ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ ᠣᠨᠴᠠᠭᠠᠢ ᠠᠵᠢᠯ ᠤᠨ ᠪᠠᠶᠢᠷᠢ ᠶᠢᠨ ᠪᠠᠭᠰᠢ ᠶᠢᠨ ᠨᠡᠷ᠎ᠡ ᠮᠡᠳᠡᠭᠦᠯᠬᠦ ᠠᠵᠢᠯ ᠢ 24 ᠤ ᠡᠳᠦᠷ ᠠᠴᠠ ᠡᠬᠢᠯᠡᠭᠦᠯᠦᠨ᠎ᠡ
ᠨᠡᠶᠢᠲᠡᠯᠡᠭᠰᠡᠨ ᠴᠠᠭ᠄
2019/4/17

     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠲᠦᠷᠦᠭᠦᠬᠡᠨ᠂ 2019 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠣᠨᠴᠠᠭᠠᠢ ᠠᠵᠢᠯ ᠤᠨ ᠪᠠᠶᠢᠷᠢ ᠶᠢᠨ ᠪᠠᠭᠰᠢ︾ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠴᠠᠭ ᠨᠢ 4 ᠳ᠋ᠦ᠋ᠭᠡᠷ ᠰᠠᠷ᠎ᠠ ᠶᠢᠨ 24 ᠤ ᠡᠳᠦᠷ ᠠᠴᠠ 27 ᠤ ᠡᠳᠦᠷ ᠤᠨ 17 ᠴᠠᠭ ᠪᠣᠯᠤᠨ᠎ᠠ᠂ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠬᠦ ᠰᠢᠯᠭᠠᠭᠤᠯᠤᠭᠴᠢ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠪᠠᠷ ᠨᠡᠷ᠎ᠡ ᠮᠡᠳᠡᠭᠦᠯᠵᠦ ᠪᠣᠯᠤᠨ᠎ᠠ ᠭᠡᠵᠦ ᠠᠯᠪᠠᠨ ᠸᠢᠴᠠᠲ ᠢᠶᠠᠷ ᠨᠡᠶᠢᠲᠡᠯᠡᠪᠡ᠃
     ᠲᠠᠨᠢᠯᠴᠠᠭᠤᠯᠤᠭᠰᠠᠨ ᠢᠶᠠᠷ᠂ ᠪᠥᠬᠦ ᠣᠷᠣᠨ ᠳᠤ 8 ᠰᠢᠯᠭᠠᠯᠲᠠ ᠶᠢᠨ ᠲᠣᠭᠤᠷᠢᠭ ᠲᠣᠬᠢᠷᠠᠭᠤᠯᠤᠭᠰᠠᠨ ᠨᠢ ᠲᠤᠰ ᠲᠤᠰ ᠬᠥᠬᠡᠬᠤᠲᠠ᠂ ᠪᠤᠭᠤᠲᠤ ᠬᠤᠲᠠ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠰᠢᠯᠢ ᠶᠢᠨ ᠭᠤᠤᠯ ᠠᠶᠢᠮᠠᠭ᠂ ᠪᠠᠶᠠᠨᠨᠠᠭᠤᠷ ᠬᠤᠲᠠ ᠪᠣᠯᠤᠨ᠎ᠠ᠃ ᠰᠢᠯᠭᠠᠭᠤᠯᠤᠭᠴᠢ ᠣᠶᠢᠷᠠᠯᠴᠠᠭ᠎ᠠ ᠰᠢᠯᠭᠠᠯᠲᠠ ᠶᠢᠨ ᠲᠣᠭᠤᠷᠢᠭ ᠢ ᠰᠣᠩᠭᠤᠵᠤ ᠰᠢᠯᠭᠠᠯᠲᠠ ᠳᠤ ᠣᠷᠣᠯᠴᠠᠵᠤ ᠪᠣᠯᠤᠨ᠎ᠠ᠃ ᠬᠢᠷᠢ ᠬᠡᠮ ᠤᠨ ᠠᠩᠬᠠᠨ ᠤ ᠬᠢᠨᠠᠯᠲᠠ ᠶᠢ ᠪᠠᠲᠤᠯᠠᠭᠰᠠᠨ ᠤ ᠳᠠᠷᠠᠭ᠎ᠠ ᠲᠤᠬᠠᠢ ᠶᠢᠨ ᠲᠠᠯᠠᠪᠠᠢ ᠳᠤ ᠨᠣᠲᠠᠯᠠᠨ᠎ᠠ᠂ ᠨᠣᠳᠠᠯᠠᠬᠤ ᠴᠠᠭ ᠨᠢ 4 ᠳ᠋ᠦ᠋ᠭᠡᠷ ᠰᠠᠷ᠎ᠠ ᠶᠢᠨ 24 ᠤ ᠡᠳᠦᠷ ᠤᠨ 9 ᠴᠠᠭ ᠠᠴᠠ ᠡᠬᠢᠯᠡᠵᠤ᠂ 4 ᠳ᠋ᠦ᠋ᠭᠡᠷ ᠰᠠᠷ᠎ᠠ ᠶᠢᠨ 28 ᠤ ᠡᠳᠦᠷ ᠤᠨ 16 ᠴᠠᠭ ᠲᠤ ᠲᠠᠭᠤᠰᠤᠨ᠎ᠠ᠂ ᠪᠢᠷ ᠤᠨ ᠰᠢᠯᠭᠠᠯᠲᠠ ᠨᠢ 5 ᠳ᠋ᠤᠭᠠᠷ ᠰᠠᠷ᠎ᠠ ᠶᠢᠨ 25 ᠤ ᠡᠳᠦᠷ ᠤᠨ 9 ᠴᠠᠭ ᠠᠴᠠ 11 ᠴᠠᠭ 30 ᠮᠢᠨᠦ᠋ᠲ ᠪᠣᠯᠲᠠᠯ᠎ᠠ ᠶᠠᠪᠤᠭᠳᠠᠨ᠎ᠠ᠃
     ᠡᠨᠡ ᠵᠢᠯ ᠬᠥᠬᠡᠬᠤᠲᠠ᠂ ᠪᠤᠭᠤᠲᠤ ᠬᠤᠲᠠ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠤ ᠬᠤᠲᠠ᠂ ᠪᠠᠶᠠᠨᠨᠠᠭᠤᠷ ᠬᠤᠲᠠ᠂ ᠠᠯᠠᠱᠨ ᠠᠶᠢᠮᠠᠭ ᠵᠡᠷᠭᠡ 7 ᠠᠶᠢᠮᠠᠭ ᠬᠤᠲᠠ ᠶᠢᠨ 24 ᠬᠤᠰᠢᠭᠤ ᠰᠢᠶᠠᠨ ︵ᠬᠤᠲᠠ︶ ᠳᠤ ᠣᠨᠴᠠᠭᠠᠢ ᠠᠵᠢᠯ ᠤᠨ ᠪᠠᠶᠢᠷᠢ ᠶᠢᠨ ᠲᠥᠯᠥᠪᠯᠡᠭᠡ ᠲᠣᠬᠢᠷᠠᠭᠤᠯᠵᠤ᠂ ᠪᠠᠭ᠎ᠠ ᠰᠤᠷᠭᠠᠭᠤᠯᠢ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ 1200 ᠪᠠᠭᠰᠢ ᠡᠯᠰᠡᠬᠦ ᠪᠠᠷ ᠲᠥᠯᠥᠪᠯᠡᠵᠦ᠂ ᠨᠢᠳᠤᠨᠤᠨ ᠤ ᠬᠢ ᠠᠴᠠ 400 ᠬᠥᠮᠥᠨ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ 50 % ᠪᠣᠯᠤᠨ᠎ᠠ᠃
     ᠤᠷᠢᠵᠤ ᠬᠡᠷᠡᠭᠯᠡᠬᠦ ︽ᠣᠨᠴᠠᠭᠠᠢ ᠠᠵᠢᠯ ᠤᠨ ᠪᠠᠶᠢᠷᠢ ᠶᠢᠨ ᠪᠠᠭᠰᠢ︾ ᠨᠢ 19 ᠰᠢᠨᠵᠢᠯᠡᠭᠡᠨ ᠤ ᠰᠠᠯᠠᠭ᠎ᠠ ᠲᠠᠢ ᠬᠤᠯᠪᠣᠭᠳᠠᠨ᠎ᠠ᠂ ᠲᠤᠰ ᠲᠤᠰ᠄ ᠦᠵᠡᠯ ᠰᠠᠨᠠᠭ᠎ᠠ ᠤᠯᠤᠰ ᠲᠥᠷᠥ᠂ ᠬᠡᠯᠡ ᠪᠢᠴᠢᠭ᠂ ᠲᠣᠭᠠᠨ ᠤ ᠤᠬᠠᠭᠠᠨ᠂ ᠹᠢᠽᠢᠺ᠂ ᠬᠢᠮᠢ᠂ ᠠᠮᠢᠳᠤ ᠪᠣᠳᠠᠰ᠂ ᠭᠠᠵᠠᠷ ᠵᠦᠶ᠂ ᠲᠡᠤᠬᠡ᠂ ᠭᠠᠳᠠᠭᠠᠳᠤ ᠬᠡᠯᠡ᠂ ᠮᠡᠳᠡᠭᠡ ᠵᠠᠩᠭᠢ ᠶᠢᠨ ᠮᠡᠷᠭᠡᠵᠢᠯ᠂ ᠳᠠᠭᠤᠤ ᠬᠥᠭᠵᠢᠮ᠂ ᠬᠥᠯ ᠪᠥᠮᠪᠦᠭᠡ᠂ ᠪᠡᠶ᠎ᠡ ᠶᠢᠨ ᠲᠠᠮᠢᠷ᠂ ᠤᠷᠠᠨ ᠵᠢᠷᠤᠭ᠂ ᠰᠢᠨᠵᠢᠯᠡᠬᠦ ᠤᠬᠠᠭᠠᠨ᠂ ᠬᠥᠳᠡᠯᠮᠦᠷᠢ ᠶᠢᠨ ᠮᠡᠷᠭᠡᠵᠢᠯ᠂ ᠬᠢᠲᠠᠳ ᠬᠡᠯᠡ᠂ ᠰᠡᠳᠬᠢᠴᠡ ᠶᠢᠨ ᠡᠷᠡᠭᠦᠯ ᠮᠡᠨᠳᠦ᠂ ᠣᠨᠴᠠᠭᠠᠢ ᠰᠤᠷᠭᠠᠨ ᠬᠥᠮᠦᠵᠢᠯ ᠪᠣᠯᠤᠨ᠎ᠠ᠃
     ᠡᠯᠰᠡᠭᠳᠡᠭᠴᠢ ᠨᠢ ᠣᠷᠣᠨ ᠤ ᠲᠤᠳᠤᠨ᠎ᠠ ᠭᠠᠳᠠᠨᠠᠬᠢ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠥᠪᠥᠷ ᠮᠣᠩᠭᠤᠯ ᠤᠨ ᠰᠤᠷᠤᠭᠴᠢ ᠪᠠᠶᠢᠬᠤ ᠬᠡᠷᠡᠭᠲᠡᠢ᠃ ︽ᠤᠶᠤᠲᠠᠳ ᠤᠨ ᠰᠠᠶᠢᠨ ᠳᠤᠷ᠎ᠠ ᠠᠴᠠ ᠪᠠᠨ ᠪᠠᠷᠠᠭᠤᠨ ᠣᠷᠣᠨ ᠳᠤ ᠦᠶᠯᠡᠴᠢᠯᠡᠬᠦ ᠲᠥᠯᠥᠪᠯᠡᠭᠡ︾᠂ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ ᠲᠥᠯᠥᠪᠯᠡᠭᠡ︾᠂ ︽ᠣᠶᠤᠲᠠᠨ ᠲᠣᠰᠬᠤᠨ ᠤ ᠳᠠᠷᠤᠭ᠎ᠠ︾ ᠶᠢᠨ ᠦᠶᠯᠡᠴᠢᠯᠡᠭᠡᠨ ᠤ ᠬᠤᠭᠤᠴᠠᠭ᠎ᠠ ᠳᠦᠭᠦᠷᠦᠭᠰᠡᠨ ᠪᠥᠭᠡᠳ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠪᠠ ︽ᠤᠯᠤᠰ ᠤᠨ ᠳᠡᠰ ᠤᠨ ᠪᠣᠯᠪᠠᠰᠤᠷᠠᠭᠤᠯᠤᠯ ᠤᠨ ᠲᠥᠯᠥᠪᠯᠡᠭᠡ︾ ᠶᠢ ᠪᠡᠶᠡᠯᠡᠭᠦᠯᠬᠦ ᠶᠢᠨ ᠬᠠᠮᠲᠤ ᠠᠵᠢᠯ ᠤᠨ ᠪᠠᠶᠢᠷᠢ ᠠᠴᠠ ᠪᠠᠨ ᠰᠠᠯᠵᠤ ᠳᠠᠳᠤᠯᠭ᠎ᠠ ᠬᠢᠭᠰᠡᠨ ᠪᠤᠶᠤ ᠬᠠᠭᠠᠰ ᠵᠢᠯ ᠠᠴᠠ ᠳᠡᠭᠡᠭᠰᠢ ᠳᠠᠳᠤᠯᠭ᠎ᠠ ᠬᠢᠵᠦ ᠪᠠᠶᠢᠭ᠎ᠠ ᠪᠠᠭᠰᠢ ᠶᠢᠨ ᠲᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠢ ᠠᠳᠠᠯᠢ ᠨᠥᠬᠦᠴᠡᠯ ᠤᠨ ᠳᠣᠤᠷ᠎ᠠ ᠤᠷᠢᠳᠠᠪᠠᠷ ᠡᠯᠰᠡᠵᠦ ᠬᠡᠷᠡᠭᠯᠡᠨ᠎ᠡ᠃ ᠠᠵᠢᠯ ᠤᠨ ᠪᠠᠶᠢᠷᠢ ᠳᠤ ᠪᠠᠶᠢᠭ᠎ᠠ ︽ᠣᠨᠴᠠᠭᠠᠢ ᠠᠵᠢᠯ ᠤᠨ ᠪᠠᠶᠢᠷᠢ ᠶᠢᠨ ᠪᠠᠭᠰᠢ︾ ᠪᠤᠶᠤ ᠤᠯᠤᠰ ᠤᠨ ᠠᠵᠢᠯ ᠤᠨ ᠪᠠᠶᠢᠷᠢ ᠶᠢᠨ ᠣᠷᠣᠨ ᠲᠤᠭ᠎ᠠ ᠳᠤ ᠪᠠᠶᠢᠭ᠎ᠠ ᠠᠯᠪᠠᠨ ᠲᠤᠰᠢᠶᠠᠯᠲᠠᠨ ᠨᠡᠷ᠎ᠡ ᠮᠡᠳᠡᠭᠦᠯᠵᠦ ᠪᠣᠯᠬᠤ ᠥᠬᠡᠶ᠃
     ᠤᠷᠢᠬᠤ ᠨᠥᠬᠦᠴᠡᠯ᠄ ᠰᠢᠯᠭᠠᠭᠤᠯᠤᠭᠴᠢ ᠪᠦᠬᠦᠯᠢ 28 ᠨᠠᠰᠤ ᠬᠦᠷᠦᠭᠡᠳᠦᠢ ᠪᠠᠶᠢᠬᠤ ᠬᠡᠷᠡᠭᠲᠡᠢ ︵1991 ᠣᠨ 5 ᠳ᠋ᠤᠭᠠᠷ ᠰᠠᠷ᠎ᠠ ᠶᠢᠨ 1 ᠤ ᠡᠳᠦᠷ ᠠᠴᠠ ᠬᠤᠶᠢᠰᠢ ᠲᠥᠷᠦᠭᠰᠡᠨ ᠪᠠᠶᠢᠬᠤ ᠬᠡᠷᠡᠭᠲᠡᠢ᠂ 5 ᠰᠠᠷ᠎ᠠ ᠶᠢᠨ 1 ᠤ ᠡᠳᠦᠷ ᠪᠠᠭᠲᠠᠨ᠎ᠠ︶᠃  ᠡᠨᠡ ᠵᠢᠯ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠰᠤᠷᠭᠠᠭᠤᠯᠢ ᠠᠴᠠ ᠲᠡᠭᠦᠰᠬᠦ᠂ ᠥᠩᠭᠡᠷᠡᠭᠰᠡᠨ ᠬᠤᠭᠤᠴᠠᠭᠠᠨ ᠳᠤ ᠵᠢᠩᠬᠢᠨᠢ ᠠᠩᠭᠢ ᠠᠴᠠ ᠲᠡᠭᠦᠰᠦᠭᠰᠡᠨ ᠰᠤᠷᠤᠭᠴᠢ ︵ᠰᠤᠷᠭᠠᠭᠤᠯᠢ ᠳᠤ ᠰᠤᠷᠴᠤ ᠪᠠᠶᠢᠭ᠎ᠠ ᠪᠦᠬᠦᠯᠢ ᠡᠳᠦᠷ ᠤᠨ ᠳᠦᠷᠢᠮᠲᠦ ᠰᠤᠳᠤᠯᠬᠤ ᠰᠤᠷᠤᠭᠴᠢ ᠨᠡᠷ᠎ᠡ ᠮᠡᠳᠡᠭᠦᠯᠵᠦ ᠪᠣᠯᠬᠤ ᠥᠬᠡᠶ︶ ᠨᠡᠷ᠎ᠡ ᠮᠡᠳᠡᠭᠦᠯᠵᠦ ᠪᠣᠯᠣᠨ᠎ᠠ︔ ᠣᠶᠢᠷ᠎ᠠ ᠶᠢᠨ ᠭᠤᠷᠪᠠᠨ ᠵᠢᠯ ᠳᠤ ᠲᠡᠭᠦᠰᠦᠭᠰᠡᠨ ︵2017 ᠣᠨ ᠵᠢᠴᠢ ᠲᠡᠭᠦᠨ ᠠᠴᠠ ᠬᠤᠶᠢᠰᠢ ᠲᠡᠭᠦᠰᠦᠭᠰᠡᠨ︶ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠰᠤᠷᠭᠠᠭᠤᠯᠢ ᠶᠢᠨ ᠪᠠᠭᠰᠢ ᠶᠢᠨ ᠰᠤᠷᠭᠠᠨ ᠬᠥᠮᠦᠵᠢᠯ ᠤᠨ ᠲᠥᠷᠥᠯ ᠤᠨ ᠲᠤᠰᠬᠠᠶ ᠮᠡᠷᠭᠡᠵᠢᠯ ᠤᠨ ᠠᠩᠭᠢ ᠠᠴᠠ ᠲᠡᠭᠦᠰᠦᠭᠰᠡᠨ ᠰᠤᠷᠤᠭᠴᠢ ᠪᠠᠭ᠎ᠠ ᠰᠤᠷᠭᠠᠭᠤᠯᠢ ᠶᠢᠨ ︽ᠣᠨᠴᠠᠭᠠᠢ ᠠᠵᠢᠯ ᠤᠨ ᠪᠠᠶᠢᠷᠢ ᠶᠢᠨ ᠪᠠᠭᠰᠢ︾ ᠶᠢᠨ ᠠᠵᠢᠯ ᠤᠨ ᠪᠠᠶᠢᠷᠢ ᠳᠤ ᠨᠡᠷ᠎ᠡ ᠮᠡᠳᠡᠭᠦᠯᠵᠦ ᠪᠣᠯᠤᠨ᠎ᠠ᠃ ᠰᠣᠷᠣᠭᠰᠠᠨ ᠲᠤᠰᠬᠠᠶ ᠮᠡᠷᠭᠡᠵᠢᠯ ᠨᠢ ᠨᠡᠷ᠎ᠡ ᠮᠡᠳᠡᠭᠦᠯᠬᠦ ᠠᠵᠢᠯ ᠤᠨ ᠪᠠᠶᠢᠷᠢ ᠶᠢᠨ ᠰᠢᠨᠵᠢᠯᠡᠭᠡᠨ ᠤ ᠰᠠᠯᠠᠭ᠎ᠠ ᠲᠠᠢ ᠨᠢᠭᠡᠳᠦᠯᠲᠡᠶ ᠪᠠᠶᠢᠬᠤ ᠬᠡᠷᠡᠭᠲᠡᠶ᠃ ᠰᠢᠯᠭᠠᠯᠲᠠ ᠳᠤ ᠨᠡᠷ᠎ᠡ ᠮᠡᠳᠡᠭᠦᠯᠦᠭᠴᠢ ᠡᠷᠬᠡᠪᠰᠢ  ᠵᠣᠬᠢᠴᠠᠩᠭᠤᠶ ᠪᠠᠭᠰᠢ ᠶᠢᠨ ᠬᠢᠷᠢ ᠬᠡᠮ ᠤᠨ ᠦᠨᠡᠮᠯᠡᠯ ᠢ ᠣᠯᠤᠭᠰᠠᠨ ᠪᠠᠶᠢᠬᠤ ᠬᠡᠷᠡᠭᠲᠡᠶ᠃ ᠪᠠᠭᠰᠢ ᠶᠢᠨ ᠬᠢᠷᠢ ᠬᠡᠮ ᠤᠨ ᠦᠨᠡᠮᠯᠡᠯ ᠤᠨ ᠲᠤᠰᠬᠠᠶ ᠮᠡᠷᠭᠡᠵᠢᠯ ᠨᠢ ᠰᠣᠷᠣᠭᠰᠠᠨ ᠲᠤᠰᠬᠠᠶ ᠮᠡᠷᠭᠡᠵᠢᠯ ᠲᠠᠢ ᠪᠠᠨ ᠠᠳᠠᠯᠢ ᠪᠤᠶᠤ ᠠᠳᠠᠯᠢᠪᠲᠤᠷ ᠪᠠᠶᠢᠬᠤ

ᠬᠡᠷᠡᠭᠲᠡᠶ᠃
     ᠲᠣᠭᠳᠠᠭᠠᠯ ᠢᠶᠠᠷ᠂ ︽ᠣᠨᠴᠠᠭᠠᠢ ᠠᠵᠢᠯ ᠤᠨ ᠪᠠᠶᠢᠷᠢ ᠶᠢᠨ ᠪᠠᠭᠰᠢ︾ 3 ᠵᠢᠯ ᠤᠨ ᠦᠶᠯᠡᠴᠢᠯᠡᠭᠡᠨ ᠤ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠦᠷᠭᠦᠯᠵᠢᠯᠡᠨ ᠦᠨᠳᠦᠰᠦᠨ ᠱᠠᠲᠤᠨ ᠳᠤ ᠦᠨᠳᠦᠰᠦᠯᠡᠵᠦ ᠮᠠᠯᠵᠢᠬᠤ ᠲᠠᠷᠢᠶᠠᠯᠠᠬᠤ ᠣᠷᠣᠨ ᠤ ᠰᠤᠷᠭᠠᠨ ᠬᠥᠮᠦᠵᠢᠯ ᠤᠨ ᠦᠶᠯᠡᠰ ᠡᠷᠬᠢᠯᠡᠬᠦ ᠶᠢ ᠨᠢ ᠵᠣᠷᠢᠭᠵᠢᠭᠤᠯᠤᠨ᠎ᠠ︔ ᠰᠠᠶᠢᠨ ᠳᠤᠷ᠎ᠠ ᠠᠴᠠ ᠪᠠᠨ ᠦᠯᠡᠳᠡᠭᠰᠡᠳ ᠲᠤ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠢᠨᠠᠨ ᠰᠢᠯᠭᠠᠭᠤᠯᠤᠭᠠᠳ ︵ᠬᠢᠨᠠᠨ ᠪᠠᠶᠢᠴᠠᠭᠠᠯᠭᠠᠭᠠᠳ︶ ᠬᠢᠷᠢ ᠲᠡᠩᠴᠡᠪᠡᠯ᠂ ᠤᠷᠢᠨ ᠬᠡᠷᠡᠭᠯᠡᠭᠰᠡᠨ ᠦᠷ᠎ᠡ ᠳ᠋ᠦᠩ ᠢ ᠠᠳᠠᠯᠢ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠵᠤ᠂ ᠠᠵᠢᠯ ᠤᠨ ᠪᠠᠶᠢᠷᠢ ᠪᠠᠶᠢᠭᠤᠯᠤᠭᠰᠠᠨ ᠬᠤᠰᠢᠭᠤ ᠰᠢᠶᠠᠨ ᠤ ᠣᠷᠣᠨ ᠲᠤᠭ᠎ᠠ ᠶᠢᠨ ᠰᠠᠯᠠᠭ᠎ᠠ ᠮᠥᠴᠢᠷ ᠪᠣᠯᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠲᠤᠰ ᠲᠤᠰ ᠣᠷᠣᠨ ᠲᠤᠭ᠎ᠠ ᠪᠠ ᠠᠵᠢᠯ ᠤᠨ ᠪᠠᠶᠢᠷᠢ ᠶᠢ ᠬᠠᠷᠢᠭᠤᠴᠠᠵᠤ ᠨᠠᠶᠢᠳᠠᠪᠤᠷᠢᠵᠢᠭᠤᠯᠤᠨ᠎ᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠴᠠᠯᠢᠩ ᠢ ᠨᠢ ᠬᠠᠷᠢᠭᠤᠴᠠᠵᠤ ᠲᠤᠬᠠᠢ ᠶᠢᠨ ᠭᠠᠵᠠᠷ ᠤᠨ ᠨᠢᠭᠡᠳᠦᠯᠲᠡᠢ ᠣᠯᠭᠤᠬᠤ ᠬᠡᠪᠴᠢᠶᠡᠨ ᠳᠤ ᠣᠷᠤᠭᠤᠯᠤᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ