ᠦᠪᠡᠷᠳᠡᠬᠡᠨ ᠵᠠᠰᠠᠬᠤ ᠤᠷᠤᠨ ᠤ ᠮᠡᠷᠬᠡᠵᠢᠯ ᠢ ᠰᠢᠯᠵᠢᠬᠦᠯᠬᠦ ᠰᠢᠰᠲ᠋ᠧᠮᠵᠢ ᠶᠢ ᠪᠦᠳᠦᠬᠡᠨ ᠪᠠᠶᠢᠭᠤᠯᠬᠤ ᠶᠢᠨ ᠬᠡᠷᠡᠭᠵᠢᠬᠦᠯᠬᠦ ᠲᠦᠰᠦᠯ ᠢ ᠲᠠᠷᠤᠮᠠᠯᠯᠠᠨ ᠶᠠᠪᠤᠭᠤᠯᠬᠤ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ
ᠨᠡᠶᠢᠲᠡᠯᠡᠭᠰᠡᠨ ᠴᠠᠭ᠄
2019/4/16
                        ᠦᠪᠦᠷ ᠵᠠᠰᠠᠭ ᠲᠠᠷᠬᠠᠭᠠᠭᠰᠠᠨ ﹇2018﹈ 44 ᠳ᠋ᠤᠭᠡᠷ ᠲᠣᠭᠠᠲᠤ                                       ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ᠂ ᠦᠪᠡᠷᠳᠡᠬᠡᠨ ᠵᠠᠰᠠᠬᠤ ᠤᠷᠤᠨ ᠤ ᠡᠯ᠎ᠡ ᠵᠦᠪᠯᠡᠯ᠂ ᠠᠯᠪᠠᠨ ᠬᠡᠷ᠂ ᠲᠢᠩᠬᠢᠮ᠂ ᠲᠤᠪᠴᠢᠶ᠎ᠡ᠂ ᠡᠯ᠎ᠡ ᠲᠤᠮᠤ ᠠᠵᠦ ᠠᠬᠤᠶᠢᠯᠠᠯ᠂ ᠠᠵᠢᠯ ᠦᠢᠯᠡᠰ ᠤᠨ ᠨᠢᠬᠡᠴᠢ ᠳᠤ᠄      ᠡᠳᠦᠬᠡ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠮᠡᠷᠬᠡᠵᠢᠯ ᠢ ᠰᠢᠯᠵᠢᠬᠦᠯᠬᠦ ᠰᠢᠰᠲ᠋ᠧᠮᠵᠢ ᠶᠢ ᠪᠦᠳᠦᠬᠡᠨ ᠪᠠᠶᠢᠭᠤᠯᠬᠤ ᠶᠢᠨ ᠬᠡᠷᠡᠭᠵᠢᠬᠦᠯᠬᠦ ᠲᠦᠰᠦᠯ︾ ᠢ ᠲᠠ ᠨᠠᠷ ᠲᠤ ᠲᠠᠷᠤᠮᠠᠯᠯᠠᠨ ᠶᠠᠪᠤᠭᠤᠯᠤᠯ᠎ᠠ᠂ ᠪᠤᠳᠠᠳᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠵᠤᠬᠢᠶᠠᠨ ᠪᠠᠶᠢᠭᠤᠯᠵᠦ ᠬᠡᠷᠡᠭᠵᠢᠬᠦᠯᠳᠦᠭᠦᠢ᠃              ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠮᠡᠷᠬᠡᠵᠢᠯ ᠢ ᠰᠢᠯᠵᠢᠬᠦᠯᠬᠦ              ᠰᠢᠰᠲ᠋ᠧᠮᠵᠢ ᠶᠢ ᠪᠦᠳᠦᠬᠡᠨ ᠪᠠᠶᠢᠭᠤᠯᠬᠤ ᠶᠢᠨ ᠬᠡᠷᠡᠭᠵᠢᠬᠦᠯᠬᠦ ᠲᠦᠰᠦᠯ      ᠦᠪᠡᠷᠳᠡᠬᠡᠨ ᠵᠠᠰᠠᠬᠤ ᠤᠷᠤᠨ ᠤ ᠮᠡᠷᠬᠡᠵᠢᠯ ᠢ ᠰᠢᠯᠵᠢᠬᠦᠯᠬᠦ ᠰᠢᠰᠲ᠋ᠧᠮᠵᠢ ᠪᠤᠯ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠦᠷ᠎ᠡ ᠪᠦᠳᠦᠬᠡᠯ ᠤᠨ ᠦᠷᠭᠦᠯᠵᠢᠳᠡ ᠪᠤᠢ ᠪᠤᠯᠬᠤ ᠶᠢ ᠠᠬᠢᠭᠤᠯᠵᠦ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠦᠷ᠎ᠡ ᠪᠦᠳᠦᠬᠡᠯ ᠪᠠ ᠬᠡᠷᠡᠭᠯᠡᠬᠡᠨ ᠳᠤ ᠲᠤᠬᠢᠷᠠᠬᠤ ᠲᠡᠷᠢᠬᠦᠨ ᠤ ᠮᠡᠷᠬᠡᠵᠢᠯ ᠢ ᠦᠪᠦᠷ ᠮᠤᠩᠭᠤᠯ ᠳᠤ ᠲᠡᠯᠬᠡᠷᠡᠬᠦᠯᠬᠦ᠂ ᠭᠦᠢᠯᠬᠡᠬᠡᠬᠦ᠂ ᠬᠠᠮᠳᠤ ᠳᠤ ᠪᠠᠨ ᠭᠦᠷᠳᠡᠬᠦ᠂ ᠬᠡᠷᠡᠭᠯᠡᠬᠦ ᠶᠢ ᠠᠬᠢᠭᠤᠯᠬᠤ ᠶᠢᠨ ᠬᠠᠮᠳᠤ ᠠᠵᠦ ᠠᠬᠤᠢ ᠬᠢᠬᠡᠳ ᠨᠡᠶᠢᠬᠡᠮ ᠤᠨ ᠦᠷᠳᠡᠭ ᠢ ᠪᠡᠶᠡᠯᠡᠬᠦᠯᠬᠦ ᠠᠮᠢ ᠠᠬᠤᠢ ᠶᠢᠨ ᠰᠢᠰᠲ᠋ᠧᠮ ᠪᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠢ ᠰᠢᠯᠵᠢᠭᠦᠯᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠬᠦᠯᠬᠦ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠪᠠ ᠬᠡᠷᠡᠭᠯᠡᠬᠡᠨ ᠳᠤ ᠲᠤᠬᠢᠷᠠᠬᠤ ᠲᠡᠷᠢᠬᠦᠨ ᠤ ᠮᠡᠷᠬᠡᠵᠢᠯ ᠢ ᠰᠢᠯᠵᠢᠭᠦᠯᠦᠨ ᠤᠯᠠᠷᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ︽ᠤᠯᠤᠰ ᠤᠨ ᠮᠡᠷᠬᠡᠵᠢᠯ ᠢ ᠰᠢᠯᠵᠢᠬᠦᠯᠬᠦ ᠰᠢᠰᠲ᠋ᠧᠮᠵᠢ ᠶᠢ ᠪᠦᠳᠦᠬᠡᠨ ᠪᠠᠶᠢᠭᠤᠯᠬᠤ ᠲᠦᠰᠦᠯ ᠢ ᠲᠠᠷᠤᠮᠠᠯᠯᠠᠨ ᠶᠠᠪᠤᠭᠤᠯᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ﹇2017﹈ 44 ᠳ᠋ᠤᠬᠡᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠬᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠢ ᠰᠢᠯᠵᠢᠭᠦᠯᠬᠦ ᠰᠢᠰᠲ᠋ᠧᠮᠵᠢ ᠶᠢ ᠲᠦᠷᠭᠡᠪᠴᠢᠯᠡᠨ ᠪᠦᠳᠦᠬᠡᠨ ᠪᠠᠶᠢᠭᠤᠯᠬᠤ ᠪᠠ ᠲᠡᠭᠦᠯᠳᠡᠷᠵᠢᠬᠦᠯᠬᠦ ᠶᠢᠨ ᠲᠤᠰᠠᠳᠠ᠂ ᠤᠨᠴᠠᠭᠠᠶᠢᠯᠠᠨ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃       ᠨᠢᠬᠡ᠂ ᠶᠡᠷᠦᠩᠬᠡᠢ ᠱᠠᠭᠠᠷᠳᠠᠯᠭ᠎ᠠ      ︵ᠨᠢᠬᠡ︶ ᠵᠢᠯᠤᠭᠤᠳᠬᠤ ᠦᠵᠡᠯ ᠰᠠᠨᠠᠭ᠎ᠠ      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠳᠠᠯᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠳᠡ ᠶᠢᠨ ᠲᠤᠬᠠᠶ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠦ᠂ ᠰᠢᠨ᠎ᠡ ᠬᠥᠭᠵᠢᠯᠲᠡ ᠶᠢᠨ ᠤᠨᠤᠯᠵᠢᠬᠤᠨ ᠢ ᠪᠠᠲᠤ ᠪᠤᠢ ᠪᠤᠯᠭᠠᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠨᠨᠰᠠᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠶ ᠬᠡᠷᠡᠭᠵᠢᠬᠦᠯᠦᠨ᠂ ᠳᠦᠷᠦ ᠶᠢᠨ ᠪᠤᠳᠤᠯᠭ᠎ᠠ ᠶᠢ ᠲᠦᠭᠦᠷᠵᠢᠬᠦᠯᠬᠦ ᠪᠠ ᠰᠢᠰᠲ᠋ᠧᠮᠵᠢ ᠶᠢ ᠬᠠᠮᠵᠢᠯᠴᠠᠭᠤᠯᠬᠤ ᠪᠠᠨ ᠴᠢᠩᠭᠠᠳᠬᠠᠵᠦ᠂ ᠮᠡᠷᠭᠡᠵᠢᠯ ᠢ ᠰᠢᠯᠵᠢᠬᠦᠯᠬᠦ ᠲᠠᠯ᠎ᠠ ᠪᠠᠷ ᠬᠢ ᠰᠢᠨ᠎ᠡ ᠶᠢ ᠡᠭᠦᠳᠬᠦ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠭᠦᠭᠵᠢᠬᠡᠨ᠂ ᠮᠡᠷᠭᠡᠵᠢᠯ ᠤᠨ ᠬᠠᠩᠭᠠᠯᠭ᠎ᠠ ᠬᠡᠷᠡᠭᠴᠡᠭᠡ ᠶᠢ ᠵᠠᠯᠭᠠᠯᠳᠤᠭᠤᠯᠬᠤ ᠪᠠ ᠥᠨᠳᠥᠷ ᠪᠦᠲᠦᠮᠵᠢᠲᠡᠶ ᠪᠠᠷ ᠰᠢᠯᠵᠢᠬᠦᠯᠬᠦ ᠶᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠪᠦᠲᠦᠴᠡ ᠶᠢᠨ ᠬᠡᠯᠪᠡᠷᠢ ᠶᠢ ᠪᠠᠨ ᠬᠤᠪᠢᠷᠠᠭᠤᠯᠤᠨ ᠲᠠᠰ ᠲᠡᠪᠰᠢᠬᠦᠯᠬᠦ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠤᠨ ᠬᠤᠪᠢᠰᠤᠯᠲᠠ᠂ ᠦᠷ᠎ᠡ ᠪᠦᠲᠦᠮᠵᠢ ᠶᠢᠨ ᠬᠤᠪᠢᠰᠤᠯᠲᠠ᠂ ᠭᠦᠳᠡᠯᠬᠡᠭᠴᠢ ᠬᠦᠴᠦᠨ ᠤ ᠬᠤᠪᠢᠰᠤᠯᠲᠠ ᠶᠢ ᠠᠬᠢᠭᠤᠯᠬᠤ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃      ︵ᠬᠤᠶᠠᠷ︶ ᠦᠨᠳᠦᠰᠦᠨ ᠵᠠᠷᠴᠢᠮ      ᠥᠭᠡᠷᠡᠴᠢᠯᠡᠯᠲᠡ ᠪᠠᠷ ᠬᠥᠲᠥᠯᠥᠨ ᠳᠠᠭᠠᠭᠤᠯᠵᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠤᠯᠭᠠᠨ᠎ᠠ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠨᠨᠰᠠᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠬᠡᠶᠢᠷᠡᠬᠦᠯᠬᠦ ᠪᠠᠷ ᠭᠦᠳᠦᠯᠦᠨ ᠲᠠᠭᠠᠭᠤᠯᠤᠨᠨᠴᠢ ᠪᠤᠯᠭᠠᠵᠦ᠂ ᠮᠡᠷᠭᠡᠵᠢᠯ ᠢ ᠰᠢᠯᠵᠢᠬᠦᠯᠬᠦ ᠶᠢ ᠠᠬᠢᠭᠤᠯᠬᠤ ᠶᠠᠪᠤᠴᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠪᠠᠳᠠᠷᠠᠭᠤᠯᠤᠨ᠂ ᠮᠡᠷᠭᠡᠵᠢᠯ ᠢ ᠰᠢᠯᠵᠢᠭᠦᠯᠬᠦ ᠳᠤ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠪᠠ ᠠᠰᠢᠭ ᠲᠤᠰᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠪᠠᠶᠢᠭᠤᠯᠵᠤ᠂ ᠡᠯ᠎ᠡ ᠲᠦᠷᠦᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠮᠡᠷᠭᠡᠵᠢᠯ ᠢ ᠰᠢᠯᠵᠢᠭᠦᠯᠬᠦ ᠠᠮᠢᠵᠢᠷᠠᠯ ᠤᠨ ᠬᠦᠴᠦᠨ ᠢ ᠨᠢ ᠭᠦᠭᠵᠢᠬᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠪᠤᠯᠤᠨ ᠬᠡᠷᠡᠭᠯᠡᠭᠡᠨ ᠳᠤ ᠲᠤᠬᠢᠷᠠᠬᠤ ᠲᠡᠷᠢᠬᠦᠨ ᠤ ᠮᠡᠷᠭᠡᠵᠢᠯ ᠤᠨ ᠬᠠᠩᠭᠠᠯᠭ᠎ᠠ ᠬᠡᠷᠡᠭᠴᠡᠭᠡ ᠶᠢ ᠵᠠᠯᠭᠠᠯᠳᠤᠭᠤᠯᠬᠤ ᠪᠠ ᠦᠢᠯᠡᠳᠪᠦᠷᠢᠯᠡᠬᠦ ᠵᠢᠭᠠᠬᠤ ᠰᠤᠳᠤᠯᠬᠤ ᠶᠢᠨ ᠨᠢᠭᠲᠠ ᠤᠶᠠᠯᠳᠤᠬᠤ ᠶᠢ ᠠᠬᠢᠭᠤᠯᠤᠨ᠎ᠠ᠃      ᠳᠤᠲᠠᠭᠤᠳᠠᠯ ᠢ ᠨᠥᠬᠦᠪᠥᠷᠢᠯᠡᠵᠦ᠂ ᠰᠢᠨ᠎ᠠ ᠡᠭᠦᠳᠦᠯᠳᠡ ᠲᠠᠢ ᠪᠠᠷ ᠭᠦᠭᠵᠢᠬᠦᠯᠦᠨ᠎ᠠ᠃ ᠮᠡᠷᠭᠡᠵᠢᠯ ᠢ ᠰᠢᠯᠵᠢᠭᠦᠯᠬᠦ ᠰᠢᠰᠲ᠋ᠧᠮᠵᠢ ᠶᠢᠨ ᠪᠠᠭᠤᠷᠠᠶ ᠲᠠᠯ᠎ᠠ ᠪᠠ ᠵᠠᠩᠭᠢᠯᠠᠭ᠎ᠠ ᠶᠢᠨ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠬᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠬᠡᠨ ᠤ ᠦᠢᠯᠡᠰ ᠢ ᠶᠡᠭᠡ ᠪᠠᠷ ᠭᠦᠭᠵᠢᠬᠦᠯᠦᠨ᠂ ᠮᠡᠷᠭᠡᠵᠢᠯ ᠤᠨ ᠰᠤᠯᠢᠯᠴᠠᠭᠠᠨ ᠤ ᠤᠯᠠᠨ ᠨᠡᠶᠢᠳᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠦ᠂ ᠮᠡᠷᠭᠡᠵᠢᠯ ᠢ ᠰᠢᠯᠵᠢᠭᠦᠯᠬᠦ ᠲᠤᠰᠬᠠᠶᠢᠵᠢᠨᠨᠰᠠᠨ ᠴᠢᠳᠠᠪᠤᠷᠢᠲᠠᠨ ᠢ ᠬᠥᠮᠦᠵᠢᠭᠦᠯᠬᠦ ᠪᠠᠨ ᠴᠢᠩᠭᠠᠳᠬᠠᠨ᠂ ᠮᠡᠷᠭᠡᠵᠢᠯ ᠢ ᠰᠢᠯᠵᠢᠭᠦᠯᠬᠦ ᠦᠢᠯᠡᠴᠢᠯᠡᠬᠡᠨ ᠤ ᠪᠠᠶᠢᠭᠤᠯᠤᠮᠵᠢ ᠶᠢ ᠭᠦᠳᠦᠯᠦᠨ ᠵᠢᠯᠤᠭᠤᠳᠴᠤ ᠪᠠᠶᠢᠭᠠᠳ ᠵᠠᠬ᠎ᠠ ᠲᠡᠯᠬᠡᠭᠦᠷᠴᠢᠯᠡᠬᠦ᠂ ᠲᠤᠰᠬᠠᠶᠢᠵᠢᠬᠤ ᠴᠢᠭᠯᠡᠯ ᠲᠠᠢ ᠪᠠᠷ ᠭᠦᠭᠵᠢᠬᠦᠯᠦᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠬᠡᠬᠡ ᠶᠢ ᠶᠡᠭᠡ ᠪᠠᠷ ᠭᠦᠭᠵᠢᠬᠦᠯᠵᠦ᠂ ᠦᠢᠯᠡᠰ ᠴᠣᠭᠴᠠᠯᠠᠬᠤ ᠪᠠᠷ ᠤᠷᠤᠭᠤᠯᠤᠨᠨᠰᠠᠨ ᠪᠡᠯᠡ ᠮᠦᠩᠭᠦ ᠶᠢᠨ ᠪᠤᠴᠠᠭᠠᠨ ᠭᠠᠷᠭᠠᠬᠤ ᠲᠣᠭᠲᠠᠴᠠ ᠶᠢ ᠲᠡᠭᠦᠯᠳᠡᠷᠵᠢᠬᠦᠯᠦᠨ᠂ ᠮᠡᠷᠭᠡᠵᠢᠯ᠂ ᠭᠦᠷᠦᠩᠬᠡ ᠂ ᠴᠢᠳᠠᠪᠤᠷᠢᠲᠠᠨ ᠵᠡᠷᠭᠡ ᠴᠢᠬᠤᠯᠠ ᠭᠦᠴᠦᠨ ᠵᠦᠢᠯ ᠤᠳ ᠤᠨ ᠵᠠᠬ᠎ᠠ ᠳᠡᠯᠭᠡᠭᠦᠷ ᠲᠠᠢ ᠠᠭᠤᠰᠤᠯᠴᠠᠨ ᠵᠠᠯᠭᠠᠯᠳᠤᠬᠤ ᠶᠢ ᠠᠬᠢᠭᠤᠯᠵᠦ᠂ ᠮᠡᠷᠭᠡᠵᠢᠯ ᠢ ᠰᠢᠯᠵᠢᠬᠦᠯᠦᠨ ᠰᠤᠯᠢᠯᠴᠠᠬᠤ ᠬᠡᠯᠬᠢᠶ᠎ᠡ᠂ ᠬᠠᠮᠳᠤᠷᠠᠨ ᠠᠵᠢᠯᠯᠠᠬᠤ ᠬᠡᠯᠬᠢᠶ᠎ᠡ᠂ ᠦᠢᠯᠡᠴᠢᠯᠡᠬᠦ ᠬᠡᠯᠬᠢᠶ᠎ᠡ ᠶᠢ ᠪᠠᠶᠢᠭᠤᠯᠤᠨ᠎ᠠ᠃      ᠵᠠᠰᠠᠭ ᠤᠨ ᠣᠷᠳᠣᠨ ᠠᠴᠠ ᠬᠥᠲᠥᠯᠦᠨ ᠵᠢᠯᠤᠭᠤᠳᠴᠤ᠂ ᠨᠡᠭᠡᠭᠡᠯᠲᠡ ᠬᠢᠵᠦ ᠬᠠᠮᠵᠢᠯᠴᠠᠨ᠎ᠠ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠨᠦᠭᠦᠴᠡᠯ ᠢ ᠡᠭᠦᠳᠦᠨ ᠪᠦᠳᠦᠬᠡᠬᠦ ᠪᠠ ᠴᠢᠨᠠᠷ ᠰᠠᠶᠢᠲᠠᠶ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠲᠡᠶᠢᠰᠢ ᠬᠤᠪᠢᠷᠠᠭᠠᠬᠤ ᠶᠢ ᠲᠦᠯᠬᠢᠨ ᠠᠬᠢᠭᠤᠯᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠭᠤᠤᠯ ᠪᠣᠯᠭᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠬᠠᠩᠭᠠᠬᠤ ᠂ ᠰᠤᠯᠢᠯᠴᠠᠬᠤ ᠪᠠ ᠡᠬᠢ ᠪᠠᠶᠠᠯᠢᠭ ᠢ ᠲᠣᠬᠢᠷᠠᠭᠤᠯᠬᠤ ᠲᠥᠷᠥ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠂ ᠲᠦᠭᠡᠮᠡᠯ ᠬᠠᠷᠠᠭᠠᠯᠵᠠᠬᠤ ᠴᠢᠨᠠᠷᠲᠠᠢ ᠲᠡᠮᠵᠢᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠬᠦᠯᠬᠦ ᠪᠠ ᠨᠠᠶᠢᠳᠠᠪᠤᠷᠢᠵᠢᠭᠤᠯᠤᠨ᠎ᠠ᠃ ᠪᠡᠭᠡᠵᠢᠩ ᠲᠢᠶᠠᠨᠵᠢᠨ ᠾᠧᠪᠸᠢ ᠶᠢᠨ ᠵᠤᠬᠢᠴᠠᠯᠳᠤᠨ ᠬᠥᠭᠵᠢᠬᠦ ᠵᠡᠷᠭᠡ ᠪᠠᠶᠢᠯᠳᠤᠬᠤ ᠪᠣᠳᠣᠯᠭ᠎ᠠ ᠳᠤ ᠢᠳᠡᠪᠬᠢᠳᠡᠢ ᠤᠷᠤᠯᠴᠠᠵᠦ᠂ ᠮᠡᠷᠭᠡᠵᠢᠯ ᠢ ᠰᠢᠯᠵᠢᠬᠦᠯᠬᠦ ᠲᠠᠯ᠎ᠠ ᠪᠠᠷ ᠨᠡᠭᠡᠭᠡᠯᠲᠡ ᠬᠢᠬᠦ ᠪᠠ ᠬᠠᠮᠲᠤᠷᠠᠨ ᠠᠵᠢᠯᠯᠠᠬᠤ ᠡᠷᠴᠢᠮ ᠢᠶᠠᠨ ᠴᠢᠩᠭᠠᠷᠠᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠪᠠ ᠬᠡᠷᠡᠭᠯᠡᠭᠡᠨ ᠳᠤ ᠲᠤᠬᠢᠷᠠᠬᠤ ᠲᠡᠷᠢᠬᠦᠨ ᠤ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠳᠤ ᠠᠰᠢᠨᠨᠳᠠᠢ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃      ︵ᠭᠤᠷᠪᠠ︶ ᠪᠦᠳᠦᠭᠡᠨ ᠪᠠᠶᠢᠭᠤᠯᠬᠤ ᠬᠠᠷᠠᠯᠲᠠ      2020 ᠣᠨ ᠪᠣᠯᠬᠤ ᠳᠤ᠂ ᠰᠢᠨ᠎ᠡ ᠪᠠᠶᠢᠳᠠᠯ ᠳᠤ ᠵᠤᠬᠢᠴᠬᠠᠰᠠᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠢ ᠰᠢᠯᠵᠢᠭᠦᠯᠬᠦ ᠰᠢᠰᠲ᠋ᠧᠮᠵᠢ ᠶᠢ ᠦᠨᠳᠦᠰᠦᠨ ᠳᠤ ᠪᠠᠨ ᠪᠠᠶᠢᠭᠤᠯᠵᠤ᠂ ᠣᠷᠣᠨ ᠤ ᠳᠣᠲᠣᠷ᠎ᠠ ᠭᠠᠳᠠᠨᠠᠬᠢ ᠬᠤᠯᠪᠤᠭᠠᠯᠠᠨ ᠨᠡᠪᠳᠡᠷᠡᠯᠴᠡᠬᠦ ᠮᠡᠷᠭᠡᠵᠢᠯ ᠤᠨ ᠵᠠᠬ᠎ᠠ ᠳᠡᠯᠭᠡᠭᠦᠷ ᠢ ᠠᠩᠬ᠎ᠠ ᠠᠯᠬᠤᠮ ᠪᠦᠷᠢᠯᠳᠦᠬᠦᠯᠦᠨ᠂ ᠵᠠᠬ᠎ᠠ ᠳᠡᠯᠭᠡᠭᠦᠷᠴᠢᠯᠡᠭᠰᠡᠨ ᠮᠡᠷᠭᠡᠵᠢᠯ ᠢ ᠰᠢᠯᠵᠢᠭᠦᠯᠬᠦ ᠪᠠᠶᠢᠭᠤᠯᠤᠮᠵᠢ᠂ ᠲᠤᠰᠬᠠᠶᠢᠵᠢᠨᠨᠰᠠᠨ ᠮᠡᠷᠭᠡᠵᠢᠯ ᠢ ᠰᠢᠯᠵᠢᠭᠦᠯᠬᠦ ᠴᠢᠳᠠᠪᠤᠷᠢᠲᠠᠨ ᠤ ᠡᠩᠨᠡᠭᠡ ᠶᠢ ᠬᠥᠭᠵᠢᠭᠦᠯᠦᠨ ᠪᠤᠵᠠᠭᠠᠶᠢᠷᠠᠭᠤᠯᠵᠤ᠂ ᠮᠡᠷᠭᠡᠵᠢᠯ ᠢ ᠰᠢᠯᠵᠢᠭᠦᠯᠬᠦ ᠵᠠᠮ ᠮᠦᠷ ᠢ ᠤᠯᠠᠮ ᠰᠢᠯᠤᠭᠤᠳᠬᠠᠨ᠂ ᠪᠥᠬᠦ ᠣᠷᠣᠨ ᠳᠠᠬᠢ ᠮᠡᠷᠭᠡᠵᠢᠯ ᠤᠨ ᠬᠡᠷ᠎ᠡ ᠪᠠᠷ ᠰᠤᠯᠢᠯᠴᠬᠠᠰᠠᠨ ᠲᠤᠭ᠎ᠠ ᠶᠢ ᠮᠡᠳᠡᠭᠳᠡᠬᠦ᠋ᠢᠴᠡ ᠲᠡᠬᠡᠭᠰᠢᠯᠡᠬᠦᠯᠵᠦ᠂ ᠥᠪᠡᠷᠲᠡᠭᠡᠨ ᠵᠠᠰᠠᠬᠤ ᠣᠷᠣᠨ ᠤ ᠲᠡᠰ ᠤᠨ ᠮᠡᠷᠭᠡᠵᠢᠯ ᠢ ᠰᠢᠯᠵᠢᠭᠦᠯᠬᠦ ᠶᠢᠨ ᠵᠢᠱᠢᠶ᠎ᠡ ᠦᠵᠡᠭᠦᠯᠬᠦ ᠪᠠᠶᠢᠭᠤᠯᠤᠮᠵᠢ ᠶᠢ 20 ᠠᠴᠠ ᠲᠡᠬᠡᠭᠰᠢ ᠪᠠᠶᠢᠭᠤᠯᠤᠨ᠂ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ᠂ ᠭᠠᠵᠠᠷ ᠣᠷᠣᠨ ᠳᠤ ᠬᠠᠨᠳᠤᠭᠤᠯᠤᠨᠨᠰᠠᠨ ᠤᠯᠠᠨ ᠤᠯᠤᠰ ᠤᠨ ᠮᠡᠷᠭᠡᠵᠢᠯ ᠢ ᠰᠢᠯᠵᠢᠭᠦᠯᠬᠦ ᠠᠵᠢᠯ ᠢ ᠥᠷᠭᠡᠨ ᠢᠶᠠᠷ ᠥᠷᠨᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠪᠠ ᠬᠡᠷᠡᠭᠯᠡᠭᠡᠨ ᠳᠤ ᠲᠤᠬᠢᠷᠠᠬᠤ ᠲᠡᠷᠢᠬᠦᠨ ᠤ ᠮᠡᠷᠭᠡᠵᠢᠯ ᠢ ᠬᠥᠷᠥᠩᠭᠡᠵᠢᠭᠦᠯᠬᠦ᠂ ᠠᠵᠤ ᠦᠢᠯᠡᠰᠵᠢᠭᠦᠯᠬᠦ ᠪᠠᠶᠢᠭᠤᠯᠤᠯ ᠲᠣᠭᠲᠠᠴᠠ ᠶᠢ ᠦᠨᠳᠦᠰᠦᠨ ᠳᠤ ᠪᠠᠨ ᠪᠠᠶᠢᠭᠤᠯᠤᠨ᠎ᠠ᠃      2025 ᠣᠨ ᠪᠣᠯᠬᠤ ᠳᠤ᠂ ᠪᠦᠲᠦᠴᠡ ᠨᠢ ᠵᠣᠬᠢᠰᠲᠠᠶ᠂ ᠴᠢᠳᠠᠮᠵᠢ ᠨᠢ ᠲᠡᠭᠦᠯᠳᠡᠷ᠂ ᠪᠠᠶᠢᠭᠤᠯᠤᠯ ᠨᠢ ᠪᠦᠷᠢᠨ᠂ ᠠᠵᠢᠯᠯᠠᠭᠠᠨ ᠨᠢ ᠥᠨᠳᠥᠷ ᠪᠦᠲᠦᠮᠵᠢᠲᠡᠶ ᠪᠠᠶᠢᠬᠤ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠢ ᠰᠢᠯᠵᠢᠭᠦᠯᠬᠦ ᠰᠢᠰᠲ᠋ᠧᠮᠵᠢ ᠶᠢ ᠪᠦᠬᠦ ᠲᠠᠯ᠎ᠠ ᠪᠠᠷ ᠪᠠᠶᠢᠭᠤᠯᠤᠨ᠂ ᠮᠡᠷᠭᠡᠵᠢᠯ ᠤᠨ ᠵᠠᠬ᠎ᠠ ᠳᠡᠯᠭᠡᠭᠦᠷ ᠢ ᠪᠤᠶᠢᠵᠢᠭᠤᠯᠤᠨ ᠲᠡᠭᠦᠯᠳᠡᠷᠵᠢᠬᠦᠯᠵᠦ᠂ ᠡᠯ᠎ᠡ ᠲᠦᠷᠦᠯ ᠤᠨ ᠰᠢᠨ᠎ᠡ ᠶᠢ ᠡᠭᠦᠳᠬᠦ ᠭᠤᠤᠯ ᠴᠣᠭᠴᠠ ᠥᠨᠳᠥᠷ ᠪᠦᠲᠦᠮᠵᠢᠲᠡᠢ ᠪᠠᠷ ᠬᠠᠮᠵᠢᠯᠴᠠᠨ ᠬᠥᠳᠡᠯᠦᠯᠴᠡᠵᠤ᠂ ᠮᠡᠷᠭᠡᠵᠢᠯ ᠢ ᠰᠢᠯᠵᠢᠭᠦᠯᠬᠦ ᠪᠠᠶᠢᠭᠤᠯᠤᠯ ᠲᠣᠭᠲᠠᠴᠠ ᠶᠢ ᠨᠡᠩ ᠪᠦᠷᠢᠨᠰᠢᠬᠦᠯᠦᠨ᠂ ᠣᠷᠣᠨ ᠤ ᠳᠣᠲᠣᠷ᠎ᠠ ᠭᠠᠳᠠᠨᠠᠬᠢ ᠮᠡᠷᠭᠡᠵᠢᠯ ᠢ ᠰᠢᠯᠵᠢᠭᠦᠯᠬᠦ ᠲᠣᠣᠷ ᠰᠦᠯᠵᠢᠶ᠎ᠡ ᠶᠢᠨ ᠵᠠᠯᠭᠠᠯᠳᠠ ᠶᠢ ᠰᠠᠭᠠᠳ ᠦᠭᠡᠢ ᠨᠡᠪᠲᠡᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠦᠷ᠎ᠡ ᠪᠦᠳᠦᠬᠡᠯ ᠪᠠ ᠬᠡᠷᠡᠭᠯᠡᠬᠡᠨ ᠳᠤ ᠲᠤᠬᠢᠷᠠᠬᠤ ᠲᠡᠷᠢᠬᠦᠨ ᠤ ᠮᠡᠷᠬᠡᠵᠢᠯ ᠢ ᠲᠡᠯᠬᠡᠷᠡᠬᠦᠯᠬᠦ᠂ ᠭᠦᠢᠯᠬᠡᠬᠡᠬᠦ᠂ ᠬᠠᠮᠳᠤ ᠳᠤ ᠪᠠᠨ ᠭᠦᠷᠳᠡᠬᠦ᠂ ᠬᠡᠷᠡᠭᠯᠡᠬᠦ ᠶᠢ ᠨᠡᠩ ᠰᠢᠯᠤᠭᠤᠬᠠᠨ ᠪᠤᠯᠭᠠᠨ᠎ᠠ᠃      ︵ᠲᠦᠷᠪᠡ︶ ᠰᠢᠰᠲ᠋ᠧᠮᠵᠢ ᠶᠢᠨ ᠪᠠᠶᠢᠷᠢᠰᠢᠭᠤᠯᠤᠯᠳᠠ      ᠰᠠᠭᠤᠷᠢ ᠪᠦᠷᠢᠯᠳᠦᠴᠡ᠃ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠢ ᠰᠢᠯᠵᠢᠬᠦᠯᠬᠦ ᠰᠢᠰᠲ᠋ᠧᠮᠵᠢ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠪᠠ ᠬᠡᠷᠡᠭᠯᠡᠭᠡᠨ ᠳᠤ ᠲᠤᠬᠢᠷᠠᠬᠤ ᠲᠡᠷᠢᠬᠦᠨ ᠤ ᠮᠡᠷᠭᠡᠵᠢᠯ ᠢ ᠡᠭᠦᠳᠦᠨ ᠪᠦᠲᠦᠭᠡᠬᠦ ᠪᠠ ᠬᠡᠷᠡᠭᠯᠡᠭᠡᠨ ᠤ ᠭᠤᠤᠯ ᠴᠣᠭᠴᠠ᠂ ᠮᠡᠷᠭᠡᠵᠢᠯ ᠤᠨ ᠰᠤᠯᠢᠯᠴᠠᠭᠠᠨ ᠤ ᠲᠡᠪᠴᠡᠩ᠂ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠪᠠ ᠠᠵᠢᠯᠲᠠᠨ᠂ ᠵᠤᠬᠢᠬᠤ ᠵᠠᠬ᠎ᠠ ᠳᠡᠯᠭᠡᠭᠦᠷ ᠤᠨ ᠶᠤᠰᠤ ᠲᠦᠷᠢᠮ ᠪᠣᠯᠤᠨ ᠤᠷᠮᠠᠰᠢᠭᠤᠯᠬᠤ ᠲᠥᠷᠥ ᠶᠢᠨ ᠪᠣᠳᠣᠯᠭ᠎ᠠ ᠪᠠᠷ ᠪᠦᠷᠢᠯᠳᠦᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠪᠠ ᠬᠡᠷᠡᠭᠯᠡᠭᠡᠨ ᠳᠤ ᠲᠤᠬᠢᠷᠠᠬᠤ ᠲᠡᠷᠢᠬᠦᠨ ᠤ ᠮᠡᠷᠭᠡᠵᠢᠯ ᠢ ᠡᠭᠦᠳᠦᠨ ᠪᠦᠳᠦᠬᠡᠬᠦ ᠠᠴᠠ ᠪᠣᠯᠪᠠᠰᠤᠷᠠᠩᠭᠤᠶ ᠪᠣᠯᠭᠠᠬᠤ᠂ ᠦᠨᠡᠯᠡᠨ ᠵᠢᠱᠢᠬᠦ᠂ ᠦᠨ᠎ᠡ ᠲᠤᠨᠨᠳᠠᠭᠠᠬᠤ᠂ ᠰᠤᠯᠢᠯᠴᠠᠬᠤ᠂ ᠬᠡᠷᠡᠭᠯᠡᠬᠦ ᠶᠢᠨ ᠪᠦᠬᠦ ᠶᠠᠪᠤᠴᠠ ᠶᠢ ᠪᠠᠭᠳᠠᠭᠠᠨ ᠠᠭᠤᠯᠵᠦ ᠪᠠᠶᠢᠳᠠᠭ᠃      ᠰᠢᠯᠵᠢᠬᠦᠯᠬᠦ ᠨᠡᠪᠳᠡᠷᠡᠯ ᠵᠠᠮ᠃ ᠡᠭᠦᠨ ᠳᠤ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠪᠠ ᠴᠢᠬᠤᠯᠠ ᠪᠤᠯᠬᠤ ᠰᠢᠨ᠎ᠡ ᠶᠢ ᠡᠭᠦᠳᠬᠦ ᠬᠡᠯᠪᠡᠷᠢ ᠶᠢᠨ ᠤᠯᠤᠰ ᠤᠳ ᠤᠨ ᠬᠤᠭᠤᠷᠣᠨᠳᠣᠬᠢ ᠤᠯᠤᠰ ᠠᠯᠤᠰᠯᠠᠭᠰᠠᠨ ᠮᠡᠷᠭᠡᠵᠢᠯ ᠢ ᠰᠢᠯᠵᠢᠭᠦᠯᠬᠦ ᠨᠡᠪᠳᠡᠷᠡᠯ ᠵᠠᠮ᠂ ᠬᠥᠭᠵᠢᠭᠰᠡᠨ ᠮᠤᠵᠢ ︵ᠤᠷᠤᠨ᠂ ᠬᠤᠳᠠ︶᠂ ᠤᠯᠤᠰ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠳ ᠤᠨ ᠬᠤᠭᠤᠷᠣᠨᠳᠣᠬᠢ ᠣᠷᠣᠨ ᠪᠦᠰᠡ ᠠᠯᠤᠰᠯᠠᠭᠰᠠᠨ ᠮᠡᠷᠭᠡᠵᠢᠯ ᠢ ᠰᠢᠯᠵᠢᠭᠦᠯᠬᠦ ᠨᠡᠪᠳᠡᠷᠡᠯ ᠵᠠᠮ᠂ ᠴᠡᠷᠢᠭ ᠠᠩᠬᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠨᠤᠭᠤᠳ ᠤᠨ ᠬᠤᠭᠤᠷᠣᠨᠳᠣᠬᠢ ᠴᠡᠷᠢᠭ ᠠᠷᠠᠳ ᠤᠨ ᠬᠡᠷᠡᠭᠴᠡᠬᠡᠨ ᠤ ᠮᠡᠷᠭᠡᠵᠢᠯ ᠢ ᠰᠢᠯᠵᠢᠭᠦᠯᠬᠦ ᠨᠡᠪᠳᠡᠷᠡᠯ ᠵᠠᠮ ᠪᠠ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ ᠤᠨ ᠬᠤᠭᠤᠷᠣᠨᠳᠣᠬᠢ ᠣᠷᠣᠨ ᠤ ᠲᠤᠳᠤᠷᠠᠬᠢ ᠮᠡᠷᠭᠡᠵᠢᠯ ᠢ ᠰᠢᠯᠵᠢᠭᠦᠯᠬᠦ ᠨᠡᠪᠳᠡᠷᠡᠯ ᠵᠠᠮ ᠤᠳ ᠪᠠᠭᠳᠠᠨ᠎ᠠ᠃      ᠲᠤᠯᠭᠠᠭᠤᠷᠢᠯᠠᠬᠤ ᠪᠠᠳᠤᠯᠠᠭ᠎ᠠ᠃ ᠡᠭᠦᠨ ᠳᠤ ᠮᠡᠷᠭᠡᠵᠢᠯ ᠢ ᠰᠤᠯᠢᠯᠴᠬᠠᠰᠠᠨ ᠤ ᠲᠠᠷᠠᠭ᠎ᠠ ᠨᠥᠬᠦᠪᠥᠷᠢ ᠦᠭᠬᠦ᠂ ᠭᠠᠶᠢᠯᠢ ᠲᠠᠲᠠᠪᠤᠷᠢ ᠶᠢᠨ ᠲᠠᠯ᠎ᠠ ᠳᠤ ᠬᠠᠷᠠᠭᠠᠯᠵᠠᠯ ᠦᠵᠡᠬᠦᠯᠬᠦ᠂ ᠦᠷ᠎ᠡ ᠪᠦᠲᠦᠭᠡᠯ ᠢ ᠡᠮᠬᠢᠳᠬᠡᠨ ᠴᠤᠨᠨᠯᠠᠭᠤᠯᠵᠦ ᠲᠤᠰᠢᠶᠠᠬᠤ᠂ ᠮᠡᠳᠡᠭᠡ ᠵᠠᠩᠭᠢ ᠶᠢ ᠬᠠᠮᠲᠤ ᠳᠤ ᠪᠠᠨ ᠭᠦᠷᠳᠡᠬᠦ᠂ ᠮᠡᠳᠡᠯᠭᠡ ᠶᠢᠨ ᠪᠦᠳᠦᠬᠡᠭᠳᠡᠬᠦᠨ ᠤ ᠦᠮᠴᠢᠯᠡᠯ ᠤᠨ ᠡᠷᠬᠡ ᠶᠢ ᠬᠠᠮᠠᠭᠠᠯᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠬᠡᠬᠡ᠂ ᠡᠷᠬᠡ ᠠᠰᠢᠭ ᠢ ᠵᠠᠭᠠᠭᠯᠠᠨ ᠲᠤᠨᠨᠳᠠᠭᠠᠬᠤ᠂ ᠠᠰᠢᠭ ᠣᠷᠣᠯᠭ᠎ᠠ ᠶᠢ ᠬᠤᠪᠢᠶᠠᠷᠢᠯᠠᠬᠤ ᠵᠡᠷᠭᠡ ᠤᠷᠮᠠᠰᠢᠭᠤᠯᠬᠤ ᠲᠥᠷᠥ ᠶᠢᠨ ᠪᠣᠳᠣᠯᠭ᠎ᠠ ᠨᠤᠭᠤᠳ ᠪᠠᠭᠳᠠᠨ᠎ᠠ᠃      ᠬᠤᠶᠠᠷ᠂ ᠭᠤᠤᠯᠳᠠᠯᠭ᠎ᠠ ᠲᠠᠢ ᠠᠵᠢᠯ      ︵ᠨᠢᠭᠡ︶ ᠰᠢᠨ᠎ᠡ ᠶᠢ ᠡᠭᠦᠳᠬᠦ ᠭᠤᠣᠯ ᠴᠣᠭᠴᠠ ᠶᠢᠨ ᠮᠡᠷᠭᠡᠵᠢᠯ ᠢ ᠰᠢᠯᠵᠢᠬᠦᠯᠬᠦ ᠠᠮᠢᠵᠢᠷᠠᠯ ᠤᠨ ᠭᠦᠴᠦᠨ ᠢ ᠭᠦᠭᠵᠢᠬᠡᠨ᠎ᠠ      ᠮᠡᠷᠭᠡᠵᠢᠯ ᠢ ᠰᠢᠯᠵᠢᠭᠦᠯᠬᠦ ᠶᠠᠪᠤᠴᠠ ᠳᠠᠬᠢ ᠠᠵᠦ ᠠᠬᠤᠶᠢᠯᠠᠯ ᠤᠳ ᠤᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠮᠡᠷᠭᠡᠵᠢᠯ ᠢ ᠰᠢᠯᠵᠢᠬᠦᠯᠬᠦ ᠲᠦᠷᠦ ᠶᠢᠨ ᠪᠤᠳᠤᠯᠭ᠎ᠠ᠂ ᠲᠠᠪᠴᠠᠩ᠂ ᠮᠡᠳᠡᠭᠡ ᠵᠠᠩᠭᠢ᠂ ᠦᠢᠯᠡᠴᠢᠯᠡᠭᠡ ᠬᠢᠬᠡᠳ ᠠᠵᠤ ᠠᠬᠤᠶᠢᠯᠠᠯ ᠤᠳ ᠤᠨ ᠵᠠᠯᠭᠠᠯᠳᠤᠬᠤ ᠶᠢ ᠠᠬᠢᠭᠤᠯᠤᠨ᠎ᠠ᠃ ᠠᠵᠤ ᠠᠬᠤᠶᠢᠯᠠᠯ ᠤᠨ ᠮᠡᠷᠭᠡᠵᠢᠯ ᠢ ᠡᠵᠡᠩᠨᠡᠬᠦ ᠦᠵᠡᠯ ᠤᠬᠠᠮᠰᠠᠷ ᠢ ᠪᠤᠶᠢᠵᠢᠭᠤᠯᠵᠦ᠂ ᠠᠵᠤ ᠠᠬᠤᠶᠢᠯᠠᠯ ᠢ ᠲᠡᠮᠵᠢᠵᠦ ᠪᠠᠶᠢᠭᠠᠳ ᠮᠡᠷᠭᠡᠵᠢᠯ ᠢ ᠰᠢᠯᠵᠢᠭᠦᠯᠬᠦ ᠪᠠᠶᠢᠭᠤᠯᠤᠮᠵᠢ ᠪᠠ ᠮᠡᠷᠭᠡᠵᠢᠯ ᠢ ᠰᠢᠯᠵᠢᠭᠦᠯᠬᠦ ᠲᠤᠰᠬᠠᠶ ᠲᠤᠰᠢᠶᠠᠯᠳᠠᠳ ᠲᠤᠬᠢᠷᠠᠭᠤᠯᠤᠨ᠎ᠠ᠃ ᠤᠳᠤ ᠶᠢᠨ ᠪᠠᠶᠢᠭ᠎ᠠ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢᠨ ᠴᠢᠳᠠᠪᠤᠷᠢ ᠶᠢ ᠨᠢ ᠲᠡᠬᠡᠭᠰᠢᠯᠡᠬᠦᠯᠦᠨ᠂ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠲᠦᠷᠭᠡᠪᠴᠢᠯᠡᠨ ᠬᠥᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠤᠳᠤᠯᠭᠠᠨ ᠤ ᠶᠠᠪᠤᠴᠠ ᠳᠤ ᠲᠤᠷᠰᠢᠬᠤ᠂ ᠪᠣᠯᠪᠠᠰᠤᠷᠠᠩᠭᠤᠶ ᠪᠣᠯᠭᠠᠬᠤ ᠨᠢᠭᠡ ᠪᠦᠯᠦᠭ ᠭᠦᠷᠢᠶ᠎ᠡ ᠴᠠᠷᠠᠭ᠎ᠠ ᠬᠤᠪᠢᠢᠬᠠᠰᠠᠨ ᠰᠠᠭᠤᠷᠢᠨ ᠭᠠᠵᠠᠷ ᠢ ᠪᠠᠶᠢᠭᠤᠯᠤᠨ᠂ ᠮᠡᠷᠭᠡᠵᠢᠯ ᠤᠨ ᠪᠤᠯᠪᠠᠰᠤᠷᠠᠩᠭᠤᠢ ᠶᠢᠨ ᠬᠡᠮᠵᠢᠶ᠎ᠡ ᠶᠢ ᠨᠢ ᠦᠨᠡᠯᠡᠬᠦ ᠶᠢ ᠲᠡᠯᠬᠡᠷᠡᠬᠦᠯᠵᠦ᠂ ᠮᠡᠷᠭᠡᠵᠢᠯ ᠤᠨ ᠦᠷ᠎ᠡ ᠪᠦᠲᠦᠭᠡᠯ ᠢ ᠬᠡᠪᠴᠢᠶᠡᠵᠢᠭᠦᠯᠦᠨ ᠬᠡᠷᠡᠭᠯᠡᠬᠦ ᠶᠢ ᠠᠬᠢᠭᠤᠯᠤᠨ᠎ᠠ᠃ ᠠᠵᠤ ᠠᠬᠤᠶᠢᠯᠠᠯ ᠢᠶᠠᠷ ᠲᠦᠷᠦᠭᠦᠯᠡᠬᠦᠯᠵᠦ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠠᠵᠢᠯ ᠲᠥᠷᠥᠯ ᠤᠨ ᠨᠡᠶᠢᠭᠡᠮᠯᠢᠭ ᠵᠡᠷᠭᠡ ᠲᠠᠢ ᠬᠠᠮᠳᠤᠷᠠᠯᠴᠠᠵᠦ ᠪᠠᠶᠢᠭᠠᠳ ᠠᠵᠤ ᠦᠢᠯᠡᠰ ᠤᠨ ᠮᠡᠷᠭᠡᠵᠢᠯ ᠤᠨ ᠰᠢᠨ᠎ᠡ ᠡᠭᠦᠳᠦᠯᠳᠡ ᠶᠢᠨ ᠪᠠᠶᠢᠯᠳᠤᠬᠤ ᠪᠣᠳᠣᠯᠭ᠎ᠠ ᠶᠢᠨ ᠬᠤᠯᠪᠣᠭ᠎ᠠ ᠶᠢ ᠬᠠᠮᠳᠤ ᠪᠠᠷ ᠪᠠᠶᠢᠭᠤᠯᠬᠤ ᠶᠢ ᠲᠡᠮᠵᠢᠵᠦ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢᠨ ᠮᠡᠷᠬᠡᠵᠢᠯ ᠢ ᠰᠢᠯᠵᠢᠬᠦᠯᠬᠦ ᠪᠠᠨ ᠬᠠᠮᠵᠢᠯᠴᠠᠨ ᠠᠬᠢᠭᠤᠯᠬᠤ ᠶᠢ ᠪᠡᠶᠡᠯᠡᠬᠦᠯᠦᠨ᠎ᠠ᠃      ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠵᠡᠷᠭᠡ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯ ᠦᠢᠯᠡᠰ ᠤᠨ ᠨᠢᠬᠡᠴᠢ ᠨᠦᠭᠦᠳ ᠢ ᠵᠤᠷᠢᠨᠨᠵᠢᠭᠤᠯᠵᠦ ᠪᠠᠶᠢᠭᠠᠳ ᠮᠡᠷᠭᠡᠵᠢᠯ ᠢ ᠰᠢᠯᠵᠢᠭᠦᠯᠬᠦ ᠠᠵᠢᠯ ᠦᠷᠨᠢᠬᠦᠯᠦᠭᠦᠯᠵᠦ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠵᠡᠷᠭᠡ ᠨᠢᠭᠡᠴᠢ ᠨᠦᠭᠦᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢᠶᠠᠨ ᠤᠯᠠᠷᠢᠭᠤᠯᠤᠨᠨᠰᠠᠨ ᠪᠠᠶᠢᠳᠠᠯ ᠤᠨ ᠣᠨ ᠤ ᠮᠡᠳᠡᠭᠦᠯᠦᠯᠲᠡ ᠬᠢᠬᠦ ᠲᠦᠷᠢᠮ ᠢ ᠪᠠᠶᠢᠭᠤᠯᠤᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠵᠦ ᠳᠡᠯᠭᠡᠷᠡᠭᠦᠯᠬᠦ ᠭᠠᠷᠴᠠᠭ ᠢ ᠨᠡᠶᠢᠳᠡᠯᠡᠨ᠎ᠠ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠵᠡᠷᠭᠡ ᠨᠢᠬᠡᠴᠢ ᠨᠦᠭᠦᠳ ᠤᠨ ᠮᠡᠷᠭᠡᠵᠢᠯ ᠢ ᠰᠢᠯᠵᠢᠭᠦᠯᠬᠦ ᠪᠠᠶᠢᠭᠤᠯᠤᠮᠵᠢ ᠪᠠ ᠲᠤᠰᠬᠠᠶ ᠠᠵᠢᠯ ᠤᠨ ᠪᠠᠶᠢᠷᠢ ᠲᠤᠬᠢᠷᠠᠭᠤᠯᠬᠤ ᠶᠢ ᠵᠤᠷᠢᠨᠨᠵᠢᠭᠤᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠳᠤ ᠠᠰᠢᠨᠨᠳᠠᠢ ᠬᠤᠪᠢᠶᠠᠷᠢᠯᠠᠯᠲᠠ ᠶᠢᠨ ᠲᠦᠷᠢᠮ ᠢ ᠲᠤᠨᠨᠳᠠᠭᠠᠨ᠂ ᠮᠡᠷᠭᠡᠵᠢᠯ ᠤᠨ ᠡᠵᠡᠩᠨᠡᠨ ᠡᠷᠬᠢᠯᠡᠭᠴᠢ ᠢ ᠤᠷᠢᠵᠤ ᠬᠡᠷᠡᠭᠯᠡᠬᠦ ᠲᠦᠷᠢᠮ ᠢ ᠰᠦᠪᠡᠭᠴᠢᠯᠡᠨ ᠬᠡᠷᠡᠭᠵᠢᠬᠦᠯᠵᠦ᠂ ᠬᠤᠪᠢ ᠨᠡᠮᠡᠷᠢ ᠪᠠᠷ ᠲᠣᠪᠤᠶᠢᠮ᠎ᠠ ᠪᠠᠶᠢᠭ᠎ᠠ ᠮᠡᠷᠭᠡᠵᠢᠯ ᠢ ᠰᠢᠯᠵᠢᠬᠦᠯᠦᠭᠰᠡᠨ ᠠᠵᠢᠯᠳᠠᠳ ᠲᠤ ᠮᠡᠷᠭᠡᠵᠢᠯ ᠤᠨ ᠴᠣᠯᠠ ᠶᠢ ᠨᠢ ᠬᠢᠨᠠᠨ ᠲᠣᠭᠲᠠᠭᠠᠬᠤ᠂ ᠠᠮᠵᠢᠯᠲᠠ ᠪᠦᠲᠦᠮᠵᠢ ᠶᠢᠨ ᠴᠠᠯᠢᠩ ᠢ ᠨᠢ ᠬᠤᠪᠢᠶᠠᠷᠢᠯᠠᠬᠤ ᠵᠡᠷᠭᠡ ᠲᠠᠯ᠎ᠠ ᠪᠠᠷ ᠬᠠᠷᠠᠭᠠᠯᠵᠠᠯ ᠦᠵᠡᠬᠦᠯᠦᠨ᠎ᠠ᠃      ︵ᠬᠤᠶᠠᠷ︶ ᠮᠡᠷᠭᠡᠵᠢᠯ ᠤᠨ ᠵᠠᠬ᠎ᠠ ᠳᠡᠯᠭᠡᠭᠦᠷ ᠢ ᠲᠦᠷᠭᠡᠪᠴᠢᠯᠡᠨ ᠭᠦᠭᠵᠢᠬᠦᠯᠦᠨ᠎ᠠ      ᠦᠢᠯᠡᠳᠦᠯ ᠴᠢᠳᠠᠮᠵᠢ ᠪᠠᠷ ᠲᠡᠭᠦᠯᠳᠡᠷ᠂ ᠨᠥᠯᠥᠭᠡᠯᠡᠬᠦ ᠦᠢᠯᠡᠳᠦᠯ ᠢᠶᠠᠷ ᠴᠢᠩᠭ᠎ᠠ ᠪᠤᠯᠬᠤ ᠣᠷᠣᠨ ᠪᠦᠰᠡ ᠶᠢᠨ ᠴᠢᠨᠠᠷᠲᠠᠶ ᠮᠡᠷᠭᠡᠵᠢᠯ ᠤᠨ ᠰᠤᠯᠢᠯᠴᠠᠭᠠᠨ ᠤ ᠵᠠᠬ᠎ᠠ ᠳᠡᠯᠭᠡᠭᠦᠷ ᠤᠳ ᠢ ᠪᠤᠶᠢᠵᠢᠭᠤᠯᠤᠨ ᠭᠦᠭᠵᠢᠬᠦᠯᠵᠦ᠂ ᠪᠥᠬᠦ ᠣᠷᠣᠨ ᠤ ᠮᠡᠷᠭᠡᠵᠢᠯ ᠤᠨ ᠰᠤᠯᠢᠯᠴᠠᠭᠠᠨ ᠤ ᠲᠤᠤᠷ ᠰᠦᠯᠵᠢᠶ᠎ᠡ ᠶᠢ ᠪᠠᠶᠢᠭᠤᠯᠤᠨ᠂ ᠲᠡᠭᠦᠨ ᠢ ᠪᠠᠨ ᠪᠥᠬᠦ ᠤᠯᠤᠰ ᠤᠨ ᠮᠡᠷᠭᠡᠵᠢᠯ ᠤᠨ ᠰᠤᠯᠢᠯᠴᠠᠭᠠᠨ ᠤ ᠰᠦᠯᠵᠢᠶ᠎ᠡ ᠲᠠᠢ ᠬᠤᠯᠪᠤᠭᠠᠯᠠᠨ ᠨᠡᠪᠳᠡᠷᠡᠯᠴᠡᠬᠦᠯᠦᠨ᠎ᠠ᠃ ᠤᠳᠤ ᠶᠢᠨ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠰᠤᠯᠢᠯᠴᠠᠭᠠᠨ ᠤ ᠰᠦᠯᠵᠢᠶᠡᠨ ᠲᠠᠪᠴᠠᠩ ᠳᠤ ᠲᠦᠰᠢᠭᠯᠡᠵᠦ᠂ ᠪᠥᠬᠦ ᠣᠷᠣᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠪᠠ ᠬᠡᠷᠡᠭᠯᠡᠭᠡᠨ ᠳᠤ ᠲᠤᠬᠢᠷᠠᠬᠤ ᠲᠡᠷᠢᠭᠦᠨ ᠤ ᠮᠡᠷᠭᠡᠵᠢᠯ ᠤᠨ ᠨᠢᠭᠡᠳᠦᠯᠲᠡᠶ ᠳ᠋ᠠᠶᠢᠲ᠋ᠠ ᠬᠥᠮᠥᠷᠭᠡ ᠶᠢ ᠪᠠᠶᠢᠭᠤᠯᠤᠨ᠂ ᠢᠨᠲ᠋ᠧᠷ ᠰᠦᠯᠵᠢᠶ᠎ᠡ ᠪᠠᠷ ᠲᠠᠮᠵᠢᠭᠤᠯᠤᠨ ᠮᠡᠷᠭᠡᠵᠢᠯ ᠢ ᠰᠢᠯᠵᠢᠭᠦᠯᠬᠦ ᠶᠢᠨ ᠰᠤᠯᠢᠯᠴᠠᠬᠤ ᠡᠳᠡᠬᠡᠳ ᠪᠠ ᠦᠢᠯᠡᠴᠢᠯᠡᠬᠦᠯᠬᠦ ᠡᠲᠡᠭᠡᠳ ᠢ ᠬᠤᠯᠪᠤᠵᠦ᠂ ᠰᠦᠯᠵᠢᠶ᠎ᠡ ᠪᠠᠷ ᠪᠠ ᠰᠦᠯᠵᠢᠶᠡᠨ ᠤ ᠭᠠᠳᠠᠭᠤᠷᠬᠢ ᠶᠢ ᠤᠶᠠᠯᠳᠤᠭᠤᠯᠤᠭᠰᠠᠨ ᠮᠡᠷᠭᠡᠵᠢᠯ ᠤᠨ ᠰᠤᠯᠢᠯᠴᠠᠭᠠᠨ ᠤ ᠠᠵᠢᠯᠯᠠᠭ᠎ᠠ ᠶᠢ ᠦᠷᠨᠢᠬᠦᠯᠦᠨ᠎ᠠ᠃ ᠮᠡᠷᠭᠡᠵᠢᠯ ᠤᠨ ᠵᠠᠬ᠎ᠠ ᠳᠡᠯᠭᠡᠭᠦᠷ ᠬᠢᠬᠡᠳ ᠬᠦᠷᠦᠩᠭᠡ ᠶᠢᠨ ᠵᠠᠬ᠎ᠠ ᠳᠡᠯᠭᠡᠭᠦᠷ ᠤᠨ ᠬᠤᠯᠪᠤᠭᠠᠯᠠᠨ ᠭᠦᠳᠡᠯᠦᠯᠴᠡᠬᠦ ᠪᠠ ᠪᠠᠭᠳᠠᠯᠴᠠᠬᠤ ᠶᠢ ᠠᠬᠢᠭᠤᠯᠤᠨ᠂ ᠡᠯ᠎ᠡ ᠲᠥᠷᠥᠯ ᠤᠨ ᠬᠥᠷᠥᠩᠭᠡ ᠶᠢ ᠲᠡᠮᠵᠢᠵᠦ ᠪᠠᠶᠢᠭᠠᠳ ᠮᠡᠷᠭᠡᠵᠢᠯ ᠢ ᠰᠢᠯᠵᠢᠭᠦᠯᠬᠦ ᠶᠢᠨ ᠪᠡᠯᠡ ᠣᠷᠣᠭᠤᠯᠵᠤ ᠲᠤᠬᠢᠷᠠᠭᠤᠯᠬᠤ ᠠᠵᠢᠯᠯᠠᠭ᠎ᠠ ᠳᠤ ᠤᠷᠤᠯᠴᠠᠭᠤᠯᠵᠦ᠂ ᠬᠦᠷᠦᠩᠭᠡ ᠶᠢ ᠡᠷᠬᠢᠯᠳᠦᠬᠦᠯᠬᠦ ᠪᠠ ᠪᠤᠴᠠᠭᠠᠨ ᠭᠠᠷᠭᠠᠬᠤ ᠠᠷᠭ᠎ᠠ ᠵᠠᠮ ᠢ ᠦᠷᠬᠡᠳᠬᠡᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠬᠢᠭᠡᠳ ᠲᠠᠨᠢᠯᠴᠠᠭᠤᠯᠤᠨ ᠤᠬᠠᠭᠤᠯᠬᠤ ᠠᠵᠢᠯᠯᠠᠭ᠎ᠠ ᠥᠷᠨᠢᠭᠦᠯᠵᠦ᠂ ᠮᠡᠷᠭᠡᠵᠢᠯ᠂ ᠬᠦᠷᠦᠩᠭᠡ ᠪᠠ ᠠᠵᠤ ᠠᠬᠤᠶᠢᠯᠠᠯ ᠤᠳ ᠤᠨ ᠲᠦᠢᠯ ᠤᠨ ᠤᠨᠤᠪᠴᠢᠳᠠᠢ ᠪᠠᠷ ᠵᠠᠯᠭᠠᠯᠳᠤᠬᠤ ᠶᠢ ᠠᠬᠢᠭᠤᠯᠤᠨ᠎ᠠ᠃      ᠮᠡᠷᠭᠡᠵᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠰᠢᠯᠢᠳᠡᠭᠵᠢᠬᠦᠯᠵᠦ᠂ ᠡᠯ᠎ᠡ ᠲᠦᠷᠦᠯ ᠤᠨ ᠥᠮᠴᠢᠯᠡᠯ ᠤᠨ ᠡᠷᠬᠡ ᠪᠠᠷ ᠢᠯᠡ ᠲᠣᠳᠣᠷᠬᠠᠶ ᠪᠠᠶᠢᠭ᠎ᠠ ᠰᠤᠳᠤᠯᠤᠨ ᠨᠡᠭᠡᠭᠡᠭᠰᠡᠨ ᠦᠷ᠎ᠡ ᠪᠦᠲᠦᠭᠡᠯ ᠢ ᠬᠥᠲᠥᠯᠥᠨ ᠵᠢᠯᠣᠭᠤᠳᠴᠤ ᠪᠠᠶᠢᠭᠠᠳ ᠵᠠᠬ᠎ᠠ ᠳᠡᠯᠭᠡᠭᠦᠷ ᠲᠤ ᠤᠷᠤᠭᠤᠯᠤᠨ ᠰᠤᠯᠢᠯᠴᠠᠵᠦ ᠠᠷᠠᠯᠵᠢᠶᠠᠯᠠᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠠᠯ᠎ᠠ ᠪᠠᠷ ᠬᠢ ᠬᠥᠲᠥᠯᠥᠨ ᠵᠢᠯᠣᠭᠤᠳᠬᠤ ᠲᠦᠷᠦᠯ ᠤᠨ ᠲᠦᠷᠦᠯ ᠵᠦᠢᠯ ᠤᠨ ᠨᠥᠬᠦᠪᠥᠷᠢ᠂ ᠮᠡᠷᠭᠡᠵᠢᠯ ᠢ ᠰᠤᠯᠢᠯᠴᠬᠠᠰᠠᠨ ᠤ ᠲᠠᠷᠠᠭᠠᠬᠢ ᠨᠦᠭᠦᠪᠦᠷᠢ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠢᠶᠠᠨ ᠲᠠᠨᠵᠢᠯᠠᠵᠦ ᠪᠠᠯᠠ ᠲᠤᠬᠢᠷᠠᠭᠤᠯᠬᠤ ᠶᠢᠨ ᠨᠦᠭᠦᠪᠦᠷᠢ᠂ ᠲᠦᠭᠰᠢᠭᠦᠷᠢᠲᠦ ᠪᠠᠯᠠ ᠣᠷᠣᠭᠤᠯᠤᠯᠲᠠ ᠶᠢᠨ ᠨᠦᠭᠦᠪᠦᠷᠢ ᠵᠡᠷᠭᠡ ᠤᠷᠮᠠᠰᠢᠭᠤᠯᠬᠤ ᠳᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠮᠡᠷᠭᠡᠵᠢᠯ ᠢ ᠰᠢᠯᠵᠢᠭᠦᠯᠬᠦ ᠦᠢᠯᠡᠴᠢᠯᠡᠬᠡᠨ ᠤ ᠵᠢᠷᠤᠮᠵᠢᠯ ᠢ ᠬᠡᠷᠡᠭᠵᠢᠬᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠦᠷ᠎ᠡ ᠪᠦᠳᠦᠬᠡᠯ ᠢ ᠠᠷᠠᠯᠵᠢᠶᠠᠯᠠᠬᠤ ᠤᠨᠴᠠᠯᠢᠭ ᠲᠤ ᠲᠤᠬᠢᠷᠬᠠᠰᠠᠨ ᠵᠠᠬ᠎ᠠ ᠳᠡᠯᠭᠡᠭᠦᠷᠴᠢᠯᠡᠭᠰᠡᠨ ᠦᠨ᠎ᠡ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠦᠨ᠎ᠡ ᠬᠠᠶᠠᠯᠴᠠᠨ ᠬᠤᠳᠠᠯᠳᠤᠬᠤ᠂ ᠮᠡᠷᠬᠡᠵᠢᠯ ᠤᠨ ᠰᠤᠯᠢᠯᠴᠠᠭᠠᠨ ᠤ ᠵᠠᠬ᠎ᠠ ᠲᠡᠯᠬᠡᠭᠦᠷ ᠲᠤ ᠲᠡᠮᠳᠡᠭ ᠬᠠᠳᠠᠵᠦ ᠠᠷᠠᠯᠵᠢᠶᠠᠯᠠᠬᠤ᠂ ᠵᠦᠪᠯᠡᠯᠴᠡᠬᠡᠷ ᠢᠶᠠᠷ ᠠᠷᠠᠯᠵᠢᠶ᠎ᠠ ᠪᠦᠲᠦᠭᠰᠡᠨ ᠮᠡᠳᠡᠭᠡ ᠵᠠᠩᠭᠢ ᠶᠢ ᠢᠯᠡ ᠨᠡᠶᠢᠲᠡᠯᠡᠬᠦ ᠵᠡᠷᠭᠡ ᠠᠵᠢᠯ ᠤᠨ ᠴᠤᠪᠤᠷᠠᠯ ᠢ ᠲᠤᠳᠤᠷᠬᠠᠶᠢᠯᠠᠨ᠂ ᠮᠡᠷᠭᠡᠵᠢᠯ ᠢ ᠰᠢᠯᠵᠢᠭᠦᠯᠬᠦ ᠦᠢᠯᠡᠴᠢᠯᠡᠬᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠮᠡᠷᠬᠡᠵᠢᠯ ᠢ ᠰᠢᠯᠵᠢᠬᠦᠯᠬᠦ ᠦᠢᠯᠡᠴᠢᠯᠡᠬᠡᠨ ᠤ ᠦᠢᠯᠡᠰ ᠤᠨ ᠲᠤᠰᠬᠠᠢ ᠵᠦᠢᠯ ᠤᠨ ᠪᠦᠷᠢᠳᠬᠡᠬᠦ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠮᠡᠷᠭᠡᠵᠢᠯ ᠤᠨ ᠭᠡᠷ᠎ᠡ ᠶᠢ ᠲᠠᠩᠰᠠᠯᠠᠨ ᠲᠡᠮᠳᠡᠭᠯᠡᠬᠦ ᠬᠠᠮᠢᠶᠠᠷᠤᠯᠲᠠ ᠶᠢᠨ ᠠᠷᠭ᠎ᠠ ᠶᠢ ᠲᠡᠭᠦᠯᠳᠡᠷᠵᠢᠬᠦᠯᠦᠨ᠂ ᠠᠮᠵᠢᠯᠲᠠ ᠪᠦᠲᠦᠮᠵᠢ ᠪᠠᠷ ᠳᠤᠪᠤᠶᠢᠮ᠎ᠠ ᠪᠠᠶᠢᠭ᠎ᠠ ᠭᠡᠷ᠎ᠡ ᠶᠢ ᠮᠠᠭᠠᠳᠯᠠᠨ ᠲᠤᠨᠨᠳᠠᠭᠠᠵᠦ ᠲᠠᠩᠰᠠᠯᠠᠨ ᠲᠡᠮᠳᠡᠭᠯᠡᠬᠦ ᠪᠠᠶᠢᠭᠤᠯᠤᠮᠵᠢ ᠶᠢ ᠲᠣᠭᠲᠠᠭᠠᠯ ᠶᠣᠰᠣᠭᠠᠷ ᠱᠠᠩᠨᠠᠨ ᠭᠦᠬᠢᠬᠦᠯᠦᠨ᠎ᠠ᠃      ︵ᠭᠤᠷᠪᠠ︶ ᠮᠡᠷᠬᠡᠵᠢᠯ ᠢ ᠰᠢᠯᠵᠢᠬᠦᠯᠬᠦ ᠪᠠᠶᠢᠭᠤᠯᠤᠮᠵᠢ ᠶᠢ ᠶᠡᠭᠡ ᠪᠠᠷ ᠪᠤᠶᠢᠵᠢᠭᠤᠯᠤᠨ᠎ᠠ      ᠵᠠᠰᠠᠭ ᠤᠨ ᠤᠷᠳᠤᠨ ᠤ ᠭᠦᠳᠦᠯᠦᠨ ᠵᠢᠯᠤᠭᠤᠳᠬᠤ ᠬᠢᠬᠡᠳ ᠦᠢᠯᠡᠴᠢᠯᠡᠬᠦ ᠶᠢ ᠴᠢᠩᠭᠠᠷᠠᠭᠤᠯᠵᠦ᠂ ᠪᠦᠭᠦ ᠤᠷᠤᠨ ᠤ ᠮᠡᠷᠬᠡᠵᠢᠯ ᠢ ᠰᠢᠯᠵᠢᠬᠦᠯᠬᠦ ᠪᠠᠶᠢᠭᠤᠯᠤᠮᠵᠢ ᠶᠢ ᠪᠤᠶᠢᠵᠢᠭᠤᠯᠵᠦ ᠵᠢᠯᠤᠭᠤᠳᠬᠤ ᠪᠠᠨ ᠴᠢᠩᠭᠠᠳᠬᠠᠨ᠂ ᠮᠡᠷᠬᠡᠵᠢᠯ ᠢ ᠰᠢᠯᠵᠢᠬᠦᠯᠬᠦ ᠪᠠᠶᠢᠭᠤᠯᠤᠮᠵᠢ ᠶᠢᠨ ᠵᠠᠬ᠎ᠠ ᠲᠡᠯᠬᠡᠭᠦᠷᠴᠢᠯᠡᠭᠰᠡᠨ᠂ ᠲᠤᠰᠬᠠᠶᠢᠵᠢᠨᠨᠰᠠᠨ ᠪᠠ ᠵᠢᠷᠤᠮᠵᠢᠨᠨᠰᠠᠨ ᠭᠦᠭᠵᠢᠯᠳᠡ ᠶᠢ ᠭᠦᠳᠦᠯᠦᠨ ᠵᠢᠯᠤᠭᠤᠳᠴᠤ᠂ ᠦᠢᠯᠡᠴᠢᠯᠡᠬᠦ ᠴᠢᠳᠠᠪᠤᠷᠢ ᠪᠠ ᠬᠢᠷᠢ ᠬᠡᠮᠵᠢᠶ᠎ᠡ ᠶᠢ ᠨᠢ ᠲᠡᠬᠡᠭᠰᠢᠯᠡᠬᠦᠯᠦᠨ᠂ ᠵᠢᠱᠢᠶ᠎ᠡ ᠦᠵᠡᠬᠦᠯᠵᠦ ᠲᠠᠶᠢᠴᠢᠯᠠᠨ ᠲᠠᠭᠠᠭᠤᠯᠬᠤ ᠦᠢᠯᠡᠳᠦᠯ ᠪᠦᠭᠦᠢ ᠨᠢᠬᠡ ᠪᠦᠯᠦᠭ ᠮᠡᠷᠬᠡᠵᠢᠯ ᠢ ᠰᠢᠯᠵᠢᠬᠦᠯᠬᠦ ᠪᠠᠶᠢᠭᠤᠯᠤᠮᠵᠢ ᠶᠢ ᠪᠤᠶᠢᠵᠢᠭᠤᠯᠤᠨ᠎ᠠ᠃ ᠮᠡᠷᠬᠡᠵᠢᠯ ᠢ ᠰᠢᠯᠵᠢᠬᠦᠯᠬᠦ ᠦᠢᠯᠡᠴᠢᠯᠡᠬᠡᠨ ᠤ ᠭᠦᠷᠢᠶ᠎ᠡ ᠴᠠᠷᠠᠭ᠎ᠠ ᠶᠢ ᠦᠷᠬᠡᠳᠬᠡᠵᠦ᠂ ᠮᠡᠳᠡᠯᠬᠡ ᠶᠢᠨ ᠪᠦᠳᠦᠬᠡᠭᠳᠡᠬᠦᠨ ᠤ ᠦᠮᠴᠢᠯᠡᠯ ᠤᠨ ᠡᠷᠬᠡ᠂ ᠬᠠᠤᠯᠢ ᠴᠠᠭᠠᠵᠠ ᠶᠢᠨ ᠵᠦᠪᠯᠡᠯᠬᠡ᠂ ᠭᠦᠷᠦᠩᠬᠡ ᠮᠦᠩᠬᠦ ᠶᠢ ᠨᠢ ᠦᠨᠡᠯᠡᠨ ᠵᠢᠱᠢᠬᠦ᠂ ᠮᠡᠷᠬᠡᠵᠢᠯ ᠢ ᠨᠢ ᠦᠨᠡᠯᠡᠬᠦ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠮᠦᠩᠬᠦᠨ ᠭᠦᠢᠯᠬᠡᠬᠡ ᠵᠡᠷᠬᠡ ᠲᠤᠰᠬᠠᠶᠢᠵᠢᠨᠨᠰᠠᠨ ᠦᠢᠯᠡᠴᠢᠯᠡᠭᠡ ᠦᠷᠨᠢᠬᠦᠯᠬᠦ ᠶᠢ ᠵᠤᠷᠢᠨᠨᠵᠢᠭᠤᠯᠤᠨ᠎ᠠ᠃ ᠮᠡᠷᠬᠡᠵᠢᠯ ᠢ ᠰᠢᠯᠵᠢᠬᠦᠯᠬᠦ ᠦᠢᠯᠡᠴᠢᠯᠡᠭᠡ ᠶᠢᠨ ᠠᠮᠵᠢᠯᠳᠠ ᠪᠦᠳᠦᠮᠵᠢ ᠶᠢᠨ ᠦᠨᠡᠯᠡᠯᠳᠡ ᠬᠢᠬᠦ ᠶᠢ ᠦᠷᠨᠢᠬᠦᠯᠵᠦ᠂ ᠦᠨᠡᠯᠡᠬᠡᠳ ᠬᠢᠷᠢ ᠲᠡᠩᠴᠡᠭᠰᠡᠨ ᠮᠡᠷᠬᠡᠵᠢᠯ ᠢ ᠰᠢᠯᠵᠢᠬᠦᠯᠬᠦ ᠪᠠᠶᠢᠭᠤᠯᠤᠮᠵᠢ ᠳᠤ ᠲᠠᠷᠠᠭᠠᠬᠢ ᠨᠦᠬᠦᠪᠦᠷᠢ ᠶᠢᠨ ᠲᠡᠮᠵᠢᠯᠬᠡ ᠦᠵᠡᠬᠦᠯᠦᠨ᠎ᠠ᠃      ︵ᠲᠦᠷᠪᠡ︶ ᠮᠡᠷᠭᠡᠵᠢᠯ ᠢ ᠰᠢᠯᠵᠢᠭᠦᠯᠬᠦ ᠴᠢᠳᠠᠪᠤᠷᠢᠲᠠᠨ ᠤ ᠡᠩᠨᠡᠭᠡ ᠶᠢ ᠬᠥᠭᠵᠢᠭᠦᠯᠦᠨ ᠪᠤᠵᠠᠭᠠᠶᠢᠷᠠᠭᠤᠯᠤᠨ᠎ᠠ      ᠨᠥᠬᠦᠴᠡᠯ ᠲᠠᠢ ᠳᠡᠭᠡᠳᠦ ᠰᠤᠷᠭᠠᠭᠤᠯᠢ ᠨᠤᠭᠤᠳ ᠤᠨ ᠮᠡᠷᠭᠡᠵᠢᠯ ᠢ ᠰᠢᠯᠵᠢᠭᠦᠯᠬᠦ ᠬᠠᠮᠢᠶ᠎ᠠ ᠪᠥᠬᠦᠶ ᠬᠢᠴᠢᠶᠡᠯ ᠲᠤᠬᠢᠷᠠᠭᠤᠯᠬᠤ ᠶᠢ ᠵᠤᠷᠢᠨᠨᠵᠢᠭᠤᠯᠵᠦ᠂ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠠᠵᠢᠯ ᠲᠥᠷᠥᠯ ᠤᠨ ᠨᠡᠶᠢᠭᠡᠮᠯᠢᠭ ᠵᠡᠷᠭᠡ ᠲᠠᠢ ᠬᠠᠮᠲᠤ ᠪᠠᠷ ᠮᠡᠷᠭᠡᠵᠢᠯ ᠢ ᠰᠢᠯᠵᠢᠭᠦᠯᠬᠦ ᠴᠢᠳᠠᠪᠤᠷᠢᠲᠠᠨ ᠭᠦᠮᠦᠵᠢᠬᠦᠯᠬᠦ ᠰᠠᠭᠤᠷᠢᠨ ᠭᠠᠵᠠᠷ ᠪᠠᠶᠢᠭᠤᠯᠤᠨ᠂ ᠬᠤᠯᠪᠤᠭᠠᠯᠠᠵᠦ ᠬᠥᠮᠦᠵᠢᠭᠦᠯᠬᠦ ᠲᠣᠭᠲᠠᠴᠠ ᠶᠢ ᠪᠠᠶᠢᠭᠤᠯᠵᠤ᠂ ᠮᠡᠷᠭᠡᠵᠢᠯ ᠢ ᠰᠢᠯᠵᠢᠭᠦᠯᠬᠦ ᠬᠠᠮᠢᠶᠠᠷᠤᠯᠲᠠ ᠶᠢᠨ ᠠᠵᠢᠯᠳᠠᠨ᠂ ᠮᠡᠷᠭᠡᠵᠢᠯ ᠤᠨ ᠵᠠᠭᠤᠴᠢᠯᠠᠭᠴᠢ᠂ ᠮᠡᠷᠭᠡᠵᠢᠯ ᠤᠨ ᠡᠵᠡᠩᠨᠡᠨ ᠡᠷᠬᠢᠯᠡᠭᠴᠢ ᠵᠡᠷᠭᠡ ᠴᠢᠳᠠᠪᠤᠷᠢᠲᠠᠨ ᠢ ᠪᠣᠯᠪᠠᠰᠤᠷᠠᠭᠤᠯᠬᠤ ᠡᠷᠴᠢᠮ ᠢ ᠨᠢ ᠴᠢᠩᠭᠠᠷᠠᠭᠤᠯᠤᠨ᠎ᠠ᠃ ᠮᠡᠷᠭᠡᠵᠢᠯ ᠢ ᠰᠢᠯᠵᠢᠭᠦᠯᠬᠦ ᠴᠢᠳᠠᠪᠤᠷᠢᠳᠠᠳ ᠢ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠮᠡᠷᠭᠡᠵᠢᠯ ᠢ ᠰᠢᠯᠵᠢᠭᠦᠯᠦᠭᠰᠡᠨ ᠢᠶᠠᠷ ᠰᠢᠯᠢᠳᠡᠭ ᠴᠢᠳᠠᠪᠤᠷᠢᠳᠠᠳ ᠢ ᠱᠠᠩᠨᠠᠨ ᠭᠦᠬᠢᠬᠦᠯᠦᠨ᠎ᠠ᠃      ︵ᠲᠠᠪᠤ︶ ᠮᠡᠷᠭᠡᠵᠢᠯ ᠢ ᠰᠢᠯᠵᠢᠭᠦᠯᠬᠦ ᠠᠷᠭ᠎ᠠ ᠵᠠᠮ ᠢ ᠪᠦᠭᠦ ᠲᠠᠯ᠎ᠠ ᠪᠠᠷ ᠦᠷᠬᠡᠳᠬᠡᠨ᠎ᠠ      ᠣᠷᠣᠨ ᠪᠦᠰᠡ ᠶᠢᠨ ᠮᠡᠷᠭᠡᠵᠢᠯ ᠢ ᠰᠢᠯᠵᠢᠭᠦᠯᠬᠦ ᠲᠠᠯ᠎ᠠ ᠪᠠᠷ ᠬᠢ ᠬᠠᠮᠳᠤᠷᠠᠨ ᠠᠵᠢᠯᠯᠠᠬᠤ ᠶᠢ ᠴᠢᠩᠭᠠᠷᠠᠭᠤᠯᠵᠦ᠂ ᠶᠠᠮᠤᠨ ᠬᠢᠬᠡᠳ ᠦᠪᠡᠷᠳᠡᠬᠡᠨ ᠵᠠᠰᠠᠬᠤ ᠤᠷᠤᠨ ᠤ ᠬᠤᠭᠤᠷᠤᠨᠳᠤ ᠶᠢᠨ ᠬᠠᠮᠳᠤᠷᠠᠨ ᠵᠦᠪᠳᠡᠯᠴᠡᠬᠦ ᠶᠢ ᠴᠢᠩᠭᠠᠳᠬᠠᠨ᠂ ᠬᠥᠭᠵᠢᠭᠡᠳᠦᠶ ᠭᠠᠵᠠᠷ ᠣᠷᠣᠨ ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠳᠡᠮᠵᠢᠬᠦ ᠲᠠᠯ᠎ᠠ ᠪᠠᠷ ᠬᠢ ᠤᠯᠤᠰ ᠤᠨ ᠲᠥᠷᠥ ᠶᠢᠨ ᠪᠣᠳᠣᠯᠭ᠎ᠠ ᠶᠢ ᠴᠢᠷᠮᠠᠶᠢᠨ ᠤᠯᠤᠨ᠎ᠠ᠃ ᠪᠡᠭᠡᠵᠢᠩ ᠲᠢᠶᠠᠨᠵᠢᠨ ᠡᠾᠧᠪᠸᠢ ᠣᠷᠣᠨ ᠪᠠ ᠡᠷᠭᠢᠨ ᠲᠣᠭᠤᠷᠢᠨ ᠤ ᠮᠤᠵᠢ ︵ᠣᠷᠣᠨ᠂ ᠬᠤᠳᠠ︶ ᠲᠠᠢ ᠬᠤᠯᠪᠣᠭ᠎ᠠ ᠠᠪᠴᠤ ᠵᠠᠯᠭᠠᠭᠤᠯᠬᠤ ᠶᠢ ᠴᠢᠩᠭᠠᠳᠬᠠᠵᠦ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠬᠥᠭᠵᠢᠭᠰᠡᠨ ᠭᠠᠵᠠᠷ ᠣᠷᠣᠨ ᠯᠤᠭ᠎ᠠ ᠬᠠᠮᠳᠤᠷᠠᠯᠴᠠᠵᠦ ᠰᠤᠯᠢᠯᠴᠠᠬᠤ ᠪᠠᠨ ᠦᠷᠬᠡᠳᠬᠡᠨ᠎ᠠ᠃ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠳᠡᠭᠡᠳᠦ ᠰᠤᠷᠭᠠᠭᠤᠯᠢ ᠲᠠᠢ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠠᠮᠳᠤᠷᠠᠯᠴᠠᠬᠤ ᠶᠢ ᠴᠢᠩᠭᠠᠳᠬᠠᠨ᠂ ᠶᠡᠭᠡ ᠬᠦᠴᠦ ᠵᠠᠷᠤᠴᠠᠭᠤᠯᠵᠦ ᠪᠠᠶᠢᠭᠠᠳ ᠰᠢᠨ᠎ᠡ ᠬᠡᠯᠪᠡᠷᠢ ᠪᠦᠭᠦᠢ ᠰᠤᠳᠤᠯᠤᠨ ᠨᠡᠭᠡᠭᠡᠬᠦ ᠪᠠᠶᠢᠭᠤᠯᠤᠮᠵᠢ ᠪᠠ ᠰᠢᠨ᠎ᠡ ᠶᠢ ᠡᠭᠦᠳᠬᠦ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠤᠯᠤᠰ ᠤᠨ ᠳᠣᠲᠣᠭᠠᠳᠤ ᠶᠢᠨ ᠮᠡᠷᠭᠡᠵᠢᠯ ᠢ ᠰᠢᠯᠵᠢᠭᠦᠯᠬᠦ ᠲᠠᠯ᠎ᠠ ᠪᠠᠷ ᠬᠢ ᠬᠥᠲᠥᠴᠢ ᠠᠵᠤ ᠠᠬᠤᠶᠢᠯᠠᠯ ᠲᠠᠢ ᠲᠤᠨᠨᠳᠠᠪᠤᠷᠢᠳᠠᠢ ᠬᠠᠮᠳᠤᠷᠠᠯᠴᠠᠬᠤ ᠬᠠᠷᠢᠴᠠᠭ᠎ᠠ ᠪᠠᠶᠢᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠪᠠ ᠬᠡᠷᠡᠭᠯᠡᠭᠡᠨ ᠳᠤ ᠲᠤᠬᠢᠷᠠᠬᠤ ᠲᠡᠷᠢᠬᠦᠨ ᠤ ᠮᠡᠷᠭᠡᠵᠢᠯ ᠢ ᠥᠪᠡᠷᠲᠡᠭᠡᠨ ᠵᠠᠰᠠᠬᠤ ᠣᠷᠣᠨ ᠳᠤ ᠪᠤᠳᠠᠳᠠᠶᠢᠵᠢᠭᠤᠯᠵᠦ ᠤᠯᠠᠷᠢᠭᠤᠯᠬᠤ ᠶᠢ ᠠᠬᠢᠭᠤᠯᠤᠨ᠎ᠠ᠃      ᠤᠯᠠᠨ ᠤᠯᠤᠰ ᠯᠤᠭ᠎ᠠ ᠶᠢᠨ ᠮᠡᠷᠭᠡᠵᠢᠯ ᠢ ᠰᠢᠯᠵᠢᠭᠦᠯᠬᠦ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠢᠲ᠋ᠠᠯᠢ᠂ ᠭᠧᠷᠮᠠᠨ᠂ ᠢᠰᠷᠧᠯ᠂ ᠰᠸᠧᠳᠧᠨ᠂ ᠶᠠᠫᠣᠨ᠂ ᠺᠣᠷᠢᠶᠠ ᠵᠡᠷᠭᠡ ᠬᠥᠭᠵᠢᠭᠰᠡᠨ ᠤᠯᠤᠰ ᠤᠨ ᠴᠢᠬᠤᠯᠠ ᠪᠤᠯᠬᠤ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠲᠠᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠬᠡᠢ ᠦᠷᠨᠢᠬᠦᠯᠦᠨ᠂ ᠣᠷᠣᠰ᠂ ᠮᠤᠩᠭᠤᠯ᠂ ᠵᠡᠭᠦᠨ ᠡᠮᠦᠨᠡᠲᠦ ᠠᠽᠢᠶ᠎ᠠ ᠵᠡᠷᠭᠡ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠪᠠ ᠭᠠᠵᠠᠷ ᠣᠷᠣᠨ ᠲᠠᠢ ᠮᠡᠷᠭᠡᠵᠢᠯ ᠢ ᠰᠢᠯᠵᠢᠭᠦᠯᠬᠦ ᠬᠠᠮᠲᠤᠷᠠᠯᠴᠠᠭ᠎ᠠ ᠰᠣᠯᠢᠯᠴᠠᠭ᠎ᠠ ᠪᠠᠨ ᠦᠷᠬᠡᠳᠬᠡᠵᠦ᠂ ᠲᠡᠷᠢᠭᠦᠨ ᠤ ᠮᠡᠷᠭᠡᠵᠢᠯ ᠢ ᠶᠡᠭᠡ ᠪᠠᠷ ᠤᠷᠤᠭᠤᠯᠤᠨ ᠠᠪᠴᠢᠷᠠᠵᠦ᠂ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠢ ᠰᠢᠯᠵᠢᠭᠦᠯᠬᠦ ᠳᠡᠯᠡᠬᠡᠶᠢᠴᠢᠯᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠮᠡᠷᠭᠡᠵᠢᠯ ᠢ ᠰᠢᠯᠵᠢᠭᠦᠯᠬᠦ ᠠᠵᠢᠯ ᠤᠨ ᠰᠦᠯᠵᠢᠶ᠎ᠡ ᠶᠢ ᠪᠠᠶᠢᠭᠤᠯᠤᠨ ᠪᠦᠷᠢᠨᠰᠢᠬᠦᠯᠵᠦ᠂ ᠳᠤᠮᠳᠠ᠂ ᠵᠡᠭᠦᠨ᠂ ᠪᠠᠷᠠᠭᠤᠨ ᠬᠡᠰᠡᠭ ᠤᠨ ᠭᠠᠵᠠᠷ ᠣᠷᠣᠨ ᠳᠤ ᠮᠡᠷᠭᠡᠵᠢᠯ ᠤᠨ ᠰᠤᠯᠢᠯᠴᠠᠭᠠᠨ ᠤ ᠪᠠᠶᠢᠩᠭᠤ ᠶᠢᠨ ᠵᠠᠬ᠎ᠠ ᠳᠡᠯᠭᠡᠭᠦᠷ ᠢ ᠪᠠᠶᠢᠭᠤᠯᠤᠨ ᠲᠡᠭᠦᠯᠳᠡᠷᠵᠢᠬᠦᠯᠵᠦ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠬᠠᠨᠳᠤᠭᠤᠯᠤᠨᠨᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠲᠠᠨᠢᠯᠴᠠᠭᠤᠯᠬᠤ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠦᠷᠨᠢᠬᠦᠯᠦᠨ᠂ ᠬᠡᠷᠡᠭᠯᠡᠭᠡᠨ ᠳᠤ ᠲᠤᠬᠢᠷᠠᠬᠤ ᠲᠡᠷᠢᠬᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠤᠰᠢᠭᠤ ᠰᠢᠶᠠᠨ ︵ᠬᠤᠳᠠ᠂ ᠲᠣᠭᠤᠷᠢᠭ︶ ᠲᠡᠶᠢᠰᠢ ᠰᠢᠯᠵᠢᠭᠦᠯᠵᠦ ᠤᠯᠠᠷᠢᠭᠤᠯᠬᠤ ᠪᠠᠨ ᠲᠦᠷᠬᠡᠳᠬᠡᠵᠦ᠂ ᠬᠤᠰᠢᠭᠤ ᠰᠢᠶᠠᠨ ᠤ ᠬᠡᠪᠴᠢᠶᠡᠨ ᠳᠠᠬᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠨᠨᠰᠠᠨ ᠭᠦᠭᠵᠢᠯᠳᠡ ᠶᠢ ᠠᠬᠢᠭᠤᠯᠤᠨ᠎ᠠ᠃      ᠴᠡᠷᠢᠭ ᠠᠷᠠᠳ ᠤᠨ ᠬᠡᠷᠡᠭᠴᠡᠬᠡᠨ ᠤ ᠮᠡᠷᠬᠡᠵᠢᠯ ᠤᠨ ᠲᠠᠯ᠎ᠠ ᠳᠠᠬᠢ ᠬᠠᠩᠭᠠᠯᠭ᠎ᠠ ᠬᠡᠷᠡᠭᠴᠡᠭᠡ ᠶᠢ ᠵᠠᠯᠭᠠᠯᠳᠤᠭᠤᠯᠬᠤ ᠪᠠᠨ ᠴᠢᠩᠭᠠᠳᠬᠠᠨ᠂ ᠴᠡᠷᠢᠭ ᠠᠷᠠᠳ ᠤᠨ ᠬᠡᠷᠡᠭᠴᠡᠬᠡᠨ ᠤ ᠮᠡᠷᠭᠡᠵᠢᠯ ᠤᠨ ᠲᠠᠯ᠎ᠠ ᠳᠠᠬᠢ ᠬᠠᠩᠭᠠᠯᠭ᠎ᠠ ᠬᠡᠷᠡᠭᠴᠡᠭᠡ ᠶᠢ ᠵᠠᠯᠭᠠᠯᠳᠤᠭᠤᠯᠬᠤ ᠲᠠᠪᠴᠠᠩ ᠢ ᠪᠠᠶᠢᠭᠤᠯᠵᠤ᠂ ᠴᠡᠷᠢᠭ ᠠᠷᠠᠳ ᠤᠨ ᠬᠡᠷᠡᠭᠴᠡᠬᠡᠨ ᠤ ᠰᠤᠳᠤᠯᠤᠨ ᠨᠡᠭᠡᠭᠡᠬᠦ ᠡᠬᠢ ᠪᠠᠶᠠᠯᠢᠭ ᠢ ᠬᠠᠮᠲᠤ ᠳᠤ ᠪᠠᠨ ᠭᠦᠷᠳᠡᠬᠦ ᠶᠢ ᠴᠢᠩᠭᠠᠳᠬᠠᠨ᠎ᠠ᠃ ᠪᠤᠭᠤᠲᠤ ᠬᠤᠲᠠ ᠳᠤ ᠴᠡᠷᠢᠭ ᠠᠷᠠᠳ ᠤᠨ ᠬᠡᠷᠡᠭᠴᠡᠬᠡᠨ ᠤ ᠠᠭᠤᠰᠤᠯᠴᠠᠭᠤᠯᠤᠨᠨᠰᠠᠨ ᠮᠡᠷᠭᠡᠵᠢᠯ ᠢ ᠰᠢᠯᠵᠢᠭᠦᠯᠬᠦ ᠲᠣᠭᠲᠠᠴᠠ ᠶᠢ ᠰᠦᠪᠡᠭᠴᠢᠯᠡᠬᠦ ᠪᠠ ᠲᠦᠷᠦ ᠶᠢᠨ ᠪᠤᠳᠤᠯᠭ᠎ᠠ ᠶᠢᠨ ᠲᠤᠷᠰᠢᠯᠲᠠ ᠶᠢᠨ ᠴᠡᠭ ᠢ ᠥᠷᠨᠢᠭᠦᠯᠵᠦ᠂ ᠨᠡᠶᠢᠳᠡᠯᠢᠭ ᠦᠷ᠎ᠡ ᠪᠦᠳᠦᠬᠡᠯ ᠢ ᠰᠢᠯᠵᠢᠬᠦᠯᠵᠦ ᠤᠯᠠᠷᠢᠭᠤᠯᠬᠤ ᠳᠤ ᠵᠢᠱᠢᠶ᠎ᠡ ᠦᠵᠡᠬᠦᠯᠬᠦ ᠶᠢ ᠦᠷᠨᠢᠬᠦᠯᠦᠨ᠎ᠠ᠃ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦᠯ ᠵᠦᠢᠯ ᠤᠳ ᠢ ᠴᠡᠷᠢᠭ ᠠᠷᠠᠳ ᠬᠤᠯᠪᠤᠭᠠᠯᠠᠵᠦ ᠨᠤᠲᠠᠯᠠᠯᠲᠠ ᠬᠢᠬᠦ ᠬᠢᠬᠡᠳ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢᠨ ᠰᠢᠨ᠎ᠡ ᠲᠣᠭᠲᠠᠴᠠ ᠶᠢ ᠰᠦᠪᠡᠭᠴᠢᠯᠡᠨ᠎ᠡ᠃      ︵ᠵᠢᠷᠭᠤᠭ᠎ᠠ︶ ᠰᠢᠨ᠎ᠠ ᠶᠢ ᠡᠭᠦᠳᠬᠦ ᠪᠠ ᠦᠢᠯᠡᠰ ᠴᠤᠨᠨᠴᠠᠯᠠᠬᠤ ᠶᠢ ᠢᠳᠡᠪᠬᠢᠳᠡᠢ ᠪᠠᠷ ᠲᠡᠮᠵᠢᠨ᠎ᠠ      ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠳ ᠢ ᠭᠦᠳᠦᠯᠦᠨ ᠵᠢᠯᠤᠭᠤᠳᠴᠤ ᠪᠠᠶᠢᠭᠠᠳ ᠠᠵᠤ ᠠᠬᠤᠶᠢᠯᠠᠯ ᠳᠤ ᠬᠠᠨᠳᠤᠭᠤᠯᠤᠨ ᠮᠡᠷᠭᠡᠵᠢᠯ ᠢ ᠨᠡᠭᠡᠭᠡᠨ ᠬᠥᠭᠵᠢᠭᠦᠯᠬᠦ᠂ ᠮᠡᠷᠭᠡᠵᠢᠯ ᠢ ᠰᠢᠯᠵᠢᠬᠦᠯᠦᠨ ᠬᠤᠳᠠᠯᠳᠤᠬᠤ᠂ ᠮᠡᠷᠭᠡᠵᠢᠯ ᠤᠨ ᠵᠦᠪᠯᠡᠯᠬᠡ ᠦᠭᠬᠦ᠂ ᠮᠡᠷᠭᠡᠵᠢᠯ ᠤᠨ ᠦᠢᠯᠡᠴᠢᠯᠡᠭᠡ ᠦᠷᠨᠢᠬᠦᠯᠵᠦ᠂ ᠠᠵᠤ ᠠᠬᠤᠶᠢᠯᠠᠯ ᠳᠤ ᠲᠤᠰᠢᠶᠠᠯ ᠡᠭᠦᠷᠬᠡᠯᠡᠬᠦ᠂ ᠲᠤᠰᠢᠶᠠᠯ ᠬᠠᠪᠰᠤᠷᠭᠠᠬᠤ ᠪᠤᠶᠤ ᠠᠵᠢᠯᠯᠠᠵᠦ ᠪᠠᠶᠢᠬᠤ ᠬᠤᠭᠤᠴᠠᠭᠠᠨ ᠳᠤ ᠪᠠᠨ ᠠᠵᠦ ᠠᠬᠤᠶᠢᠯᠠᠯ ᠡᠭᠦᠳᠦᠨ ᠡᠷᠬᠢᠯᠡᠬᠦ ᠵᠢᠴᠢ ᠠᠵᠢᠯ ᠤᠨ ᠪᠠᠶᠢᠷᠢ ᠠᠴᠠ ᠪᠠᠨ ᠰᠠᠯᠵᠤ ᠦᠢᠯᠡᠰ ᠴᠤᠨᠨᠴᠠᠯᠠᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠲᠠᠮᠵᠢᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠳᠤᠮᠳᠠ ᠵᠢᠵᠢᠭ ᠪᠢᠴᠢᠯ ᠠᠵᠤ ᠠᠬᠤᠶᠢᠯᠠᠯ ᠲᠡᠶᠢᠰᠢ ᠰᠢᠯᠵᠢᠬᠦᠯᠬᠦ ᠶᠢ ᠠᠬᠢᠭᠤᠯᠤᠨ᠎ᠠ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠳ ᠨᠢ ᠲᠤᠨᠨᠳᠠᠮᠠᠯ ᠪᠤᠰᠤ ᠠᠵᠢᠯ ᠤᠨ ᠪᠠᠶᠢᠷᠢ ᠲᠤᠬᠢᠷᠠᠭᠤᠯᠬᠤ ᠵᠡᠷᠬᠡ ᠠᠷᠭ᠎ᠠ ᠮᠠᠶ᠋ᠢᠭ ᠢᠶᠠᠷ ᠲᠠᠮᠵᠢᠭᠤᠯᠵᠦ᠂ ᠠᠵᠦ ᠠᠬᠤᠶᠢᠯᠠᠯ ᠤᠨ ᠰᠢᠨ᠎ᠠ ᠶᠢ ᠡᠭᠦᠳᠴᠤ ᠦᠢᠯᠡᠰ ᠴᠤᠨᠨᠴᠠᠯᠠᠬᠤ ᠴᠢᠳᠠᠪᠤᠷᠢᠳᠠᠳ ᠢ ᠭᠦᠳᠦᠯᠦᠨ ᠲᠠᠳᠠᠵᠦ ᠪᠠᠶᠢᠭᠠᠳ ᠮᠡᠷᠬᠡᠵᠢᠯ ᠢ ᠰᠢᠯᠵᠢᠬᠦᠯᠬᠦ ᠠᠵᠢᠯ ᠳᠤ ᠲᠤᠰᠢᠶᠠᠯ ᠬᠠᠪᠰᠤᠷᠭᠠᠵᠦ ᠠᠵᠢᠯᠯᠠᠬᠤ ᠶᠢ ᠨᠢ ᠲᠡᠮᠵᠢᠨ᠎ᠠ᠃      ᠰᠢᠨ᠎ᠡ ᠶᠢ ᠡᠭᠦᠳᠴᠤ ᠦᠢᠯᠡᠰ ᠴᠣᠭᠴᠠᠯᠠᠬᠤ ᠠᠴᠢᠶᠡᠯᠡᠪᠦᠷᠢ ᠶᠢᠨ ᠮᠡᠷᠭᠡᠵᠢᠯ ᠢ ᠰᠢᠯᠵᠢᠭᠦᠯᠬᠦ ᠡᠭᠦᠷᠬᠡ ᠴᠢᠳᠠᠮᠵᠢ ᠶᠢ ᠨᠢ ᠴᠢᠩᠭᠠᠷᠠᠭᠤᠯᠤᠨ᠎ᠠ᠃ ᠪᠣᠳᠠᠲᠤ ᠴᠤᠨᠨᠴᠠᠳᠤ ᠠᠵᠤ ᠠᠬᠤᠶ ᠪᠠ ᠳᠠᠪᠠᠭᠤᠯᠢᠭ ᠠᠵᠤ ᠦᠢᠯᠡᠰ ᠲᠤ ᠠᠩᠬᠠᠷᠤᠯ ᠢᠶᠠᠨ ᠬᠠᠨᠳᠤᠭᠤᠯᠵᠦ᠂ ᠠᠵᠤ ᠠᠬᠤᠶᠢᠯᠠᠯ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠢ ᠭᠦᠳᠦᠯᠦᠨ ᠵᠢᠯᠤᠭᠤᠳᠴᠤ ᠪᠠᠶᠢᠭᠠᠳ ᠤᠯᠠᠨ ᠢᠶᠠᠷ ᠢᠶᠠᠨ ᠦᠢᠯᠡᠰ ᠴᠤᠨᠨᠴᠠᠯᠠᠵᠦ ᠰᠢᠨ᠎ᠠ ᠶᠢ ᠡᠭᠦᠳᠬᠦ ᠲᠤᠰᠬᠠᠶᠢᠵᠢᠨᠨᠰᠠᠨ ᠣᠷᠣᠨ ᠵᠠᠶ ᠶᠢ ᠭᠦᠭᠵᠢᠬᠦᠯᠦᠨ᠎ᠠ᠃ ᠨᠡᠪᠴᠢᠭᠦᠯᠦᠬᠦᠷ᠂ ᠲᠦᠷᠬᠡᠳᠬᠡᠬᠦᠷ᠂ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠭᠠᠵᠠᠷ ᠵᠡᠷᠭᠡ ᠡᠯ᠎ᠡ ᠲᠥᠷᠥᠯ ᠤᠨ ᠨᠡᠪᠴᠢᠬᠦᠯᠬᠦ ᠠᠴᠢᠶᠡᠯᠡᠪᠦᠷᠢ ᠶᠢᠨ ᠡᠭᠦᠷᠬᠡ ᠴᠢᠳᠠᠮᠵᠢ ᠶᠢ ᠰᠢᠯᠢᠳᠡᠭᠵᠢᠬᠦᠯᠵᠦ᠂ ᠮᠡᠷᠭᠡᠵᠢᠯ ᠢ ᠰᠤᠳᠤᠯᠤᠨ ᠨᠡᠭᠡᠭᠡᠬᠦ᠂ ᠠᠵᠤ ᠠᠬᠤᠶᠢᠯᠠᠯ ᠢ ᠨᠡᠪᠴᠢᠬᠦᠯᠬᠦ᠂ ᠠᠵᠤ ᠦᠢᠯᠡᠰᠵᠢᠭᠰᠡᠨ ᠨᠡᠭᠡᠭᠡᠯᠳᠡ ᠬᠢᠬᠦ ᠶᠢ ᠬᠠᠮᠤᠷᠤᠨᠨᠰᠠᠨ ᠪᠦᠬᠦ ᠬᠡᠯᠬᠢᠶᠡᠰᠦ ᠳᠤ ᠨᠡᠪᠴᠢᠭᠦᠯᠬᠦ ᠰᠢᠰᠲ᠋ᠧᠮᠵᠢ ᠶᠢ ᠪᠠᠶᠢᠭᠤᠯᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠰᠢᠨ᠎ᠡ ᠶᠢ ᠡᠭᠦᠳᠴᠤ ᠦᠢᠯᠡᠰ ᠴᠣᠭᠴᠠᠯᠠᠬᠤ ᠠᠴᠢᠶᠡᠯᠡᠪᠦᠷᠢ ᠶᠢᠨ ᠪᠦᠳᠦᠬᠡᠨ ᠪᠠᠶᠢᠭᠤᠯᠤᠯᠲᠠ ᠶᠢ ᠴᠢᠩᠭᠠᠳᠬᠠᠵᠤ᠂ ᠲᠦᠬᠡᠮᠡᠯ ᠦᠢᠯᠡᠰ ᠴᠣᠭᠴᠠᠯᠠᠬᠤ ᠰᠠᠭᠤᠷᠢᠨ ᠭᠠᠵᠠᠷ ᠢ ᠭᠦᠳᠦᠯᠦᠨ ᠵᠢᠯᠤᠭᠤᠳᠴᠤ ᠭᠦᠭᠵᠢᠬᠦᠯᠦᠨ᠂ ᠥᠪᠡᠷᠲᠡᠭᠡᠨ ᠵᠠᠰᠠᠬᠤ ᠣᠷᠣᠨ ᠤ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠢ ᠰᠢᠯᠵᠢᠬᠦᠯᠵᠦ ᠤᠯᠠᠷᠢᠭᠤᠯᠬᠤ ᠲᠡᠪᠴᠡᠩ ᠤᠨ ᠪᠦᠳᠦᠬᠡᠨ ᠪᠠᠶᠢᠭᠤᠯᠤᠯᠳᠠ ᠶᠢ ᠲᠡᠮᠵᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠭᠦᠴᠦᠨ ᠵᠦᠢᠯ ᠢ ᠭᠦᠳᠦᠯᠦᠨ ᠵᠢᠯᠤᠭᠤᠳᠴᠤ ᠪᠠᠶᠢᠭᠠᠳ ᠲᠠᠷᠢᠶᠠᠯᠠᠬᠤ ᠮᠠᠯᠵᠢᠬᠤ ᠣᠷᠣᠨ ᠲᠡᠶᠢᠰᠢ ᠲᠦᠪᠯᠡᠷᠡᠬᠦᠯᠬᠦ ᠲᠠᠯ᠎ᠠ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠤᠮᠢᠯᠬᠠᠴᠢᠳ ᠤᠨ ᠴᠢᠬᠤᠯᠠ ᠦᠢᠯᠡᠳᠦᠯ ᠢ ᠪᠠᠳᠠᠷᠠᠭᠤᠯᠤᠨ᠎ᠠ᠃      ︵ᠲᠤᠯᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢ ᠬᠠᠮᠠᠭᠠᠯᠠᠬᠤ ᠪᠠ ᠠᠵᠢᠯᠯᠠᠵᠦ ᠡᠵᠡᠩᠨᠡᠬᠦ ᠶᠢ ᠴᠢᠩᠭᠠᠳᠬᠠᠨ᠎ᠠ      ᠰᠢᠨ᠎ᠡ ᠠᠵᠤ ᠠᠬᠤᠢ ᠰᠢᠨ᠎ᠡ ᠵᠠᠭᠪᠤᠷ ᠲᠤ ᠲᠤᠬᠢᠷᠠᠯᠴᠬᠠᠰᠠᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠲᠡᠭᠦᠯᠳᠡᠷᠵᠢᠬᠦᠯᠵᠦ᠂ ᠰᠢᠨ᠎ᠡ ᠶᠢ ᠡᠭᠦᠳᠴᠤ ᠦᠢᠯᠡᠰ ᠴᠣᠭᠴᠠᠯᠠᠬᠤ ᠶᠢᠨ ᠭᠦᠳᠡᠯᠬᠡᠭᠴᠢ ᠬᠦᠴᠦᠨ ᠬᠢᠬᠡᠳ ᠠᠮᠢᠵᠢᠷᠠᠯ ᠤᠨ ᠭᠦᠴᠦᠨ ᠢ ᠭᠦᠭᠵᠢᠬᠡᠨ ᠪᠠᠳᠠᠷᠠᠭᠠᠨ᠎ᠠ᠃ ᠮᠡᠷᠭᠡᠵᠢᠯ ᠢ ᠰᠢᠯᠵᠢᠭᠦᠯᠬᠦ ᠶᠠᠪᠤᠴᠠ ᠳᠠᠬᠢ ᠬᠤᠳᠠᠯᠳᠤᠭᠠᠨ ᠤ ᠨᠢᠭᠤᠴᠠ ᠶᠢ ᠬᠠᠤᠯᠢ ᠪᠠᠷ ᠬᠠᠮᠠᠭᠠᠯᠠᠬᠤ ᠶᠢ ᠴᠢᠩᠭᠠᠳᠬᠠᠵᠦ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢ ᠬᠠᠤᠯᠢ ᠴᠠᠭᠠᠵᠠ ᠪᠠᠷ ᠬᠠᠮᠠᠭᠠᠯᠠᠬᠤ ᠶᠢᠨ ᠭᠤᠤᠯᠯᠠᠨ ᠵᠢᠯᠤᠭᠤᠳᠬᠤ ᠦᠢᠯᠡᠳᠦᠯ ᠢ ᠪᠠᠳᠠᠷᠠᠭᠤᠯᠵᠤ᠂ ᠵᠠᠰᠠᠭ ᠵᠠᠬᠢᠷᠭᠠᠨ ᠢᠶᠠᠷ ᠬᠠᠤᠯᠢ ᠬᠡᠷᠡᠭᠵᠢᠭᠦᠯᠬᠦ ᠪᠠ ᠬᠠᠤᠯᠢ ᠴᠠᠭᠠᠵᠠ ᠪᠠᠷ ᠬᠠᠮᠠᠭᠠᠯᠠᠬᠤ ᠬᠤᠶᠠᠷ ᠠᠷᠭ᠎ᠠ ᠵᠠᠮ ᠤᠨ ᠳᠠᠪᠠᠭᠤᠯᠢᠭ ᠲᠠᠯ᠎ᠠ ᠶᠢ ᠬᠠᠷᠢᠯᠴᠠᠨ ᠨᠦᠭᠦᠪᠦᠷᠢᠯᠡᠭᠰᠡᠨ᠂ ᠣᠷᠭᠠᠨᠢᠭ ᠢᠶᠠᠷ ᠵᠤᠯᠭᠠᠯᠳᠤᠭᠤᠯᠤᠨᠨᠰᠠᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠵᠠᠭᠪᠤᠷ ᠢ ᠲᠡᠭᠦᠯᠳᠡᠷᠵᠢᠬᠦᠯᠦᠨ᠎ᠠ᠃ ᠲᠤᠰᠬᠠᠶ ᠠᠰᠢᠭ ᠤᠨ ᠬᠢᠨᠠᠨ ᠪᠠᠶᠢᠴᠠᠭᠠᠬᠤ ᠴᠤᠪᠤᠷᠠᠯ ᠢ ᠰᠢᠯᠢᠳᠡᠭᠵᠢᠬᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠴᠢᠨᠠᠷ ᠴᠢᠨᠰᠠᠭ᠎ᠠ ᠶᠢ ᠲᠡᠬᠡᠭᠰᠢᠯᠡᠬᠦᠯᠦᠨ᠎ᠠ᠃      ︵ᠨᠠᠢᠮᠠ︶ ᠦᠨᠡᠯᠡᠵᠦ ᠤᠷᠮᠠᠰᠢᠭᠤᠯᠬᠤ ᠲᠣᠭᠲᠠᠴᠠ ᠶᠢ ᠪᠦᠷᠢᠨᠰᠢᠬᠦᠯᠦᠨ᠎ᠠ      ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ ᠶᠢᠨ ᠬᠢᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠳᠠᠳ ᠢ ᠲᠦᠷᠦᠯ ᠬᠤᠪᠢᠶᠠᠨ ᠦᠨᠡᠯᠡᠬᠦ ᠳᠦᠷᠢᠮ ᠢᠶᠠᠨ ᠲᠡᠭᠦᠯᠳᠡᠷᠵᠢᠬᠦᠯᠬᠦ ᠶᠢ ᠠᠬᠢᠭᠤᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠴᠢᠨᠠᠷ ᠴᠢᠨᠰᠠᠭ᠎ᠠ᠂ ᠬᠤᠪᠢ ᠨᠡᠮᠡᠷᠢ᠂ ᠠᠮᠵᠢᠯᠲᠠ ᠪᠦᠲᠦᠮᠵᠢ ᠪᠠᠷ ᠤᠳᠤᠷᠢᠳᠤᠮᠵᠢ ᠪᠣᠯᠭᠠᠭᠰᠠᠨ ᠲᠦᠷᠦᠯ ᠬᠤᠪᠢᠶᠠᠨ ᠦᠨᠡᠯᠡᠬᠦ ᠰᠢᠰᠲ᠋ᠧᠮᠵᠢ ᠶᠢ ᠪᠠᠶᠢᠭᠤᠯᠤᠨ᠂ ᠭᠠᠭᠴᠠ ᠬᠦ ᠥᠭᠦᠯᠡᠯ ᠢ ᠯᠡ ᠦᠵᠡᠳᠡᠭ᠂ ᠭᠠᠭᠴᠠ ᠬᠦ ᠰᠤᠷᠤᠯᠭ᠎ᠠ ᠶᠢᠨ ᠨᠠᠮᠳᠠᠷ ᠢᠶᠠᠷ ᠯᠠ ᠪᠤᠯᠭᠠᠳᠠᠭ ᠦᠨᠡᠯᠡᠯᠲᠡ ᠬᠢᠬᠦ ᠭᠦᠳᠦᠯᠦᠮᠵᠢ ᠶᠢ ᠬᠤᠪᠢᠷᠠᠭᠤᠯᠤᠨ᠎ᠠ᠃ ᠬᠡᠷᠡᠭᠯᠡᠬᠡᠨ ᠤ ᠰᠤᠳᠤᠯᠭᠠᠨ᠂ ᠮᠡᠷᠬᠡᠵᠢᠯ ᠢ ᠨᠡᠬᠡᠬᠡᠨ ᠭᠦᠭᠵᠢᠬᠦᠯᠬᠦ᠂ ᠦᠷ᠎ᠡ ᠪᠦᠳᠦᠬᠡᠯ ᠢ ᠤᠯᠠᠷᠢᠭᠤᠯᠬᠤ ᠠᠵᠢᠯ ᠢ ᠭᠤᠤᠯᠯᠠᠨ ᠡᠷᠬᠢᠯᠡᠵᠦ ᠪᠠᠶᠢᠭ᠎ᠠ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠳᠠᠳ ᠲᠤ ᠦᠷ᠎ᠡ ᠪᠦᠳᠦᠬᠡᠯ ᠢ ᠤᠯᠠᠷᠢᠭᠤᠯᠬᠤ᠂ ᠮᠡᠷᠬᠡᠵᠢᠯ ᠢ ᠰᠢᠯᠵᠢᠬᠦᠯᠬᠦ᠂ ᠮᠡᠷᠬᠡᠵᠢᠯ ᠢ ᠲᠡᠯᠬᠡᠷᠡᠬᠦᠯᠬᠦ᠂ ᠮᠡᠷᠬᠡᠵᠢᠯ ᠢᠶᠠᠷ ᠦᠢᠯᠡᠴᠢᠯᠡᠬᠦ ᠵᠡᠷᠬᠡ ᠶᠢᠨ ᠦᠨᠡᠯᠡᠯᠳᠡ ᠬᠢᠬᠦ ᠭᠦᠢᠴᠡᠳᠬᠡᠯ ᠲᠤᠭᠠᠨ ᠤ ᠴᠢᠬᠤᠯᠠᠴᠢᠯᠬᠠᠳᠠᠬᠤ ᠬᠡᠮᠵᠢᠶ᠎ᠡ ᠶᠢ ᠨᠢ ᠨᠡᠮᠡᠭᠳᠡᠬᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠢ ᠰᠢᠯᠵᠢᠭᠦᠯᠦᠭᠰᠡᠨ ᠠᠴᠠ ᠪᠤᠯᠵᠦ ᠠᠵᠦ ᠠᠬᠤᠢ ᠨᠡᠶᠢᠬᠡᠮ ᠤᠨ ᠭᠦᠭᠵᠢᠯᠳᠡ ᠳᠤ ᠦᠵᠡᠬᠦᠯᠬᠦ ᠬᠤᠪᠢ ᠨᠡᠮᠡᠷᠢ ᠶᠢ ᠨᠢ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠳᠠᠳ ᠤᠨ ᠲᠤᠰᠢᠶᠠᠯ ᠲᠡᠪᠰᠢᠬᠦ᠂ ᠮᠡᠷᠬᠡᠵᠢᠯ ᠤᠨ ᠴᠤᠯᠠ ᠶᠢ ᠨᠢ ᠬᠢᠨᠠᠨ ᠲᠤᠨᠨᠳᠠᠭᠠᠬᠤ᠂ ᠠᠮᠵᠢᠯᠳᠠ ᠪᠦᠳᠦᠮᠵᠢ ᠶᠢ ᠨᠢ ᠰᠢᠯᠭᠠᠨ ᠬᠢᠨᠠᠬᠤ ᠵᠡᠷᠬᠡ ᠶᠢᠨ ᠴᠢᠬᠤᠯᠠ ᠦᠨᠳᠦᠰᠦᠯᠡᠯ ᠪᠤᠯᠭᠠᠵᠦ᠂ ᠦᠷᠬᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠠᠵᠢᠯᠳᠠᠳ ᠢ ᠭᠦᠳᠦᠯᠦᠨ ᠵᠢᠯᠤᠭᠤᠳᠴᠤ ᠪᠠᠶᠢᠭᠠᠳ ᠠᠵᠢᠯ ᠮᠡᠷᠬᠡᠵᠢᠯ ᠢᠶᠠᠷ ᠢᠶᠠᠨ ᠡᠬᠡ ᠤᠷᠤᠨ ᠳᠤ ᠪᠠᠨ ᠭᠦᠴᠦ ᠪᠠᠨ ᠡᠷᠬᠦᠬᠦ ᠪᠤᠯᠭᠠᠨ᠎ᠠ᠃      ᠲᠡᠬᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠭᠦᠷᠢᠶᠡᠯᠡᠩ ᠭᠠᠵᠠᠷ᠂ ᠤᠯᠤᠰ ᠤᠨ ᠦᠮᠴᠢᠯᠡᠯᠳᠦ ᠠᠵᠦ ᠠᠬᠤᠶᠢᠯᠠᠯ ᠠᠵᠢᠯ ᠦᠢᠯᠡᠰ ᠤᠨ ᠨᠢᠬᠡᠴᠢ ᠶᠢᠨ ᠤᠳᠤᠷᠢᠳᠤᠯᠭ᠎ᠠ ᠨᠠᠷ ᠤᠨ ᠦᠷ᠎ᠡ ᠪᠦᠳᠦᠬᠡᠯ ᠤᠨ ᠦᠨ᠎ᠠ ᠲᠤᠨᠨᠳᠠᠭᠠᠬᠤ ᠲᠠᠯ᠎ᠠ ᠳᠤ ᠰᠶᠢᠳᠪᠦᠷᠢᠳᠦ ᠪᠤᠳᠤᠯᠭ᠎ᠠ ᠲᠤᠨᠨᠳᠠᠭᠠᠬᠤ ᠡᠭᠦᠷᠬᠡ ᠬᠠᠷᠢᠭᠤᠴᠠᠯᠭ᠎ᠠ ᠪᠠᠨ ᠭᠦᠢᠴᠡᠳᠬᠡᠬᠦ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠬᠠᠮᠢᠶᠠᠷᠤᠯᠳᠠ ᠶᠢᠨ ᠠᠵᠢᠯᠳᠠᠳ ᠤᠨ ᠲᠦᠷᠦᠯ ᠵᠦᠢᠯ ᠲᠤᠨᠨᠳᠠᠭᠠᠬᠤ ᠬᠢᠬᠡᠳ ᠬᠠᠮᠢᠶᠠᠷᠤᠯᠳᠠ ᠶᠢᠨ ᠡᠭᠦᠷᠬᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠤᠷᠢᠨᠨᠵᠢᠭᠤᠯᠵᠦ᠂ ᠤᠷᠮᠠᠰᠢᠭᠤᠯᠬᠤ ᠲᠤᠨᠨᠳᠠᠴᠠ ᠪᠠ ᠠᠯᠳᠠᠰᠢ ᠶᠢ ᠠᠭᠤᠴᠢᠯᠠᠵᠦ ᠵᠠᠯᠠᠷᠠᠭᠤᠯᠬᠤ ᠲᠤᠨᠨᠳᠠᠴᠠ ᠶᠢ ᠪᠦᠷᠢᠨᠰᠢᠬᠦᠯᠦᠨ᠂ ᠴᠢᠷᠮᠠᠶᠢᠨ ᠠᠵᠢᠯᠯᠠᠵᠦ ᠬᠠᠷᠢᠭᠤᠴᠠᠯᠭ᠎ᠠ ᠪᠠᠨ ᠭᠦᠢᠴᠡᠳᠬᠡᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠬᠦᠯᠵᠦ᠂ ᠵᠤᠷᠢᠨᠨᠳᠠᠢ ᠪᠠᠷ ᠤᠯᠠᠷᠢᠭᠤᠯᠬᠤ᠂ ᠰᠠᠶᠢᠨ ᠲᠤᠷ᠎ᠠ ᠠᠴᠠ ᠪᠠᠨ ᠤᠯᠠᠷᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠎ᠠ᠃ ᠮᠡᠷᠬᠡᠵᠢᠯ ᠢ ᠰᠢᠯᠵᠢᠬᠦᠯᠬᠦ ᠲᠠᠯ᠎ᠠ ᠪᠠᠷ ᠬᠢ ᠢᠳᠡᠬᠡᠮᠵᠢ ᠶᠢᠨ ᠲᠡᠮᠳᠡᠭᠯᠡᠯ ᠢ ᠦᠪᠡᠷᠳᠡᠬᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠦᠨᠡᠨᠴᠢ ᠢᠳᠡᠬᠡᠮᠵᠢ ᠶᠢᠨ ᠰᠢᠰᠲ᠋ᠧᠮᠵᠢ ᠳᠤ ᠤᠷᠤᠭᠤᠯᠵᠦ᠂ ᠡᠷᠬᠡ ᠠᠰᠢᠭ ᠨᠢ ᠲᠦᠪ ᠭᠤᠤᠯᠴᠢ᠂ ᠠᠵᠠ ᠲᠤᠬᠢᠶᠠᠯ ᠨᠢ ᠲᠦᠪ ᠭᠤᠤᠯᠴᠢ᠂ ᠲᠦᠷᠢᠮ ᠭᠤᠷᠢᠮ ᠨᠢ ᠲᠦᠪ ᠭᠤᠤᠯᠴᠢ ᠪᠠᠶᠢᠬᠤ ᠵᠠᠬ᠎ᠠ ᠲᠡᠯᠬᠡᠭᠦᠷ ᠤᠨ ᠤᠷᠴᠢᠨ ᠨᠦᠭᠦᠴᠡᠯ ᠢ ᠪᠦᠷᠢᠯᠳᠦᠬᠦᠯᠦᠨ᠎ᠠ᠃      ︵ᠶᠢᠰᠦ︶ ᠲᠦᠷᠦ ᠶᠢᠨ ᠪᠤᠳᠤᠯᠭ᠎ᠠ ᠪᠠ ᠳᠦᠷᠢᠮ ᠤᠨ ᠲᠦᠭᠦᠷᠵᠢᠬᠦᠯᠦᠨ ᠵᠣᠯᠭᠠᠯᠳᠤᠭᠤᠯᠬᠤ ᠶᠢ ᠲᠡᠭᠦᠯᠳᠡᠷᠵᠢᠬᠦᠯᠦᠨ᠎ᠠ      ᠮᠡᠷᠭᠡᠵᠢᠯ ᠤᠨ ᠰᠤᠯᠢᠯᠴᠠᠭᠠᠨ ᠤ ᠭᠠᠶᠢᠯᠢ ᠲᠠᠲᠠᠪᠤᠷᠢ ᠳᠤ ᠬᠠᠷᠠᠭᠠᠯᠵᠠᠯ ᠦᠵᠡᠬᠦᠯᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠮᠡᠷᠭᠡᠵᠢᠯ ᠤᠨ ᠰᠤᠯᠢᠯᠴᠠᠭᠠᠨ ᠤ ᠭᠠᠶᠢᠯᠢ ᠶᠢ ᠭᠦᠩᠬᠡᠯᠡᠵᠦ ᠬᠡᠯᠲᠦᠷᠢᠭᠦᠯᠬᠦ ᠳᠤ ᠰᠦᠯᠵᠢᠶ᠎ᠡ ᠬᠤᠯᠪᠤᠵᠦ ᠭᠤᠶᠤᠴᠢᠯᠠᠨ ᠮᠡᠳᠡᠬᠦᠯᠬᠦ ᠲᠤᠨᠨᠳᠠᠴᠠ ᠶᠢ ᠰᠦᠪᠡᠭᠴᠢᠯᠡᠨ ᠪᠠᠶᠢᠭᠤᠯᠵᠦ᠂ ᠮᠡᠷᠭᠡᠵᠢᠯ ᠤᠨ ᠰᠤᠯᠢᠯᠴᠠᠭᠠᠨ ᠤ ᠭᠠᠶᠢᠯᠢ ᠶᠢ ᠭᠦᠩᠬᠡᠯᠡᠵᠦ ᠬᠡᠯᠲᠦᠷᠢᠭᠦᠯᠬᠦ ᠴᠤᠪᠤᠷᠠᠯ ᠢ ᠰᠢᠯᠢᠳᠡᠭᠵᠢᠬᠦᠯᠦᠨ᠎ᠠ᠃ ᠲᠦᠷᠦ ᠶᠢᠨ ᠪᠤᠳᠤᠯᠭ᠎ᠠ ᠶᠢᠨ ᠲᠤᠨᠨᠳᠠᠭᠠᠯ ᠶᠤᠰᠤᠭᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠳ ᠨᠢ ᠲᠤᠰᠢᠶᠠᠯ ᠤᠨ ᠪᠠᠶᠢᠷᠢ ᠳᠤ ᠪᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨᠨᠰᠠᠨ ᠪᠡᠯᠡᠨ ᠮᠥᠩᠭᠦᠨ ᠤ ᠱᠠᠩᠨᠠᠯ ᠭᠥᠷᠳᠡᠪᠡᠯ᠂ 50% ᠪᠠᠷ ᠭᠦᠩᠬᠡᠯᠡᠵᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠳ ᠤᠨ ᠲᠣᠰ ᠰᠠᠷ᠎ᠠ ᠶᠢᠨ ︽ᠴᠠᠯᠢᠩ ᠮᠦᠩᠬᠦᠨ ᠤ ᠤᠯᠵᠠᠪᠤᠷᠢ︾ ᠳᠤ ᠪᠤᠳᠤᠵᠦ ᠤᠷᠤᠭᠤᠯᠤᠨ᠂ ᠬᠠᠤᠯᠢ ᠶᠣᠰᠣᠭᠠᠷ ᠬᠤᠪᠢ ᠬᠥᠮᠦᠨ ᠤ ᠤᠯᠵᠠᠪᠤᠷᠢ ᠶᠢᠨ ᠭᠠᠶᠢᠯᠢ ᠲᠤᠰᠢᠶᠠᠬᠤ ᠬᠡᠷᠡᠭᠲᠡᠶ᠃      ᠤᠯᠤᠰ ᠤᠨ ᠦᠮᠴᠢᠯᠡᠯᠳᠦ ᠮᠡᠷᠭᠡᠵᠢᠯ ᠤᠨ ᠲᠦᠷᠦᠯ ᠤᠨ ᠪᠤᠳᠠᠰᠯᠢᠭ ᠪᠤᠰᠤ ᠭᠦᠷᠦᠩᠬᠡ ᠶᠢᠨ ᠬᠠᠮᠢᠶᠠᠷᠤᠯᠳᠠ ᠶᠢᠨ ᠲᠦᠷᠢᠮ ᠢ ᠪᠦᠷᠢᠨᠰᠢᠬᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠣᠨᠴᠠᠯᠢᠭ ᠢ ᠨᠢ ᠦᠨᠳᠦᠰᠦᠯᠡᠨ᠂ ᠬᠠᠮᠢᠶ᠎ᠠ ᠪᠦᠬᠦᠢ ᠡᠳ᠋ ᠬᠥᠷᠥᠩᠭᠡ ᠶᠢ ᠦᠨᠡᠯᠡᠨ ᠵᠢᠱᠢᠬᠦ ᠬᠠᠮᠢᠶᠠᠷᠤᠯᠲᠠ ᠶᠢᠨ ᠴᠤᠪᠤᠷᠠᠯ ᠢ ᠰᠢᠯᠢᠳᠡᠭᠵᠢᠭᠦᠯᠵᠦ᠂ ᠢᠯᠡ ᠨᠡᠶᠢᠲᠡᠯᠡᠬᠦ ᠵᠡᠷᠭᠡ ᠠᠷᠭ᠎ᠠ ᠬᠡᠯᠪᠡᠷᠢ ᠪᠠᠷ ᠲᠠᠮᠵᠢᠭᠤᠯᠵᠦ ᠪᠦᠷᠢᠳᠬᠡᠨ ᠳᠠᠩᠰᠠᠯᠠᠭᠤᠯᠬᠤ ᠲᠡᠰ ᠲᠠᠷᠠᠭᠠᠯᠠᠯ ᠢ ᠲᠦᠭᠦᠮᠴᠢᠯᠡᠬᠦ ᠪᠠᠷ ᠰᠦᠪᠡᠭᠴᠢᠯᠡᠨ᠎ᠠ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠳᠠᠳ ᠤᠨ ᠬᠠᠤᠯᠢ ᠶᠣᠰᠣᠭᠠᠷ ᠣᠯᠤᠭᠰᠠᠨ ᠦᠷ᠎ᠡ ᠪᠦᠲᠦᠭᠡᠯ ᠢᠶᠠᠨ ᠤᠯᠠᠷᠢᠭᠤᠯᠤᠭᠠᠳ ᠱᠠᠩᠨᠠᠭᠤᠯᠵᠦ ᠭᠦᠬᠢᠭᠦᠯᠦᠭᠳᠡᠭᠰᠡᠨ ᠣᠷᠣᠯᠭ᠎ᠠ ᠶᠢ ᠨᠢ ᠠᠮᠵᠢᠯᠲᠠ ᠪᠦᠲᠦᠮᠵᠢ ᠶᠢᠨ ᠴᠠᠯᠢᠩ ᠳᠤ ᠤᠷᠤᠭᠤᠯᠬᠤ ᠦᠭᠡᠢ᠃      ᠭᠤᠣᠯᠳᠠᠯᠭ᠎ᠠ ᠲᠠᠢ ᠭᠦᠷᠢᠶ᠎ᠡ ᠴᠠᠷᠠᠭᠠᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠨᠡᠶᠢᠲᠡᠯᠡᠬᠦ ᠲᠣᠭᠲᠠᠴᠠ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠶᠡᠭᠡ ᠲᠦᠷᠦᠯ ᠵᠦᠢᠯ ᠳᠤ ᠦᠷ᠎ᠡ ᠪᠦᠲᠦᠭᠡᠯ ᠢ ᠤᠯᠠᠷᠢᠭᠤᠯᠬᠤ ᠡᠭᠦᠷᠭᠡ ᠶᠢ ᠲᠤᠳᠤᠷᠬᠠᠶᠢᠯᠠᠨ᠂ ᠤᠯᠠᠷᠢᠭᠤᠯᠬᠤ ᠲᠠᠢ ᠰᠢᠭᠤᠳ ᠬᠤᠯᠪᠣᠭᠳᠠᠬᠤ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠲᠤᠨᠨᠳᠠᠭᠠᠨ᠎ᠠ᠃      ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠮᠥᠩᠭᠦᠨ ᠭᠦᠢᠯᠭᠡᠭᠡᠨ ᠤ ᠣᠯᠠᠨ ᠡᠰᠢᠵᠢᠭᠰᠡᠨ ᠦᠢᠯᠡᠴᠢᠯᠡᠭᠡᠨ ᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠵᠦ ᠬᠥᠲᠥᠯᠥᠨ ᠵᠢᠯᠣᠭᠤᠳᠬᠤ ᠲᠦᠷᠦᠯ ᠤᠨ ᠰᠠᠭᠤᠷᠢ ᠮᠥᠩᠭᠦ ᠶᠢ ᠪᠤᠯ ᠦᠢᠯᠡᠰ ᠴᠣᠭᠴᠠᠯᠠᠬᠤ ᠪᠠᠷ ᠪᠠᠯᠠ ᠤᠷᠤᠭᠤᠯᠤᠨᠨᠰᠠᠨ ᠳᠠᠭᠠᠯᠲᠠ ᠰᠠᠭᠤᠷᠢ ᠮᠥᠩᠭᠦ ᠪᠠᠶᠢᠭᠤᠯᠬᠤ᠂ ᠵᠢᠭᠡᠯᠡᠯᠭᠡ ᠶᠢᠨ ᠲᠦᠭᠰᠢᠭᠦᠷᠢ ᠶᠢᠨ ᠲᠠᠯ᠎ᠠ ᠳᠤ ᠨᠦᠭᠦᠪᠦᠷᠢᠯᠡᠬᠦ ᠵᠡᠷᠭᠡ ᠠᠷᠭ᠎ᠠ ᠮᠠᠶ᠋ᠢᠭ ᠢᠶᠠᠷ ᠲᠠᠮᠵᠢᠭᠤᠯᠤᠨ᠂ ᠨᠡᠶᠢᠭᠡᠮ ᠤᠨ ᠬᠥᠷᠥᠩᠭᠡ ᠮᠥᠩᠭᠦ ᠶᠢ ᠬᠥᠲᠥᠯᠦᠨ ᠵᠢᠯᠣᠭᠤᠳᠴᠤ ᠪᠠᠶᠢᠭᠠᠳ ᠮᠡᠷᠭᠡᠵᠢᠯ ᠢ ᠰᠢᠯᠵᠢᠭᠦᠯᠬᠦ ᠡᠬᠢᠨ ᠤ ᠦᠶ᠎ᠡ ᠶᠢᠨ ᠲᠦᠷᠦᠯ ᠵᠦᠢᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠦᠭᠦᠢ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠪᠠᠯᠠ ᠣᠷᠣᠭᠤᠯᠵᠤ ᠳᠣᠭᠢᠷᠠᠭᠤᠯᠬᠤ ᠲᠠᠯ᠎ᠠ ᠪᠠᠷ ᠲᠡᠮᠵᠢᠬᠦ ᠶᠢ ᠨᠡᠮᠡᠭᠳᠡᠬᠦᠯᠦᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢ ᠲᠡᠮᠳᠡᠭᠳᠦᠵᠢᠬᠦᠯᠬᠦ ᠶᠢᠨ ᠪᠡᠯᠡ ᠲᠤᠬᠢᠷᠠᠭᠤᠯᠬᠤ ᠲᠤᠷᠰᠢᠯᠳᠠ ᠶᠢᠨ ᠴᠡᠭ ᠢ ᠦᠷᠨᠢᠬᠦᠯᠵᠦ᠂ ᠬᠤᠳᠠᠯᠳᠤᠭᠠᠨ ᠤ ᠪᠠᠩᠬᠢ ᠶᠢ ᠵᠤᠷᠢᠨᠨᠵᠢᠭᠤᠯᠵᠦ ᠪᠠᠶᠢᠭᠠᠳ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠳᠠᠨᠵᠢᠯᠠᠬᠤ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠦᠷᠨᠢᠬᠦᠯᠦᠨ᠎ᠠ᠃     ᠭᠤᠷᠪᠠ᠂ ᠵᠣᠬᠢᠶᠠᠨ ᠪᠠᠶᠢᠭᠤᠯᠵᠦ ᠬᠡᠷᠡᠭᠵᠢᠭᠦᠯᠬᠦ ᠶᠢ ᠴᠢᠩᠭᠠᠷᠠᠭᠤᠯᠤᠨ᠎ᠠ      ︵ᠨᠢᠭᠡ︶ ᠵᠣᠬᠢᠶᠠᠨ ᠪᠠᠶᠢᠭᠤᠯᠵᠦ ᠤᠳᠤᠷᠢᠳᠬᠤ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠨᠢ ᠮᠡᠷᠭᠡᠵᠢᠯ ᠢ ᠰᠢᠯᠵᠢᠭᠦᠯᠬᠦ ᠰᠢᠰᠲ᠋ᠧᠮᠵᠢ ᠪᠠᠶᠢᠭᠤᠯᠬᠤ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠪᠠᠨ ᠣᠷᠣᠭᠤᠯᠵᠤ᠂ ᠵᠣᠬᠢᠴᠠᠭᠤᠯᠤᠨ ᠠᠬᠢᠭᠤᠯᠬᠤ ᠲᠣᠭᠲᠠᠴᠠ ᠶᠢ ᠪᠠᠶᠢᠭᠤᠯᠤᠨ᠂ ᠪᠣᠳᠠᠲᠤ ᠲᠠᠢ ᠪᠠᠨ ᠤᠶᠠᠯᠳᠤᠭᠤᠯᠤᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠰᠠᠶᠢᠳᠤᠷ ᠠᠳᠬᠤᠬᠤ ᠬᠡᠷᠡᠭᠳᠡᠢ᠃ ᠬᠥᠬᠡᠬᠤᠲᠠ᠂ ᠪᠤᠭᠤᠲᠤ ᠬᠤᠳᠠ᠂ ᠣᠷᠳᠣᠰ ᠬᠤᠲᠠ ᠨᠢ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠲᠤᠭᠤᠷᠢᠭ ᠢ ᠴᠤᠨᠨᠴᠠᠯᠠᠨ ᠪᠠᠶᠢᠭᠤᠯᠬᠤ ᠶᠢᠨ ᠲᠤᠭᠤᠷᠢᠨ ᠳᠤ᠂ ᠮᠡᠷᠭᠡᠵᠢᠯ ᠢ ᠰᠢᠯᠵᠢᠭᠦᠯᠬᠦ ᠨᠢᠬᠡᠳᠦᠯᠳᠡᠢ ᠰᠢᠰᠲ᠋ᠧᠮᠵᠢ ᠶᠢ ᠪᠠᠶᠢᠭᠤᠯᠬᠤ ᠠᠵᠢᠯ ᠢᠶᠠᠨ ᠲᠦᠷᠭᠡᠳᠬᠡᠵᠦ᠂ ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠬᠦ ᠬᠢᠬᠡᠳ ᠲᠦᠷᠦ ᠶᠢᠨ ᠪᠤᠳᠤᠯᠭ᠎ᠠ ᠶᠢ ᠤᠷᠢᠳ ᠢᠶᠠᠷ ᠬᠡᠷᠡᠭᠵᠢᠭᠦᠯᠵᠦ ᠲᠤᠷᠰᠢᠬᠤ ᠶᠢ ᠦᠷᠨᠢᠬᠦᠯᠦᠨ᠂ ᠨᠢᠭᠡ ᠪᠦᠯᠦᠭ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠭ᠎ᠠ ᠬᠢᠬᠡᠳ ᠵᠠᠭᠪᠤᠷ ᠢ ᠰᠦᠪᠡᠭᠴᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠤᠯᠤᠰ ᠤᠨ ᠦᠮᠴᠢᠯᠡᠯᠳᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠢ ᠲᠣᠭᠲᠠᠭᠠᠯ ᠶᠣᠰᠣᠭᠠᠷ ᠵᠢᠱᠢᠶ᠎ᠡ ᠦᠵᠡᠭᠦᠯᠬᠦ ᠲᠤᠭᠤᠷᠢᠭ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠨᠢ ᠵᠦᠪᠰᠢᠶᠡᠷᠡᠨ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠂ ᠤᠯᠤᠰ ᠤᠨ ᠦᠮᠴᠢᠯᠡᠯᠳᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠢ ᠲᠣᠰ ᠲᠥᠰᠦᠯ ᠢ ᠦᠨᠳᠦᠰᠦᠯᠡᠨ ᠮᠡᠷᠬᠡᠵᠢᠯ ᠢ ᠰᠢᠯᠵᠢᠬᠦᠯᠬᠦ ᠶᠢ ᠠᠬᠢᠭᠤᠯᠬᠤ ᠪᠣᠳᠠᠲᠠᠶ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠤᠨᠨᠳᠠᠭᠠᠬᠤ ᠬᠡᠷᠡᠭᠲᠡᠶ᠃      ︵ᠬᠤᠶᠠᠷ︶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠᠨ ᠰᠠᠶᠢᠲᠤᠷ ᠠᠳᠬᠤᠨ᠎ᠠ᠃ ᠮᠡᠷᠭᠡᠵᠢᠯ ᠢ ᠰᠢᠯᠵᠢᠭᠦᠯᠬᠦ ᠶᠢ ᠠᠬᠢᠭᠤᠯᠬᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠦᠭᠦᠷ ᠲᠦᠷᠦ ᠶᠢᠨ ᠪᠤᠳᠤᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠲᠡᠮᠳᠡᠭᠳᠦ ᠴᠢᠨᠠᠷ ᠪᠠ ᠬᠤᠯᠪᠣᠯᠳᠤᠬᠤ ᠴᠢᠨᠠᠷ ᠤᠨ ᠦᠢᠯᠡᠳᠦᠯ ᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠᠨ ᠭᠤᠤᠯᠳᠠᠯᠭ᠎ᠠ ᠲᠠᠢ ᠰᠠᠶᠢᠳᠤᠷ ᠠᠳᠬᠤᠬᠤ ᠬᠡᠷᠡᠭᠲᠡᠶ ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠵᠦ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨᠨᠰᠠᠨ ᠡᠰᠡᠬᠦ ᠶᠢ ᠮᠦᠷᠳᠡᠵᠦ ᠬᠢᠨᠠᠨ ᠰᠢᠨᠵᠢᠬᠦ ᠪᠠ ᠦᠷ᠎ᠡ ᠪᠦᠳᠦᠮᠵᠢ ᠶᠢ ᠨᠢ ᠦᠨᠡᠯᠡᠬᠦ ᠪᠠᠨ ᠦᠨᠡᠨ ᠬᠦ ᠴᠢᠩᠭᠠᠳᠬᠠᠨ᠂ ᠨᠢᠭᠡᠨᠲᠡ ᠨᠡᠶᠢᠳᠡᠯᠡᠭᠳᠡᠭᠰᠡᠨ ᠴᠢᠬᠤᠯᠠ ᠶᠡᠭᠡ ᠥᠭᠡᠷᠡᠴᠢᠯᠡᠯᠲᠡ ᠪᠠ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠠᠭ ᠲᠤᠬᠠᠢ ᠳᠤ ᠨᠢ ᠮᠦᠷᠳᠡᠬᠦ᠂ ᠴᠠᠭ ᠲᠤᠬᠠᠶ ᠳᠤ ᠨᠢ ᠪᠠᠶᠢᠴᠠᠭᠠᠬᠤ᠂ ᠴᠠᠭ ᠲᠤᠬᠠᠶ ᠳᠤ ᠨᠢ ᠦᠨᠡᠯᠡᠨ ᠵᠢᠱᠢᠵᠦ᠂ ᠨᠡᠶᠢᠲᠡᠯᠢᠭ ᠲᠤᠷᠰᠢᠯᠭ᠎ᠠ ᠪᠠ ᠠᠷᠭ᠎ᠠ ᠬᠢᠳᠡᠯ ᠢ ᠢᠳᠡᠪᠬᠢᠳᠡᠢ ᠪᠠᠷ ᠳ᠋ᠦ᠋ᠶᠢᠩᠨᠡᠨ ᠳᠡᠯᠭᠡᠷᠡᠭᠦᠯᠬᠦ ᠬᠡᠷᠡᠭᠲᠡᠶ᠃      ︵ᠭᠤᠷᠪᠠ︶ ᠪᠡᠯᠡ ᠣᠷᠣᠭᠤᠯᠤᠯᠲᠠ ᠶᠢ ᠨᠡᠮᠡᠭᠳᠡᠬᠦᠯᠦᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠮᠡᠷᠭᠡᠵᠢᠯ ᠢ ᠰᠢᠯᠵᠢᠭᠦᠯᠬᠦ ᠪᠠ ᠦᠷ᠎ᠡ ᠪᠦᠲᠦᠭᠡᠯ ᠢ ᠤᠯᠠᠷᠢᠭᠤᠯᠬᠤ ᠳᠤ ᠦᠵᠡᠬᠦᠯᠬᠦ ᠡᠳ᠋ ᠤᠨ ᠵᠠᠰᠠᠭ ᠤᠨ ᠪᠡᠯᠡ ᠮᠦᠩᠬᠦᠨ ᠤ ᠭᠦᠳᠦᠯᠦᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠦ᠂ ᠨᠥᠬᠦᠴᠡᠯ ᠲᠠᠢ ᠭᠠᠵᠠᠷ ᠣᠷᠣᠨ ᠨᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠮᠡᠷᠭᠡᠵᠢᠯ ᠢ ᠰᠢᠯᠵᠢᠭᠦᠯᠬᠦ ᠰᠢᠰᠲ᠋ᠧᠮᠵᠢ ᠶᠢ ᠪᠦᠳᠦᠬᠡᠨ ᠪᠠᠶᠢᠭᠤᠯᠬᠤ ᠲᠤᠰᠬᠠᠶ ᠵᠦᠢᠯ ᠤᠨ ᠪᠡᠯᠡ ᠮᠥᠩᠭᠦ ᠶᠢ ᠲᠤᠬᠢᠷᠠᠭᠤᠯᠤᠨ᠂ ᠮᠡᠷᠭᠡᠵᠢᠯ ᠢ ᠰᠢᠯᠵᠢᠭᠦᠯᠬᠦ ᠪᠠᠶᠢᠭᠤᠯᠤᠮᠵᠢ ᠶᠢ ᠪᠤᠶᠢᠵᠢᠭᠤᠯᠬᠤ᠂ ᠮᠡᠳᠡᠭᠡ ᠵᠠᠩᠭᠢ ᠶᠢ ᠬᠠᠮᠳᠤ ᠳᠤ ᠪᠠᠨ ᠭᠥᠷᠳᠡᠬᠦ ᠦᠢᠯᠡᠴᠢᠯᠡᠬᠡᠨ ᠤ ᠲᠠᠪᠴᠠᠩ ᠢ ᠪᠥᠲᠥᠭᠡᠨ ᠪᠠᠶᠢᠭᠤᠯᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠦ᠂ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠢᠬᠡᠳ ᠮᠥᠩᠭᠦᠨ ᠭᠦᠢᠯᠭᠡᠭᠡᠨ ᠤ ᠤᠶᠠᠯᠳᠤᠯ ᠢ ᠠᠬᠢᠭᠤᠯᠤᠨ᠂ ᠡᠳ᠋ ᠤᠨ ᠵᠠᠰᠠᠭ ᠤᠨ ᠪᠡᠯᠡ ᠮᠥᠩᠭᠦ ᠬᠢᠭᠡᠳ ᠨᠡᠶᠢᠭᠡᠮ ᠤᠨ ᠬᠥᠷᠥᠩᠭᠡ ᠶᠢ ᠬᠠᠷᠢᠯᠴᠠᠨ ᠤᠶᠠᠯᠳᠤᠭᠤᠯᠤᠭᠰᠠᠨ ᠤᠯᠠᠨ ᠡᠰᠢᠵᠢᠭᠰᠡᠨ ᠣᠷᠣᠭᠤᠯᠤᠯᠲᠠ ᠶᠢᠨ ᠪᠠᠶᠢᠷᠢᠰᠢᠯ ᠢ ᠪᠤᠢ ᠪᠤᠯᠭᠠᠬᠤ ᠬᠡᠷᠡᠭᠳᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ