︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠶ ᠲᠡᠮᠡᠴᠡᠯ ᠤᠨ ᠤᠬᠠᠭᠤᠯᠭ᠎ᠠ ᠶᠢᠨ ᠠᠭᠤᠷ | ᠠᠮᠢᠰᠬᠤᠯ ᠢ ᠦᠨᠡᠨ ᠬᠦ ᠪᠤᠢ ᠪᠣᠯᠭᠠᠵᠤ᠂ ᠰᠤᠷᠭᠠᠭᠤᠯᠢ ᠶᠢᠨ ᠬᠦᠷᠢᠶ᠎ᠡ ᠶᠢ ᠠᠮᠤᠷ ᠠᠮᠤᠭᠤᠯᠠᠩ ᠪᠠᠶᠢᠯᠭᠠᠬᠤ ᠶᠢ | ᠲᠦᠯᠬᠢᠨ ᠠᠬᠢᠭᠤᠯᠬᠤ ᠶᠢᠨ ᠲᠥᠯᠥᠭᠡ᠂ ᠣᠶᠢᠷ᠎ᠠ ᠳᠤ ᠰᠢᠯᠢ ᠶᠢᠨ ᠭᠤᠤᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠠᠷᠠᠳ ᠤᠨ ᠴᠠᠭᠳᠠᠭ᠎ᠠ ᠬᠠᠷᠢᠶ᠎ᠠ ᠣᠷᠣᠨ ᠳᠤ ᠪᠠᠨ ᠭᠦᠨᠵᠡᠭᠡᠶᠢᠷᠡᠨ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠰᠤᠷᠭᠠᠭᠤᠯᠢ ᠶᠢᠨ ᠬᠦᠷᠢᠶᠡᠨ ᠳᠤ ᠥᠷᠨᠢᠭᠦᠯᠵᠦ᠂ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠤᠬᠠᠭᠤᠯᠭ᠎ᠠ ᠶᠢᠨ ᠡᠷᠴᠢᠮ ᠢ ᠤᠯᠠᠮ | ᠨᠢᠭᠡ ᠠᠯᠬᠤᠮ ᠴᠢᠩᠭᠠᠳᠬᠠᠵᠤ᠂ ᠰᠤᠷᠭᠠᠭᠤᠯᠢ ᠳᠤ ᠪᠠᠶᠢᠭ᠎ᠠ ᠵᠠᠯᠠᠭᠤᠴᠤᠳ ᠪᠠᠭᠠᠴᠤᠳ ᠤᠨ ᠪᠡᠶ᠎ᠡ ᠪᠠᠨ ᠳᠠᠭᠠᠭᠠᠵᠤ | ᠬᠠᠷ᠎ᠠ ᠪᠦᠯᠦᠭᠲᠡᠨ ᠬᠠᠷᠭᠢᠰ ᠬᠦᠴᠦᠨ ᠤ ᠶᠠᠯᠠᠲᠤ ᠠᠵᠢᠯᠯᠠᠭ᠎ᠠ ᠶᠢ ᠢᠯᠭᠠᠨ ᠲᠠᠨᠢᠬᠤ ᠰᠡᠷᠭᠡᠶᠢᠯᠡᠬᠦ ᠴᠢᠳᠠᠪᠤᠷᠢ ᠶᠢ | ᠳᠡᠭᠡᠭᠰᠢᠯᠡᠭᠦᠯᠪᠡ᠃ | ᠠᠵᠢᠯᠯᠠᠭ᠎ᠠ ᠶᠢᠨ ᠳᠤᠮᠳᠠ᠂ ᠡᠯ᠎ᠡ ᠭᠠᠵᠠᠷ ᠤᠨ ᠠᠷᠠᠳ ᠤᠨ ᠴᠠᠭᠳᠠᠭ᠎ᠠ ᠮᠡᠳᠡᠯᠭᠡ ᠶᠢᠨ ᠲᠠᠶᠢᠯᠤᠮᠵᠢ ᠬᠢᠬᠦ᠂ | ᠬᠠᠷᠢᠯᠴᠠᠨ ᠰᠣᠯᠢᠯᠴᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠠᠵᠢᠯᠯᠠᠭ᠎ᠠ ᠪᠠᠨ | ᠥᠷᠨᠢᠭᠦᠯᠵᠦ᠂ ᠪᠠᠭᠰᠢ ᠰᠤᠷᠤᠭᠴᠢᠳ ᠲᠤ ᠶᠠᠭᠤ ᠶᠢ ᠬᠠᠷ᠎ᠠ ᠪᠦᠯᠦᠭᠳᠡᠨ ᠬᠠᠷᠭᠢᠰ ᠬᠦᠴᠦᠨ ᠭᠡᠬᠦ᠂ ︽ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠶ ᠲᠡᠮᠡᠴᠡᠯ ᠤᠨ ᠭᠤᠤᠯᠳᠠᠯᠭ᠎ᠠ ᠲᠠᠢ ᠴᠣᠬᠢᠯᠲᠠ ᠥᠭᠬᠦ | ᠬᠠᠷᠭᠢᠰ ᠬᠦᠴᠦᠨ ᠨᠢ ᠠᠯᠢ ᠪᠣᠯᠬᠤ ᠶᠢ ᠲᠠᠶᠢᠯᠪᠤᠷᠢᠯᠠᠵᠤ ᠥᠭᠭᠦᠭᠰᠡᠨ ᠤ ᠬᠠᠮᠲᠤ᠂ ᠬᠠᠷᠢᠶ᠎ᠠ ᠣᠷᠣᠨ ᠳᠤ | ᠣᠶᠢᠷ᠎ᠠ ᠶᠢᠨ ᠬᠤᠭᠤᠴᠠᠭᠠᠨ ᠳᠤ ᠡᠭᠦᠰᠦᠭᠰᠡᠨ ᠬᠡᠷᠡᠭᠦᠯ ᠵᠣᠳᠣᠭᠠᠨ ᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ | ᠨᠡᠶᠢᠭᠡᠮ ᠳᠡᠭᠡᠷᠡᠬᠢ ᠵᠠᠷᠢᠮ ᠰᠤᠯᠠ ᠵᠠᠳᠠᠭᠠᠶ ᠵᠠᠯᠠᠭᠤᠴᠤᠳ ᠲᠠᠢ ᠪᠢᠲᠡᠭᠡᠶ ᠣᠶᠢᠷᠠᠲᠤᠭᠠᠷᠠᠢ ᠭᠡᠵᠦ ᠰᠠᠨᠠᠭᠤᠯᠤᠭᠰᠠᠨ | ᠪᠥᠭᠡᠳ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ ᠢᠯᠡᠴᠢᠯᠡᠨ ᠮᠡᠳᠡᠭᠦᠯᠬᠦ ᠤᠲᠠᠰᠤ ᠶᠢ ᠬᠡᠯᠡᠵᠦ ᠥᠭᠭᠦᠭᠰᠡᠨ | ᠪᠠᠶᠢᠨ᠎ᠠ᠃ | ᠡᠭᠦᠨ ᠠᠴᠠ ᠭᠠᠳᠠᠨ᠎ᠠ᠂ ᠠᠷᠠᠳ ᠤᠨ ᠴᠠᠭᠳᠠᠭ᠎ᠠ ᠤᠬᠠᠭᠤᠯᠭ᠎ᠠ ᠶᠢᠨ ᠮᠠᠲ᠋ᠧᠷᠢᠶᠠᠯ ᠳᠡᠭᠡᠷᠡᠬᠢ ᠠᠭᠤᠯᠭ᠎ᠠ ᠶᠢ | ᠲᠠᠶᠢᠯᠪᠤᠷᠢᠯᠠᠬᠤ ᠪᠠᠷ ᠳᠠᠮᠵᠢᠭᠤᠯᠤᠨ ᠰᠤᠷᠤᠭᠴᠢᠳ ᠲᠤ ᠬᠠᠷᠭᠢᠰ ᠬᠦᠴᠦᠨ ᠲᠠᠢ ᠲᠡᠮᠡᠴᠡᠬᠦ ᠠᠵᠢᠯᠯᠠᠭ᠎ᠠ ᠳᠤ | ᠢᠳᠡᠪᠬᠢᠲᠡᠶ ᠣᠷᠣᠯᠴᠠᠵᠤ᠂ ᠰᠦᠪᠡᠭᠴᠢ ᠶᠢ ᠣᠯᠵᠤ ᠮᠡᠳᠡᠪᠡᠯ ᠴᠠᠭ ᠲᠤᠬᠠᠶ ᠳᠤᠨᠢ ᠳᠣᠲᠣᠭᠠᠳᠤ ᠶᠢ ᠬᠠᠮᠠᠭᠠᠯᠠᠬᠤ | ᠪᠠᠶᠢᠭᠤᠯᠤᠯᠭ᠎ᠠ ᠳᠤ ᠢᠯᠡᠴᠢᠯᠡᠨ ᠮᠡᠳᠡᠭᠦᠯᠬᠦ ᠬᠡᠷᠡᠭᠲᠡᠶ ᠭᠡᠵᠦ ᠤᠷᠢᠶᠠᠯᠠᠵᠠᠶ᠃ | ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠪᠠᠭᠰᠢ ᠰᠤᠷᠤᠭᠴᠢᠳ ᠤᠨ | ᠬᠠᠷ᠎ᠠ ᠪᠦᠯᠦᠭᠳᠡᠨ ᠬᠠᠷᠭᠢᠰ ᠬᠦᠴᠦᠨ ᠠᠴᠠ ᠵᠠᠶᠢᠳᠠᠬᠤ᠂ ᠬᠠᠤᠯᠢ ᠰᠠᠬᠢᠯᠭ᠎ᠠ ᠶᠢ ᠵᠢᠷᠤᠮᠯᠠᠬᠤ᠂ ᠶᠠᠯᠠᠲᠤ ᠠᠵᠢᠯᠯᠠᠭ᠎ᠠ ᠶᠢ | ᠰᠡᠷᠭᠡᠶᠢᠯᠡᠬᠦ ᠤᠬᠠᠮᠰᠠᠷ ᠢ ᠦᠨᠡᠨ ᠬᠦ ᠴᠢᠩᠭᠠᠷᠠᠭᠤᠯᠤᠭᠰᠠᠨ ᠤ ᠬᠠᠮᠲᠤ ᠥᠷᠭᠡᠨ ᠣᠯᠠᠨ ᠪᠠᠭᠰᠢ ᠰᠤᠷᠤᠭᠴᠢᠳ ᠤᠨ | ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠵᠦ᠂ | ᠡᠶ᠎ᠡ ᠵᠣᠬᠢᠴᠠᠯ ᠲᠠᠢ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠬᠤ ᠠᠵᠢᠯ ᠢ ᠤᠯᠠᠮ | ᠨᠢᠭᠡ ᠠᠯᠬᠤᠮ ᠲᠦᠯᠬᠢᠨ ᠠᠬᠢᠭᠤᠯᠪᠠ᠃ |