᠠ ᠶᠢ ᠨᠠᠩ ᠣᠨᠣᠪᠴᠢᠲᠠᠢ ᠪᠠᠷ | ᠨᠠᠶᠢᠳᠠᠪᠤᠷᠢᠵᠢᠭᠤᠯᠵᠤ᠂ ᠳᠠᠭᠠᠳᠬᠠᠯ ᠳᠤ ᠣᠷᠣᠯᠴᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠡᠮ | ᠡᠮᠨᠡᠯᠭᠡ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠲᠤᠶᠢᠯ ᠤᠨ ᠣᠨᠤᠪᠴᠢᠲᠠᠢ ᠪᠠᠷ ᠨᠠᠶᠢᠳᠠᠪᠤᠷᠢᠵᠢᠭᠤᠯᠵᠤ᠂ | ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠮ | ᠡᠮᠨᠡᠯᠭᠡ ᠶᠢᠨ ᠦᠢᠯᠡᠴᠢᠯᠡᠭᠡᠨ ᠤ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠵᠦ᠂ | ᠡᠮ ᠡᠮᠨᠡᠯᠭᠡ ᠶᠢᠨ ᠳᠠᠭᠠᠳᠬᠠᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠮ | ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠳᠠᠭᠠᠳᠬᠠᠯ | ᠮᠡᠬᠡᠯᠡᠨ ᠠᠪᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ︔ ᠰᠢᠨ᠎ᠡ ᠪᠠᠶᠢᠳᠠᠯ ᠳᠤ ᠰᠠᠭᠤᠷᠢᠯᠠᠨ᠂ ᠪᠥᠬᠦ | ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠢ ᠪᠠᠬᠢᠵᠢᠭᠦᠯᠦᠨ ᠪᠦᠷᠢᠨᠰᠢᠭᠦᠯᠵᠤ᠂ ᠦᠨᠳᠦᠰᠦᠨ ᠡᠮ | ᠡᠮᠨᠡᠯᠭᠡ ᠶᠢᠨ ᠪᠠᠲᠤᠯᠠᠭ᠎ᠠ ᠶᠢᠨ ᠳᠦᠷᠢᠮ ᠢ ᠡᠮᠬᠢᠯᠡᠨ ᠨᠡᠶᠢᠯᠡᠭᠦᠯᠵᠦ ᠪᠦᠷᠢᠨᠰᠢᠭᠦᠯᠬᠦ ᠶᠢ ᠢᠳᠡᠪᠬᠢᠲᠡᠶ ᠲᠦᠯᠬᠢᠨ | ᠠᠬᠢᠭᠤᠯᠵᠤ᠂ ᠬᠦᠨᠳᠦ ᠡᠪᠡᠳᠴᠢᠨ ᠤ ᠳᠠᠭᠠᠳᠬᠠᠯ ᠪᠠ ᠡᠮ ᠡᠮᠨᠡᠯᠭᠡ ᠶᠢᠨ ᠠᠪᠤᠷᠠᠨ ᠲᠤᠰᠠᠯᠠᠬᠤ ᠳᠦᠷᠢᠮ ᠢ | ᠪᠦᠷᠢᠨᠰᠢᠭᠦᠯᠦᠨ᠂ ᠡᠮ ᠡᠮᠨᠡᠯᠭᠡ ᠶᠢᠨ ᠳᠠᠭᠠᠳᠬᠠᠯ ᠤᠨ ᠭᠠᠷᠴᠠᠭ ᠢ ᠬᠥᠳᠡᠯᠦᠩᠭᠦᠶ ᠪᠠᠷ ᠲᠣᠬᠢᠷᠠᠭᠤᠯᠬᠤ ᠲᠣᠭᠲᠠᠴᠠ ᠶᠢ | ᠪᠠᠶᠢᠭᠤᠯᠵᠤ᠂ ᠡᠮ ᠡᠮᠨᠡᠯᠭᠡ ᠶᠢᠨ ᠳᠠᠭᠠᠳᠬᠠᠯ ᠢ ᠨᠢᠭᠡᠳᠦᠯᠲᠡᠶ ᠲᠥᠯᠥᠪᠯᠡᠬᠦ ᠳᠡᠰ ᠳᠠᠪᠬᠤᠷᠭ᠎ᠠ ᠶᠢ ᠠᠯᠬᠤᠮ | ᠠᠯᠬᠤᠮ ᠢᠶᠠᠷ ᠳᠡᠭᠡᠭᠰᠢᠯᠡᠭᠦᠯᠬᠦ ᠬᠡᠷᠡᠭᠲᠡᠶ︔ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ︽ᠭᠤᠷᠪᠠᠨ ᠱᠠᠲᠤ ᠪᠠᠷ ᠬᠤᠯᠪᠣᠭᠠᠯᠠᠨ | ᠬᠥᠳᠡᠯᠦᠯᠴᠡᠬᠦ︾ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠶᠯ ᠢ ᠲᠥᠪᠯᠡᠷᠡᠭᠦᠯᠦᠨ | ᠬᠤᠳᠠᠯᠳᠤᠨ ᠠᠪᠬᠤ ᠲᠤᠷᠰᠢᠯᠲᠠ ᠶᠢᠨ ᠠᠵᠢᠯ ᠢ ᠰᠠᠶᠢᠲᠤᠷ ᠬᠢᠵᠦ᠂ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ | ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠪᠥᠬᠦ ᠣᠷᠣᠨ ᠤ ᠡᠮ ᠡᠮᠨᠡᠯᠭᠡ ᠶᠢᠨ | ᠳᠠᠭᠠᠳᠬᠠᠯ ᠤᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠴᠦ᠂ ᠰᠢᠯᠢᠳᠡᠭ ᠬᠢᠷᠢ ᠪᠦᠲᠦᠮᠵᠢ ᠪᠠᠷ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠤᠭᠲᠤᠬᠤ ᠬᠡᠷᠡᠭᠲᠡᠶ ᠭᠡᠵᠡᠢ᠃ | ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠤᠯᠠᠭᠠᠨᠬᠤᠲᠠ ᠶᠢᠨ ᠡᠮ ᠡᠮᠨᠡᠯᠭᠡ ᠶᠢᠨ | ᠳᠠᠭᠠᠳᠬᠠᠯ ᠤᠨ ᠦᠶᠯᠡᠴᠢᠯᠡᠭᠡᠨ ᠤ ᠶᠡᠭᠡ ᠲᠢᠩᠬᠢᠮ ᠪᠣᠯᠤᠨ ᠬᠢᠩᠭᠠᠨ ᠠᠶᠢᠮᠠᠭ ᠤᠨ ᠠᠷᠠᠳ ᠤᠨ ᠡᠮᠨᠡᠯᠭᠡ ᠶᠢᠨ | ᠬᠤᠷᠢᠶ᠎ᠠ ᠵᠡᠷᠭᠡ ᠭᠠᠵᠠᠷ ᠲᠤ ᠬᠦᠷᠴᠦ ᠲᠣᠭᠤᠷᠢᠨ ᠦᠵᠡᠪᠡ᠃ |