ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ | ᠰᠢᠯᠭᠠᠯᠲᠠ ᠶᠢᠨ ᠲᠥᠪ ᠲᠦᠷᠦᠭᠦᠬᠡᠨ᠂ 2019 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ︽ᠣᠨᠴᠠᠭᠠᠢ ᠠᠵᠢᠯ ᠤᠨ ᠪᠠᠶᠢᠷᠢ ᠶᠢᠨ ᠪᠠᠭᠰᠢ︾ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠴᠠᠭ ᠨᠢ 4 ᠳ᠋ᠦ᠋ᠭᠡᠷ | ᠰᠠᠷ᠎ᠠ ᠶᠢᠨ 24 ᠤ ᠡᠳᠦᠷ ᠠᠴᠠ 27 ᠤ ᠡᠳᠦᠷ ᠤᠨ 17 ᠴᠠᠭ ᠪᠣᠯᠤᠨ᠎ᠠ᠂ ᠨᠡᠷ᠎ᠡ ᠮᠡᠳᠡᠭᠦᠯᠬᠦ ᠨᠥᠬᠦᠴᠡᠯ ᠳᠤ | ᠨᠡᠶᠢᠴᠡᠬᠦ ᠰᠢᠯᠭᠠᠭᠤᠯᠤᠭᠴᠢ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ | ᠰᠦᠯᠵᠢᠶ᠎ᠡ ᠪᠠᠷ ᠨᠡᠷ᠎ᠡ ᠮᠡᠳᠡᠭᠦᠯᠵᠦ ᠪᠣᠯᠤᠨ᠎ᠠ ᠭᠡᠵᠦ ᠠᠯᠪᠠᠨ ᠸᠢᠴᠠᠲ ᠢᠶᠠᠷ ᠨᠡᠶᠢᠲᠡᠯᠡᠪᠡ᠃ | ᠲᠠᠨᠢᠯᠴᠠᠭᠤᠯᠤᠭᠰᠠᠨ ᠢᠶᠠᠷ᠂ ᠪᠥᠬᠦ ᠣᠷᠣᠨ ᠳᠤ 8 ᠰᠢᠯᠭᠠᠯᠲᠠ ᠶᠢᠨ ᠲᠣᠭᠤᠷᠢᠭ ᠲᠣᠬᠢᠷᠠᠭᠤᠯᠤᠭᠰᠠᠨ ᠨᠢ | ᠲᠤᠰ ᠲᠤᠰ ᠬᠥᠬᠡᠬᠤᠲᠠ᠂ ᠪᠤᠭᠤᠲᠤ ᠬᠤᠲᠠ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠤ | ᠬᠤᠲᠠ᠂ ᠤᠯᠠᠭᠠᠨᠬᠠᠳᠠ ᠬᠤᠲᠠ᠂ ᠰᠢᠯᠢ ᠶᠢᠨ ᠭᠤᠤᠯ ᠠᠶᠢᠮᠠᠭ᠂ ᠪᠠᠶᠠᠨᠨᠠᠭᠤᠷ ᠬᠤᠲᠠ ᠪᠣᠯᠤᠨ᠎ᠠ᠃ | ᠰᠢᠯᠭᠠᠭᠤᠯᠤᠭᠴᠢ ᠣᠶᠢᠷᠠᠯᠴᠠᠭ᠎ᠠ ᠰᠢᠯᠭᠠᠯᠲᠠ ᠶᠢᠨ ᠲᠣᠭᠤᠷᠢᠭ ᠢ ᠰᠣᠩᠭᠤᠵᠤ ᠰᠢᠯᠭᠠᠯᠲᠠ ᠳᠤ ᠣᠷᠣᠯᠴᠠᠵᠤ ᠪᠣᠯᠤᠨ᠎ᠠ᠃ | ᠬᠢᠷᠢ ᠬᠡᠮ ᠤᠨ ᠠᠩᠬᠠᠨ ᠤ ᠬᠢᠨᠠᠯᠲᠠ ᠶᠢ ᠪᠠᠲᠤᠯᠠᠭᠰᠠᠨ ᠤ ᠳᠠᠷᠠᠭ᠎ᠠ ᠲᠤᠬᠠᠢ ᠶᠢᠨ ᠲᠠᠯᠠᠪᠠᠢ ᠳᠤ ᠨᠣᠲᠠᠯᠠᠨ᠎ᠠ᠂ | ᠨᠣᠳᠠᠯᠠᠬᠤ ᠴᠠᠭ ᠨᠢ 4 ᠳ᠋ᠦ᠋ᠭᠡᠷ ᠰᠠᠷ᠎ᠠ ᠶᠢᠨ 24 ᠤ ᠡᠳᠦᠷ ᠤᠨ 9 ᠴᠠᠭ ᠠᠴᠠ ᠡᠬᠢᠯᠡᠵᠤ᠂ 4 ᠳ᠋ᠦ᠋ᠭᠡᠷ ᠰᠠᠷ᠎ᠠ ᠶᠢᠨ | 28 ᠤ ᠡᠳᠦᠷ ᠤᠨ 16 ᠴᠠᠭ ᠲᠤ ᠲᠠᠭᠤᠰᠤᠨ᠎ᠠ᠂ ᠪᠢᠷ ᠤᠨ ᠰᠢᠯᠭᠠᠯᠲᠠ ᠨᠢ 5 ᠳ᠋ᠤᠭᠠᠷ ᠰᠠᠷ᠎ᠠ ᠶᠢᠨ 25 ᠤ | ᠡᠳᠦᠷ ᠤᠨ 9 ᠴᠠᠭ ᠠᠴᠠ 11 ᠴᠠᠭ 30 ᠮᠢᠨᠦ᠋ᠲ ᠪᠣᠯᠲᠠᠯ᠎ᠠ ᠶᠠᠪᠤᠭᠳᠠᠨ᠎ᠠ᠃ | ᠡᠨᠡ ᠵᠢᠯ ᠬᠥᠬᠡᠬᠤᠲᠠ᠂ ᠪᠤᠭᠤᠲᠤ ᠬᠤᠲᠠ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠤ | ᠬᠤᠲᠠ᠂ ᠪᠠᠶᠠᠨᠨᠠᠭᠤᠷ ᠬᠤᠲᠠ᠂ ᠠᠯᠠᠱᠨ ᠠᠶᠢᠮᠠᠭ ᠵᠡᠷᠭᠡ 7 ᠠᠶᠢᠮᠠᠭ ᠬᠤᠲᠠ ᠶᠢᠨ 24 ᠬᠤᠰᠢᠭᠤ ᠰᠢᠶᠠᠨ ︵ | ᠬᠤᠲᠠ︶ ᠳᠤ ᠣᠨᠴᠠᠭᠠᠢ ᠠᠵᠢᠯ ᠤᠨ ᠪᠠᠶᠢᠷᠢ ᠶᠢᠨ ᠲᠥᠯᠥᠪᠯᠡᠭᠡ ᠲᠣᠬᠢᠷᠠᠭᠤᠯᠵᠤ᠂ ᠪᠠᠭ᠎ᠠ ᠰᠤᠷᠭᠠᠭᠤᠯᠢ ᠪᠠ ᠠᠩᠬ᠎ᠠ | ᠵᠡᠷᠭᠡ ᠶᠢᠨ ᠳᠤᠮᠳᠠᠳᠤ ᠰᠤᠷᠭᠠᠭᠤᠯᠢ ᠳᠤ 1200 ᠪᠠᠭᠰᠢ ᠡᠯᠰᠡᠬᠦ ᠪᠠᠷ ᠲᠥᠯᠥᠪᠯᠡᠵᠦ᠂ ᠨᠢᠳᠤᠨᠤᠨ ᠤ ᠬᠢ ᠠᠴᠠ | 400 ᠬᠥᠮᠥᠨ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ 50 % ᠪᠣᠯᠤᠨ᠎ᠠ᠃ | ᠤᠷᠢᠵᠤ ᠬᠡᠷᠡᠭᠯᠡᠬᠦ ︽ᠣᠨᠴᠠᠭᠠᠢ ᠠᠵᠢᠯ ᠤᠨ ᠪᠠᠶᠢᠷᠢ ᠶᠢᠨ ᠪᠠᠭᠰᠢ︾ ᠨᠢ 19 ᠰᠢᠨᠵᠢᠯᠡᠭᠡᠨ ᠤ ᠰᠠᠯᠠᠭ᠎ᠠ ᠲᠠᠢ | ᠬᠤᠯᠪᠣᠭᠳᠠᠨ᠎ᠠ᠂ ᠲᠤᠰ ᠲᠤᠰ᠄ ᠦᠵᠡᠯ ᠰᠠᠨᠠᠭ᠎ᠠ ᠤᠯᠤᠰ ᠲᠥᠷᠥ᠂ ᠬᠡᠯᠡ ᠪᠢᠴᠢᠭ᠂ ᠲᠣᠭᠠᠨ ᠤ ᠤᠬᠠᠭᠠᠨ᠂ | ᠹᠢᠽᠢᠺ᠂ ᠬᠢᠮᠢ᠂ ᠠᠮᠢᠳᠤ ᠪᠣᠳᠠᠰ᠂ ᠭᠠᠵᠠᠷ ᠵᠦᠶ᠂ ᠲᠡᠤᠬᠡ᠂ ᠭᠠᠳᠠᠭᠠᠳᠤ ᠬᠡᠯᠡ᠂ ᠮᠡᠳᠡᠭᠡ ᠵᠠᠩᠭᠢ ᠶᠢᠨ ᠮᠡᠷᠭᠡᠵᠢᠯ᠂ | ᠳᠠᠭᠤᠤ ᠬᠥᠭᠵᠢᠮ᠂ ᠬᠥᠯ ᠪᠥᠮᠪᠦᠭᠡ᠂ ᠪᠡᠶ᠎ᠡ ᠶᠢᠨ ᠲᠠᠮᠢᠷ᠂ ᠤᠷᠠᠨ ᠵᠢᠷᠤᠭ᠂ ᠰᠢᠨᠵᠢᠯᠡᠬᠦ ᠤᠬᠠᠭᠠᠨ᠂ | ᠬᠥᠳᠡᠯᠮᠦᠷᠢ ᠶᠢᠨ ᠮᠡᠷᠭᠡᠵᠢᠯ᠂ ᠬᠢᠲᠠᠳ ᠬᠡᠯᠡ᠂ ᠰᠡᠳᠬᠢᠴᠡ ᠶᠢᠨ ᠡᠷᠡᠭᠦᠯ ᠮᠡᠨᠳᠦ᠂ ᠣᠨᠴᠠᠭᠠᠢ ᠰᠤᠷᠭᠠᠨ ᠬᠥᠮᠦᠵᠢᠯ | ᠪᠣᠯᠤᠨ᠎ᠠ᠃ | ᠡᠯᠰᠡᠭᠳᠡᠭᠴᠢ ᠨᠢ ᠣᠷᠣᠨ ᠤ ᠲᠤᠳᠤᠨ᠎ᠠ ᠭᠠᠳᠠᠨᠠᠬᠢ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ | ᠰᠤᠷᠭᠠᠭᠤᠯᠢ ᠠᠴᠠ ᠲᠡᠭᠦᠰᠦᠭᠰᠡᠨ ᠥᠪᠥᠷ ᠮᠣᠩᠭᠤᠯ ᠤᠨ ᠰᠤᠷᠤᠭᠴᠢ ᠪᠠᠶᠢᠬᠤ ᠬᠡᠷᠡᠭᠲᠡᠢ᠃ ︽ᠤᠶᠤᠲᠠᠳ ᠤᠨ | ᠰᠠᠶᠢᠨ ᠳᠤᠷ᠎ᠠ ᠠᠴᠠ ᠪᠠᠨ ᠪᠠᠷᠠᠭᠤᠨ ᠣᠷᠣᠨ ᠳᠤ ᠦᠶᠯᠡᠴᠢᠯᠡᠬᠦ ᠲᠥᠯᠥᠪᠯᠡᠭᠡ︾᠂ ︽ᠭᠤᠷᠪᠠ ᠶᠢ ᠳᠡᠮᠵᠢᠵᠦ | ᠨᠢᠭᠡ ᠶᠢ ᠲᠡᠳᠬᠦᠬᠦ ᠲᠥᠯᠥᠪᠯᠡᠭᠡ︾᠂ ︽ᠣᠶᠤᠲᠠᠨ ᠲᠣᠰᠬᠤᠨ ᠤ ᠳᠠᠷᠤᠭ᠎ᠠ︾ ᠶᠢᠨ ᠦᠶᠯᠡᠴᠢᠯᠡᠭᠡᠨ ᠤ | ᠬᠤᠭᠤᠴᠠᠭ᠎ᠠ ᠳᠦᠭᠦᠷᠦᠭᠰᠡᠨ ᠪᠥᠭᠡᠳ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠪᠠ ︽ᠤᠯᠤᠰ ᠤᠨ ᠳᠡᠰ ᠤᠨ | ᠪᠣᠯᠪᠠᠰᠤᠷᠠᠭᠤᠯᠤᠯ ᠤᠨ ᠲᠥᠯᠥᠪᠯᠡᠭᠡ︾ ᠶᠢ ᠪᠡᠶᠡᠯᠡᠭᠦᠯᠬᠦ ᠶᠢᠨ ᠬᠠᠮᠲᠤ ᠠᠵᠢᠯ ᠤᠨ ᠪᠠᠶᠢᠷᠢ ᠠᠴᠠ ᠪᠠᠨ ᠰᠠᠯᠵᠤ | ᠳᠠᠳᠤᠯᠭ᠎ᠠ ᠬᠢᠭᠰᠡᠨ ᠪᠤᠶᠤ ᠬᠠᠭᠠᠰ ᠵᠢᠯ ᠠᠴᠠ ᠳᠡᠭᠡᠭᠰᠢ ᠳᠠᠳᠤᠯᠭ᠎ᠠ ᠬᠢᠵᠦ ᠪᠠᠶᠢᠭ᠎ᠠ ᠪᠠᠭᠰᠢ ᠶᠢᠨ ᠲᠡᠭᠡᠳᠦ | ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠢ ᠠᠳᠠᠯᠢ ᠨᠥᠬᠦᠴᠡᠯ ᠤᠨ ᠳᠣᠤᠷ᠎ᠠ ᠤᠷᠢᠳᠠᠪᠠᠷ ᠡᠯᠰᠡᠵᠦ ᠬᠡᠷᠡᠭᠯᠡᠨ᠎ᠡ᠃ | ᠠᠵᠢᠯ ᠤᠨ ᠪᠠᠶᠢᠷᠢ ᠳᠤ ᠪᠠᠶᠢᠭ᠎ᠠ ︽ᠣᠨᠴᠠᠭᠠᠢ ᠠᠵᠢᠯ ᠤᠨ ᠪᠠᠶᠢᠷᠢ ᠶᠢᠨ ᠪᠠᠭᠰᠢ︾ ᠪᠤᠶᠤ ᠤᠯᠤᠰ ᠤᠨ ᠠᠵᠢᠯ ᠤᠨ | ᠪᠠᠶᠢᠷᠢ ᠶᠢᠨ ᠣᠷᠣᠨ ᠲᠤᠭ᠎ᠠ ᠳᠤ ᠪᠠᠶᠢᠭ᠎ᠠ ᠠᠯᠪᠠᠨ ᠲᠤᠰᠢᠶᠠᠯᠲᠠᠨ ᠨᠡᠷ᠎ᠡ ᠮᠡᠳᠡᠭᠦᠯᠵᠦ ᠪᠣᠯᠬᠤ ᠥᠬᠡᠶ᠃ | ᠤᠷᠢᠬᠤ ᠨᠥᠬᠦᠴᠡᠯ᠄ ᠰᠢᠯᠭᠠᠭᠤᠯᠤᠭᠴᠢ ᠪᠦᠬᠦᠯᠢ 28 ᠨᠠᠰᠤ ᠬᠦᠷᠦᠭᠡᠳᠦᠢ ᠪᠠᠶᠢᠬᠤ ᠬᠡᠷᠡᠭᠲᠡᠢ ︵1991 | ᠣᠨ 5 ᠳ᠋ᠤᠭᠠᠷ ᠰᠠᠷ᠎ᠠ ᠶᠢᠨ 1 ᠤ ᠡᠳᠦᠷ ᠠᠴᠠ ᠬᠤᠶᠢᠰᠢ ᠲᠥᠷᠦᠭᠰᠡᠨ ᠪᠠᠶᠢᠬᠤ ᠬᠡᠷᠡᠭᠲᠡᠢ᠂ 5 ᠰᠠᠷ᠎ᠠ ᠶᠢᠨ 1 ᠤ | ᠡᠳᠦᠷ ᠪᠠᠭᠲᠠᠨ᠎ᠠ︶᠃ ᠡᠨᠡ ᠵᠢᠯ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠰᠤᠷᠭᠠᠭᠤᠯᠢ ᠠᠴᠠ ᠲᠡᠭᠦᠰᠬᠦ᠂ | ᠥᠩᠭᠡᠷᠡᠭᠰᠡᠨ ᠬᠤᠭᠤᠴᠠᠭᠠᠨ ᠳᠤ ᠵᠢᠩᠬᠢᠨᠢ ᠠᠩᠭᠢ ᠠᠴᠠ ᠲᠡᠭᠦᠰᠦᠭᠰᠡᠨ ᠰᠤᠷᠤᠭᠴᠢ ︵ᠰᠤᠷᠭᠠᠭᠤᠯᠢ ᠳᠤ ᠰᠤᠷᠴᠤ | ᠪᠠᠶᠢᠭ᠎ᠠ ᠪᠦᠬᠦᠯᠢ ᠡᠳᠦᠷ ᠤᠨ ᠳᠦᠷᠢᠮᠲᠦ ᠰᠤᠳᠤᠯᠬᠤ ᠰᠤᠷᠤᠭᠴᠢ ᠨᠡᠷ᠎ᠡ ᠮᠡᠳᠡᠭᠦᠯᠵᠦ ᠪᠣᠯᠬᠤ ᠥᠬᠡᠶ︶ ᠨᠡᠷ᠎ᠡ | ᠮᠡᠳᠡᠭᠦᠯᠵᠦ ᠪᠣᠯᠣᠨ᠎ᠠ︔ ᠣᠶᠢᠷ᠎ᠠ ᠶᠢᠨ ᠭᠤᠷᠪᠠᠨ ᠵᠢᠯ ᠳᠤ ᠲᠡᠭᠦᠰᠦᠭᠰᠡᠨ ︵2017 ᠣᠨ ᠵᠢᠴᠢ ᠲᠡᠭᠦᠨ ᠠᠴᠠ | ᠬᠤᠶᠢᠰᠢ ᠲᠡᠭᠦᠰᠦᠭᠰᠡᠨ︶ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠰᠤᠷᠭᠠᠭᠤᠯᠢ ᠶᠢᠨ ᠪᠠᠭᠰᠢ ᠶᠢᠨ | ᠰᠤᠷᠭᠠᠨ ᠬᠥᠮᠦᠵᠢᠯ ᠤᠨ ᠲᠥᠷᠥᠯ ᠤᠨ ᠲᠤᠰᠬᠠᠶ ᠮᠡᠷᠭᠡᠵᠢᠯ ᠤᠨ ᠠᠩᠭᠢ ᠠᠴᠠ ᠲᠡᠭᠦᠰᠦᠭᠰᠡᠨ ᠰᠤᠷᠤᠭᠴᠢ ᠪᠠᠭ᠎ᠠ | ᠰᠤᠷᠭᠠᠭᠤᠯᠢ ᠶᠢᠨ ︽ᠣᠨᠴᠠᠭᠠᠢ ᠠᠵᠢᠯ ᠤᠨ ᠪᠠᠶᠢᠷᠢ ᠶᠢᠨ ᠪᠠᠭᠰᠢ︾ ᠶᠢᠨ ᠠᠵᠢᠯ ᠤᠨ ᠪᠠᠶᠢᠷᠢ ᠳᠤ ᠨᠡᠷ᠎ᠡ ᠮᠡᠳᠡᠭᠦᠯᠵᠦ | ᠪᠣᠯᠤᠨ᠎ᠠ᠃ ᠰᠣᠷᠣᠭᠰᠠᠨ ᠲᠤᠰᠬᠠᠶ ᠮᠡᠷᠭᠡᠵᠢᠯ ᠨᠢ ᠨᠡᠷ᠎ᠡ ᠮᠡᠳᠡᠭᠦᠯᠬᠦ ᠠᠵᠢᠯ ᠤᠨ ᠪᠠᠶᠢᠷᠢ ᠶᠢᠨ ᠰᠢᠨᠵᠢᠯᠡᠭᠡᠨ ᠤ | ᠰᠠᠯᠠᠭ᠎ᠠ ᠲᠠᠢ ᠨᠢᠭᠡᠳᠦᠯᠲᠡᠶ ᠪᠠᠶᠢᠬᠤ ᠬᠡᠷᠡᠭᠲᠡᠶ᠃ ᠰᠢᠯᠭᠠᠯᠲᠠ ᠳᠤ ᠨᠡᠷ᠎ᠡ ᠮᠡᠳᠡᠭᠦᠯᠦᠭᠴᠢ ᠡᠷᠬᠡᠪᠰᠢ ᠵᠣᠬᠢᠴᠠᠩᠭᠤᠶ | ᠪᠠᠭᠰᠢ ᠶᠢᠨ ᠬᠢᠷᠢ ᠬᠡᠮ ᠤᠨ ᠦᠨᠡᠮᠯᠡᠯ ᠢ ᠣᠯᠤᠭᠰᠠᠨ ᠪᠠᠶᠢᠬᠤ ᠬᠡᠷᠡᠭᠲᠡᠶ᠃ ᠪᠠᠭᠰᠢ ᠶᠢᠨ ᠬᠢᠷᠢ ᠬᠡᠮ ᠤᠨ ᠦᠨᠡᠮᠯᠡᠯ ᠤᠨ | ᠲᠤᠰᠬᠠᠶ ᠮᠡᠷᠭᠡᠵᠢᠯ ᠨᠢ ᠰᠣᠷᠣᠭᠰᠠᠨ ᠲᠤᠰᠬᠠᠶ ᠮᠡᠷᠭᠡᠵᠢᠯ ᠲᠠᠢ ᠪᠠᠨ ᠠᠳᠠᠯᠢ ᠪᠤᠶᠤ ᠠᠳᠠᠯᠢᠪᠲᠤᠷ ᠪᠠᠶᠢᠬᠤ | ᠬᠡᠷᠡᠭᠲᠡᠶ᠃ | ᠲᠣᠭᠳᠠᠭᠠᠯ ᠢᠶᠠᠷ᠂ ︽ᠣᠨᠴᠠᠭᠠᠢ ᠠᠵᠢᠯ ᠤᠨ ᠪᠠᠶᠢᠷᠢ ᠶᠢᠨ ᠪᠠᠭᠰᠢ︾ 3 ᠵᠢᠯ ᠤᠨ ᠦᠶᠯᠡᠴᠢᠯᠡᠭᠡᠨ ᠤ | ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠦᠷᠭᠦᠯᠵᠢᠯᠡᠨ ᠦᠨᠳᠦᠰᠦᠨ ᠱᠠᠲᠤᠨ ᠳᠤ ᠦᠨᠳᠦᠰᠦᠯᠡᠵᠦ ᠮᠠᠯᠵᠢᠬᠤ | ᠲᠠᠷᠢᠶᠠᠯᠠᠬᠤ ᠣᠷᠣᠨ ᠤ ᠰᠤᠷᠭᠠᠨ ᠬᠥᠮᠦᠵᠢᠯ ᠤᠨ ᠦᠶᠯᠡᠰ ᠡᠷᠬᠢᠯᠡᠬᠦ ᠶᠢ ᠨᠢ ᠵᠣᠷᠢᠭᠵᠢᠭᠤᠯᠤᠨ᠎ᠠ︔ ᠰᠠᠶᠢᠨ | ᠳᠤᠷ᠎ᠠ ᠠᠴᠠ ᠪᠠᠨ ᠦᠯᠡᠳᠡᠭᠰᠡᠳ ᠲᠤ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ | ᠬᠢᠨᠠᠨ ᠰᠢᠯᠭᠠᠭᠤᠯᠤᠭᠠᠳ ︵ᠬᠢᠨᠠᠨ ᠪᠠᠶᠢᠴᠠᠭᠠᠯᠭᠠᠭᠠᠳ︶ ᠬᠢᠷᠢ ᠲᠡᠩᠴᠡᠪᠡᠯ᠂ ᠤᠷᠢᠨ ᠬᠡᠷᠡᠭᠯᠡᠭᠰᠡᠨ ᠦᠷ᠎ᠡ ᠳ᠋ᠦᠩ ᠢ | ᠠᠳᠠᠯᠢ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ ᠲᠤ ᠮᠡᠳᠡᠭᠦᠯᠦᠨ ᠳᠠᠩᠰᠠᠯᠠᠭᠤᠯᠵᠤ᠂ ᠠᠵᠢᠯ ᠤᠨ ᠪᠠᠶᠢᠷᠢ ᠪᠠᠶᠢᠭᠤᠯᠤᠭᠰᠠᠨ ᠬᠤᠰᠢᠭᠤ ᠰᠢᠶᠠᠨ ᠤ ᠣᠷᠣᠨ | ᠲᠤᠭ᠎ᠠ ᠶᠢᠨ ᠰᠠᠯᠠᠭ᠎ᠠ ᠮᠥᠴᠢᠷ ᠪᠣᠯᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠲᠤᠰ | ᠲᠤᠰ ᠣᠷᠣᠨ ᠲᠤᠭ᠎ᠠ ᠪᠠ ᠠᠵᠢᠯ ᠤᠨ ᠪᠠᠶᠢᠷᠢ ᠶᠢ ᠬᠠᠷᠢᠭᠤᠴᠠᠵᠤ ᠨᠠᠶᠢᠳᠠᠪᠤᠷᠢᠵᠢᠭᠤᠯᠤᠨ᠎ᠠ᠂ ᠡᠳ᠋ ᠤᠨ ᠵᠠᠰᠠᠭ ᠤᠨ | ᠰᠠᠯᠠᠭ᠎ᠠ ᠮᠥᠴᠢᠷ ᠠᠴᠠ ᠴᠠᠯᠢᠩ ᠢ ᠨᠢ ᠬᠠᠷᠢᠭᠤᠴᠠᠵᠤ ᠲᠤᠬᠠᠢ ᠶᠢᠨ ᠭᠠᠵᠠᠷ ᠤᠨ ᠨᠢᠭᠡᠳᠦᠯᠲᠡᠢ ᠣᠯᠭᠤᠬᠤ ᠬᠡᠪᠴᠢᠶᠡᠨ | ᠳᠤ ᠣᠷᠤᠭᠤᠯᠤᠨ᠎ᠠ᠃ |