ᠬᠤᠷᠢᠨᠬᠡᠷ ᠰᠢᠨ᠎ᠡ ᠲᠤᠭᠤᠷᠢᠭ 33 ᠭᠤᠤᠯᠳᠠᠯᠭ᠎ᠠ ᠲᠠᠢ ᠲᠦᠷᠦᠯ ᠵᠦᠢᠯ ᠢ ᠲᠦᠪᠯᠡᠷᠡᠬᠦᠯᠤᠨ ᠪᠠᠷᠢᠯᠭ᠎ᠠ ᠡᠬᠢᠯᠡᠬᠦᠯᠦᠭᠰᠡᠨ ᠪᠤᠶᠤ ᠪᠠᠷᠢᠯᠭ᠎ᠠ ᠰᠡᠷᠬᠦᠬᠡᠪᠡ
ᠨᠡᠶᠢᠲᠡᠯᠡᠭᠰᠡᠨ ᠴᠠᠭ᠄
2019/4/16
     4 ᠳ᠋ᠦ᠋ᠭᠡᠷ ᠰᠠᠷ᠎ᠠ ᠶᠢᠨ 15᠎ ᠤ ᠡᠳᠤᠷ᠂ ᠦᠪᠤᠷ ᠮᠤᠩᠭᠤᠯ ᠤᠨ ᠬᠤᠷᠢᠨᠬᠡᠷ ᠰᠢᠨ᠎ᠡ ᠲᠤᠭᠤᠷᠢᠭ 33 ᠭᠤᠤᠯᠳᠠᠯᠭ᠎ᠠ ᠲᠠᠢ ᠲᠦᠷᠦᠯ ᠵᠦᠢᠯ ᠢ ᠲᠦᠪᠯᠡᠷᠡᠬᠦᠯᠤᠨ ᠪᠠᠷᠢᠯᠭ᠎ᠠ ᠡᠬᠢᠯᠡᠬᠦᠯᠬᠦ ᠪᠤᠶᠤ ᠪᠠᠷᠢᠯᠭ᠎ᠠ ᠰᠡᠷᠬᠦᠭᠡᠬᠦ ᠶᠤᠰᠤᠯᠠᠯ ᠸᠧᠢ ᠫᠢᠨ ᠬᠤᠢ ᠶᠢᠨ ᠦᠪᠤᠷ ᠮᠤᠩᠭᠤᠯ ᠤᠨ ᠡᠵᠡᠩᠨᠡᠯᠳᠡ ᠶᠢᠨ ᠶᠡᠷᠤᠩᠬᠡᠢ ᠭᠠᠵᠠᠷ ᠤᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠠᠬᠤᠢ ᠲᠠᠯᠠᠪᠠᠢ ᠳᠤ ᠶᠠᠪᠤᠭᠳᠠᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠬᠦᠯᠡᠭᠴᠢ ᠮᠠ ᠰᠢᠤᠸᠠᠢ ᠵᠢᠶᠦ᠋ᠨ ᠤᠷᠤᠯᠴᠠᠪᠠ᠃      2019 ᠣᠨ ᠳᠤ᠂ ᠬᠤᠷᠢᠨᠬᠡᠷ ᠰᠢᠨ᠎ᠡ ᠲᠤᠭᠤᠷᠢᠭ 63 ᠭᠤᠤᠯᠳᠠᠯᠭ᠎ᠠ ᠲᠠᠢ ᠲᠦᠷᠦᠯ ᠵᠦᠢᠯ ᠤᠨ ᠪᠠᠷᠢᠯᠭ᠎ᠠ ᠎ ᠶᠢᠨ ᠠᠵᠢᠯ ᠢ ᠡᠬᠢᠯᠡᠬᠦᠯᠬᠦ ᠪᠠᠷ ᠲᠦᠯᠥᠪᠯᠡᠵᠥ᠂ ᠶᠡᠷᠤᠩᠬᠡᠢ ᠪᠡᠯᠡ ᠤᠷᠤᠭᠤᠯᠤᠯᠳᠠ ᠨᠢ 1378.1 ᠳ᠋ᠦᠩᠰᠢᠭᠤᠷ ᠲᠦᠬᠦᠷᠢᠭ ᠲᠤ ᠬᠦᠷᠴᠦ᠂ ᠡᠨᠡ ᠵᠢᠯ 206.6 ᠳ᠋ᠦᠩᠰᠢᠭᠤᠷ ᠲᠦᠬᠦᠷᠢᠭ ᠪᠡᠯᠡ ᠤᠷᠤᠭᠤᠯᠬᠤ ᠪᠠᠷ ᠲᠦᠯᠥᠪᠯᠡᠵᠥ ᠪᠠᠶᠢᠨ᠎ᠠ᠃      ᠲᠤᠰ ᠤᠳᠠᠭ᠎ᠠ ᠶᠢᠨ ᠲᠦᠪᠯᠡᠷᠡᠭᠦᠯᠦᠨ ᠪᠠᠷᠢᠯᠭ᠎ᠠ ᠡᠬᠢᠯᠡᠭᠦᠯᠦᠭᠰᠡᠨ ᠪᠤᠶᠤ ᠪᠠᠷᠢᠯᠭ᠎ᠠ ᠰᠡᠷᠭᠦᠭᠡᠭᠰᠡᠨ ᠸᠧᠢ ᠫᠢᠨ ᠬᠤᠢ ᠶᠢᠨ ᠦᠪᠦᠷ ᠮᠤᠩᠭᠤᠯ ᠤᠨ ᠡᠵᠡᠩᠨᠡᠯᠳᠡ ᠶᠢᠨ ᠶᠡᠷᠦᠩᠬᠡᠢ ᠭᠠᠵᠠᠷ ᠤᠨ ᠲᠦᠷᠦᠯ ᠵᠦᠢᠯ᠂ ᠳ᠋ᠦᠩ ᠹᠠᠩ ᠭᠦᠸᠧ ᠰᠢᠨ ᠠᠵᠤ ᠦᠢᠯᠡᠰ ᠤᠨ ᠢᠨᠲ᠋ᠧᠷ ᠰᠦᠯᠵᠢᠶᠡᠨ ᠤ ᠤᠮᠠᠷᠠᠲᠤ ᠶᠢᠨ ᠤᠷᠤᠨ ᠪᠦᠰᠡ ᠶᠢᠨ ᠲᠦᠪ᠂ ᠴᠢᠩ ᠬᠤᠸᠠ ᠲᠤᠩ ᠹᠠᠩ ᠦᠢᠯᠡᠴᠢᠯᠡᠭᠦᠷ ᠮᠠᠰᠢᠨ ᠦᠢᠯᠡᠳᠬᠦ ᠲᠦᠷᠦᠯ ᠵᠦᠢᠯ ᠵᠡᠷᠭᠡ 33 ᠭᠤᠤᠯᠳᠠᠯᠭ᠎ᠠ ᠲᠠᠢ ᠲᠦᠷᠦᠯ ᠵᠦᠢᠯ ᠳᠤ᠂ 10 ᠲᠦᠷᠦᠯ ᠵᠦᠢᠯ ᠢ ᠰᠢᠨ᠎ᠡ ᠪᠠᠷ ᠪᠠᠶᠢᠭᠤᠯᠵᠤ᠂ ᠶᠡᠷᠦᠩᠬᠡᠢ ᠪᠡᠯᠡ ᠤᠷᠤᠭᠤᠯᠤᠯᠲᠠ 547.2 ᠳ᠋ᠦᠩᠰᠢᠭᠤᠷ ᠲᠦᠭᠦᠷᠢᠭ ᠲᠤ ᠬᠦᠷᠴᠡᠢ︔ 23 ᠲᠦᠷᠦᠯ ᠵᠦᠢᠯ ᠢ ᠦᠷᠬᠦᠯᠵᠢᠯᠡᠨ ᠪᠠᠶᠢᠭᠤᠯᠵᠤ᠂ ᠶᠡᠷᠦᠩᠬᠡᠢ ᠪᠡᠯᠡ ᠤᠷᠤᠭᠤᠯᠤᠯᠲᠠ 632.7 ᠳ᠋ᠦᠩᠰᠢᠭᠤᠷ ᠲᠦᠭᠦᠷᠢᠭ ᠲᠤ ᠬᠦᠷᠪᠡ︔ ᠳᠤᠮᠤ ᠳ᠋ᠠᠶᠢᠲ᠋ᠠ ᠶᠢᠨ ᠡᠭᠦᠯᠡᠨ ᠪᠤᠳᠤᠯᠲᠠ᠂ ᠳᠡᠭᠡᠳᠦ ᠲᠡᠰ ᠤᠨ ᠲᠤᠨᠤᠬᠯᠠᠯ ᠦᠢᠯᠡᠳᠬᠦ᠂ ᠤᠳᠤ ᠦᠶ᠎ᠡ ᠶᠢᠨ ᠤᠶᠤᠨᠲᠤ ᠪᠠᠷᠠᠭᠠᠨ ᠤ ᠭᠦᠢᠯᠭᠡᠭᠡ᠂ ᠮᠦᠩᠭᠦᠨ ᠭᠦᠢᠯᠭᠡᠭᠡ ᠬᠤᠳᠠᠯᠳᠤᠭᠠᠨ ᠤ ᠶᠠᠪᠤᠳᠠᠯ᠂ ᠭᠤᠤᠯᠳᠠᠯᠭ᠎ᠠ ᠲᠠᠢ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠮᠢ ᠠᠬᠤᠢ ᠶᠢᠨ ᠨᠤᠭᠤᠭᠠᠷᠠᠭᠤᠯᠤᠯᠲᠠ ᠵᠡᠷᠭᠡ ᠤᠯᠠᠨ ᠬᠦᠷᠢᠶ᠎ᠡ ᠴᠠᠷᠠᠭ᠎ᠠ ᠶᠢ ᠬᠠᠮᠤᠷᠴᠠᠢ᠃ ᠡᠭᠦᠨ ᠳᠤ᠂ ᠬᠡᠰᠡᠭ ᠲᠦᠷᠦᠯ ᠵᠦᠢᠯ ᠨᠢ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠳᠤ ᠠᠩᠬᠠᠷᠤᠯ ᠢᠶᠠᠨ ᠲᠦᠪᠯᠡᠷᠡᠭᠦᠯᠦᠭᠰᠡᠨ ︽ᠰᠢᠨ᠎ᠠ ᠬᠦᠳᠡᠯᠭᠡᠭᠦᠷ︾ ︽ᠰᠢᠨ᠎ᠠ ᠨᠡᠮᠡᠭᠳᠡᠯ ᠎ ᠤᠨ ᠲᠦᠢᠯ︾᠎ ᠲᠠᠢ ᠳᠡᠭᠡᠳᠦ ᠳᠡᠰ ᠤᠨ ᠰᠢᠨ᠎ᠠ ᠠᠵᠤ ᠦᠢᠯᠡᠰ ᠤᠨ ᠲᠦᠷᠦᠯ ᠵᠦᠢᠯ ᠪᠠᠶᠢᠵᠤ᠂ ᠦᠪᠡᠷᠲᠡᠭᠡᠨ ᠵᠠᠰᠠᠬᠤ ᠤᠷᠤᠨ ᠴᠢᠨᠠᠬᠰᠢᠯᠠᠭᠠᠳ ᠤᠯᠤᠰ ᠤᠨ ᠪᠦᠲᠦᠭᠡᠨ ᠪᠠᠶᠢᠭᠤᠯᠤᠯᠲᠠ ᠶᠢᠨ ᠬᠤᠭᠤᠰᠤᠨ ᠢ ᠨᠦᠬᠦᠪᠦᠷᠢᠯᠡᠪᠡ᠃      ᠡᠳᠡᠭᠡᠷ ᠲᠦᠷᠦᠯ ᠵᠦᠢᠯ ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠨᠢ᠂ ᠬᠤᠷᠢᠨᠭᠡᠷ ᠰᠢᠨ᠎ᠠ ᠲᠤᠭᠤᠷᠢᠭ ᠤᠨ ᠠᠵᠤ ᠦᠢᠯᠡᠰ ᠤᠨ ᠬᠡᠪᠴᠢᠶ᠎ᠠ ᠪᠠᠨ ᠦᠷᠭᠡᠳᠭᠡᠨ᠂ ᠬᠦᠭᠵᠢᠯᠲᠡ ᠶᠢᠨ ᠨᠦᠬᠡᠴᠡ ᠬᠦᠴᠦᠨ ᠢᠶᠠᠨ ᠴᠢᠩᠭᠠᠳᠬᠠᠵᠤ᠂ ᠰᠢᠨ᠎ᠠ ᠲᠤᠭᠤᠷᠢᠭ ᠤᠨ ᠴᠢᠨᠠᠷ ᠰᠠᠶᠢᠲᠠᠢ ᠬᠦᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠳᠤ ᠴᠢᠬᠤᠯᠠ ᠲᠤᠯᠭᠠᠭᠤᠷᠢᠯᠠᠬᠤ ᠦᠢᠯᠡᠳᠦᠯ ᠦᠵᠡᠬᠦᠯᠬᠦ ᠪᠤᠯᠤᠨ᠎ᠠ᠃      ᠲᠤᠰ ᠡᠳᠦᠷ᠂ ᠦᠪᠡᠷᠲᠡᠭᠡᠨ ᠵᠠᠰᠠᠬᠤ ᠤᠷᠤᠨ ᠤ ᠠᠩᠬᠠᠳᠠᠭᠴᠢ ᠵᠤᠬᠢᠶᠠᠮᠠᠯ ᠤᠶᠤᠨ ᠴᠢᠳᠠᠪᠤᠷᠢ ᠶᠢᠨ ᠬᠡᠳᠦ ᠪᠤᠳᠤᠯᠭ᠎ᠠ ᠶᠢᠨ ᠲᠠᠪᠴᠠᠩ — ᠺᠤᠸᠠᠩ ᠱᠢ ᠵᠤᠬᠢᠶᠠᠮᠠᠯ ᠤᠶᠤᠨ ᠴᠢᠳᠠᠪᠤᠷᠢ ᠶᠢᠨ ᠬᠡᠳᠦ ᠪᠤᠳᠤᠯᠭ᠎ᠠ ᠶᠢᠨ ᠲᠠᠪᠴᠠᠩ ᠎ ᠤᠨ ᠲᠦᠷᠦᠬᠦᠤ ᠬᠤᠭᠤᠴᠠᠭᠠᠨ ᠤ ᠢᠨᠵᠧᠨᠧᠷᠢᠩ ᠢᠯᠡᠷᠬᠡᠶᠢᠯᠡᠯ ᠰᠡᠭᠦᠵᠦ᠂ ᠮᠠ ᠰᠢᠤᠸᠠᠢ ᠵᠢᠶᠦ᠋ᠨ ᠢᠯᠡᠷᠬᠡᠶᠢᠯᠡᠯ ᠰᠡᠭᠦᠬᠦ ᠶᠤᠰᠤᠯᠠᠯ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号