| | | 4 ᠳ᠋ᠦ᠋ᠭᠡᠷ ᠰᠠᠷ᠎ᠠ ᠶᠢᠨ 16 ᠤ ᠡᠳᠦᠷ᠂ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠠᠭᠤᠯᠠ ᠤᠰᠤ ᠤᠢ | ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ | ᠤᠯᠤᠰ ᠤᠨ ᠲᠤᠷᠰᠢᠯᠲᠠ ᠶᠢᠨ ᠴᠡᠭ ᠤᠨ ᠢᠨᠵᠧᠨᠧᠷᠢᠩ ᠤᠨ ᠡᠬᠢᠯᠡᠯᠲᠡ ᠶᠢᠨ ᠶᠣᠰᠣᠯᠠᠯ ᠥᠪᠥᠷ ᠮᠣᠩᠭᠤᠯ ᠤᠨ | ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ ᠬᠤᠩ ᠭᠧ ᠪᠦ᠋ ᠤᠰᠤ ᠵᠠᠯᠠᠬᠤ ᠥᠷᠲᠡᠭᠡ ᠳᠤ ᠶᠠᠪᠤᠭᠳᠠᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠡᠬᠢᠯᠡᠯᠲᠡ ᠶᠢᠨ ᠶᠣᠰᠣᠯᠠᠯ ᠳᠤ | ᠣᠷᠣᠯᠴᠠᠪᠠ᠃ | ᠣᠶᠢᠯᠠᠭᠠᠭᠰᠠᠨ ᠢᠶᠠᠷ᠂ ᠲᠤᠰ ᠢᠨᠵᠧᠨᠧᠷᠢᠩ ᠨᠢ ᠤᠯᠤᠰ ᠠᠴᠠ ᠠᠭᠤᠯᠠ ᠤᠰᠤ ᠤᠢ ᠰᠢᠭᠤᠢ ᠲᠠᠷᠢᠶᠠᠨ | ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠶᠢ ᠲᠥᠯᠬᠢᠨ ᠠᠬᠢᠭᠤᠯᠬᠤ | ᠭᠤᠷᠪᠠᠳᠤᠭᠠᠷ ᠪᠦᠯᠦᠭ ᠤᠨ ᠲᠤᠷᠰᠢᠯᠲᠠ ᠶᠢᠨ ᠴᠡᠭ ᠤᠨ ᠢᠨᠵᠧᠨᠧᠷᠢᠩ ᠤᠨ ᠨᠢᠭᠡ ᠪᠣᠯᠤᠨ᠎ᠠ᠃ ᠢᠨᠵᠧᠨᠧᠷᠢᠩ ᠤᠨ | ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠨᠢ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ | ᠬᠥᠭᠵᠢᠭᠦᠯᠬᠦ︾ ᠴᠢᠭᠯᠡᠯᠲᠡ ᠪᠣᠯᠤᠨ ︽ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ | ᠪᠡᠯᠴᠢᠭᠡᠷ ᠪᠣᠯ ᠠᠮᠢ ᠨᠠᠰᠤᠨ ᠤ ᠬᠠᠮᠲᠤ ᠶᠢᠨ ᠴᠣᠭᠴᠠ ᠮᠥᠨ︾ ᠭᠡᠬᠦ ᠣᠨᠣᠯᠵᠢᠬᠤᠨ ᠢ ᠢᠮᠠᠭᠲᠠ ᠲᠤᠤᠱᠯᠠᠭᠤᠯᠵᠤ᠂ | ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠳᠤ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠠᠭᠤᠷᠬᠠᠢ ᠶᠢᠨ | ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ᠂ ᠬᠥᠷᠥᠰᠥ ᠰᠢᠷᠣᠢ ᠶᠢ | ᠬᠠᠮᠠᠭᠠᠯᠠᠬᠤ ᠬᠢᠭᠡᠳ ᠤᠢ ᠰᠢᠭᠤᠢ ᠡᠪᠡᠰᠦᠨ ᠤ ᠤᠷᠭᠤᠮᠠᠯ ᠤᠨ ᠬᠤᠴᠢᠯᠭ᠎ᠠ ᠶᠢ ᠵᠠᠰᠠᠨ ᠰᠡᠷᠭᠦᠭᠡᠬᠦ᠂ ᠭᠤᠣᠯ ᠮᠥᠷᠡᠨ | ᠨᠠᠭᠤᠷ ᠴᠥᠭᠦᠷᠥᠮ ᠢ ᠬᠤᠯᠪᠣᠨ ᠨᠡᠪᠲᠡᠷᠡᠭᠦᠯᠬᠦ ᠬᠢᠭᠡᠳ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ | ᠬᠠᠮᠠᠭᠠᠯᠠᠬᠤ᠂ ᠲᠠᠷᠢᠶᠠᠨ ᠭᠠᠵᠠᠷ ᠤᠨ ᠬᠦᠷᠦᠰᠦᠨ ᠰᠣᠷᠪᠣᠯᠵᠢ ᠵᠢᠴᠢ ᠬᠤᠲᠠ ᠪᠠᠯᠭᠠᠰᠤᠨ ᠤ ᠪᠣᠬᠢᠷᠲᠤᠯ ᠤᠨ ᠡᠬᠢ ᠶᠢ | ᠵᠠᠰᠠᠬᠤ᠂ ᠤᠯᠠᠭᠠᠨᠰᠤᠬᠠᠢ ᠨᠠᠭᠤᠷ ᠤᠨ ᠴᠣᠭᠴᠠ ᠶᠢᠨ ᠤᠰᠤᠨ ᠤ ᠣᠷᠴᠢᠨ ᠲᠣᠭᠤᠷᠢᠨ ᠢ ᠬᠠᠮᠠᠭᠠᠯᠠᠬᠤ ᠪᠠ ᠵᠠᠰᠠᠨ | ᠰᠡᠷᠭᠦᠭᠡᠬᠦ᠂ ᠡᠯᠡᠰᠦᠨ ᠴᠦᠯ ᠢ ᠶᠡᠷᠦᠩᠬᠡᠶᠢᠯᠡᠨ ᠵᠠᠰᠠᠬᠤ ᠵᠡᠷᠭᠡ 7 ᠶᠡᠭᠡ ᠲᠥᠷᠥᠯ ᠤᠨ ᠭᠤᠣᠯᠳᠠᠯᠭ᠎ᠠ ᠲᠠᠢ ᠲᠥᠷᠥᠯ | ᠵᠦᠢᠯ ᠢ ᠪᠠᠭᠲᠠᠭᠠᠵᠤ᠂ ᠶᠡᠷᠦᠩᠬᠡᠢ ᠪᠡᠯᠡ ᠣᠷᠣᠭᠤᠯᠤᠯᠲᠠ ᠨᠢ 56 ᠳ᠋ᠦᠩᠰᠢᠭᠤᠷ ᠲᠥᠭᠦᠷᠢᠭ ᠲᠤ ᠬᠦᠷᠴᠡᠢ᠃ | ᠥᠪᠥᠷ ᠮᠣᠩᠭᠤᠯ ᠲᠤᠰ ᠢᠨᠵᠧᠨᠧᠷᠢᠩ ᠢ ᠴᠠᠭ ᠲᠤᠬᠠᠢ ᠳᠤ ᠨᠢ ᠡᠬᠢᠯᠡᠭᠦᠯᠦᠨ ᠬᠡᠷᠡᠭᠵᠢᠭᠦᠯᠵᠦ ᠪᠠᠶᠢᠭ᠎ᠠ ᠨᠢ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠤᠨ ︽ᠬᠦᠯᠦᠨ ᠨᠠᠭᠤᠷ᠂ ᠤᠯᠠᠭᠠᠨᠰᠤᠬᠠᠢ᠂ ᠳᠠᠭ᠎ᠠ ᠶᠢᠨ ᠨᠠᠭᠤᠷ︾ ᠢ ᠶᠡᠷᠦᠩᠬᠡᠶᠢᠯᠡᠨ ᠵᠠᠰᠠᠬᠤ | ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠪᠣᠯᠤᠨ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠣᠯᠤᠨ᠎ᠠ᠂ ᠡᠨᠡ ᠨᠢ | ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠪᠠ ᠤᠯᠠᠭᠠᠨᠰᠤᠬᠠᠢ ᠶᠢᠨ ᠠᠮᠢ | ᠠᠬᠤᠢ ᠶᠢ ᠶᠡᠷᠦᠩᠬᠡᠶᠢᠯᠡᠨ ᠵᠠᠰᠠᠬᠤ ᠠᠵᠢᠯ ᠢ ᠰᠢᠰᠲ᠋ᠧᠮ ᠲᠠᠢ ᠠᠬᠢᠭᠤᠯᠬᠤ᠂ ᠮᠠᠨ ᠤ ᠤᠯᠤᠰ ᠤᠨ ᠤᠮᠠᠷᠠᠲᠤ ᠶᠢᠨ | ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠵᠦ᠂ ᠡᠬᠡ ᠤᠯᠤᠰ ᠤᠨ | ᠤᠮᠠᠷᠠᠲᠤ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠤᠷᠳᠤ ᠴᠠᠭᠠᠨ ᠬᠡᠷᠡᠮ ᠢ ᠪᠠᠶᠢᠭᠤᠯᠬᠤ ᠳᠤ ᠴᠢᠬᠤᠯᠠ | ᠦᠢᠯᠡᠳᠦᠯ ᠦᠵᠡᠭᠦᠯᠬᠦ ᠨᠢ ᠯᠠᠪᠲᠠᠢ ᠶᠤᠮ᠃ |