| | 4 ᠳ᠋ᠦ᠋ᠭᠡᠷ ᠰᠠᠷ᠎ᠠ ᠶᠢᠨ 19 ᠤ ᠡᠳᠦᠷ ᠤᠨ ᠦᠳᠡ ᠶᠢᠨ ᠬᠤᠶᠢᠨ᠎ᠠ ᠶᠠᠪᠤᠬᠳᠠᠬᠰᠠᠨ ᠦᠪᠡᠷᠳᠡᠬᠡᠨ ᠵᠠᠰᠠᠬᠤ | ᠤᠷᠤᠨ ᠤ ᠵᠠᠰᠠᠬ ᠤᠨ ᠤᠷᠳᠤᠨ ᠤ ᠰᠤᠨᠢᠨ ᠮᠡᠳᠡᠬᠡᠨ ᠤ ᠠᠯᠪᠠᠨ ᠬᠡᠷ ᠤᠨ ᠰᠤᠨᠢᠨ ᠮᠡᠳᠡᠭᠡ ᠨᠡᠶᠢᠳᠡᠯᠡᠬᠦ ᠬᠤᠷᠠᠯ ᠠᠴᠠ | ᠤᠢᠢᠯᠠᠭᠠᠬᠰᠠᠨ ᠢᠶᠠᠷ᠂ ᠡᠨᠡ ᠵᠢᠯ ᠠᠴᠠ ᠨᠠᠭᠠᠰᠢ᠂ ᠮᠠᠨ ᠤ ᠤᠷᠤᠨ ᠤ ᠠᠵᠦ ᠠᠬᠤᠢ ᠶᠢᠨ ᠡᠷᠬᠢᠯᠳᠡ ᠶᠢᠨ ᠪᠠᠶᠢᠳᠠᠯ | ᠲᠤᠭᠳᠠᠭᠤᠨ ᠢᠶᠠᠷ ᠰᠠᠶᠢᠵᠢᠷᠠᠵᠦ᠂ ᠴᠢᠨᠠᠷ ᠰᠠᠶᠢᠳᠠᠢ ᠬᠦᠭᠵᠢᠯᠳᠡ ᠢᠳᠡᠪᠬᠢᠳᠡᠢ ᠠᠬᠢᠵᠠᠢ᠃ ᠠᠩᠬ᠎ᠠ ᠠᠯᠬᠤᠮ | ᠬᠠᠷᠭᠤᠭᠤᠯᠤᠨ ᠪᠤᠳᠤᠬᠰᠠᠨ ᠢᠶᠠᠷ᠂ ᠡᠨᠡ ᠵᠢᠯ ᠤᠨ ᠲᠦᠷᠦᠬᠦᠦ ᠤᠯᠠᠷᠢᠯ ᠳᠤ᠂ ᠪᠦᠬᠦ ᠤᠷᠤᠨ ᠤ ᠦᠢᠯᠡᠳᠪᠦᠷᠢᠯᠡᠯ | ᠤᠨ ᠶᠡᠷᠦᠩᠬᠡᠢ ᠦᠷᠳᠡᠭ 3578.5 ᠳ᠋ᠦᠩᠰᠢᠭᠤᠷ ᠲᠦᠬᠦᠷᠢᠭ ᠲᠤ ᠬᠦᠷᠴᠤ᠂ ᠬᠠᠷᠢᠴᠠᠭᠤᠯᠵᠦ ᠪᠤᠯᠬᠤ ᠦᠨ᠎ᠠ ᠪᠠᠷ | ᠪᠤᠳᠤᠪᠠᠯ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 5.5% ᠪᠠᠷ ᠨᠡᠮᠡᠭᠳᠡᠵᠦ᠂ ᠨᠡᠮᠡᠭᠳᠡᠯ ᠤᠨ | ᠬᠤᠷᠳᠤᠴᠠ ᠨᠢ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 0.9 ᠵᠠᠭᠤᠨ ᠤ ᠴᠡᠭ ᠲᠦᠷᠬᠡᠳᠴᠤ᠂ | ᠨᠢᠳᠤᠨᠤᠨ ᠤ ᠪᠦᠬᠦ ᠵᠢᠯ ᠤᠨ ᠬᠢ ᠠᠴᠠ 0.2 ᠵᠠᠭᠤᠨ ᠤ ᠴᠡᠭ ᠲᠦᠷᠬᠡᠳᠴᠤ᠂ ᠤᠯᠠᠷᠢᠯ ᠲᠠᠷᠠᠭᠠᠯᠠᠨ ᠲᠦᠷᠬᠡᠳᠬᠦ | ᠪᠠᠶᠢᠳᠠᠯ ᠢᠯᠡᠷᠡᠭᠰᠡᠨ ᠪᠠᠶᠢᠨ᠎ᠠ᠃ | ᠤᠢᠢᠯᠠᠭᠠᠬᠰᠠᠨ ᠢᠶᠠᠷ᠂ ᠲᠦᠷᠦᠬᠦᠦ ᠤᠯᠠᠷᠢᠯ ᠳᠤ᠂ ᠮᠠᠨ ᠤ ᠤᠷᠤᠨ ᠤ ᠠᠵᠦ ᠠᠬᠤᠢ ᠶᠢᠨ ᠡᠷᠬᠢᠯᠳᠡ ᠳᠤ | ᠭᠤᠤᠯᠳᠠᠭᠤ ᠨᠠᠢᠮᠠᠨ ᠲᠠᠯ᠎ᠠ ᠶᠢᠨ ᠤᠨᠴᠠᠯᠢᠬ ᠢᠯᠡᠷᠡᠵᠡᠢ᠄ ᠲᠠᠷᠢᠮᠠᠯ ᠤᠨ ᠪᠦᠲᠦᠴᠡ ᠴᠢᠨᠠᠬᠰᠢᠳᠠ ᠰᠢᠯᠢᠳᠡᠭᠵᠢᠵᠦ᠂ | ᠮᠠᠯ ᠵᠢᠬᠦᠷᠳᠡᠨ ᠤ ᠦᠢᠯᠡᠳᠪᠦᠷᠢᠯᠡᠯ ᠦᠨᠳᠦᠰᠦᠨ ᠳᠤ ᠪᠠᠨ ᠲᠤᠬᠳᠠᠭᠤᠨ ᠪᠠᠶᠢᠵᠦ᠂ ᠡᠨᠡ ᠵᠢᠯ ᠤᠨ ᠪᠦᠬᠦ ᠤᠷᠤᠨ ᠤ | ᠲᠠᠷᠢᠬᠤ ᠪᠠᠷ ᠪᠠᠶᠢᠭ᠎ᠠ ᠲᠠᠯᠠᠪᠠᠢ ᠨᠢ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 2.1% ᠪᠠᠷ ᠨᠡᠮᠡᠭᠳᠡᠵᠦ᠂ | ᠦᠬᠡᠷ ᠬᠤᠨᠢᠨ ᠤ ᠦᠢᠯᠡᠳᠪᠦᠷᠢᠯᠡᠯ ᠤᠨ ᠪᠠᠶᠢᠳᠠᠯ ᠰᠠᠶᠢᠨ ᠪᠠᠶᠢᠵᠦ᠂ ᠲᠦᠷᠦᠬᠦᠦ ᠤᠯᠠᠷᠢᠯ ᠳᠤ᠂ ᠪᠦᠬᠦ ᠤᠷᠤᠨ ᠤ | ᠦᠬᠡᠷ ᠤᠨ ᠭᠠᠷᠭᠠᠯᠳᠠ ᠪᠠ ᠬᠤᠨᠢᠨ ᠤ ᠭᠠᠷᠭᠠᠯᠳᠠ ᠨᠢ ᠲᠤᠰ ᠲᠤᠰ ᠨᠢᠳᠤᠨᠤᠨ ᠤ ᠠᠳᠠᠯᠢ | ᠬᠤᠭᠤᠴᠠᠭ᠎ᠠ ᠶᠢᠨ ᠬᠢ ᠠᠴᠠ 6.3% ᠪᠠ 4.4% ᠪᠠᠷ ᠨᠡᠮᠡᠭᠳᠡᠵᠦ᠂ ᠦᠬᠡᠷ ᠤᠨ ᠮᠢᠬ᠎ᠠ ᠪᠠ ᠬᠤᠨᠢᠨ ᠮᠢᠬ᠎ᠠ᠂ | ᠦᠨᠢᠶᠡᠨ ᠰᠦ ᠶᠢᠨ ᠭᠠᠷᠤᠯᠳᠠ ᠨᠢ ᠲᠤᠰ ᠲᠤᠰ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 6.2% ᠪᠠ | 4.3%᠂ 1.3% ᠪᠠᠷ ᠨᠡᠮᠡᠭᠳᠡᠵᠡᠢ᠃ ᠠᠵᠦ ᠦᠢᠯᠡᠳᠪᠦᠷᠢ ᠶᠢᠨ ᠦᠢᠯᠡᠳᠪᠦᠷᠢᠯᠡᠯ ᠲᠦᠷᠬᠡᠳᠴᠤ᠂ ᠴᠢᠨᠠᠷ | ᠰᠠᠶᠢᠳᠠᠢ ᠬᠦᠭᠵᠢᠯᠳᠡ ᠶᠢᠨ ᠤᠨᠴᠠᠯᠢᠬ ᠢᠯᠡᠷᠬᠡᠶᠢᠰᠢᠵᠦ᠂ ᠲᠦᠷᠦᠬᠦᠦ ᠤᠯᠠᠷᠢᠯ ᠳᠤ᠂ ᠪᠦᠬᠦ ᠤᠷᠤᠨ ᠤ | ᠬᠡᠪᠴᠢᠶᠡᠵᠢᠯ ᠠᠴᠠ ᠲᠡᠭᠡᠭᠰᠢᠬᠢ ᠠᠵᠦ ᠦᠢᠯᠡᠳᠪᠦᠷᠢ ᠶᠢᠨ ᠨᠡᠮᠡᠭᠳᠡᠯ ᠦᠷᠳᠡᠭ ᠨᠢ ᠨᠢᠳᠤᠨᠤᠨ ᠤ ᠠᠳᠠᠯᠢ | ᠬᠤᠭᠤᠴᠠᠭ᠎ᠠ ᠶᠢᠨ ᠬᠢ ᠠᠴᠠ 6.6% ᠪᠠᠷ ᠨᠡᠮᠡᠭᠳᠡᠵᠦ᠂ ᠠᠷᠠᠳ ᠤᠨ ᠡᠵᠡᠩᠨᠡᠯᠳᠡ ᠶᠢᠨ ᠠᠵᠦ ᠠᠬᠤᠶᠢᠯᠠᠯ ᠤᠨ | ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠤᠴᠠ ᠲᠦᠷᠬᠡᠳᠴᠤ᠂ ᠦᠢᠯᠡᠳᠬᠦ ᠦᠢᠯᠡᠰ ᠤᠨ ᠨᠡᠮᠡᠭᠳᠡᠯ ᠦᠷᠳᠡᠭ ᠤᠨ | ᠨᠡᠮᠡᠭᠳᠡᠯ ᠤᠨ ᠬᠤᠷᠳᠤᠴᠠ ᠨᠢ ᠬᠡᠪᠴᠢᠶᠡᠵᠢᠯ ᠠᠴᠠ ᠲᠡᠭᠡᠭᠰᠢᠬᠢ ᠠᠵᠦ ᠦᠢᠯᠡᠳᠪᠦᠷᠢ ᠶᠢᠨ ᠬᠢ ᠠᠴᠠ ᠮᠡᠳᠡᠭᠳᠡᠮ᠎ᠠ | ᠲᠦᠷᠬᠡᠳᠦᠭᠰᠡᠨ ᠪᠠᠶᠢᠨ᠎ᠠ᠃ ᠦᠢᠯᠡᠴᠢᠯᠡᠬᠡᠨ ᠤ ᠦᠢᠯᠡᠰ ᠤᠨ ᠬᠦᠭᠵᠢᠯᠳᠡ ᠶᠢᠨ ᠠᠮᠢᠵᠢᠷᠠᠯ ᠤᠨ ᠬᠦᠴᠦᠨ | ᠴᠢᠩᠭᠠᠷᠠᠵᠦ᠂ ᠬᠡᠷᠡᠭᠯᠡᠭᠡ ᠶᠢᠨ ᠲᠡᠰ ᠲᠡᠪᠰᠢᠬᠦ ᠪᠠᠶᠢᠳᠠᠯ ᠢᠯᠡᠷᠬᠡᠶᠢᠰᠢᠵᠦ᠂ ᠲᠦᠷᠦᠬᠦᠦ ᠤᠯᠠᠷᠢᠯ ᠳᠤ᠂ ᠪᠦᠬᠦ ᠤᠷᠤᠨ | ᠤ ᠭᠤᠷᠪᠠᠳᠤᠭᠠᠷ ᠠᠵᠦ ᠦᠢᠯᠡᠰ ᠤᠨ GDP ᠤᠨ ᠨᠡᠮᠡᠭᠳᠡᠯ ᠳᠠᠬᠢ ᠬᠤᠪᠢ ᠨᠡᠮᠡᠷᠢ ᠶᠢᠨ ᠨᠤᠷᠮ᠎ᠠ ᠨᠢ 53. | 9% ᠳᠤ ᠬᠦᠷᠴᠤ᠂ ᠤᠯᠠᠮᠵᠢᠯᠠᠯᠳᠤ ᠦᠢᠯᠡᠴᠢᠯᠡᠬᠡᠨ ᠤ ᠦᠢᠯᠡᠰ ᠳᠤᠭᠳᠠᠭᠤᠨ ᠢᠶᠠᠷ ᠨᠡᠮᠡᠭᠳᠡᠨ᠂ ᠵᠤᠭᠠᠴᠠᠯ ᠤᠨ | ᠦᠢᠯᠡᠰ ᠤᠨ ᠬᠦᠭᠵᠢᠯᠳᠡ ᠶᠢᠨ ᠪᠠᠶᠢᠳᠠᠯ ᠨᠢ ᠨᠡᠯᠢᠶᠡᠳ ᠰᠠᠶᠢᠨ ᠪᠠᠶᠢᠵᠦ᠂ ᠬᠡᠷᠡᠭᠯᠡᠭᠡ ᠶᠢᠨ ᠲᠡᠰ ᠲᠡᠪᠰᠢᠭᠰᠡᠨ | ᠲᠦᠷᠦᠯ ᠤᠨ ᠲᠠᠸᠠᠷ ᠤᠨ ᠪᠤᠷᠤᠯᠠᠭᠤᠯᠤᠯᠳᠠ ᠨᠢ ᠨᠡᠯᠢᠶᠡᠳ ᠲᠦᠷᠬᠡᠨ ᠨᠡᠮᠡᠭᠳᠡᠵᠦ᠂ ᠰᠠᠭᠤᠭᠠᠯᠢ ᠠᠷᠠᠳ ᠤᠨ | ᠬᠡᠷᠡᠭᠯᠡᠬᠡᠨ ᠤ ᠪᠦᠲᠦᠴᠡ ᠨᠢ ᠲᠠᠰᠤᠷᠠᠯᠳᠠ ᠦᠬᠡᠢ ᠰᠢᠯᠢᠳᠡᠭᠵᠢᠪᠡ᠃ ᠪᠡᠯᠡ ᠤᠷᠤᠭᠤᠯᠤᠯᠳᠠ ᠶᠢᠨ ᠨᠡᠮᠡᠭᠳᠡᠯ ᠤᠨ | ᠬᠤᠷᠳᠤᠴᠠ ᠨᠢ ᠲᠤᠭᠳᠠᠭᠤᠨ ᠤ ᠲᠤᠮᠳᠠ ᠲᠡᠭᠡᠭᠰᠢᠯᠡᠵᠦ᠂ ᠲᠤᠳᠠᠭᠤᠳᠠᠯ ᠬᠦᠷᠢᠶ᠎ᠠ ᠴᠠᠷᠠᠭ᠎ᠠ ᠨᠢ ᠦᠷᠬᠦᠯᠵᠢᠯᠡᠨ | ᠴᠢᠩᠭᠠᠷᠠᠵᠦ᠂ ᠠᠷᠠᠳ ᠤᠨ ᠪᠡᠯᠡ ᠤᠷᠤᠭᠤᠯᠤᠯᠳᠠ ᠶᠢᠨ ᠪᠠᠭᠤᠷᠠᠯᠳᠠ ᠶᠢᠨ ᠬᠡᠮᠵᠢᠶ᠎ᠠ ᠨᠢ ᠢᠯᠡᠷᠬᠡᠢ ᠪᠠᠭᠠᠰᠴᠤ᠂ ᠪᠡᠯᠡ | ᠤᠷᠤᠭᠤᠯᠤᠯᠳᠠ ᠶᠢᠨ ᠪᠦᠲᠦᠴᠡ ᠨᠢ ᠴᠢᠨᠠᠬᠰᠢᠳᠠ ᠰᠢᠯᠢᠳᠡᠭᠵᠢᠵᠦ᠂ ᠲᠤᠳᠠᠭᠤᠳᠠᠯ ᠢ ᠨᠦᠬᠦᠪᠦᠷᠢᠯᠡᠬᠦ ᠬᠦᠷᠢᠶ᠎ᠠ | ᠴᠠᠷᠠᠭ᠎ᠠ ᠶᠢᠨ ᠪᠡᠯᠡ ᠤᠷᠤᠭᠤᠯᠤᠯᠳᠠ ᠶᠢᠨ ᠬᠦᠴᠦᠯᠡᠴᠡ ᠨᠡᠮᠡᠭᠳᠡᠵᠦ᠂ ᠬᠤᠳᠠᠯᠳᠤᠭᠠᠨ ᠤ ᠠᠰᠠᠷ ᠪᠠᠶᠢᠰᠢᠩ ᠤᠨ | ᠪᠤᠷᠤᠯᠠᠭᠤᠯᠤᠯᠳᠠ ᠶᠢᠨ ᠪᠠᠶᠢᠳᠠᠯ ᠰᠠᠶᠢᠵᠢᠷᠠᠪᠠ᠃ ᠭᠠᠳᠠᠭᠠᠳᠤ ᠠᠴᠠ ᠤᠷᠤᠭᠤᠯᠵᠦ ᠭᠠᠳᠠᠭᠠᠳᠤ ᠳᠤ ᠭᠠᠷᠭᠠᠬᠰᠠᠨ | ᠵᠤᠭᠤᠰ ᠤᠨ ᠶᠡᠷᠦᠩᠬᠡᠢ ᠲᠤᠭ᠎ᠠ ᠨᠢ ᠲᠦᠷᠬᠡᠨ ᠢᠶᠠᠷ ᠨᠡᠮᠡᠭᠳᠡᠵᠦ᠂ ᠲᠦᠷᠦᠬᠦᠦ ᠤᠯᠠᠷᠢᠯ ᠳᠤ᠂ ᠪᠦᠬᠦ ᠤᠷᠤᠨ ᠤ | ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠤᠷᠤᠭᠤᠯᠵᠦ ᠭᠠᠳᠠᠭᠠᠳᠤ ᠳᠤ ᠭᠠᠷᠭᠠᠬᠰᠠᠨ ᠵᠤᠭᠤᠰ ᠤᠨ ᠶᠡᠷᠦᠩᠬᠡᠢ | ᠲᠤᠭ᠎ᠠ ᠨᠢ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 11.2% ᠪᠠᠷ ᠨᠡᠮᠡᠭᠳᠡᠵᠦ᠂ ᠭᠠᠳᠠᠭᠠᠳᠤ ᠠᠴᠠ | ᠤᠷᠤᠭᠤᠯᠵᠦ ᠭᠠᠳᠠᠭᠠᠳᠤ ᠳᠤ ᠭᠠᠷᠭᠠᠬᠰᠠᠨ ᠵᠤᠭᠤᠰ ᠤᠨ ᠲᠤᠭ᠎ᠠ ᠨᠢ ᠬᠤᠤᠰ ᠨᠡᠮᠡᠭᠳᠡᠯ ᠢ ᠪᠡᠶᠡᠯᠡᠬᠦᠯᠵᠦ᠂ | ᠠᠷᠠᠯᠵᠢᠶᠠᠨ ᠤ ᠪᠦᠲᠦᠴᠡ ᠨᠢ ᠴᠢᠨᠠᠬᠰᠢᠳᠠ ᠰᠢᠯᠢᠳᠡᠭᠵᠢᠪᠡ᠃ ᠰᠠᠭᠤᠭᠠᠯᠢ ᠠᠷᠠᠳ ᠤᠨ ᠬᠡᠷᠡᠭᠯᠡᠬᠡᠨ ᠤ ᠦᠨ᠎ᠠ | ᠬᠠᠩᠰᠢ ᠶᠢᠨ ᠦᠰᠦᠯᠳᠡ ᠨᠢ ᠪᠠᠭᠤᠷᠠᠵᠦ᠂ ᠠᠵᠦ ᠦᠢᠯᠡᠳᠪᠦᠷᠢ ᠶᠢᠨ ᠦᠢᠯᠡᠳᠪᠦᠷᠢᠯᠡᠭᠴᠢ ᠶᠢᠨ ᠦᠨ᠎ᠠ ᠬᠠᠩᠰᠢ ᠨᠢ | ᠪᠠᠭ᠎ᠠ ᠦᠰᠴᠤ᠂ ᠲᠦᠷᠦᠬᠦᠦ ᠤᠯᠠᠷᠢᠯ ᠳᠤ᠂ ᠪᠦᠬᠦ ᠤᠷᠤᠨ ᠤ ᠰᠠᠭᠤᠭᠠᠯᠢ ᠠᠷᠠᠳ ᠤᠨ ᠬᠡᠷᠡᠭᠯᠡᠬᠡᠨ ᠤ ᠦᠨ᠎ᠠ | ᠬᠠᠩᠰᠢ ᠨᠢ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 1.7% ᠪᠠᠷ ᠨᠡᠮᠡᠭᠳᠡᠵᠦ᠂ ᠦᠰᠦᠯᠳᠡ ᠶᠢᠨ | ᠬᠡᠮᠵᠢᠶ᠎ᠠ ᠨᠢ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 0.3 ᠵᠠᠭᠤᠨ ᠤ ᠴᠡᠭ ᠪᠠᠭᠤᠷᠠᠵᠦ᠂ ᠪᠦᠬᠦ ᠤᠯᠤᠰ | ᠤᠨ ᠲᠤᠮᠳᠠᠴᠢ ᠲᠦᠪᠰᠢᠨ ᠠᠴᠠ ᠪᠠᠰᠠ 0.1 ᠵᠠᠭᠤᠨ ᠤ ᠴᠡᠭ ᠲᠤᠤᠷ᠎ᠠ ᠪᠤᠯᠤᠬᠰᠠᠨ ᠪᠠᠶᠢᠨ᠎ᠠ᠃ ᠰᠠᠭᠤᠭᠠᠯᠢ ᠠᠷᠠᠳ | ᠤᠨ ᠤᠷᠤᠯᠭ᠎ᠠ ᠶᠢᠨ ᠨᠡᠮᠡᠭᠳᠡᠯ ᠤᠨ ᠪᠠᠶᠢᠳᠠᠯ ᠨᠢ ᠰᠠᠶᠢᠨ ᠪᠤᠯᠵᠦ᠂ ᠬᠤᠳᠠ ᠬᠦᠳᠡᠭᠡ ᠶᠢᠨ ᠤᠷᠤᠯᠭ᠎ᠠ ᠶᠢᠨ | ᠵᠦᠷᠢᠶ᠎ᠠ ᠨᠢ ᠪᠠᠭᠠᠰᠴᠤ᠂ ᠲᠦᠷᠦᠬᠦᠦ ᠤᠯᠠᠷᠢᠯ ᠳᠤ᠂ ᠪᠦᠬᠦ ᠤᠷᠤᠨ ᠤ ᠰᠠᠭᠤᠭᠠᠯᠢ ᠠᠷᠠᠳ ᠤᠨ ᠬᠦᠮᠦᠨ ᠲᠤᠮᠳᠠᠴᠢ | ᠡᠵᠡᠮᠳᠡᠵᠦ ᠪᠤᠯᠬᠤ ᠤᠷᠤᠯᠭ᠎ᠠ ᠨᠢ 8309 ᠲᠦᠬᠦᠷᠢᠭ ᠲᠤ ᠬᠦᠷᠴᠤ᠂ ᠨᠢᠳᠤᠨᠤᠨ ᠤ ᠠᠳᠠᠯᠢ | ᠬᠤᠭᠤᠴᠠᠭ᠎ᠠ ᠶᠢᠨ ᠬᠢ ᠠᠴᠠ 7.7% ᠪᠠᠷ ᠨᠡᠮᠡᠭᠳᠡᠵᠡᠢ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ | ᠦᠬᠡᠷᠡᠴᠢᠯᠡᠯᠳᠡ ᠯᠠᠪᠳᠠᠭᠤᠨ ᠪᠠᠳᠤᠳᠠᠢ ᠠᠬᠢᠵᠦ᠂ ︽ᠦᠢᠯᠡᠳᠪᠤᠷᠢᠯᠡᠯ ᠤᠨ ᠴᠢᠳᠠᠪᠤᠷᠢ ᠶᠢ ᠪᠠᠭᠠᠰᠬᠠᠬᠤ᠂ | ᠬᠦᠮᠦᠷᠭᠡᠯᠡᠯᠳᠡ ᠶᠢ ᠪᠠᠭᠠᠰᠬᠠᠬᠤ᠂ ᠬᠦᠰᠢᠭᠦᠷᠭᠡ ᠶᠢ ᠪᠠᠭᠠᠰᠬᠠᠬᠤ᠂ ᠦᠪᠡᠷ ᠤᠨ ᠦᠷᠳᠡᠭ ᠢ ᠪᠠᠭᠤᠷᠠᠭᠤᠯᠬᠤ᠂ | ᠲᠤᠳᠠᠭᠤᠳᠠᠯ ᠢ ᠨᠦᠬᠦᠪᠤᠷᠢᠯᠡᠬᠦ︾ ᠲᠠᠯ᠎ᠠ ᠪᠠᠷ ᠰᠢᠨ᠎ᠠ ᠠᠬᠢᠴᠠ ᠲᠠᠢ ᠪᠤᠯᠤᠬᠰᠠᠨ ᠪᠠᠶᠢᠨ᠎ᠠ᠃ | |