4 ᠳ᠋ᠦ᠋ᠭᠡᠷ ᠰᠠᠷ᠎ᠠ ᠶᠢᠨ 14 ᠤ ᠡᠳᠦᠷ᠂ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ 2019 | ᠣᠨ ᠤ ᠲᠦᠷᠦᠬᠦᠤ ᠤᠯᠠᠷᠢᠯ ᠤᠨ ᠠᠵᠤ ᠠᠬᠤᠢ ᠶᠢᠨ ᠪᠠᠶᠢᠳᠠᠯ ᠢ ᠵᠠᠳᠠᠯᠬᠤ ᠲᠤᠬᠢᠷᠠᠭᠤᠯᠬᠤ ᠬᠤᠷᠠᠯ ᠬᠢᠪᠠ᠃ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ᠂ ᠦᠪᠡᠷᠲᠡᠭᠡᠨ ᠵᠠᠰᠠᠬᠤ | ᠤᠷᠤᠨ ᠤ ᠪᠠᠶᠢᠡᠭᠭᠤ ᠶᠢᠨ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ | ᠲᠠᠯᠪᠢᠪᠠ᠃ | ᠮᠠ ᠰᠢᠤᠸᠠᠢ ᠵᠢᠶᠦ᠋ᠨ ᠵᠢᠭᠠᠭᠰᠠᠨ ᠨᠢ᠂ ᠡᠨᠡ ᠵᠢᠯ ᠠᠴᠠ ᠨᠠᠭᠠᠰᠢ᠂ ᠪᠦᠬᠦ ᠤᠷᠤᠨ ᠢᠶᠠᠷ ᠢᠶᠠᠨ ᠰᠢ ᠶᠢᠨ ᠫᠢᠩ | ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠲᠦᠪ ᠤᠨ ᠠᠵᠤ ᠠᠬᠤᠢ ᠶᠢᠨ ᠠᠵᠢᠯ ᠤᠨ ᠬᠤᠷᠠᠯ᠂ ᠦᠪᠡᠷᠲᠡᠭᠡᠨ | ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ | ᠵᠤᠷᠢᠭ ᠰᠠᠨᠠᠭ᠎ᠠ ᠪᠤᠯᠤᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠤᠨ ᠱᠠᠭᠠᠷᠳᠠᠯᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠠ ᠲᠦᠷᠦᠯ ᠤᠨ ᠠᠵᠤ ᠠᠬᠤᠢ ᠶᠢᠨ ᠠᠵᠢᠯ ᠢ ᠪᠦᠬᠦ ᠬᠦᠴᠦᠨ ᠢᠶᠠᠷ | ᠰᠠᠶᠢᠲᠤᠷ ᠬᠢᠵᠦ᠂ ᠲᠦᠷᠦᠬᠦᠤ ᠤᠯᠠᠷᠢᠯ ᠳᠤ ᠪᠦᠬᠦ ᠤᠷᠤᠨ ᠤ ᠠᠵᠤ ᠠᠬᠤᠢ ᠶᠢᠨ ᠡᠷᠬᠢᠯᠲᠡ ᠶᠢᠨ ᠬᠠᠨᠳᠤᠰᠢ | ᠶᠡᠷᠦᠩᠬᠡᠢ ᠳᠤ ᠪᠠᠨ ᠲᠤᠬᠲᠠᠭᠤᠨ ᠪᠠᠶᠢᠵᠤ᠂ ᠴᠢᠨᠠᠷ ᠰᠠᠶᠢᠲᠠᠢ ᠬᠦᠭᠵᠢᠯᠲᠡ ᠢᠳᠡᠪᠬᠢ ᠠᠬᠢᠴᠠ ᠲᠠᠢ ᠪᠤᠯᠪᠠ᠃ | ᠭᠡᠪᠡᠴᠦ ᠪᠠᠰᠠ ᠤᠳᠤᠬᠠᠨ ᠤ ᠠᠵᠤ ᠠᠬᠤᠢ ᠶᠢᠨ ᠡᠷᠬᠢᠯᠲᠡ ᠳᠤᠮᠳᠠᠬᠢ ᠪᠠᠭᠤᠷᠠᠢ ᠭᠤᠬᠴᠤᠭ᠎ᠠ ᠶᠢ ᠳᠡᠭᠡᠳᠦ | ᠬᠡᠮᠵᠢᠶ᠎ᠠ ᠪᠠᠷ ᠠᠩᠬᠠᠷᠬᠤ ᠬᠡᠷᠡᠭᠲᠡᠢ ᠭᠡᠪᠠ᠃ | ᠮᠠ ᠰᠢᠤᠸᠠᠢ ᠵᠢᠶᠦ᠋ᠨ ᠴᠢᠬᠤᠯᠠᠴᠢᠯᠠᠭᠰᠠᠨ ᠨᠢ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠳ | ᠡᠷᠬᠡᠪᠰᠢ ᠦᠵᠡᠯ ᠰᠠᠨᠠᠭ᠎ᠠ ᠪᠠᠨ ᠨᠡᠮ ᠤᠨ ᠳᠦᠪ ᠬᠤᠷᠢᠶᠠᠨ ᠤ ᠰᠢᠢᠳᠪᠤᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ᠂ | ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠳᠤᠬᠠᠢ ᠰᠢᠷᠢᠰ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠯᠤᠭ᠎ᠠ ᠨᠠᠩ ᠨᠢᠬᠡᠳᠦᠬᠦᠯᠵᠦ᠂ ᠦᠪᠡᠷᠳᠡᠬᠡᠨ ᠵᠠᠰᠠᠬᠤ ᠤᠷᠤᠨ ᠤ ᠠᠵᠢᠯ ᠤᠨ ᠳᠤᠬᠢᠷᠠᠭᠤᠯᠤᠯᠳᠠ | ᠶᠤᠰᠤᠭᠠᠷ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠦ᠂ ᠳᠤᠳᠠᠭᠤᠳᠠᠯ ᠢ ᠨᠦᠬᠦᠪᠦᠷᠢᠯᠡᠨ᠂ | ᠪᠠᠭᠤᠷᠠᠢ ᠳᠠᠯ᠎ᠠ ᠶᠢ ᠬᠦᠴᠦᠷᠬᠡᠭᠵᠢᠬᠦᠯᠵᠦ᠂ ᠠᠵᠢᠯ ᠤᠯᠭᠤᠯᠳᠠ ᠶᠢ ᠳᠤᠬᠳᠠᠪᠤᠷᠢᠵᠢᠭᠤᠯᠬᠤ᠂ ᠮᠦᠩᠬᠦᠨ | ᠬᠦᠢᠯᠬᠡᠬᠡ ᠶᠢ ᠳᠤᠬᠳᠠᠪᠤᠷᠢᠵᠢᠭᠤᠯᠬᠤ᠂ ᠭᠠᠳᠠᠭᠠᠳᠤ ᠠᠷᠠᠯᠵᠢᠶ᠎ᠠ ᠶᠢ ᠳᠤᠬᠳᠠᠪᠤᠷᠢᠵᠢᠭᠤᠯᠬᠤ᠂ ᠭᠠᠳᠠᠭᠠᠳᠤ ᠪᠡᠯᠡ ᠶᠢ | ᠳᠤᠬᠳᠠᠪᠤᠷᠢᠵᠢᠭᠤᠯᠬᠤ᠂ ᠪᠡᠯᠡ ᠲᠣᠬᠢᠷᠠᠭᠤᠯᠭ᠎ᠠ ᠶᠢ ᠳᠤᠬᠳᠠᠪᠤᠷᠢᠵᠢᠭᠤᠯᠬᠤ᠂ ᠵᠢᠱᠢᠯᠳᠠ ᠶᠢᠨ ᠠᠵᠢᠯ ᠢ | ᠳᠤᠬᠳᠠᠪᠤᠷᠢᠵᠢᠭᠤᠯᠬᠤ ᠶᠢ ᠬᠦᠴᠦᠯᠡᠨ ᠰᠠᠶᠢᠳᠤᠷ ᠬᠢᠵᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠦᠬᠡᠷᠡᠴᠢᠯᠡᠯᠳᠡ ᠶᠢ ᠦᠷᠬᠦᠯᠵᠢᠯᠡᠨ ᠬᠦᠨᠵᠡᠬᠡᠶᠢᠷᠡᠬᠦᠯᠵᠦ᠂ ᠡᠵᠡᠩᠨᠡᠯᠳᠡ ᠶᠢᠨ ᠤᠷᠴᠢᠨ ᠢ ᠰᠢᠯᠢᠳᠡᠭᠵᠢᠬᠦᠯᠵᠦ᠂ | ᠭᠠᠶᠢᠯᠢ ᠶᠢ ᠪᠠᠭᠠᠰᠬᠠᠨ ᠰᠦᠢᠳᠬᠡᠯ ᠢ ᠪᠠᠭᠤᠷᠠᠭᠤᠯᠬᠤ ᠡᠯ᠎ᠠ ᠳᠦᠷᠦᠯ ᠤᠨ ᠳᠦᠷᠦ ᠶᠢᠨ ᠪᠤᠳᠤᠯᠭ᠎ᠠ ᠶᠢ ᠦᠨᠡᠨ | ᠪᠤᠳᠠᠳᠠᠢ ᠨᠠᠶᠢᠳᠠᠪᠤᠷᠢᠵᠢᠭᠤᠯᠬᠤ ᠬᠡᠷᠡᠭᠳᠡᠢ᠃ ᠡᠷᠬᠡᠪᠰᠢ ᠡᠷᠴᠢᠮ ᠢᠶᠠᠨ ᠴᠢᠨᠠᠬᠰᠢᠳᠠ ᠴᠢᠩᠭᠠᠷᠠᠭᠤᠯᠵᠦ᠂ | ᠭᠤᠤᠯᠳᠠᠯᠭ᠎ᠠ ᠲᠠᠢ ᠬᠦᠷᠢᠶ᠎ᠠ ᠴᠠᠷᠠᠭ᠎ᠠ᠂ ᠭᠤᠤᠯᠳᠠᠯᠭ᠎ᠠ ᠲᠠᠢ ᠠᠵᠢᠯ ᠳᠦᠷᠦᠯ ᠤᠨ ᠪᠦᠳᠦᠬᠡᠨ ᠪᠠᠶᠢᠭᠤᠯᠤᠯᠳᠠ ᠶᠢ | ᠴᠢᠩᠭᠠᠳᠬᠠᠵᠦ᠂ ᠬᠢᠨᠡᠨ ᠵᠦᠪᠰᠢᠶᠡᠷᠡᠬᠦ ᠠᠬᠢᠴᠠ ᠶᠢ ᠳᠦᠷᠬᠡᠳᠬᠡᠨ᠂ ᠳᠦᠷᠦᠯ ᠵᠦᠢᠯ ᠤᠨ ᠡᠷᠳᠡᠬᠡᠨ ᠦᠷ᠎ᠠ | ᠪᠦᠳᠦᠮᠵᠢ ᠤᠯᠬᠤ ᠶᠢ ᠠᠬᠢᠭᠤᠯᠵᠦ᠂ ᠪᠦᠬᠦ ᠵᠢᠯ ᠤᠨ ᠵᠢᠱᠢᠭᠰᠡᠨ ᠬᠠᠷᠠᠯᠳᠠ ᠶᠢ ᠪᠡᠶᠡᠯᠡᠬᠦᠯᠬᠦ ᠶᠢ ᠦᠨᠡᠨ ᠬᠦ ᠪᠠᠳᠤᠯᠠᠬᠤ | ᠬᠡᠷᠡᠭᠳᠡᠢ ᠬᠡᠪᠠ᠃ |