ᠲᠦᠩᠯᠢᠶᠣᠤ ᠬᠤᠲᠠ ᠲᠥᠪ ᠤᠨ ᠲᠤᠶᠢᠯ ᠤᠨ ᠤᠨᠤᠪᠴᠢᠲᠠᠢ ᠪᠠᠷ ᠶᠠᠳᠠᠭᠤ ᠶᠢ ᠲᠡᠳᠬᠦᠬᠦ᠂ ᠲᠤᠶᠢᠯ ᠤᠨ | ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠠᠷᠭ᠎ᠠ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠵᠢᠴᠢ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ | ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠵᠥᠪ ᠴᠢᠭᠯᠡᠯ ᠢ ᠪᠠᠲᠤ ᠡᠵᠡᠮᠳᠡᠵᠦ᠂ ᠤᠯᠤᠰ ᠲᠥᠷᠥ ᠶᠢᠨ ᠵᠣᠭᠰᠣᠴᠠ ᠪᠠᠨ ᠲᠠᠰᠤᠷᠠᠯᠲᠠ | ᠦᠭᠡᠢ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ᠠᠵᠢᠯ ᠤᠨ ᠡᠭᠦᠷᠭᠡ | ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠨᠢᠭᠡᠳᠦᠭᠡᠷ ᠬᠠᠷᠢᠭᠤᠴᠠᠯᠭᠠᠲᠠᠨ ᠶᠡᠷᠦᠩᠬᠡᠢ ᠬᠠᠷᠢᠭᠤᠴᠠᠯᠭ᠎ᠠ ᠶᠢ | ᠡᠭᠦᠷᠭᠡᠯᠡᠬᠦ ᠶᠢ ᠡᠷᠡᠰ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠡᠯ᠎ᠡ ᠵᠦᠢᠯ ᠤᠨ | ᠡᠭᠦᠷᠭᠡ ᠪᠣᠳᠠᠲᠤ ᠦᠷ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃ | ᠲᠤᠰ ᠠᠵᠢᠯ ᠲᠥᠷᠥᠯ ᠤᠨ ᠰᠠᠯᠠᠭ᠎ᠠ ᠮᠥᠴᠢᠷ ᠲᠤ ᠬᠤᠯᠪᠣᠭᠳᠠᠭᠰᠠᠨ ᠡᠯ᠎ᠡ ᠲᠥᠷᠥᠯ ᠤᠨ ᠲᠣᠭᠤᠷᠢᠨ | ᠪᠠᠶᠢᠴᠠᠭᠠᠬᠤ᠂ ᠰᠢᠮᠳᠠᠭᠤᠯᠤᠨ ᠪᠠᠶᠢᠴᠠᠭᠠᠬᠤ᠂ ᠬᠢᠨᠠᠨ ᠰᠢᠯᠭᠠᠬᠤ ᠵᠡᠷᠭᠡ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠵᠢᠭᠰᠠᠭᠠᠨ ᠪᠠᠶᠢᠴᠠᠭᠠᠬᠤ ᠠᠵᠢᠯ᠂ ᠣᠨᠴᠠᠭᠠᠶᠢᠯᠠᠨ ᠲᠥᠪ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠲᠤᠰᠬᠠᠢ ᠲᠣᠭᠤᠷᠢᠨ ᠪᠠᠶᠢᠴᠠᠭᠠᠯᠳᠠ ᠠᠴᠠ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ | ᠰᠠᠶᠢᠲᠤᠷ ᠬᠢᠵᠦ᠂ ᠨᠠᠷᠢᠨ ᠬᠢᠨᠠᠮᠠᠭᠠᠢ ᠰᠤᠳᠤᠯᠵᠤ᠂ ᠨᠢᠭᠡ ᠶᠢ ᠵᠦᠢᠴᠢᠯᠡᠨ ᠨᠥᠬᠦᠭᠡ ᠶᠢ ᠮᠡᠳᠡᠵᠦ᠂ ᠠᠰᠠᠭᠤᠳᠠᠯ ᠢ | ᠴᠡᠭᠴᠡᠯᠡᠨ ᠰᠠᠶᠢᠵᠢᠷᠠᠭᠤᠯᠵᠤ ᠪᠤᠴᠠᠵᠤ ᠪᠠᠶᠢᠴᠠᠭᠠᠨ ᠦᠵᠡᠬᠦ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ | ᠵᠥᠷᠢᠶ᠎ᠡ ᠪᠠᠨ ᠡᠷᠢᠵᠦ᠂ ᠪᠠᠷᠢᠮᠵᠢᠶ᠎ᠠ ᠶᠣᠰᠣᠭᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠣᠭᠤᠷᠢᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠳᠠᠷᠤᠯᠲᠠ ᠪᠠᠷ ᠠᠵᠢᠯ ᠢᠶᠠᠨ ᠰᠠᠶᠢᠵᠢᠷᠠᠭᠤᠯᠬᠤ ᠬᠥᠳᠡᠯᠭᠡᠬᠦ ᠬᠦᠴᠦᠨ ᠪᠤᠯᠭᠠᠵᠤ᠂ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠳᠤᠯᠠᠨ᠎ᠠ᠃ | ᠳᠠᠩᠰᠠ ᠪᠠ ᠺᠠᠷᠲ ᠲᠠᠢ ᠶᠠᠳᠠᠭᠤ ᠬᠦᠴᠢᠷᠳᠡᠯ ᠲᠠᠢ ᠡᠷᠦᠬᠡ ᠶᠢ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ | ᠲᠡᠳᠬᠦᠬᠦ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠡᠷᠡᠰ ᠪᠡᠶᠡᠯᠡᠭᠦᠯᠦᠨ᠎ᠡ᠃ ᠣᠨᠳᠣᠤ ᠭᠠᠵᠠᠷ ᠲᠤ ᠨᠡᠭᠦᠯᠭᠡᠨ | ᠶᠠᠳᠠᠭᠤ ᠶᠢ ᠲᠡᠳᠬᠦᠬᠦ ᠰᠡᠬᠦᠯ ᠬᠤᠷᠢᠶᠠᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠵᠦ᠂ ︽ᠲᠥᠪ ᠤᠨ ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠶᠳᠪᠦᠷᠢᠯᠡᠬᠦ ᠲᠤᠰᠬᠠᠶ ᠲᠣᠭᠤᠷᠢᠨ ᠪᠠᠶᠢᠴᠠᠭᠠᠯᠳᠠ ᠠᠴᠠ ᠲᠤᠰᠬᠠᠭᠰᠠᠨ | ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠠᠢ ᠲᠦᠩᠯᠢᠶᠣᠤ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ᠲᠥᠰᠦᠯ︾ ᠢ ᠲᠣᠭᠲᠠᠭᠠᠬᠤ ᠪᠠᠷ ᠳᠠᠮᠵᠢᠭᠤᠯᠤᠨ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ | ᠲᠣᠳᠣᠷᠬᠠᠶᠢᠯᠠᠵᠤ᠂ ᠴᠡᠭᠴᠡᠯᠡᠨ ᠥᠭᠡᠷᠡᠴᠢᠯᠡᠬᠦ ᠬᠠᠷᠢᠭᠤᠴᠠᠯᠭ᠎ᠠ᠂ ᠪᠡᠶᠡᠯᠡᠭᠦᠯᠬᠦ ᠴᠠᠭ ᠤᠨ ᠬᠢᠵᠠᠭᠠᠷ ᠢ | ᠨᠠᠶᠢᠳᠠᠪᠤᠷᠢᠵᠢᠭᠤᠯᠤᠨ᠎ᠠ︔ ︽ᠲᠥᠪ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠤᠰᠬᠠᠢ | ᠲᠣᠭᠤᠷᠢᠨ ᠪᠠᠶᠢᠴᠠᠭᠠᠯᠲᠠ ᠠᠴᠠ ᠲᠤᠰᠬᠠᠭᠰᠠᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠤᠯᠪᠣᠭᠳᠠᠯ ᠪᠦᠬᠦᠢ | ᠲᠣᠭᠲᠠᠴᠠ︾ ᠶᠢ ᠪᠠᠶᠢᠭᠤᠯᠬᠤ ᠪᠠᠷ ᠳᠠᠮᠵᠢᠨ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠦᠲᠦᠮᠵᠢᠲᠡᠢ | ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠬᠤᠯᠪᠣᠭᠳᠠᠯ ᠪᠦᠬᠦᠢ ᠬᠤᠰᠢᠭᠤ ᠰᠢᠶᠠᠨ ᠢ | ᠰᠢᠮᠳᠠᠭᠤᠯᠤᠨ ᠵᠢᠯᠣᠭᠤᠳᠴᠤ ᠪᠠᠶᠢᠭᠠᠳ 2019 ᠤᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠡᠷᠦᠬᠡ | ᠶᠢᠨ ᠨᠡᠬᠦᠵᠤ ᠣᠷᠤᠬᠤ ᠠᠵᠢᠯ ᠢ ᠦᠨᠡᠨᠬᠦ ᠪᠡᠶᠡᠯᠡᠭᠦᠯᠦᠨ᠎ᠡ︔ 11 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ | ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠬᠤ ᠠᠵᠢᠯ ᠢ ᠳᠠᠭᠤᠰᠬᠠᠨ᠎ᠠ︔ 12 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠨᠡᠭᠦᠵᠦ ᠭᠠᠷᠬᠤ ᠲᠣᠭᠤᠷᠢᠭ ᠤᠨ ᠬᠠᠭᠤᠴᠢᠨ ᠭᠡᠷ ᠪᠠᠶᠢᠰᠢᠩ ᠢ ᠨᠤᠷᠠᠭᠠᠬᠤ ᠶᠢ ᠪᠡᠶᠡᠯᠡᠭᠦᠯᠵᠦ᠂ | 2019 ᠤᠨ ᠤ ᠰᠡᠭᠦᠯᠴᠢ ᠠᠴᠠ ᠡᠮᠦᠨ᠎ᠡ ᠪᠥᠬᠦ ᠬᠤᠲᠠ ᠶᠢᠨ ᠣᠨᠳᠣᠤ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ | ᠡᠭᠦᠷᠭᠡ ᠶᠢ ᠢᠯᠭᠠᠷᠠᠭᠤᠯᠤᠨ ᠳᠢᠭᠯᠡᠵᠦ᠂ ᠣᠨᠳᠣᠤ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠳᠠᠩᠰᠠ ᠪᠠ ᠺᠠᠷᠲ | ᠲᠠᠢ ᠶᠠᠳᠠᠭᠤ ᠬᠦᠴᠢᠷᠳᠡᠯᠲᠡᠶ ᠡᠷᠦᠬᠡ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠦᠨᠡᠨ ᠬᠦ | ᠪᠠᠲᠤᠯᠠᠨ᠎ᠠ᠃ |