ᠯᠢ ᠵᠢᠢ ᠡᡁᠧᠩ ᠰᠢᠢᠳᠪᠦᠷᠢᠲᠦ ᠳᠠᠶᠢᠯᠠᠯᠳᠤᠭᠠᠨ ᠬᠢᠵᠦ ᠰᠢᠢᠳᠪᠦᠷᠢᠲᠦ ᠢᠯᠠᠯᠲᠠ ᠣᠯᠬᠤ ᠪᠠᠶᠢᠳᠠᠯ ᠢᠶᠠᠷ ᠲᠦᠢᠯ ᠤᠨ ᠤᠨᠤᠪᠴᠢᠳᠠᠢ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠠᠶᠢᠯᠠᠯᠳᠤᠭᠠᠨ ᠢ ᠰᠠᠶᠢᠳᠤᠷ ᠬᠢᠵᠥ ᠢᠯᠠᠯᠳᠠ ᠤᠯᠵᠤ ᠴᠢᠩᠭ᠎ᠠ ᠴᠤᠬᠢᠯᠳᠠ ᠦᠭᠬᠦ ᠰᠦᠷ ᠬᠦᠴᠦᠳᠤ ᠪᠠᠶᠢᠳᠠᠯ ᠢᠶᠠᠷ ᠬᠠᠷ᠎ᠠ ᠪᠦᠯᠥᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠬᠦᠴᠦᠳᠠᠢ ᠠᠬᠢᠭᠤᠯᠬᠤ ᠬᠡᠷᠡᠭᠳᠡᠢ ᠭᠡᠵᠡᠢ
ᠨᠡᠶᠢᠲᠡᠯᠡᠭᠰᠡᠨ ᠴᠠᠭ᠄
2019/4/17
     4 ᠳ᠋ᠤᠭᠡᠷ ᠰᠠᠷ᠎ᠠ ᠶᠢᠨ 14᠎ ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠥᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠡᠷᠬᠢᠯᠡᠭᠴᠢ ᠯᠢ ᠵᠢᠢ ᠡᡁᠧᠩ ᠲᠦᠩᠯᠢᠶᠤᠤ ᠬᠤᠳᠠ ᠶᠢᠨ ᠬᠤᠷᠴᠢᠨ ᠲᠤᠭᠤᠷᠢᠬ ᠤᠨ ᠲᠤᠳᠤᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ ᠳᠤ ᠬᠦᠷᠴᠤ᠂ ᠬᠠᠷ᠎ᠠ ᠪᠦᠯᠦᠭᠳᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠠᠬᠢᠯᠳᠠ ᠶᠢᠨ ᠪᠠᠶᠢᠳᠠᠯ ᠢ ᠤᠶᠢᠯᠠᠭᠠᠪᠠ᠃      4 ᠳ᠋ᠤᠭᠡᠷ ᠰᠠᠷ᠎ᠠ ᠶᠢᠨ 14᠎ ᠤ ᠡᠳᠤᠷ ᠠᠴᠠ 16᠎ ᠤ ᠡᠳᠤᠷ ᠪᠣᠯᠲᠠᠯ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶᠡᠨ ᠎ ᠤ ᠡᠷᠬᠢᠯᠡᠭᠴᠢ ᠯᠢ ᠵᠢᠢ ᠡᡁᠧᠩ ᠲᠦᠩᠯᠢᠶᠤᠤ ᠬᠤᠳᠠ ᠶᠢᠨ ᠬᠤᠷᠴᠢᠨ ᠲᠤᠭᠤᠷᠢᠭ᠂ ᠬᠤᠷᠴᠢᠨ ᠵᠡᠬᠦᠨ ᠭᠠᠷᠤᠨ ᠲᠤᠮᠳᠠᠳᠤ ᠬᠤᠰᠢᠭᠤ᠂ ᠬᠦᠷᠢᠶ᠎ᠠ ᠬᠤᠰᠢᠭᠤ᠂ ᠨᠠᠢᠮᠠᠨ ᠬᠤᠰᠢᠭᠤᠨ ᠳᠤ ᠬᠦᠷᠴᠦ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠪᠠ ᠬᠠᠷ᠎ᠠ ᠪᠦᠯᠥᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠠᠵᠢᠯ ᠳᠤ ᠪᠠᠶᠢᠴᠠᠭᠠᠨ ᠰᠤᠳᠤᠯᠤᠯᠳᠡ ᠬᠢᠵᠥ  ᠰᠢᠮᠳᠠᠭᠤᠯᠤᠨ ᠵᠢᠯᠤᠭᠤᠳᠪᠠ᠃      ᠯᠢ ᠵᠢᠢ ᠡᡁᠧᠩ ᠪᠠᠭᠠᠷᠢᠨ ᠠᠶᠢᠯ ᠭᠠᠴᠠᠭ᠎ᠠ᠂ ᠮᠢᠨ ᠵᠦ ᠲᠦᠨ ᠭᠠᠴᠠᠭ᠎ᠠ ᠪᠤᠯᠤᠨ ᠪᠦᠯᠬᠦᠮᠳᠡᠯ ᠭᠠᠴᠠᠭ᠎ᠠ᠂ ᠴᠢᠩ ᠯᠥᠩ ᠱᠠᠨ ᠪᠠᠯᠭᠠᠰᠤᠨ ᠳᠤ ᠬᠦᠨᠵᠡᠬᠡᠶᠢᠷᠡᠵᠥ᠂ ᠭᠠᠴᠠᠭᠠᠨ ᠤ ᠶᠠᠳᠠᠭᠤ ᠶᠢ ᠲᠡᠳᠬᠦᠬᠦ ᠠᠵᠢᠯ ᠤᠨ ᠪᠠᠶᠢᠳᠠᠯ ᠢ ᠨᠠᠷᠢᠨ ᠤᠶᠢᠯᠠᠭᠠᠪᠠ᠃ ᠲᠡᠷᠡ ᠴᠢᠬᠤᠯᠠᠴᠢᠯᠠᠬᠤ ᠳᠤ ᠪᠠᠨ᠂ ᠶᠡᠷᠤᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠬᠤᠶᠠᠳᠤᠭᠠᠷ ᠬᠤᠷᠡᠯ ᠤᠨ ᠭᠠᠨᠰᠦ ᠶᠢᠨ ᠲᠦᠯᠥᠬᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠦᠶ᠎ᠡ ᠳᠤ ᠬᠡᠯᠡᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠥ᠂ ᠲᠦᠪ ᠤᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠤᠰᠬᠠᠢ ᠲᠤᠭᠤᠷᠢᠨ ᠪᠠᠶᠢᠴᠠᠭᠠᠯᠲᠠ ᠳᠤ ᠳᠤᠰᠬᠠᠭᠰᠠᠨ ᠴᠡᠭᠴᠡᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠰᠠᠶᠢᠳᠤᠷ ᠠᠳᠬᠤᠵᠥ᠂ ᠰᠢᠢᠳᠪᠤᠷᠢᠳᠤ ᠲᠠᠶᠢᠯᠠᠯᠳᠤᠭᠠᠨ ᠬᠢᠵᠥ ᠰᠢᠢᠳᠪᠤᠷᠢᠳᠤ ᠢᠯᠠᠯᠳᠡ ᠤᠯᠬᠤ ᠪᠠᠶᠢᠳᠠᠯ ᠢᠶᠠᠷ ᠲᠦᠢᠯ ᠤᠨ ᠤᠨᠤᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠠᠶᠢᠯᠠᠯᠳᠤᠭᠠᠨ ᠢ ᠰᠠᠶᠢᠳᠤᠷ ᠬᠢᠵᠤ ᠢᠯᠠᠯᠳᠠ ᠤᠯᠬᠤ ᠬᠡᠷᠡᠭᠳᠡᠢ ᠬᠡᠪᠠ᠃ ᠲᠡᠷᠡ ᠱᠠᠭᠠᠷᠳᠠᠬᠤ ᠳᠤ ᠪᠠᠨ᠂ ᠡᠯ᠎ᠡ ᠱᠠᠳᠤᠨ ᠤ ᠬᠢᠨ ᠲᠠᠪᠤᠨ ᠱᠠᠳᠤᠨ ᠤ ᠱᠦᠵᠢ ᠶᠠᠳᠠᠭᠤ ᠬᠦᠴᠢᠷᠳᠡᠯᠳᠡᠢ ᠬᠦᠮᠥᠰ ᠢ ᠨᠡᠶᠢᠳᠡᠮ ᠰᠤᠷᠪᠤᠯᠵᠢᠯᠠᠬᠤ ᠱᠠᠭᠠᠷᠳᠠᠯᠭ᠎ᠠ ᠶᠢ ᠬᠦᠨᠵᠡᠬᠡᠢ ᠨᠠᠶᠢᠳᠠᠪᠤᠷᠢᠵᠢᠭᠤᠯᠵᠥ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠭᠠᠴᠠᠭ᠎ᠠ ᠲᠤᠰᠬᠤᠨ᠂ ᠮᠠᠯᠵᠢᠬᠤ ᠲᠠᠷᠢᠶᠠᠯᠠᠬᠤ ᠡᠷᠦᠬᠡ ᠪᠠ ᠮᠠᠯᠴᠢᠨ ᠲᠠᠷᠢᠶᠠᠴᠢᠨ ᠳᠤ ᠬᠦᠷᠳᠡᠯ᠎ᠡ ᠤᠨᠤᠪᠴᠢᠳᠠᠢ ᠬᠡᠷᠡᠭᠵᠢᠬᠦᠯᠬᠦ ᠶᠢ ᠠᠬᠢᠭᠤᠯᠬᠤ ᠬᠡᠷᠡᠭᠳᠡᠢ᠃ ᠭᠠᠴᠠᠭ᠎ᠠ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠬᠢᠨ ᠰᠢᠯᠢᠳᠡᠭ ᠰᠤᠷᠳᠠᠯ ᠢ ᠪᠤᠢ ᠪᠤᠯᠭᠠᠵᠤ᠂ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠵᠥ ᠪᠠᠶᠢᠭᠠᠳ ᠠᠵᠢᠯ ᠢᠶᠠᠨ ᠰᠠᠶᠢᠳᠤᠷ ᠬᠢᠬᠦ ᠬᠡᠷᠡᠭᠳᠡᠢ᠃ ᠬᠠᠷᠢᠭᠤᠴᠠᠯᠭ᠎ᠠ ᠡᠬᠦᠷᠬᠡᠯᠡᠬᠦ ᠦᠬᠡᠢ᠂ ᠵᠢᠳᠬᠦᠯ ᠴᠢᠷᠮᠡᠶᠢᠯᠭ᠎ᠠ ᠭᠠᠷᠭᠠᠬᠤ ᠦᠭᠡᠢ ᠺᠠᠳ᠋ᠷ ᠢ ᠡᠷᠡᠰ ᠰᠢᠢᠳᠪᠤᠷᠢᠯᠡᠵᠥ᠂ ᠴᠢᠩᠭ᠎ᠠᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ ᠬᠡᠪᠠ᠃      ᠯᠢ ᠵᠢᠢ ᠡᡁᠧᠩ ᠲᠠᠷᠢᠶᠠᠨ ᠵᠠᠬ᠎ᠠ᠂ ᠲᠠᠭᠠᠭᠤᠯᠤᠬᠴᠢ ᠠᠵᠥ ᠠᠬᠤᠶᠢᠯᠠᠯ᠂ ᠲᠦᠪᠬᠢᠨᠡᠬᠦᠯᠬᠦ ᠨᠡᠶᠢᠬᠡᠮ ᠲᠤᠭᠤᠷᠢᠭ ᠵᠡᠷᠬᠡ ᠪᠠᠷ ᠬᠦᠷᠴᠦ᠂ ᠠᠮᠢ ᠠᠬᠤᠢ ᠪᠠᠷ ᠶᠠᠳᠠᠭᠤ ᠶᠢ ᠲᠡᠳᠬᠦᠬᠦ᠂ ᠠᠵᠥ ᠦᠢᠯᠡᠰ ᠢᠶᠠᠷ ᠶᠠᠳᠠᠭᠤ ᠶᠢ ᠲᠡᠳᠬᠦᠬᠦ᠂ ᠪᠡᠭᠡᠵᠢᠩ ᠠᠴᠠ ᠦᠪᠤᠷ ᠮᠤᠩᠭᠤᠯ ᠢ ᠬᠠᠪᠰᠤᠷᠤᠨ ᠲᠡᠳᠬᠦᠬᠦ ᠪᠠ ᠤᠨᠳᠤᠤ ᠭᠠᠵᠠᠷ ᠲᠤ ᠨᠡᠬᠦᠯᠬᠡᠨ ᠶᠠᠳᠠᠭᠤ ᠶᠢ ᠲᠡᠳᠬᠦᠬᠦ ᠲᠦᠷᠦᠯ ᠵᠦᠢᠯ ᠢ ᠬᠡᠷᠡᠭᠵᠢᠬᠦᠯᠵᠥ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠵᠥ ᠴᠢᠬᠤᠯᠠᠴᠢᠯᠠᠬᠤ ᠳᠤ ᠪᠠᠨ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠪᠠ ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠬᠤ ᠶᠢ ᠤᠷᠭᠠᠨᠢᠭ ᠢᠶᠠᠷ ᠵᠤᠯᠭᠠᠭᠤᠯᠵᠥ᠂ ᠠᠵᠥ ᠦᠢᠯᠡᠰ ᠢᠶᠠᠷ ᠶᠠᠳᠠᠭᠤ ᠬᠦᠴᠢᠷᠳᠡᠯᠳᠡᠢ ᠡᠷᠦᠬᠡ ᠶᠢ ᠲᠠᠶᠢᠴᠢᠯᠠᠨ ᠶᠠᠳᠠᠭᠤ ᠬᠦᠴᠢᠷᠳᠡᠯᠳᠡᠢ ᠬᠦᠮᠥᠰ ᠢ ᠴᠦᠬᠡᠳᠬᠡᠭᠰᠡᠡ ᠦᠷ᠎ᠡ ᠪᠦᠳᠦᠬᠡᠯ ᠢᠶᠠᠨ ᠬᠦᠴᠦᠯᠡᠨ ᠲᠡᠭᠡᠭᠰᠢᠯᠡᠬᠦᠯᠵᠥ᠂ ᠶᠠᠳᠠᠭᠤ ᠬᠦᠴᠢᠷᠳᠡᠯᠳᠡᠢ ᠤᠯᠠᠨ ᠲᠦᠮᠡᠨ ᠤ ᠤᠷᠤᠯᠭ᠎ᠠ ᠶᠢ ᠲᠤᠭᠳᠠᠭᠤᠨ ᠢᠶᠠᠷ ᠨᠡᠮᠡᠭᠳᠡᠬᠦᠯᠵᠥ ᠪᠠᠶᠠᠵᠢᠭᠤᠯᠬᠤ ᠬᠡᠷᠡᠭᠳᠡᠢ ᠬᠡᠪᠠ᠃   ᠶᠠᠳᠠᠭᠤ ᠬᠦᠴᠢᠷᠳᠡᠯᠲᠡᠢ ᠡᠷᠦᠬᠡ ᠸᠠᠩ ᠡᡁᠧ ᠫᠢᠩ᠂ ᠯᠥ ᠬᠠᠢ ᠡᡁᠧ ᠪᠤᠯᠤᠨ ᠶᠠᠳᠠᠭᠤ ᠠᠴᠠ ᠠᠩᠬᠢᠵᠢᠷᠠᠭᠰᠠᠠ ᠡᠷᠦᠬᠡ ᠸᠠᠩ ᠪᠦᠷᠢᠨᠪᠠᠶᠠᠷ᠂ ᠮᠠ ᠯᠢᠨ ᠬᠤᠸᠠ ᠶᠢᠨ ᠬᠡᠷ ᠲᠤ᠂ ᠯᠢ ᠵᠢᠢ ᠡᡁᠧᠩ ᠶᠠᠳᠠᠭᠤᠷᠠᠭᠰᠠᠠ ᠰᠢᠯᠳᠠᠭᠠᠨ᠂ ᠶᠠᠳᠠᠭᠤ ᠠᠴᠠ ᠠᠩᠬᠢᠵᠢᠷᠠᠭᠰᠠᠠ ᠦᠷ᠎ᠡ ᠪᠦᠳᠦᠮᠵᠢ ᠵᠡᠷᠬᠡ ᠪᠠᠶᠢᠳᠠᠯ ᠢ ᠨᠠᠷᠢᠨ ᠬᠢᠨᠠᠮᠠᠭᠠᠢ ᠤᠶᠢᠯᠠᠭᠠᠵᠥ᠂ ᠲᠡᠳᠡᠨᠤᠰ ᠢ ᠬᠠᠪᠰᠤᠷᠤᠨ ᠲᠡᠳᠬᠦᠬᠦ ᠬᠦᠴᠦᠨ ᠢ ᠠᠰᠢᠬᠯᠠᠨ ᠦᠪᠡᠷ ᠤᠨ ᠴᠢᠷᠮᠡᠶᠢᠯᠭ᠎ᠠ ᠳᠤ ᠪᠠᠨ ᠲᠦᠰᠢᠭᠯᠡᠵᠥ ᠪᠠᠶᠢᠭᠠᠳ ᠠᠮᠢᠳᠤᠷᠠᠯ ᠢᠶᠠᠨ ᠰᠠᠶᠢᠵᠢᠷᠠᠭᠤᠯᠤᠭᠠᠷᠠᠢ ᠬᠡᠵᠥ ᠵᠤᠷᠢᠬᠵᠢᠭᠤᠯᠤᠭᠰᠠᠠ ᠪᠦᠬᠡᠳ ᠬᠠᠪᠰᠤᠷᠤᠨ ᠲᠡᠳᠬᠦᠬᠦ ᠺᠠᠳ᠋ᠷᠴᠤᠳ ᠲᠤ ᠡᠯ᠎ᠡ ᠵᠦᠢᠯ ᠤᠨ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠎ ᠶᠢ ᠰᠠᠶᠢᠳᠤᠷ ᠨᠠᠶᠢᠳᠠᠪᠤᠷᠢᠵᠢᠭᠤᠯᠬᠤ ᠬᠡᠷᠡᠭᠳᠡᠢ ᠬᠡᠵᠥ ᠵᠠᠬᠢᠵᠠᠢ᠃      ᠯᠢ ᠵᠢᠢ ᠾᠧᠩ ᠲᠦᠩᠯᠢᠶᠤᠤ ᠬᠤᠲᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠂ ᠬᠤᠷᠴᠢᠨ ᠲᠤᠭᠤᠷᠢᠬ ᠤᠨ ᠲᠤᠳᠤᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ᠂ ᠬᠤᠤᠯᠢᠨ ᠲᠤᠮᠢᠯᠠᠬᠰᠠᠨ ᠰᠠᠯᠪᠤᠷᠢ ᠪᠤᠯᠤᠨ ᠨᠠᠢᠮᠠᠨ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠳᠤ ᠬᠦᠷᠴᠤ᠂ ᠬᠠᠷ᠎ᠠ ᠪᠦᠯᠦᠭᠳᠡᠨ ᠬᠠᠷᠭᠢᠰ ᠬᠦᠴᠦᠨ ᠢ ᠠᠷᠢᠯᠭᠠᠬᠤ ᠠᠵᠢᠯ ᠤᠨ ᠪᠠᠶᠢᠳᠠᠯ ᠢ ᠤᠶᠢᠯᠠᠭᠠᠨ᠂ ᠦᠷ᠎ᠡ ᠪᠦᠲᠦᠭᠡᠯ ᠤᠨ ᠦᠵᠡᠭᠦᠯᠭᠡ ᠶᠢ ᠨᠢ ᠦᠵᠡᠵᠦ᠂ ᠲᠤᠳᠤᠭᠠᠳᠤ ᠶᠢ ᠬᠠᠮᠠᠭᠠᠯᠠᠬᠤ ᠺᠠᠳ᠋ᠷ ᠴᠠᠬᠳᠠᠭ᠎ᠠ ᠶᠢ ᠲᠤᠬᠤᠨᠢᠭᠤᠯᠪᠠ᠃ ᠲᠡᠷᠡ ᠴᠢᠬᠤᠯᠠᠴᠢᠯᠠᠬᠤ ᠳᠤ ᠪᠠᠨ᠂ ᠬᠠᠷ᠎ᠠ ᠪᠦᠯᠦᠭᠳᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠦᠷᠨᠢᠭᠦᠯᠬᠦ ᠪᠤᠯ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶᠠᠨ ᠤ ᠭᠠᠷᠭᠠᠭᠰᠠᠠ ᠴᠢᠬᠤᠯᠠ ᠶᠡᠭᠡ ᠰᠢᠢᠳᠪᠦᠷᠢᠲᠤ ᠪᠤᠳᠤᠯᠭ᠎ᠠ ᠶᠢᠨ ᠪᠠᠶᠢᠷᠢᠯᠠᠭᠤᠯᠤᠯᠲᠠ ᠮᠦᠨ᠂ ᠨᠡᠶᠢᠭᠡᠮ ᠤᠨ ᠶᠡᠭᠡ ᠲᠠᠯ᠎ᠠ ᠶᠢᠨ ᠲᠤᠬᠲᠠᠭᠤᠨ ᠪᠠ ᠤᠯᠤᠰ ᠤᠨ ᠦᠨᠢ ᠤᠳᠠᠭᠠᠨ ᠤ ᠠᠮᠤᠷ ᠲᠦᠪᠰᠢᠨ ᠲᠠᠢ ᠬᠤᠯᠪᠤᠬᠳᠠᠵᠤ᠂ ᠬᠦᠮᠦᠨ ᠤ ᠰᠡᠳᠬᠢᠯ ᠢ ᠤᠯᠬᠤ ᠠᠯᠳᠠᠬᠤ ᠪᠠ ᠦᠨᠳᠦᠰᠦᠨ ᠱᠠᠲᠤᠨ ᠤ ᠵᠠᠰᠠᠬ ᠤᠨ ᠡᠷᠬᠡ ᠶᠢ ᠪᠠᠬᠢᠵᠢᠭᠦᠯᠬᠦ ᠲᠠᠢ ᠬᠤᠯᠪᠤᠬᠳᠠᠵᠤ᠂ ᠠᠭᠤᠤ ᠶᠡᠭᠡ ᠲᠡᠮᠡᠴᠡᠯ ᠬᠢᠬᠦ᠂ ᠠᠭᠤᠤ ᠶᠡᠭᠡ ᠢᠨᠵᠧᠨᠧᠷᠢᠩ ᠢ ᠪᠠᠶᠢᠭᠤᠯᠬᠤ᠂ ᠠᠭᠤᠤ ᠶᠡᠭᠡ ᠦᠢᠯᠡᠰ ᠢ ᠠᠬᠢᠭᠤᠯᠬᠤ᠂ ᠠᠭᠤᠤ ᠶᠡᠭᠡ ᠵᠡᠭᠦᠳᠦ ᠶᠢ ᠲᠠᠷᠬᠡᠯᠰᠢᠬᠦᠯᠬᠦ ᠲᠠᠢ ᠬᠤᠯᠪᠤᠬᠳᠠᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠬ ᠤᠨ ᠤᠷᠳᠤᠨ ᠨᠢ ᠲᠤᠰᠬᠠᠢ ᠲᠡᠮᠡᠴᠡᠯ ᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠠᠨ ᠪᠤᠯᠭᠠᠵᠤ᠂ ᠴᠢᠩᠭ᠎ᠠ ᠴᠤᠬᠢᠯᠲᠠ ᠦᠭᠬᠦ ᠰᠦᠷ ᠬᠦᠴᠦᠲᠦ ᠪᠠᠶᠢᠳᠠᠯ ᠢᠶᠠᠷ ᠬᠦᠴᠦᠯᠡᠨ ᠠᠬᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠵᠢᠷᠭᠠᠯᠲᠤ ᠲᠦᠷᠦᠭᠳᠡᠯ ᠠᠮᠤᠷ ᠲᠦᠪᠰᠢᠨ ᠤ ᠲᠦᠷᠦᠭᠳᠡᠯ ᠢ ᠦᠨᠡᠨ ᠬᠦ ᠨᠡᠮᠡᠭᠳᠡᠭᠦᠯᠬᠦ ᠬᠡᠷᠡᠭᠲᠡᠢ᠃ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ︽ᠬᠤᠰᠢᠭᠤᠴᠢ︾᠎ ᠶᠢᠨ ᠦᠢᠯᠡᠳᠦᠯ ᠢᠶᠠᠨ ᠪᠠᠳᠠᠷᠠᠭᠤᠯᠤᠨ᠂ ᠬᠦᠨᠵᠡᠬᠡᠢ ᠴᠤᠬᠢᠯᠲᠠ ᠦᠭᠴᠤ᠂ ᠵᠤᠭᠤᠰ ᠮᠦᠩᠭᠦᠨ ᠤ ᠢᠷᠡᠯᠲᠡ ᠶᠢ ᠨᠢ ᠲᠠᠰᠤᠯᠤᠨ᠂ ᠤᠯᠠᠨ ᠲᠦᠮᠡᠨ ᠢ ᠳᠠᠶᠢᠴᠢᠯᠠᠵᠤ᠂ ᠡᠩᠨᠡᠭᠡ ᠪᠠᠨ ᠴᠡᠪᠡᠷᠰᠢᠭᠦᠯᠤᠨ᠂ ᠲᠤᠰᠬᠠᠢ ᠲᠡᠮᠡᠴᠡᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ ᠭᠡᠪᠠ᠃      ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠳᠤ᠂ ᠯᠢ ᠵᠢᠢ ᠾᠧᠩ ᠱᠠᠭᠠᠷᠳᠠᠬᠤ ᠳᠤ ᠪᠠᠨ᠂ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠪᠤᠯᠤᠨ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠢᠨ ᠵᠤᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠬᠠᠷ᠎ᠠ ᠪᠦᠯᠦᠭᠲᠡᠨ ᠬᠠᠷᠬᠢᠰ ᠬᠦᠴᠦᠨ ᠤ ︽ᠬᠠᠮᠠᠭᠠᠯᠠᠬᠴᠢ︾᠎ ᠶᠢ ᠭᠦᠨ ᠠᠭᠤᠳᠠᠯᠤᠨ ᠲᠤᠶᠢᠯᠪᠤᠷᠢᠲᠠᠢ ᠪᠠᠶᠢᠴᠠᠭᠠᠬᠤ ᠬᠡᠷᠡᠭᠳᠠᠢ ᠭᠡᠪᠠ᠃ ᠬᠤᠲᠠ ᠶᠢᠨ ᠪᠠᠶᠢᠴᠠᠭᠠᠬᠤ ᠬᠤᠷᠢᠶ᠎ᠠ᠂ ᠬᠦᠷᠢᠶ᠎ᠡ ᠬᠤᠰᠢᠭᠤᠨ ᠤ ᠰᠢᠬᠦᠬᠦ ᠬᠤᠷᠢᠶ᠎ᠠ ᠳᠤ ᠲᠡᠷᠡ ᠱᠠᠭᠠᠷᠳᠠᠬᠤ ᠳᠤ ᠪᠠᠨ᠂ ᠬᠠᠤᠯᠢ ᠶᠤᠰᠤᠭᠠᠷ ᠤᠷᠢᠳᠴᠢᠯᠠᠨ ᠤᠷᠤᠯᠴᠠᠬᠤ ᠲᠤᠬᠲᠠᠴᠠ ᠶᠢ ᠲᠡᠭᠦᠯᠳᠡᠷᠵᠢᠭᠦᠯᠵᠦ᠂ ᠬᠡᠷᠡᠭ ᠰᠢᠢᠳᠭᠡᠬᠦ ᠶᠠᠰᠤ ᠴᠢᠨᠠᠷ ᠦᠷ᠎ᠡ ᠪᠦᠳᠦᠮᠵᠢ ᠶᠢ ᠳᠡᠭᠡᠭᠰᠢᠯᠡᠭᠦᠯᠬᠦ ᠬᠡᠷᠡᠭᠳᠠᠢ ᠭᠡᠪᠠ᠃ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶᠠᠨ ᠤ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠠᠯᠪᠠᠨ ᠭᠡᠷ᠂ ᠬᠤᠷᠴᠢᠨ ᠲᠤᠭᠤᠷᠢᠬ ᠤᠨ ᠪᠸᠢ ᠶᠤᠸᠠᠨ ᠨᠡᠶᠢᠭᠡᠮ ᠲᠤᠭᠤᠷᠢᠬ᠂  ᠨᠠᠢᠮᠠᠨ ᠬᠤᠰᠢᠭᠤᠨ ᠤ ᠵᠦᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠦᠢᠯᠡᠴᠢᠯᠡᠭᠡᠨ ᠤ ᠲᠦᠪ ᠲᠤ ᠲᠡᠷᠡ ᠴᠢᠬᠤᠯᠠᠴᠢᠯᠠᠬᠤ ᠳᠤ ᠪᠠᠨ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠨ᠂ ᠲᠤᠰᠬᠠᠢ ᠲᠡᠮᠡᠴᠡᠯ ᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠎ ᠤ ᠨᠠᠮ ᠤᠨ ᠵᠤᠬᠢᠶᠠᠨ ᠪᠠᠶᠢᠭᠤᠯᠤᠯᠲᠠ ᠨᠢ ᠨᠡᠶᠢᠭᠡᠮ ᠤᠨ ᠵᠠᠰᠠᠯᠲᠠ ᠶᠢᠨ ᠡᠮᠦᠨ᠎ᠡ ᠹᠷᠤᠨᠲ ᠳᠤ ᠵᠢᠯᠤᠭᠤᠳᠬᠤ ᠭᠠᠵᠠᠷ ᠪᠣᠯᠬᠤ ᠦᠢᠯᠡᠳᠦᠯ ᠢᠶᠠᠨ ᠰᠠᠶᠢᠳᠤᠷ ᠪᠠᠳᠠᠷᠠᠭᠤᠯᠵᠤ᠂ ᠨᠡᠶᠢᠭᠡᠮ ᠤᠨ ᠡᠶ᠎ᠡ ᠵᠤᠬᠢᠴᠠᠩᠭᠤᠢ ᠲᠤᠬᠲᠠᠭᠤᠨ ᠪᠠᠶᠢᠳᠠᠯ ᠢ ᠦᠨᠡᠨ ᠬᠦ ᠬᠠᠮᠠᠭᠠᠯᠠᠬᠤ ᠬᠡᠷᠡᠭᠲᠡᠢ ᠭᠡᠪᠠ᠃      ᠦᠪᠡᠷᠲᠡᠭᠡᠨ ᠵᠠᠰᠠᠬᠤ ᠤᠷᠤᠨ ᠤ ᠤᠳᠤᠷᠢᠳᠤᠯᠭ᠎ᠠ ᠯᠥᠸᠧ ᠶᠦᠩ ᠭᠠᠩ᠂ ᠯᠢ ᠵᠢᠶᠧ ᠰᠢᠶᠠᠩ ᠵᠢᠴᠢ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠨᠦᠬᠦᠷ ᠪᠠᠶᠢᠴᠠᠭᠠᠨ ᠰᠤᠳᠤᠯᠤᠯᠲᠠ ᠬᠢᠬᠦ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号