ᠪᠦ᠋ ᠰᠢᠶᠣᠣ ᠯᠢᠨ ᠤᠯᠠᠭᠠᠨᠬᠠᠳᠠ ᠬᠤᠲᠠ ᠳᠤ ᠪᠠᠶᠢᠴᠠᠭᠠᠨ ᠰᠤᠳᠤᠯᠤᠯᠲᠠ ᠬᠢᠬᠦ ᠳᠤ ᠪᠠᠨ ᠴᠢᠬᠤᠯᠠᠴᠢᠯᠠᠭᠰᠠᠨ ᠎ ᠨᠢ ᠲᠦᠯᠦᠪᠵᠢᠭᠦᠯᠭᠡ ᠪᠠᠶᠢᠷᠢᠯᠠᠭᠤᠯᠤᠯᠲᠠ ᠪᠠ ᠶᠠᠳᠠᠭᠤ ᠶᠢ ᠳᠡᠳᠭᠦᠭᠦ ᠲᠥᠷᠥ ᠶᠢᠨ ᠪᠣᠳᠤᠯᠭ᠎ᠠ ᠪᠠᠨ ᠳᠡᠭᠦᠯᠳᠡᠷᠵᠢᠭᠦᠯᠵᠦ ᠠᠵᠤ ᠦᠢᠯᠡᠰ ᠤᠨ ᠬᠦᠭᠵᠢᠯᠲᠡ ᠪᠠᠷ ᠶᠠᠳᠠᠭᠤ ᠬᠦᠴᠢᠷᠳᠡᠯᠲᠡᠢ ᠬᠦᠮᠦᠰ ᠲᠤ ᠠᠰᠢᠭ ᠬᠦᠷᠲᠡᠭᠡᠬᠦ ᠬᠡᠷᠡᠭᠲᠡᠢ ᠭᠡᠵᠡᠢ
ᠨᠡᠶᠢᠲᠡᠯᠡᠭᠰᠡᠨ ᠴᠠᠭ᠄
2019/4/16
     4 ᠳ᠋ᠤᠭᠡᠷ ᠰᠠᠷ᠎ᠠ ᠶᠢᠨ 13᠎ ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠤᠯᠠᠭᠠᠨᠬᠠᠳᠠ ᠬᠤᠳᠠ ᠶᠢᠨ ᠰᠦᠩᠱᠠᠨ ᠲᠤᠭᠤᠷᠢᠭ ᠤᠨ ᠶᠠᠳᠠᠭᠤ ᠬᠦᠴᠢᠷᠳᠡᠯᠲᠡᠢ ᠡᠷᠦᠬᠡ ᠸᠠᠩ ᠵᠧᠨ ᠽᠧᠩ ᠤᠨ ᠳᠤ ᠬᠦᠷᠴᠦ ᠪᠣᠯᠭᠤᠭᠠᠨ ᠲᠤᠬᠤᠨᠢᠭᠤᠯᠪᠠ᠃      4 ᠳ᠋ᠤᠭᠡᠷ ᠰᠠᠷ᠎ᠠ ᠶᠢᠨ 13᠎ ᠤ ᠡᠳᠤᠷ ᠠᠴᠠ 15᠎ ᠤ ᠡᠳᠤᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠤᠯᠠᠭᠠᠨᠬᠠᠳᠠ ᠬᠤᠳᠠ ᠶᠢᠨ ᠰᠦᠩᠱᠠᠨ ᠲᠤᠭᠤᠷᠢᠭ᠂ ᠤᠩᠨᠢᠭᠤᠳ ᠬᠤᠰᠢᠭᠤ᠂ ᠪᠠᠭᠠᠷᠢᠨ ᠪᠠᠷᠠᠭᠤᠨ ᠬᠤᠰᠢᠭᠤ᠂ ᠯᠢᠨᠰᠢ ᠰᠢᠶᠠᠨ᠂ ᠬᠡᠰᠢᠭᠳᠡᠨ ᠬᠤᠰᠢᠭᠤ ᠳᠤ ᠬᠦᠷᠴᠦ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠎ ᠤᠨ ᠲᠤᠬᠠᠢ ᠪᠠᠶᠢᠴᠠᠭᠠᠨ ᠰᠤᠳᠤᠯᠤᠯᠳᠠ ᠬᠢᠪᠡ᠃      ᠠᠵᠥ ᠦᠢᠯᠡᠰ ᠢ ᠬᠦᠭᠵᠢᠬᠦᠯᠬᠦ ᠪᠤᠯ ᠶᠠᠳᠠᠭᠤ ᠠᠴᠠ ᠠᠩᠬᠢᠵᠢᠷᠠᠭᠤᠯᠬᠤ ᠶᠢ ᠪᠡᠶᠡᠯᠡᠬᠦᠯᠬᠦ ᠦᠨᠳᠦᠰᠦᠨ ᠪᠤᠳᠤᠯᠭ᠎ᠠ ᠮᠦᠨ᠃ ᠠᠵᠥ ᠦᠢᠯᠡᠰ ᠢᠶᠠᠷ ᠶᠠᠳᠠᠭᠤ ᠬᠦᠴᠢᠷᠳᠡᠯᠳᠡᠢ ᠡᠷᠦᠬᠡ ᠶᠢ ᠲᠠᠶᠢᠴᠢᠯᠠᠨ ᠶᠠᠳᠠᠭᠤ ᠬᠦᠴᠢᠷᠳᠡᠯᠳᠡᠢ ᠬᠦᠮᠦᠰ ᠢ ᠴᠦᠬᠡᠳᠭᠡᠭᠰᠡᠨ ᠦᠷ᠎ᠡ ᠪᠦᠳᠦᠬᠡᠯ ᠶᠠᠮᠠᠷ ᠵᠡᠷᠭᠡ ᠪᠠᠶᠢᠬᠤ ᠪᠤᠯ︖ ᠪᠦᠬᠦᠨ ᠢ ᠪᠦᠷᠬᠦᠬᠦᠯᠵᠤ ᠲᠠᠶᠢᠯᠦᠭᠰᠡᠨ ᠪᠤᠯ ᠤᠤ︖ ᠪᠦ᠋ ᠰᠢᠶᠤᠤ ᠯᠢᠨ ᠡᠬᠦᠨ ᠢ ᠮᠠᠰᠢ ᠠᠩᠬᠠᠷᠴᠦ ᠪᠠᠶᠢᠯ᠎ᠠ᠃ ᠲᠡᠷᠡ ᠮᠠᠯᠵᠢᠯ ᠤᠨ ᠲᠠᠯᠠᠪᠠᠢ ᠳᠤ ᠬᠦᠷᠴᠦ ᠲᠡᠵᠢᠬᠡᠪᠤᠷᠢ ᠶᠢᠨ ᠦᠢᠯᠡᠰ ᠢᠶᠠᠷ ᠶᠠᠳᠠᠭᠤ ᠶᠢ ᠲᠡᠳᠬᠦᠵᠥ ᠪᠠᠶᠢᠭ᠎ᠠ ᠪᠠᠶᠢᠳᠠᠯ ᠢ ᠤᠶᠢᠯᠠᠭᠠᠨ᠂ ᠲᠤᠮᠤ ᠬᠦᠯᠡᠮᠵᠢ ᠳᠤ ᠤᠷᠤᠵᠥ ᠲᠠᠷᠢᠮᠠᠯ ᠤᠨ ᠦᠢᠯᠡᠰ ᠢᠶᠠᠷ ᠶᠠᠳᠠᠭᠤ ᠶᠢ ᠲᠡᠳᠬᠦᠵᠥ ᠪᠠᠶᠢᠭ᠎ᠠ ᠪᠠᠶᠢᠳᠠᠯ ᠢ ᠤᠶᠢᠯᠠᠭᠠᠵᠥ᠂ ᠠᠵᠥ ᠠᠬᠤᠶᠢᠯᠠᠯ ᠳᠤ ᠬᠦᠷᠴᠤ ︽ᠺᠤᠮᠫᠠᠨᠢ + ᠬᠤᠷᠰᠢᠶ᠎ᠠ + ᠰᠠᠭᠤᠷᠢᠨ + ᠶᠠᠳᠠᠭᠤ ᠬᠦᠴᠢᠷᠳᠡᠯᠳᠡᠢ ᠡᠷᠦᠬᠡ︾᠎ ᠶᠢᠨ ᠶᠠᠳᠠᠭᠤ ᠶᠢ ᠲᠡᠳᠬᠦᠵᠥ ᠪᠠᠶᠢᠭ᠎ᠠ ᠪᠠᠶᠢᠳᠠᠯ ᠢ ᠤᠶᠢᠯᠠᠭᠠᠨ᠂ ᠬᠦᠷᠢᠶᠡᠯᠡᠩ ᠲᠤᠭᠤᠷᠢᠭ ᠲᠤ ᠬᠦᠷᠴᠤ ᠤᠨᠴᠠᠯᠢᠬᠳᠤ ᠠᠵᠥ ᠦᠢᠯᠡᠰ ᠢᠶᠠᠷ ᠶᠠᠳᠠᠭᠤ ᠶᠢ ᠲᠡᠳᠬᠦᠵᠥ ᠪᠠᠶᠢᠭ᠎ᠠ ᠪᠠᠶᠢᠳᠠᠯ ᠢ ᠤᠶᠢᠯᠠᠭᠠᠵᠥ᠂ ᠲᠤᠰᠬᠠᠢ ᠬᠤᠷᠰᠢᠶ᠎ᠠ ᠶᠢᠨ ᠬᠠᠷᠢᠭᠤᠴᠠᠯᠭᠠᠳᠠᠳ᠂ ᠰᠢᠶᠠᠩ ᠪᠠᠯᠭᠠᠰᠤᠨ ᠤ ᠺᠠᠳ᠋ᠷᠴᠤᠳ ᠲᠠᠢ ᠰᠠᠨᠠᠯ ᠢᠶᠠᠨ ᠬᠦᠨᠵᠡᠬᠡᠢ ᠰᠤᠯᠢᠯᠴᠠᠵᠥ᠂ ᠠᠵᠥ ᠦᠢᠯᠡᠰ ᠢᠶᠠᠷ ᠶᠠᠳᠠᠭᠤ ᠶᠢ ᠲᠡᠳᠬᠦᠵᠥ ᠪᠠᠶᠢᠭ᠎ᠠ ᠪᠤᠳᠠᠳᠠᠢ ᠠᠷᠭ᠎ᠠ ᠬᠡᠮᠵᠢᠶ᠎ᠡ᠂ ᠶᠠᠳᠠᠭᠤ ᠬᠦᠴᠢᠷᠳᠡᠯᠳᠡᠢ ᠡᠷᠦᠬᠡ ᠶᠢ ᠲᠠᠶᠢᠴᠢᠯᠠᠭᠰᠠᠠ ᠦᠷ᠎ᠡ ᠪᠦᠳᠦᠬᠡᠯ ᠵᠢᠴᠢ ᠬᠦᠭᠵᠢᠯᠳᠡ ᠶᠢᠨ ᠲᠦᠯᠥᠪᠵᠢᠬᠦᠯᠬᠡ ᠵᠡᠷᠬᠡ ᠪᠠᠶᠢᠳᠠᠯ ᠢ ᠨᠢ ᠯᠠᠪᠯᠠᠨ ᠠᠰᠠᠭᠤᠵᠠᠢ᠃ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠨᠢ ᠠᠵᠤ ᠦᠢᠯᠡᠰ ᠢᠶᠠᠷ ᠶᠠᠳᠠᠭᠤ ᠶᠢ ᠲᠡᠳᠭᠦᠬᠦ ᠶᠢ ᠦᠷᠭᠡᠨ ᠢᠶᠠᠷ ᠦᠷᠨᠢᠭᠦᠯᠵᠦ᠂ ᠠᠮᠢ ᠠᠬᠤᠢ ᠶᠢᠨ ᠡᠷᠭᠢᠯᠳᠡᠲᠦ ᠠᠵᠤ ᠠᠬᠤᠢ ᠶᠢ ᠬᠡᠷᠡᠭᠵᠢᠭᠦᠯᠬᠦ ᠪᠠᠷᠳᠠᠮᠵᠢᠨ ᠶᠠᠳᠠᠭᠤ ᠬᠦᠴᠢᠷᠳᠡᠯᠲᠡᠢ ᠡᠷᠦᠬᠡ ᠶᠢᠨ ᠤᠷᠤᠯᠭ᠎ᠠ ᠪᠠᠨ ᠨᠡᠮᠡᠭᠳᠡᠭᠦᠯᠬᠦ ᠶᠢ ᠳᠠᠭᠠᠭᠤᠯᠵᠤ᠂ ᠶᠠᠳᠠᠭᠤ ᠬᠦᠴᠢᠷᠳᠡᠯᠲᠡᠢ ᠡᠷᠦᠬᠡ ᠶᠢᠨ ᠦᠷ᠎ᠠ ᠶᠢᠨ ᠮᠠᠯ ᠪᠤᠶᠢᠵᠢᠭᠤᠯᠬᠤ ᠵᠢᠴᠢ ᠴᠢᠨᠠᠷ ᠰᠠᠶᠢᠲᠠᠢ ᠮᠢᠬᠠᠨ ᠤ ᠬᠤᠨᠢ ᠪᠤᠷᠳᠤᠨ ᠲᠠᠷᠭᠤᠯᠠᠭᠤᠯᠵᠤ ᠲᠡᠵᠢᠭᠡᠪᠦᠷᠢ ᠶᠢᠨ ᠠᠰᠢᠭ ᠤᠷᠤᠯᠭ᠎ᠠ ᠪᠠᠨ ᠨᠡᠮᠡᠭᠳᠡᠭᠦᠯᠬᠦ ᠶᠢ ᠨᠢ ᠬᠠᠪᠰᠤᠷᠴᠤ᠂ ᠵᠠᠬᠢᠶᠠᠯᠠᠭ᠎ᠠ ᠶᠢᠨ ᠲᠠᠷᠢᠶᠠᠯᠠᠩ ᠢ ᠬᠦᠭᠵᠢᠬᠦᠯᠵᠥ ᠶᠠᠳᠠᠭᠤ ᠬᠦᠴᠢᠷᠳᠡᠯᠲᠡᠢ ᠡᠷᠦᠬᠡ ᠶᠢ ᠲᠤᠰᠬᠠᠶᠢᠵᠢᠬᠰᠠᠨ᠂ ᠪᠠᠷᠢᠮᠵᠢᠶᠠᠵᠢᠬᠰᠠᠠ᠂ ᠬᠡᠪᠴᠢᠶᠡᠵᠢᠭᠰᠡᠨ ᠦᠢᠯᠡᠳᠪᠦᠷᠢᠯᠡᠯ ᠳᠤ ᠤᠷᠤᠯᠴᠠᠭᠤᠯᠵᠥ᠂ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠶᠢᠨ ᠦᠷ᠎ᠠ ᠪᠦᠲᠦᠮᠵᠢ ᠳᠤ ᠲᠦᠰᠢᠭᠯᠡᠨ ︽ᠬᠡᠬᠡᠷ᠎ᠠ ᠶᠢᠨ ᠵᠢᠮᠢᠰ ᠢᠶᠠᠷ ᠠᠷᠠᠳ ᠢ ᠴᠢᠨᠡᠭᠡᠯᠢᠭᠵᠢᠭᠦᠯᠬᠦ︾ ᠠᠵᠤ ᠦᠢᠯᠡᠰ ᠵᠡᠷᠭᠡ ᠶᠢ ᠬᠦᠭᠵᠢᠭᠦᠯᠵᠤ᠂ ᠶᠠᠳᠠᠭᠤ ᠠᠴᠠ ᠠᠩᠭᠢᠵᠢᠷᠠᠭᠤᠯᠬᠤ ᠦᠷ᠎ᠠ ᠪᠦᠲᠦᠮᠵᠢ ᠢᠯᠡᠷᠬᠡᠢ ᠪᠠᠶᠢᠬᠤ ᠶᠢ ᠬᠠᠷᠠᠭᠠᠳ ᠪᠦ᠋ ᠰᠢᠶᠤᠤ ᠯᠢᠨ ᠨᠤᠳᠠᠯᠠᠯᠳᠠ ᠦᠭᠬᠦᠭᠰᠡᠨ ᠪᠠᠶᠢᠨ᠎ᠠ᠃      ᠳ᠋ᠠᠺᠠᠩ ᠠᠵᠤ ᠦᠢᠯᠡᠰ ᠤᠨ ᠬᠦᠷᠢᠶᠡᠯᠡᠩ ᠲᠤᠭᠤᠷᠢᠬ ᠪᠤᠯᠤᠨ ᠪᠢᠷᠠᠭᠤ ᠪᠠᠯᠭᠠᠰᠤ ᠶᠢᠨ ᠭᠤᠸᠠᠩᠮᠢᠩ ᠲᠤᠰᠬᠤᠨ ᠤ ᠤᠨᠳᠤᠤ ᠭᠠᠵᠠᠷ ᠲᠤ ᠨᠡᠭᠦᠯᠭᠡᠨ ᠶᠠᠳᠠᠭᠤ ᠶᠢ ᠲᠡᠳᠭᠦᠵᠤ ᠲᠦᠪᠬᠢᠨᠡᠭᠦᠯᠬᠦ ᠴᠡᠭ ᠲᠤ᠂ ᠪᠦ᠋ ᠰᠢᠶᠤᠤ ᠯᠢᠨ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠡᠷᠦᠬᠡ ᠶᠢ ᠨᠡᠭᠦᠯᠭᠡᠨ ᠲᠦᠪᠬᠢᠨᠡᠭᠦᠯᠦᠭᠰᠡᠨ ᠵᠢᠴᠢ ᠶᠠᠳᠠᠭᠤ ᠶᠢ ᠲᠡᠳᠭᠦᠬᠦ ᠢᠵᠢ ᠪᠦᠷᠢᠳᠦᠭᠦᠯᠬᠦ ᠠᠵᠤ ᠦᠢᠯᠡᠰ ᠢ ᠬᠦᠭᠵᠢᠭᠦᠯᠦᠭᠰᠡᠨ ᠪᠠᠶᠢᠳᠠᠯ ᠢ ᠪᠠᠶᠢᠴᠠᠭᠠᠨ ᠦᠵᠡᠵᠦ ᠴᠢᠬᠤᠯᠠᠴᠢᠯᠠᠬᠤ ᠳᠤ ᠪᠠᠨ᠂ ᠨᠢᠭᠡᠨᠲᠡ ᠨᠡᠭᠦᠯᠭᠡᠭᠰᠡᠨ ᠤᠯᠠᠨ ᠲᠦᠮᠡᠨ ᠢ ᠵᠠᠯᠭᠠᠭ᠎ᠠ ᠪᠠᠷ ᠲᠡᠳᠭᠦᠬᠦ ᠡᠷᠴᠢᠮ ᠢᠶᠠᠨ ᠦᠨᠡᠨ ᠬᠦ ᠴᠢᠩᠭᠠᠷᠠᠭᠤᠯᠵᠤ᠂ ᠲᠦᠪᠬᠢᠨᠡᠭᠦᠯᠦᠭᠰᠡᠨ ᠤᠷᠤᠨ ᠤ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ ᠤᠳᠤ ᠦᠶ᠎ᠠ ᠶᠢᠨ ᠤᠨᠴᠠᠯᠢᠬᠲᠤ ᠦᠨᠳᠦᠷ ᠪᠦᠲᠦᠮᠵᠢᠲᠦ ᠲᠠᠷᠢᠶᠠᠯᠠᠩ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢ ᠡᠳ᠋ᠰᠢᠬᠦᠯᠤᠨ ᠪᠤᠯᠪᠠᠰᠤᠷᠠᠭᠤᠯᠬᠤ ᠦᠢᠯᠡᠰ ᠪᠠ ᠬᠦᠳᠡᠭᠡ ᠲᠤᠰᠬᠤᠨ ᠤ ᠵᠢᠭᠤᠯᠴᠢᠯᠠᠯ ᠵᠡᠷᠭᠡ ᠠᠵᠤ ᠦᠢᠯᠡᠰ ᠢ ᠶᠡᠭᠡ ᠪᠠᠷ ᠬᠦᠭᠵᠢᠭᠦᠯᠵᠦ᠂ ᠨᠡᠭᠦᠯᠭᠡᠭᠰᠡᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠤᠯᠤᠨ ᠠᠮᠤᠷ ᠲᠦᠪᠰᠢᠨ ᠤ ᠲᠦᠷᠦᠭᠳᠡᠯ ᠢ ᠳᠡᠭᠡᠭᠰᠢᠯᠡᠭᠦᠯᠵᠦ᠂ ᠨᠡᠭᠦᠯᠭᠡᠵᠦ ᠳᠡᠶᠢᠯᠬᠦ᠂ ᠲᠤᠬᠲᠠᠭᠤᠨ ᠪᠠᠶᠢᠯᠭᠠᠵᠤ ᠳᠡᠶᠢᠯᠬᠦ᠂ ᠶᠠᠳᠠᠭᠤ ᠠᠴᠠ ᠠᠩᠭᠢᠵᠢᠷᠠᠭᠤᠯᠵᠤ ᠳᠡᠶᠢᠯᠬᠦ ᠶᠢ ᠪᠠᠲᠤᠯᠠᠬᠤ ᠬᠡᠷᠡᠭᠲᠡᠢ ᠭᠡᠪᠠ᠃      ᠪᠦ᠋ ᠰᠢᠶᠤᠤ ᠯᠢᠨ ᠪᠠᠰᠠ ᠰᠠᠷᠠᠨᠲᠤᠶᠠᠭ᠎ᠠ ᠵᠡᠷᠭᠡ ᠨᠢᠭᠡᠨᠲᠡ ᠶᠠᠳᠠᠭᠤ ᠠᠴᠠ ᠠᠩᠬᠢᠵᠢᠷᠠᠬᠰᠠᠨ 6 ᠮᠠᠯᠴᠢᠨ ᠲᠠᠷᠢᠶᠠᠴᠢᠨ ᠠᠶᠢᠯ ᠳᠤ ᠲᠤᠰ ᠲᠤᠰ ᠬᠦᠷᠴᠦ᠂ ᠶᠠᠳᠠᠭᠤᠷᠠᠬᠰᠠᠨ ᠰᠢᠯᠲᠠᠭᠠᠨ᠂ ᠬᠠᠪᠰᠤᠷᠤᠨ ᠳᠡᠳᠬᠦᠭᠰᠡᠨ ᠠᠷᠭ᠎ᠠ ᠬᠡᠮᠵᠢᠶ᠎ᠡ᠂ ᠠᠵᠤ ᠦᠢᠯᠡᠰ ᠤᠨ ᠳᠠᠶᠢᠴᠢᠯᠠᠯᠲᠠ᠂ ᠡᠮᠴᠢᠯᠡᠭᠡᠨ ᠤ ᠪᠠᠲᠤᠯᠠᠭ᠎ᠠ ᠵᠡᠷᠭᠡ ᠪᠠᠶᠢᠳᠠᠯ ᠢ ᠨᠢ ᠤᠶᠢᠯᠠᠭᠠᠪᠠ᠃ ᠪᠠᠶᠢᠳᠠᠯ ᠢ ᠤᠶᠢᠯᠠᠭᠠᠬᠤ ᠶᠠᠪᠤᠴᠠ ᠳᠤᠮᠳᠠ ᠤᠯᠠᠨ ᠢᠶᠠᠷ ᠢᠶᠠᠨ ᠠᠵᠤ ᠦᠢᠯᠡᠰ ᠤᠨ ᠳᠠᠶᠢᠴᠢᠯᠠᠯᠲᠠ ᠶᠢ ᠦᠷᠬᠦᠯᠵᠢᠯᠡᠨ ᠬᠦᠷᠲᠡᠬᠦ ᠬᠦᠰᠡᠯ ᠡᠷᠡᠮᠡᠯᠵᠡᠯ ᠢᠶᠠᠨ ᠢᠯᠡᠳᠬᠡᠵᠦ᠂ ᠪᠦ᠋ ᠰᠢᠶᠤᠤ ᠯᠢᠨ ᠬᠤᠯᠪᠤᠬᠳᠠᠯ ᠪᠦᠬᠦᠢ ᠠᠵᠢᠯᠲᠠᠨ ᠳᠤ ᠵᠠᠬ᠎ᠠ ᠳᠡᠯᠭᠡᠭᠦᠷ ᠤᠨ ᠪᠠᠶᠢᠴᠠᠭᠠᠨ ᠰᠤᠳᠤᠯᠤᠯᠳᠠ ᠶᠢ ᠰᠠᠶᠢᠳᠤᠷ ᠬᠢᠵᠦ᠂ ᠲᠤᠬᠠᠢ ᠶᠢᠨ ᠭᠠᠵᠠᠷ ᠲᠤ ᠨᠢ ᠳᠤᠬᠢᠷᠠᠭᠤᠯᠤᠨ ᠶᠠᠳᠠᠭᠤ ᠶᠢ ᠳᠡᠳᠬᠦᠬᠦ ᠠᠵᠤ ᠦᠢᠯᠡᠰ ᠢ ᠬᠦᠭᠵᠢᠭᠦᠯᠵᠤ᠂ ᠮᠠᠯᠵᠢᠬᠤ ᠲᠠᠷᠢᠶᠠᠯᠠᠬᠤ ᠡᠷᠦᠬᠡ ᠶᠢᠨ ᠤᠷᠤᠯᠭ᠎ᠠ ᠶᠢᠨ ᠲᠤᠬᠲᠠᠭᠤᠨ ᠨᠡᠮᠡᠭᠳᠡᠯ ᠢ ᠠᠬᠢᠭᠤᠯᠬᠤ ᠬᠡᠷᠡᠭᠲᠡᠢ ᠭᠡᠵᠦ ᠰᠠᠨᠠᠭᠤᠯᠵᠠᠢ᠃     ᠪᠦ᠋ ᠰᠢᠶᠤᠤ ᠯᠢᠨ ᠵᠢᠭᠠᠵᠤ ᠭᠠᠷᠭᠠᠬᠤ ᠳᠤ ᠪᠠᠨ᠂ ᠡᠨᠡ ᠵᠢᠯ ᠪᠤᠯ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠵᠠᠩᠬᠢᠯᠠᠭ᠎ᠠ ᠶᠢᠨ ᠨᠢᠭᠡ ᠵᠢᠯ ᠮᠦᠨ᠂ ᠠᠵᠤ ᠦᠢᠯᠡᠰ ᠢ ᠪᠤᠶᠢᠵᠢᠭᠤᠯᠬᠤ ᠶᠢ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠦᠨᠳᠦᠰᠦᠨ ᠭᠠᠷᠬᠤ ᠵᠠᠮ ᠢᠶᠠᠨ ᠪᠤᠯᠭᠠᠨ᠂ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠶᠢ ᠭᠤᠤᠯ ᠰᠢᠪᠲᠤᠯᠤᠯᠲᠠ ᠶᠢᠨ ᠴᠢᠭᠯᠡᠯ ᠢᠶᠠᠨ ᠪᠤᠯᠭᠠᠵᠤ᠂ ᠲᠦᠯᠦᠪᠵᠢᠭᠦᠯᠭᠡ ᠪᠠᠶᠢᠷᠢᠯᠠᠭᠤᠯᠤᠯᠲᠠ ᠪᠠ ᠬᠠᠪᠰᠤᠷᠤᠨ ᠳᠡᠳᠬᠦᠬᠦ ᠲᠦᠷᠦ ᠶᠢᠨ ᠪᠤᠳᠤᠯᠭ᠎ᠠ ᠪᠠᠨ ᠲᠡᠭᠦᠯᠳᠡᠷᠵᠢᠭᠦᠯᠤᠨ᠂ ᠠᠵᠤ ᠦᠢᠯᠡᠰ ᠤᠨ ᠬᠦᠭᠵᠢᠯᠲᠡ ᠬᠢᠬᠡᠳ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠶᠠᠳᠠᠭᠤ ᠠᠴᠠ ᠠᠩᠬᠢᠵᠢᠷᠠᠬᠤ ᠶᠢᠨ ᠵᠤᠯᠭᠠᠯᠴᠠᠭ᠎ᠠ ᠶᠢ ᠠᠬᠢᠭᠤᠯᠵᠤ᠂ ᠡᠷᠦᠬᠡ ᠪᠤᠯᠭᠠᠨ ᠤᠷᠤᠯᠭ᠎ᠠ ᠪᠠᠨ ᠨᠡᠮᠡᠭᠳᠡᠭᠦᠯᠬᠦ ᠲᠦᠷᠦᠯ ᠵᠦᠢᠯ ᠲᠠᠢ᠂ ᠬᠦᠮᠦᠨ ᠪᠦᠷᠢ ᠶᠠᠳᠠᠭᠤ ᠠᠴᠠ ᠠᠩᠬᠢᠵᠢᠷᠠᠬᠤ ᠠᠷᠭ᠎ᠠ ᠵᠠᠮ ᠲᠠᠢ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠠᠵᠤ ᠦᠢᠯᠡᠰ ᠤᠨ ᠬᠦᠭᠵᠢᠯᠲᠡ ᠪᠠᠷ ᠶᠠᠳᠠᠭᠤ ᠬᠦᠴᠢᠷᠳᠡᠯᠲᠡᠢ ᠬᠦᠮᠦᠨ ᠠᠮᠠ ᠳᠤ ᠠᠰᠢᠬ ᠬᠦᠷᠲᠡᠭᠡᠵᠦ᠂ ᠶᠠᠳᠠᠭᠤ ᠠᠴᠠ ᠨᠢ ᠠᠩᠬᠢᠵᠢᠷᠠᠭᠤᠯᠤᠨ ᠪᠠᠶᠠᠵᠢᠭᠤᠯᠬᠤ ᠬᠡᠷᠡᠭᠲᠡᠢ ᠭᠡᠪᠠ᠃      ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶᠠᠨ ᠤ ᠱᠦᠵᠢ ᠳ᠋ᠤᠸᠠᠨ ᡁᠢ ᠴᠢᠶᠠᠩ ᠵᠢᠴᠢ ᠦᠪᠡᠷᠲᠡᠭᠡᠨ ᠵᠠᠰᠠᠬᠤ ᠤᠷᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠳᠠ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号