ᠳᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ | ᠠᠷᠪᠠᠳᠤᠭᠠᠷ ᠬᠤᠭᠤᠴᠠᠭᠠᠨ ᠤ ᠬᠤᠷᠢᠶᠠᠨ ᠤ ᠶᠢᠰᠦᠳᠦᠬᠡᠷ ᠪᠦᠬᠦᠳᠡ ᠬᠤᠷᠠᠯ ᠤᠨ ᠠᠯᠪᠠᠨ ᠮᠡᠳᠡᠭᠡ | ︵2019 ᠣᠨ ᠤ 4 ᠳ᠋ᠦ᠋ᠭᠡᠷ ᠰᠠᠷ᠎ᠠ ᠶᠢᠨ 22 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠶᠢᠰᠦᠳᠦᠭᠡᠷ | ᠪᠦᠬᠦᠳᠡ ᠬᠤᠷᠠᠯ ᠠᠴᠠ ᠪᠠᠲᠤᠯᠠᠪᠠ︶ | | | | 4 ᠳ᠋ᠦ᠋ᠭᠡᠷ ᠰᠠᠷ᠎ᠠ ᠶᠢᠨ 22 ᠤᠨ ᠡᠳᠤᠷ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ | ᠤᠨ ᠦᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠶᠢᠰᠦᠳᠦᠬᠡᠷ ᠪᠦᠬᠦᠳᠡ ᠬᠤᠷᠠᠯ | ᠬᠦᠬᠡᠬᠤᠳᠠ ᠳᠤ ᠬᠤᠷᠠᠯᠳᠤᠪᠠ᠃ | | | | 4 ᠳ᠋ᠦ᠋ᠭᠡᠷ ᠰᠠᠷ᠎ᠠ ᠶᠢᠨ 22 ᠤᠨ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ | ᠳᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠳᠤᠭᠠᠷ | ᠬᠤᠭᠤᠴᠠᠭᠠᠨ ᠤ ᠬᠤᠷᠢᠶᠠᠨ ᠤ ᠶᠢᠰᠦᠳᠦᠬᠡᠷ ᠪᠦᠬᠦᠳᠡ ᠬᠤᠷᠠᠯ ᠳᠡᠭᠡᠷ᠎ᠡ ᠶᠠᠷᠢᠶ᠎ᠠ ᠲᠠᠯᠪᠢᠪᠠ᠃ | | | ᠳᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ | ᠠᠷᠪᠠᠳᠤᠭᠠᠷ ᠬᠤᠭᠤᠴᠠᠭᠠᠨ ᠤ ᠬᠤᠷᠢᠶᠠᠨ ᠤ ᠶᠢᠰᠦᠳᠦᠬᠡᠷ ᠪᠦᠬᠦᠳᠡ ᠬᠤᠷᠠᠯ 2019 ᠣᠨ ᠤ 4 ᠳ᠋ᠦ᠋ᠭᠡᠷ | ᠰᠠᠷ᠎ᠠ ᠶᠢᠨ 22 ᠤᠨ ᠡᠳᠤᠷ ᠬᠦᠬᠡᠬᠤᠳᠠ ᠳᠤ ᠬᠤᠷᠠᠯᠳᠤᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠬᠡᠰᠢᠭᠦᠨ 72 ᠬᠦᠮᠦᠨ᠂ ᠤᠷᠤᠯᠠᠬᠴᠢ ᠬᠡᠰᠢᠭᠦᠨ | 5 ᠬᠦᠮᠦᠨ ᠬᠤᠷᠠᠯ ᠳᠤ ᠤᠷᠤᠯᠴᠠᠪᠠ᠃ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠤᠳᠤᠷᠢᠳᠬᠤ ᠨᠦᠬᠦᠳ᠂ | ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠡᠰᠢᠭᠦᠳ᠂ ᠬᠠᠮᠢᠶ᠎ᠠ ᠪᠦᠬᠦᠢ ᠲᠠᠯ᠎ᠠ ᠶᠢᠨ | ᠬᠠᠷᠢᠭᠤᠴᠠᠯᠭᠠᠳᠠᠨ ᠨᠦᠬᠦᠳ ᠪᠤᠯᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠳᠤᠨ ᠤ ᠬᠡᠰᠡᠭ ᠲᠦᠯᠦᠭᠡᠯᠡᠭᠴᠢ ᠬᠤᠷᠠᠯ ᠳᠤ ᠰᠤᠯᠠ | ᠤᠷᠤᠯᠴᠠᠪᠠ᠃ | ᠪᠦᠬᠦᠳᠡ ᠬᠤᠷᠠᠯ ᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ | ᠡᠷᠬᠢᠯᠡᠪᠡ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ ᠯᠢ ᠵᠢᠢ ᠾᠧᠩ ᠶᠠᠷᠢᠶ᠎ᠠ ᠲᠠᠯᠪᠢᠵᠠᠢ᠃ | ᠪᠦᠬᠦᠳᠡ ᠬᠤᠷᠠᠯ ᠨᠢ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠶᠡᠷᠦᠩᠬᠡᠢ ᠱᠦᠵᠢ ᠰᠢ ᠶᠢᠨ ᠫᠢᠩ ᠤᠨ | ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ ᠬᠤᠷᠠᠯ ᠤᠨ ᠦᠪᠦᠷ ᠮᠤᠩᠭᠤᠯ ᠤᠨ ᠳᠦᠯᠦᠬᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ | ᠤᠷᠤᠯᠴᠠᠬᠤ ᠦᠶ᠎ᠡ ᠳᠤ ᠬᠡᠯᠡᠭᠰᠡᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠬᠦᠨᠵᠡᠬᠡᠢ ᠳᠤᠭᠤᠰᠢᠯᠠᠭᠤᠯᠵᠥ᠂ ︽ | ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠳᠦᠯᠦᠬᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠦᠪᠦᠷ ᠮᠤᠩᠭᠤᠯ ᠤᠨ ᠳᠦᠯᠦᠬᠡᠯᠡᠭᠴᠢᠳ ᠤᠨ | ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠦᠶ᠎ᠡ ᠳᠤ ᠬᠡᠯᠡᠭᠰᠡᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ | ᠳᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠬᠡᠢ | ᠬᠦᠭᠵᠢᠯᠳᠡ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ ᠢᠶᠠᠷ ᠡᠷᠡᠰ | ᠭᠤᠶᠢᠪᠢᠰᠢ ᠦᠬᠡᠢ ᠵᠠᠮᠨᠠᠬᠤ ᠳᠤᠬᠠᠢ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠳᠤᠬᠳᠠᠭᠠᠯ︾ ᠢ ᠬᠢᠨᠠᠨ ᠵᠦᠪᠯᠡᠵᠥ ᠪᠠᠳᠤᠯᠠᠪᠠ᠃ | ᠪᠦᠬᠦᠳᠡ ᠬᠤᠷᠠᠯ ᠠᠴᠠ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠵᠠᠩᠬᠢᠯᠠᠭ᠎ᠠ ᠶᠢᠨ ᠵᠢᠯ ᠳᠤ᠂ | ᠶᠡᠷᠦᠩᠬᠡᠢ ᠱᠦᠵᠢ ᠰᠢ ᠶᠢᠨ ᠫᠢᠩ ᠳᠠᠬᠢᠨᠳᠠ ᠦᠪᠦᠷ ᠮᠤᠩᠭᠤᠯ ᠤᠨ ᠳᠦᠯᠦᠬᠡᠯᠡᠭᠴᠢᠳ ᠤᠨ ᠪᠦᠯᠬᠦᠮ ᠤᠨ ᠬᠢᠨᠠᠨ | ᠵᠦᠪᠯᠡᠬᠦ ᠳᠤ ᠤᠷᠤᠯᠴᠠᠬᠰᠠᠨ ᠪᠦᠬᠡᠳ ᠴᠢᠬᠤᠯᠠ ᠶᠠᠷᠢᠶ᠎ᠠ ᠳᠠᠯᠪᠢᠪᠠ᠂ ᠡᠨᠡ ᠨᠢ ᠶᠡᠷᠦᠩᠬᠡᠢ ᠱᠦᠵᠢ ᠰᠢ ᠶᠢᠨ ᠫᠢᠩ | ᠪᠤᠯᠤᠨ ᠨᠠᠮ ᠤᠨ ᠳᠦᠪ ᠬᠤᠷᠢᠶ᠎ᠠ ᠠᠴᠠ ᠦᠪᠦᠷ ᠮᠤᠩᠭᠤᠯ ᠢ ᠳᠡᠬᠡᠳᠤ ᠬᠡᠮᠵᠢᠶ᠎ᠡ ᠪᠠᠷ ᠴᠢᠬᠤᠯᠠᠴᠢᠯᠠᠵᠥ ᠪᠠᠶᠢᠬᠤ᠂ | ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠳᠦᠮᠡᠨ ᠢ ᠳᠤᠳᠤᠨᠤ ᠬᠠᠯᠠᠮᠵᠢᠯᠠᠵᠤ ᠪᠠᠶᠢᠬᠤ ᠶᠢ ᠬᠦᠢᠴᠡᠳ | ᠬᠠᠷᠠᠭᠤᠯᠵᠠᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠠᠮᠢ ᠠᠬᠤᠢ ᠶᠢᠨ ᠪᠤᠯᠪᠠᠰᠤᠨ ᠤ | ᠪᠠᠶᠢᠭᠤᠯᠤᠯᠳᠠ ᠶᠢᠨ ᠴᠢᠬᠤᠯᠠ ᠪᠠᠶᠢᠷᠢ ᠰᠠᠭᠤᠷᠢ ᠶᠢ ᠳᠡᠬᠡᠳᠤ ᠬᠡᠮᠵᠢᠶ᠎ᠡ ᠪᠠᠷ ᠬᠤᠷᠢᠶᠠᠩᠭᠤᠶᠢᠯᠠᠵᠥ᠂ ᠠᠮᠢ ᠠᠬᠤᠢ ᠶᠢᠨ | ᠪᠤᠯᠪᠠᠰᠤᠨ ᠤ ᠪᠠᠶᠢᠭᠤᠯᠤᠯᠳᠠ ᠶᠢᠨ ᠴᠢᠭᠯᠡᠯ ᠵᠠᠮ ᠱᠤᠭᠤᠮ ᠢ ᠳᠤᠳᠤᠷᠬᠠᠢ ᠵᠢᠭᠠᠵᠥ᠂ ᠰᠢ ᠶᠢᠨ ᠫᠢᠩ ᠤᠨ ᠠᠮᠢ | ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠪᠠᠶᠠᠯᠢᠬᠵᠢᠭᠤᠯᠤᠨ ᠬᠦᠭᠵᠢᠬᠦᠯᠵᠥ᠂ ᠶᠡᠷᠦᠩᠬᠡᠢ ᠱᠦᠵᠢ ᠶᠢᠨ ᠦᠪᠦᠷ | ᠮᠤᠩᠭᠤᠯ ᠤᠨ ᠳᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠬ ᠰᠠᠨᠠᠭ᠎ᠠ ᠯᠤᠭ᠎ᠠ ᠤᠳᠬ᠎ᠠ | ᠰᠠᠨᠠᠭ᠎ᠠ ᠨᠢᠭᠡᠳᠠᠢ ᠪᠠᠶᠢᠵᠤ᠂ ᠦᠪᠦᠷ ᠮᠤᠩᠭᠤᠯ ᠤᠨ ᠠᠵᠢᠯ ᠢ ᠤᠯᠠᠮ ᠴᠢᠨᠠᠬᠰᠢᠳᠠ ᠰᠠᠶᠢᠳᠤᠷ ᠬᠢᠬᠦ ᠳᠤ ᠬᠦᠴᠦᠷᠬᠡᠭ | ᠶᠡᠭᠡ ᠦᠵᠡᠯ ᠰᠠᠨᠠᠭᠠᠨ ᠤ ᠵᠡᠪᠰᠡᠭ ᠪᠤᠯᠤᠨ ᠰᠢᠨᠵᠢᠯᠡᠬᠦ ᠤᠬᠠᠭᠠᠨᠴᠢ ᠠᠵᠢᠯᠯᠠᠭᠠᠨ ᠤ ᠵᠦᠭᠯᠡᠬᠦᠷ ᠬᠠᠩᠭᠠᠵᠤ ᠦᠭᠪᠡ᠃ | ᠪᠦᠬᠦ ᠤᠷᠤᠨ ᠤ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠤᠯᠤᠨ ᠦᠷᠬᠡᠨ ᠤᠯᠠᠨ ᠨᠠᠮ ᠤᠨ ᠬᠡᠰᠢᠬᠦᠨ | ᠺᠠᠳ᠋ᠷᠴᠤᠳ ︽ᠳᠦᠷᠪᠡᠨ ᠤᠬᠠᠮᠰᠠᠷ︾ ᠢᠶᠠᠨ ᠴᠢᠩᠭᠠᠳᠬᠠᠵᠥ᠂ ︽ᠳᠦᠷᠪᠡᠨ ᠢᠳᠡᠬᠡᠯ︾ ᠢᠶᠠᠨ ᠪᠠᠳᠤᠳᠬᠠᠵᠥ᠂ ︽ | ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠬᠦᠯᠵᠥ᠂ ᠳᠡᠬᠡᠳᠤ ᠬᠡᠮᠵᠢᠶᠠᠨ ᠤ ᠤᠯᠤᠰ ᠳᠦᠷᠦ ᠶᠢᠨ ᠤᠬᠠᠮᠰᠠᠷ᠂ | ᠦᠵᠡᠯ ᠰᠠᠨᠠᠭᠠᠨ ᠤ ᠤᠬᠠᠮᠰᠠᠷ᠂ ᠠᠵᠢᠯᠯᠠᠭᠠᠨ ᠤ ᠤᠬᠠᠮᠰᠠᠷ ᠢᠶᠠᠷ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶᠠᠨ ᠤ ᠵᠤᠷᠢᠬ ᠰᠠᠨᠠᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠵᠥ᠂ ᠠᠮᠢ | ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠬᠡᠢ ᠬᠦᠭᠵᠢᠯᠳᠡ ᠪᠠᠷ ᠤᠳᠤᠷᠢᠳᠤᠮᠵᠢ ᠪᠤᠯᠭᠠᠬᠰᠠᠨ ᠴᠢᠨᠠᠷ | ᠰᠠᠶᠢᠳᠠᠢ ᠬᠦᠭᠵᠢᠯᠳᠡ ᠶᠢᠨ ᠰᠢᠨ᠎ᠠ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠥ᠂ ᠦᠵᠡᠰᠬᠦᠯᠡᠩᠳᠤ ᠰᠠᠶᠢᠬᠠᠨ | ᠦᠪᠦᠷ ᠮᠤᠩᠭᠤᠯ ᠢ ᠪᠦᠳᠦᠬᠡᠨ ᠪᠠᠶᠢᠭᠤᠯᠬᠤ ᠪᠠᠨ ᠲᠦᠷᠭᠡᠳᠭᠡᠵᠦ᠂ ᠡᠬᠡ ᠤᠯᠤᠰ ᠤᠨ ᠤᠮᠠᠷᠠᠳᠦ ᠶᠢᠨ ᠡᠨᠡ ᠬᠦ | ᠦᠵᠡᠮᠵᠢ ᠶᠢᠨ ᠤᠷᠤᠨ ᠢᠶᠠᠨ ᠨᠡᠩ ᠦᠵᠡᠰᠭᠦᠯᠡᠩᠲᠦ ᠰᠠᠶᠢᠬᠠᠨ ᠪᠤᠯᠭᠠᠨ ᠪᠦᠲᠦᠭᠡᠨ ᠪᠠᠶᠢᠭᠤᠯᠬᠤ ᠬᠡᠷᠡᠭᠳᠡᠢ ᠬᠡᠵᠥ | ᠦᠵᠡᠪᠡ᠃ | ᠪᠦᠬᠦᠳᠡ ᠬᠤᠷᠠᠯ ᠠᠴᠠ ᠵᠢᠭᠠᠭᠰᠠᠨ ᠨᠢ᠂ ᠮᠠᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ | ᠠᠮᠤᠷ ᠳᠦᠪᠰᠢᠨ ᠤ ᠬᠠᠯᠬᠠᠪᠴᠢ ᠶᠢ ᠪᠦᠳᠦᠬᠡᠨ ᠪᠠᠶᠢᠭᠤᠯᠬᠤ ᠪᠤᠯ ᠶᠡᠷᠦᠩᠬᠡᠢ ᠱᠦᠵᠢ ᠰᠢ ᠶᠢᠨ ᠫᠢᠩ ᠪᠤᠯᠤᠨ ᠨᠠᠮ | ᠤᠨ ᠳᠦᠪ ᠬᠤᠷᠢᠶ᠎ᠠ ᠪᠦᠬᠦ ᠤᠯᠤᠰ ᠤᠨ ᠬᠦᠭᠵᠢᠯᠳᠡ ᠶᠢᠨ ᠶᠡᠭᠡ ᠪᠠᠶᠢᠳᠠᠯ ᠳᠤ ᠵᠤᠬᠰᠤᠵᠥ ᠦᠪᠦᠷ ᠮᠤᠩᠭᠤᠯ ᠳᠤ | ᠳᠤᠬᠳᠠᠭᠠᠵᠥ ᠦᠭᠭᠦᠭᠰᠡᠨ ᠪᠠᠶᠢᠯᠳᠤᠬᠤ ᠪᠤᠳᠤᠯᠭ᠎ᠠ ᠶᠢᠨ ᠪᠠᠶᠢᠷᠢ ᠳᠤᠬᠳᠠᠭᠠᠯᠳᠠ ᠪᠤᠯᠤᠨ᠎ᠡ᠂ ᠥᠪᠥᠷ ᠮᠤᠩᠭᠤᠯ ᠤᠨ | ᠡᠷᠬᠡᠪᠰᠢ ᠤᠬᠠᠮᠰᠠᠷ ᠠᠴᠠ ᠪᠠᠨ ᠡᠬᠦᠷᠬᠡᠯᠡᠬᠦ ᠬᠡᠷᠡᠭᠳᠠᠢ ᠴᠢᠬᠤᠯᠠ ᠶᠡᠭᠡ ᠬᠠᠷᠢᠭᠤᠴᠠᠯᠭ᠎ᠠ ᠪᠤᠯᠤᠨ᠎ᠠ᠃ ᠠᠮᠢ ᠠᠬᠤᠢ ᠶᠢᠨ | ᠠᠮᠤᠷ ᠳᠦᠪᠰᠢᠨ ᠤ ᠬᠠᠯᠬᠠᠪᠴᠢ ᠶᠢ ᠪᠦᠳᠦᠬᠡᠨ ᠪᠠᠶᠢᠭᠤᠯᠬᠤ᠂ ᠳᠦᠮᠡᠨ ᠭᠠᠵᠠᠷ ᠤᠨ ᠨᠤᠮᠢᠨ ᠨᠤᠭᠤᠭᠠᠨ ᠤᠷᠳᠤ | ᠴᠠᠭᠠᠨ ᠬᠡᠷᠡᠮ ᠢ ᠴᠤᠬᠴᠠᠯᠠᠬᠤ ᠪᠠᠷ ᠵᠢᠯᠤᠭᠤᠳᠤᠮᠵᠢ ᠪᠤᠯᠭᠠᠵᠥ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ | ᠪᠤᠬᠢᠷᠳᠤᠯ ᠦᠬᠡᠢ ᠬᠦᠭᠵᠢᠯᠳᠡ ᠶᠢ ᠪᠠᠷᠢᠮᠳᠠᠯᠠᠵᠥ᠂ ᠵᠢᠮ᠎ᠡ ᠶᠤᠰᠤ ᠶᠢ ᠵᠢᠷᠤᠮᠯᠠᠬᠤ᠂ ᠰᠢᠨᠵᠢᠯᠡᠬᠦ ᠤᠬᠠᠭᠠᠨᠴᠢ ᠪᠠᠷ | ᠳᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠶᠢ ᠪᠠᠷᠢᠮᠳᠠᠯᠠᠵᠥ᠂ ᠠᠰᠠᠭᠤᠳᠠᠯ ᠳᠤ ᠠᠩᠬᠠᠷᠤᠯ ᠢᠶᠠᠨ ᠳᠦᠪᠯᠡᠷᠡᠬᠦᠯᠤᠨ᠂ | ᠪᠤᠳᠠᠳᠤ ᠦᠷ᠎ᠠ ᠠᠰᠢᠬ ᠢ ᠴᠢᠬᠤᠯᠠᠴᠢᠯᠠᠬᠤ ᠶᠢ ᠪᠠᠷᠢᠮᠳᠠᠯᠠᠵᠥ᠂ ᠳᠦᠷᠢᠮ ᠤᠨ ᠰᠢᠨ᠎ᠡ ᠶᠢ ᠡᠬᠦᠳᠴᠤ᠂ ᠬᠠᠤᠯᠢ | ᠶᠤᠰᠤᠭᠠᠷ ᠵᠠᠰᠠᠯᠳᠠ ᠬᠢᠬᠦ ᠶᠢ ᠪᠠᠷᠢᠮᠳᠠᠯᠠᠵᠥ᠂ ᠳᠦᠪᠯᠡᠷᠡᠬᠦᠯᠦᠨ ᠰᠢᠪᠲᠤᠯᠤᠯᠲᠠ ᠬᠢᠵᠦ᠂ ᠤᠳᠠᠭᠠᠨ ᠳᠠᠭᠠᠭᠠᠮᠠᠭᠠᠢ ᠪᠠᠷ | ᠵᠢᠳᠬᠦᠬᠦ ᠶᠢ ᠪᠠᠷᠢᠮᠳᠠᠯᠠᠵᠥ᠂ ᠤᠯᠤᠰ ᠤᠨ ᠠᠮᠢ ᠠᠬᠤᠢ ᠶᠢᠨ ᠪᠤᠯᠪᠠᠰᠤᠨ ᠤ ᠳᠤᠷᠰᠢᠯᠳᠠ ᠶᠢᠨ ᠤᠷᠤᠨ ᠢ ᠢᠳᠡᠪᠬᠢᠳᠡᠢ | ᠴᠤᠭᠴᠠᠯᠠᠵᠤ᠂ ᠪᠤᠬᠢᠷᠳᠤᠯ ᠢ ᠰᠡᠷᠬᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠪᠤᠯᠤᠨ ᠠᠮᠢ ᠠᠬᠤᠢ ᠶᠢᠨ | ᠪᠤᠯᠪᠠᠰᠤᠨ ᠤ ᠪᠠᠶᠢᠭᠤᠯᠤᠯᠳᠠ ᠶᠢᠨ ᠤᠳᠠᠭᠠᠨ ᠳᠠᠭᠠᠭᠠᠮᠠᠭᠠᠢ ᠳᠠᠶᠢᠨ ᠢ ᠡᠷᠡᠰ ᠰᠠᠶᠢᠳᠤᠷ ᠬᠢᠵᠥ᠂ ᠠᠵᠥ ᠠᠬᠤᠢ ᠶᠢᠨ | ᠴᠢᠨᠠᠷ ᠰᠠᠶᠢᠳᠠᠢ ᠬᠦᠭᠵᠢᠯᠳᠡ ᠪᠤᠯᠤᠨ ᠠᠮᠢ ᠠᠬᠤᠢ ᠤᠷᠴᠢᠨ ᠳᠤᠭᠤᠷᠢᠨ ᠤ ᠦᠨᠳᠦᠷ ᠳᠦᠪᠰᠢᠨ ᠪᠦᠬᠦᠢ | ᠬᠠᠮᠠᠭᠠᠯᠠᠯᠳᠠ ᠶᠢ ᠵᠤᠬᠢᠴᠠᠭᠤᠯᠤᠨ ᠠᠬᠢᠭᠤᠯᠵᠥ᠂ ᠠᠮᠢ ᠠᠬᠤᠢ ᠤᠷᠴᠢᠨ ᠳᠤᠭᠤᠷᠢᠨ ᠤ ᠵᠠᠰᠠᠯᠳᠠ ᠶᠢᠨ ᠰᠢᠰᠲ᠋ᠧᠮ | ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠯᠠᠪᠳᠠᠭᠤᠨ ᠪᠠᠳᠤᠳᠠᠢ ᠠᠬᠢᠭᠤᠯᠵᠥ᠂ 2025 ᠣᠨ | ᠪᠤᠯᠬᠤ ᠳᠤ ᠪᠦᠬᠦ ᠤᠷᠤᠨ ᠤ ᠠᠮᠢ ᠠᠬᠤᠢ ᠤᠷᠴᠢᠨ ᠳᠤᠭᠤᠷᠢᠨ ᠤ ᠶᠠᠰᠤ ᠴᠢᠨᠠᠷ ᠢ ᠢᠯᠠᠳᠳᠡ ᠰᠠᠶᠢᠵᠢᠷᠠᠭᠤᠯᠵᠤ᠂ | 2035 ᠣᠨ ᠪᠤᠯᠬᠤ ᠳᠤ ᠦᠨᠳᠦᠰᠦᠨ ᠠᠴᠠ ᠨᠢ ᠰᠠᠶᠢᠵᠢᠷᠠᠭᠤᠯᠬᠤ ᠶᠢ ᠪᠠᠳᠤᠯᠠᠬᠤ ᠬᠡᠷᠡᠭᠳᠡᠢ ᠬᠡᠪᠠ᠃ | ᠪᠦᠬᠦᠳᠡ ᠬᠤᠷᠠᠯ ᠠᠴᠠ ᠵᠢᠠᠭᠠᠭᠰᠠᠨ ᠨᠢ᠂ ᠦᠪᠤᠷ ᠮᠤᠩᠭᠤᠯ ᠤᠨ ᠠᠮᠢ ᠠᠬᠤᠢ ᠶᠢᠨ ᠪᠠᠶᠢᠷᠢ ᠰᠠᠭᠤᠷᠢ | ᠲᠤᠶᠢᠯ ᠤᠨ ᠴᠢᠬᠤᠯᠠ᠂ ᠠᠮᠢ ᠠᠬᠤᠢ ᠤᠷᠴᠢᠨ ᠲᠤᠭᠤᠷᠢᠨ ᠤ ᠰᠠᠭᠤᠷᠢ ᠮᠠᠰᠢ ᠬᠡᠪᠡᠷᠡᠭ ᠶᠤᠮ᠃ ᠤᠷᠳᠤ | ᠬᠤᠭᠤᠴᠠᠭᠠᠨ ᠤ ᠴᠦᠬᠦᠷᠡᠰᠢ ᠦᠭᠡᠢ ᠴᠢᠷᠮᠠᠶᠢᠯᠭ᠎ᠠ ᠪᠠᠷ ᠲᠠᠮᠵᠢᠨ᠂ ᠮᠠᠨ ᠤ ᠤᠷᠤᠨ ᠤ ᠠᠮᠢ ᠠᠬᠤᠢ ᠤᠷᠴᠢᠨ | ᠲᠤᠭᠤᠷᠢᠨ ᠤ ᠬᠠᠮᠠᠭᠠᠯᠠᠯᠳᠠ ︽ᠪᠦᠭᠦᠯᠢ ᠴᠤᠭᠴᠠ ᠪᠠᠷ ᠬᠤᠷᠢᠬᠯᠠᠵᠤ᠂ ᠬᠡᠰᠡᠭ ᠲᠠᠯ᠎ᠠ ᠪᠠᠷ ᠰᠠᠶᠢᠵᠢᠷᠠᠭᠰᠠᠨ︾ | ᠴᠢᠬᠤᠯᠠ ᠶᠡᠭᠡ ᠬᠤᠪᠢᠷᠠᠯᠳᠠ ᠶᠢ ᠪᠡᠶᠡᠯᠡᠭᠦᠯᠵᠤ᠂ ︽ᠤᠷᠤᠬᠰᠢᠯᠠᠪᠠᠯ ᠢᠯᠠᠵᠤ᠂ ᠤᠷᠤᠬᠰᠢᠯᠠᠬᠤ ᠦᠭᠡᠢ ᠪᠤᠯ | ᠤᠬᠤᠷᠢᠬᠤ︾ ᠲᠡᠤᠭᠡ ᠶᠢᠨ ᠵᠠᠩᠬᠢᠯᠠᠭ᠎ᠠ ᠶᠢᠨ ᠴᠠᠭ ᠦᠶ᠎ᠠ ᠳᠤ ᠭᠦᠷᠪᠠ᠃ ᠠᠮᠢ ᠠᠬᠤᠢ ᠶᠢᠨ ᠪᠤᠯᠪᠠᠰᠤᠨ ᠤ | ᠪᠠᠶᠢᠭᠤᠯᠤᠯᠳᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ ᠲᠤᠭᠳᠠᠯ ᠬᠦᠴᠦᠨ ᠢᠶᠠᠨ ᠪᠠᠳᠤᠯᠠᠵᠤ᠂ ᠬᠦᠬᠡᠮᠳᠦᠭ | ᠨᠤᠭᠤᠭᠠᠨ ᠠᠭᠤᠯᠠ ᠤᠰᠤ ᠪᠤᠯ ᠠᠯᠳᠠ ᠮᠦᠡᠭᠬᠦᠨ ᠠᠭᠤᠯᠠ ᠮᠦᠨ ᠭᠡᠬᠦ ᠶᠢ ᠪᠠᠷᠢᠮᠳᠠᠯᠠᠵᠤ᠂ | ᠰᠠᠨᠠᠭᠠᠴᠢᠯᠠᠭ᠎ᠠ ᠠᠴᠠ ᠪᠠᠨ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠪᠠ ᠠᠵᠤ ᠠᠬᠤᠢ ᠶᠢ ᠭᠦᠭᠵᠢᠭᠦᠯᠭᠦ ᠶᠢ | ᠤᠷᠭᠠᠨᠢᠭ ᠢᠶᠠᠷ ᠨᠢᠭᠡᠳᠭᠡᠵᠤ᠂ ᠨᠢᠳᠤᠨ ᠴᠡᠴᠡᠭᠡᠢ ᠪᠠᠨ ᠬᠠᠮᠠᠭᠠᠯᠠᠬᠤ ᠮᠡᠳᠤ ᠪᠠᠷ ᠠᠮᠢ ᠠᠬᠤᠢ ᠤᠷᠴᠢᠨ ᠲᠤᠭᠤᠷᠢᠨ ᠢ | ᠬᠠᠮᠠᠭᠠᠯᠠᠵᠤ᠂ ᠠᠮᠢ ᠨᠠᠰᠤᠨ ᠳᠤ ᠬᠠᠨᠳᠤᠬᠤ ᠠᠳᠠᠯᠢ ᠪᠠᠷ ᠠᠮᠢ ᠠᠬᠤᠢ ᠤᠷᠴᠢᠨ ᠲᠤᠭᠤᠷᠢᠨ ᠳᠤ ᠬᠠᠨᠳᠤᠬᠤ ᠬᠡᠷᠡᠭᠲᠡᠢ᠂ | ᠬᠡᠯᠡᠬᠦ ᠳᠤ ᠪᠠᠨ ᠴᠢᠬᠤᠯᠠᠴᠢᠯᠠᠵᠤ ᠬᠢᠬᠦ ᠳᠤ ᠪᠠᠨ ᠭᠦᠡᠭᠭᠡᠪᠴᠢᠯᠠᠵᠤ ᠪᠤᠯᠬᠤ ᠦᠭᠡᠢ᠂ ᠭᠡᠰᠡᠭ ᠠᠳᠬᠤᠭᠠᠳ ᠭᠡᠰᠡᠭ | ᠰᠤᠯᠠᠷᠠᠭᠤᠯᠵᠤ ᠪᠤᠯᠬᠤ ᠦᠭᠡᠢ᠂ ᠨᠡᠩ ᠴᠤ ᠤᠷᠴᠢᠨ ᠲᠤᠭᠤᠷᠢᠨ ᠢ ᠥᠷᠡᠭᠳᠡᠭᠦᠯᠦᠭᠡᠳ ᠨᠢᠭᠡ ᠴᠠᠭ ᠤᠨ ᠠᠵᠤ | ᠠᠬᠤᠢ ᠶᠢᠨ ᠨᠡᠮᠡᠭᠳᠠᠯ ᠢ ᠰᠤᠯᠢᠵᠤ ᠪᠤᠯᠬᠤ ᠦᠭᠡᠢ᠃ ᠰᠢᠳᠤ ᠪᠠᠨ ᠵᠠᠭᠤᠵᠤ ᠪᠠᠶᠢᠭᠠᠳ ᠪᠤᠬᠢᠷᠳᠤᠯ ᠢ ᠰᠡᠷᠭᠡᠶᠢᠯᠡᠨ | ᠵᠠᠰᠠᠬᠤ ᠪᠠ ᠤᠷᠴᠢᠨ ᠲᠤᠭᠤᠷᠢᠨ ᠢ ᠴᠡᠭᠴᠡᠯᠡᠨ ᠵᠠᠰᠠᠬᠤ ᠴᠢᠬᠤᠯᠠ ᠪᠤᠭᠤᠮᠳᠠ ᠶᠢ ᠲᠠᠪᠠᠵᠤ᠂ ᠭᠤᠶᠢᠪᠢᠯᠵᠠᠬᠤ ᠦᠭᠡᠢ᠂ | ᠰᠤᠯᠠᠷᠠᠬᠤ ᠦᠭᠡᠢ᠂ ᠡᠷᠡᠰ ᠰᠢᠭᠤᠷᠬᠠᠢ ᠪᠠᠷ᠂ ᠨᠡᠩ ᠰᠢᠷᠭᠠᠭᠤ ᠴᠢᠷᠮᠠᠶᠢᠯᠭ᠎ᠠ ᠭᠠᠷᠭᠠᠵᠤ ᠪᠠᠶᠢᠭᠠᠳ᠂ ᠠᠮᠢ | ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠲᠠᠰᠤᠷᠠᠯᠲᠠ ᠦᠭᠡᠢ ᠰᠢᠨ᠎ᠠ ᠲᠡᠭᠳᠡᠷ ᠲᠤ ᠭᠠᠷᠬᠤ ᠶᠢ ᠠᠬᠢᠭᠤᠯᠬᠤ | ᠭᠡᠷᠡᠭᠳᠠᠢ ᠭᠡᠪᠠ᠃ | ᠪᠦᠬᠦᠳᠡ ᠬᠤᠷᠠᠯ ᠠᠴᠠ ᠵᠢᠭᠠᠭᠰᠠᠨ ᠨᠢ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠭᠡᠢ | ᠬᠥᠭᠵᠢᠭᠦᠯᠬᠦ ᠰᠢᠨ᠎ᠠ ᠵᠠᠮ ᠢᠶᠠᠷ ᠵᠠᠮᠨᠠᠬᠤ ᠪᠤᠯ ᠶᠡᠷᠤᠩᠭᠡᠢ ᠱᠦᠵᠢ ᠰᠢ ᠶᠢᠨ ᠫᠢᠡᠭ ᠤᠨ ᠦᠪᠤᠷ ᠮᠤᠩᠭᠤᠯ ᠤᠨ ᠴᠢᠨᠠᠷ | ᠰᠠᠶᠢᠳᠠᠢ ᠭᠦᠭᠵᠢᠯᠳᠠ ᠶᠢᠨ ᠪᠤᠳᠠᠳᠤ ᠪᠠᠶᠢᠳᠠᠯ ᠢ ᠦᠨᠳᠦᠰᠦᠯᠡᠨ ᠳᠤᠬᠳᠠᠭᠠᠵᠥ ᠦᠭᠭᠦᠭᠰᠡᠨ ᠠᠵᠢᠯᠯᠠᠭᠠᠨ ᠤ | ᠭᠦᠳᠤᠯᠪᠤᠷᠢ ᠮᠦᠨ᠃ ᠵᠦᠪ ᠭᠦᠭᠵᠢᠯᠳᠠ ᠶᠢᠨ ᠦᠵᠡᠯᠳᠠ ᠠᠵᠢᠯ ᠤᠨ ᠠᠮᠵᠢᠯᠲᠠ ᠶᠢᠨ ᠦᠵᠡᠯᠳᠠ ᠶᠢ ᠪᠠᠳᠤ ᠪᠤᠢ | ᠪᠤᠯᠭᠠᠵᠤ᠂ ᠭᠦᠭᠵᠢᠯᠳᠠ ᠶᠢ ᠠᠮᠢ ᠠᠬᠤᠢ ᠤᠷᠴᠢᠨ ᠲᠤᠭᠤᠷᠢᠨ ᠤ ᠠᠰᠠᠭᠤᠳᠠᠯ ᠢ ᠰᠢᠢᠳᠪᠤᠷᠢᠯᠡᠭᠦ ᠦᠨᠳᠦᠰᠦᠨ | ᠠᠵᠢᠯᠯᠠᠭ᠎ᠠ ᠪᠤᠯᠭᠠᠬᠤ ᠶᠢ ᠪᠠᠷᠢᠮᠳᠠᠯᠠᠵᠤ᠂ ᠭᠦᠭᠵᠢᠯᠳᠠ ᠨᠢ ᠡᠷᠭᠡᠪᠰᠢ ᠪᠤᠬᠢᠷᠳᠤᠯ ᠦᠭᠡᠢ ᠭᠦᠭᠵᠢᠯᠳᠠ᠂ ᠴᠢᠨᠠᠷ | ᠰᠠᠶᠢᠳᠠᠢ ᠭᠦᠭᠵᠢᠯᠳᠠ ᠪᠠᠶᠢᠵᠤ᠂ ᠤᠯᠠᠮᠵᠢᠯᠠᠯᠳᠤ ᠠᠷᠭ᠎ᠠ ᠵᠠᠮ ᠳᠤ ᠨᠠᠶᠢᠳᠠᠬᠤ ᠰᠡᠳᠬᠢᠴᠡ ᠠᠴᠠ ᠮᠤᠯᠳᠤᠷᠠᠬᠤ ᠪᠠᠷ | ᠭᠦᠴᠤᠯᠠᠨ ᠴᠢᠷᠮᠠᠶᠢᠬᠤ᠂ ᠬᠤᠷᠤᠭᠳᠠᠯ ᠶᠡᠬᠡᠳᠠᠢ᠂ ᠭᠠᠳᠠᠭᠰᠢᠯᠠᠭᠤᠯᠤᠯᠳᠠ ᠶᠡᠬᠡᠳᠠᠢ᠂ ᠪᠤᠬᠢᠷᠳᠤᠯ ᠶᠡᠬᠡᠳᠠᠢ ᠬᠠᠭᠤᠴᠢᠨ | ᠵᠠᠮ ᠢ ᠡᠷᠡᠰ ᠲᠠᠶᠠᠬᠳᠠᠵᠤ᠂ ᠠᠮᠢ ᠠᠬᠤᠢ ᠤᠷᠴᠢᠨ ᠲᠤᠭᠤᠷᠢᠨ ᠢ ᠰᠠᠶᠢᠵᠢᠷᠠᠭᠤᠯᠬᠤ ᠠᠴᠠ ᠪᠢᠰᠢ ᠮᠠᠭᠤᠳᠠᠭᠤᠯᠬᠤ | ᠦᠭᠡᠢ ᠪᠠᠶᠢᠬᠤ ᠬᠤᠷᠢᠭ᠎ᠠ ᠱᠤᠭᠤᠮ ᠢ ᠪᠠᠳᠤ ᠰᠠᠬᠢᠬᠤ ᠭᠡᠷᠡᠭᠳᠠᠢ᠃ ᠰᠢᠨ᠎ᠠ ᠭᠦᠭᠵᠢᠯᠳᠠ ᠶᠢᠨ ᠣᠨᠣᠯᠵᠢᠬᠤᠨ ᠢ | ᠨᠠᠷᠢᠨ ᠬᠢᠨᠠᠮᠠᠭᠠᠢ ᠲᠤᠭᠤᠰᠢᠯᠠᠭᠤᠯᠵᠤ᠂ ᠠᠮᠢ ᠠᠬᠤᠢ ᠶᠢ ᠠᠵᠤ ᠦᠢᠯᠡᠰᠵᠢᠭᠦᠯᠬᠦ᠂ ᠠᠵᠤ ᠦᠢᠯᠡᠰ ᠢ ᠠᠮᠢ | ᠠᠬᠤᠶᠢᠵᠢᠭᠤᠯᠬᠤ ᠶᠢ ᠪᠠᠷᠢᠮᠳᠠᠯᠠᠵᠤ᠂ ᠡᠬᠢ ᠪᠠᠶᠠᠯᠢᠭ ᠤᠨ ᠳᠠᠪᠠᠭᠤᠯᠢᠭ ᠲᠤ ᠪᠠᠨ ᠰᠠᠭᠤᠷᠢᠯᠠᠵᠤ᠂ ᠲᠠᠪᠠᠭᠤᠯᠢᠭ | ᠤᠨᠴᠠᠯᠢᠭ ᠢᠶᠠᠨ ᠢᠯᠡᠷᠡᠭᠦᠯᠵᠤ᠂ ᠭᠦᠭᠵᠢᠯᠳᠠ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ ᠲᠠᠯ᠎ᠠ ᠪᠠᠷ ᠭᠦᠴᠤ | ᠲᠠᠯᠪᠢᠵᠤ᠂ ᠠᠵᠤ ᠠᠬᠤᠢ ᠶᠢᠨ ᠪᠦᠳᠤᠴᠠ ᠳᠤ ᠲᠤᠬᠢᠷᠠᠭᠤᠯᠤᠯᠳᠠ ᠬᠢᠬᠦ ᠲᠠᠯ᠎ᠠ ᠠᠴᠠ ᠭᠠᠷᠬᠤ ᠵᠠᠮ ᠬᠠᠶᠢᠵᠤ᠂ | ᠪᠤᠬᠢᠷᠳᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠲᠠᠯ᠎ᠠ ᠪᠠᠷ ᠴᠢᠷᠮᠠᠶᠢᠨ ᠠᠵᠢᠯᠯᠠᠵᠤ᠂ ᠤᠯᠠᠨ | ᠡᠰᠢᠵᠢᠨ ᠭᠦᠭᠵᠢᠭᠰᠡᠨ᠂ ᠤᠯᠠᠨ ᠲᠦᠢᠯ ᠢᠶᠠᠷ ᠲᠤᠯᠭᠠᠭᠤᠷᠢᠯᠠᠭᠰᠠᠨ ᠤᠳᠤ ᠦᠶ᠎ᠠ ᠶᠢᠨ ᠠᠵᠤ ᠦᠢᠯᠡᠰ ᠤᠨ | ᠰᠢᠰᠲ᠋ᠧᠮ ᠢ ᠱᠠᠯᠠᠪᠬᠠᠨ ᠪᠠᠶᠢᠭᠤᠯᠵᠤ᠂ ᠴᠢᠨᠠᠷ ᠰᠠᠶᠢᠳᠠᠢ ᠭᠦᠭᠵᠢᠯᠳᠠ ᠶᠢᠨ ᠲᠤᠮᠳᠠ ᠦᠨᠳᠤᠷ ᠲᠦᠪᠰᠢᠨ ᠪᠦᠬᠦᠢ | ᠬᠠᠮᠠᠭᠠᠯᠠᠯᠳᠠ ᠶᠢ ᠪᠡᠶᠡᠯᠡᠭᠦᠯᠵᠤ᠂ ᠦᠨᠳᠤᠷ ᠲᠦᠪᠰᠢᠨ ᠪᠦᠬᠦᠢ ᠬᠠᠮᠠᠭᠠᠯᠠᠯᠳᠠ ᠲᠤᠮᠳᠠ ᠴᠢᠨᠠᠷ ᠰᠠᠶᠢᠳᠠᠢ | ᠭᠦᠭᠵᠢᠯᠳᠠ ᠶᠢ ᠪᠡᠶᠡᠯᠡᠭᠦᠯᠭᠦ ᠪᠠᠷ ᠴᠢᠷᠮᠠᠶᠢᠬᠤ ᠭᠡᠷᠡᠭᠳᠠᠢ ᠭᠡᠪᠠ᠃ | ᠪᠦᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ | ᠴᠢᠩᠭᠠᠳᠬᠠᠵᠤ᠂ ᠴᠢᠨᠠᠷ ᠰᠠᠶᠢᠳᠠᠢ ᠭᠦᠭᠵᠢᠯᠳᠠ ᠶᠢ ᠠᠬᠢᠭᠤᠯᠬᠤ ᠳᠤ᠂ ᠡᠷᠭᠡᠪᠰᠢ ᠭᠤᠤᠯᠳᠠᠯᠭ᠎ᠠ ᠲᠠᠢ ᠵᠠᠰᠠᠬᠤ ᠪᠠ | ᠪᠦᠬᠦᠯᠢ ᠴᠤᠬᠴᠠ ᠪᠠᠷ ᠨᠢ ᠠᠬᠢᠭᠤᠯᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠳᠠᠯᠠᠵᠤ᠂ ᠰᠢᠪᠲᠤᠯᠤᠯᠲᠠ ᠶᠢᠨ | ᠲᠠᠶᠢᠯᠠᠯᠳᠤᠭᠠᠨ ᠢ ᠰᠠᠶᠢᠳᠤᠷ ᠬᠢᠵᠦ᠂ ᠤᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠢ ᠰᠢᠢᠳᠪᠤᠷᠢᠯᠠᠬᠦ ᠬᠡᠷᠡᠭᠳᠠᠢ | ᠪᠦᠭᠡᠳ ᠰᠠᠭᠤᠷᠢ ᠴᠢᠨᠠᠷᠳᠠᠢ᠂ ᠪᠠᠶᠢᠡᠭᠭᠤ ᠶᠢᠨ ᠴᠢᠨᠠᠷᠲᠠᠢ᠂ ᠠᠯᠤᠰ ᠬᠡᠳᠦ ᠶᠢᠨ ᠴᠢᠨᠠᠷᠳᠠᠢ ᠠᠵᠢᠯ ᠢ ᠢᠮᠠᠬᠲᠠ | ᠰᠠᠶᠢᠳᠦᠷ ᠠᠳᠬᠤᠬᠤ ᠭᠡᠷᠡᠭᠳᠠᠢ᠃ ᠠᠮᠢ ᠠᠬᠤᠢ ᠶᠢᠨ ᠤᠷᠤᠨ ᠵᠠᠢ ᠶᠢᠨ ᠰᠢᠨ᠎ᠠ ᠪᠠᠶᠢᠷᠢᠰᠢᠯ ᠢ ᠪᠠᠶᠢᠭᠤᠯᠵᠤ᠂ ᠭᠤᠤᠯ | ᠴᠤᠭᠴᠠ ᠶᠢᠨ ᠴᠢᠳᠠᠮᠵᠢᠳᠤ ᠤᠷᠤᠨ ᠤ ᠪᠠᠶᠢᠯᠳᠤᠬᠤ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠤᠯᠤᠰ ᠤᠨ ᠭᠠᠵᠠᠷ ᠰᠢᠷᠤᠢ ᠶᠢᠨ ᠤᠷᠤᠨ ᠵᠠᠢ ᠶᠢᠨ ᠪᠦᠲᠦᠴᠡ ᠶᠢ ᠰᠢᠯᠢᠳᠡᠭᠵᠢᠭᠦᠯᠦᠨ ᠳᠤᠬᠢᠷᠠᠭᠤᠯᠵᠤ᠂ ︽ | ᠭᠤᠷᠪᠠᠨ ᠲᠤᠭᠤᠷᠢᠭ ᠭᠤᠷᠪᠠᠨ ᠱᠤᠭᠤᠮ︾ ᠢ ᠠᠵᠤ ᠠᠬᠤᠢ ᠶᠢᠨ ᠪᠦᠳᠤᠴᠠ ᠶᠢ ᠲᠤᠬᠢᠷᠠᠭᠤᠯᠬᠤ᠂ ᠠᠵᠤ ᠦᠢᠯᠡᠰ | ᠤᠨ ᠭᠦᠭᠵᠢᠯᠳᠠ ᠶᠢ ᠲᠦᠯᠦᠪᠵᠢᠭᠦᠯᠭᠦ᠂ ᠬᠤᠳᠠ ᠪᠠᠯᠭᠠᠰᠤᠵᠢᠯᠳᠠ ᠶᠢ ᠠᠬᠢᠭᠤᠯᠬᠤ ᠶᠢᠨ ᠲᠠᠪᠠᠵᠤ ᠪᠤᠯᠤᠰᠢ ᠦᠭᠡᠢ | ᠤᠯᠠᠭᠠᠨ ᠱᠤᠭᠤᠮ ᠪᠤᠯᠭᠠᠵᠤ᠂ ᠠᠮᠢ ᠠᠬᠤᠢ ᠶᠢᠨ ᠰᠢᠰᠲ᠋ᠧᠮ ᠳᠤ ᠨᠡᠩ ᠤᠯᠠᠨ ᠰᠡᠷᠭᠦᠬᠦ ᠤᠷᠤᠨ ᠵᠠᠢ ᠦᠯᠡᠳᠡᠭᠡᠵᠤ | ᠦᠭᠬᠦ ᠬᠡᠷᠡᠭᠳᠠᠢ᠃ ᠪᠤᠬᠢᠷᠳᠤᠯ ᠦᠭᠡᠢ ᠠᠵᠤ ᠠᠬᠤᠢ ᠶᠢᠨ ᠰᠢᠨ᠎ᠠ ᠰᠢᠰᠲ᠋ᠧᠮ ᠢ ᠪᠠᠶᠢᠭᠤᠯᠵᠤ᠂ ᠨᠢᠭᠡ ᠪᠦᠯᠦᠭ | ᠤᠯᠠᠮᠵᠢᠯᠠᠯᠳᠤ ᠠᠵᠤ ᠦᠢᠯᠡᠰ ᠢ ᠦᠭᠡᠷᠡᠴᠢᠯᠡᠨ ᠰᠢᠯᠢᠳᠡᠭᠵᠢᠭᠦᠯᠵᠦ᠂ ᠨᠢᠭᠡ ᠪᠦᠯᠦᠭ ᠰᠢᠨ᠎ᠠ ᠪᠠᠷ ᠮᠠᠨᠳᠤᠭᠰᠠᠨ ᠠᠵᠤ | ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠨᠢᠭᠡ ᠪᠦᠯᠦᠭ ᠬᠤᠴᠤᠷᠤᠩᠭᠤᠢ ᠦᠢᠯᠡᠳᠪᠦᠷᠢᠯᠡᠯ ᠤᠨ ᠴᠢᠳᠠᠪᠤᠷᠢ | ᠶᠢ ᠰᠢᠭᠰᠢᠭᠳᠡᠭᠦᠯᠦᠨ ᠵᠤᠭᠰᠤᠭᠠᠵᠤ᠂ ᠠᠮᠢ ᠠᠬᠤᠢ ᠶᠢᠨ ᠮᠠᠯ ᠠᠵᠤ ᠠᠬᠤᠢ ᠲᠠᠷᠢᠶᠠᠯᠠᠩ᠂ ᠲᠡᠷᠢᠭᠦᠨ ᠤ ᠦᠢᠯᠡᠳᠬᠦ | ᠦᠢᠯᠡᠰ ᠪᠤᠯᠤᠨ ᠤᠳᠤ ᠦᠶ᠎ᠠ ᠶᠢᠨ ᠦᠢᠯᠡᠴᠢᠯᠡᠭᠡᠨ ᠤ ᠦᠢᠯᠡᠰ ᠢ ᠶᠡᠭᠡ ᠪᠠᠷ ᠭᠦᠭᠵᠢᠭᠦᠯᠵᠤ᠂ ᠴᠡᠪᠡᠷ ᠡᠨᠧᠷᠭᠢ ᠶᠢᠨ | ᠠᠵᠤ ᠦᠢᠯᠡᠰ ᠢ ᠪᠤᠵᠠᠭᠠᠶᠢᠷᠠᠭᠤᠯᠵᠤ᠂ ᠪᠤᠬᠢᠷᠳᠤᠯ ᠦᠭᠡᠢ ᠦᠢᠯᠡᠳᠪᠤᠷᠢᠯᠡᠯ ᠤᠨ ᠠᠷᠭ᠎ᠠ ᠬᠡᠯᠪᠡᠷᠢ ᠪᠤᠯᠤᠨ ᠠᠮᠢᠳᠤᠷᠠᠯ | ᠤᠨ ᠠᠷᠭ᠎ᠠ ᠬᠡᠯᠪᠡᠷᠢ ᠶᠢ ᠳᠦᠷᠭᠡᠨ ᠪᠦᠷᠢᠯᠳᠤᠭᠦᠯᠵᠤ᠂ ᠪᠤᠬᠢᠷᠳᠤᠯ ᠦᠭᠡᠢ ᠪᠠᠶᠢᠬᠤ ᠶᠢ ᠦᠪᠤᠷ ᠮᠤᠩᠭᠤᠯ ᠤᠨ | ᠭᠦᠭᠵᠢᠯᠳᠠ ᠶᠢᠨ ᠬᠠᠮᠤᠭ ᠤᠨ ᠢᠯᠡ ᠲᠤᠳᠤ ᠬᠠᠮᠤᠭ ᠤᠨ ᠢᠷᠠᠭᠤ ᠰᠠᠶᠢᠬᠠᠨ ᠲᠡᠪᠢᠰᠭᠡᠷ ᠦᠡᠭᠭᠡ ᠪᠤᠯᠭᠠᠬᠤ ᠭᠡᠷᠡᠭᠳᠠᠢ᠃ | ᠠᠮᠢ ᠠᠬᠤᠢ ᠶᠢᠨ ᠵᠠᠰᠠᠯᠲᠠ ᠶᠢᠨ ᠰᠢᠨ᠎ᠠ ᠬᠡᠪ ᠵᠠᠭᠪᠤᠷ ᠢ ᠪᠤᠢ ᠪᠤᠯᠭᠠᠵᠦ᠂ ᠠᠮᠢ ᠠᠬᠤᠢ ᠶᠢᠨ ᠰᠢᠰᠲ᠋ᠧᠮ ᠤᠨ | ᠲᠤᠲᠤᠭᠠᠲᠤ ᠵᠢᠮ᠎ᠠ ᠬᠠᠤᠯᠢ ᠪᠤᠯᠤᠨ ᠵᠢᠮ᠎ᠠ ᠶᠤᠰᠤ ᠶᠢ ᠵᠢᠷᠤᠮᠯᠠᠠ᠂ ᠠᠶᠠᠠᠲᠠᠭᠠᠠ ᠰᠡᠷᠭᠦᠭᠡᠬᠦ ᠪᠠᠷ ᠭᠤᠤᠯᠲᠠᠭᠤᠯᠬᠤ | ᠴᠢᠭᠯᠡᠯᠲᠡ ᠶᠢ ᠪᠠᠷᠢᠮᠲᠠᠯᠠᠵᠦ᠂ ᠲᠠᠯ᠎ᠠ ᠨᠤᠲᠤᠭ᠂ ᠤᠢ ᠰᠢᠭᠤᠢ ᠶᠢᠨ ᠰᠢᠰᠲ᠋ᠧᠮ ᠢ ᠬᠠᠮᠠᠭᠠᠯᠠᠬᠤ ᠶᠢ ᠲᠡᠷᠢᠭᠦᠨ | ᠴᠢᠬᠤᠯᠠ ᠡᠬᠦᠷᠭᠡ ᠪᠤᠯᠭᠠᠵᠦ᠂ ᠠᠮᠢ ᠠᠬᠤᠢ ᠶᠢ ᠰᠡᠷᠭᠦᠭᠡᠨ ᠵᠠᠰᠠᠬᠤ ᠴᠢᠬᠤᠯᠠ ᠶᠡᠭᠡ ᠢᠨᠵᠧᠨᠧᠷᠢᠩ ᠢ ᠨᠢᠮᠪᠠᠢ | ᠵᠤᠬᠢᠶᠠᠠ ᠪᠠᠶᠢᠭᠤᠯᠤᠨ ᠭᠡᠷᠡᠭᠵᠢᠭᠦᠯᠵᠦ᠂ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ᠂ ᠪᠡᠯᠴᠢᠭᠡᠷᠯᠡᠭᠦᠯᠬᠦ ᠶᠢ | ᠵᠤᠭᠰᠤᠭᠠᠬᠤ ᠪᠡᠯᠴᠢᠭᠡᠷ ᠢ ᠠᠮᠠᠷᠠᠭᠤᠯᠬᠤ ᠰᠡᠯᠭᠦᠨ ᠮᠠᠯᠵᠢᠬᠤ ᠵᠡᠷᠭᠡ ᠲᠦᠷᠢᠮ ᠢ ᠴᠢᠩᠭ᠎ᠠ ᠨᠠᠶᠢᠲᠠᠪᠤᠷᠢᠵᠢᠭᠤᠯᠤᠨ᠂ | ᠨᠤᠲᠤᠭ ᠪᠡᠯᠴᠢᠭᠡᠷ ᠤᠨ ᠴᠦᠯᠯᠡᠷᠭᠡᠭᠵᠢᠯ᠂ ᠡᠯᠡᠰᠦᠷᠭᠡᠭᠵᠢᠯ ᠢ ᠵᠠᠰᠠᠬᠤ ᠠᠵᠢᠯ ᠢ ᠰᠠᠶᠢᠳᠤᠷ ᠠᠳᠬᠤᠵᠦ᠂ ᠤᠰᠤᠨ ᠤ | ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠠ᠂ ᠠᠮᠢ ᠠᠬᠤᠢ ᠶᠢᠨ ᠪᠦᠲᠦᠭᠡᠡ ᠪᠠᠶᠢᠭᠤᠯᠤᠯᠲᠠ ᠶᠢᠨ | ᠬᠠᠨᠳᠤᠯᠭᠠᠳᠤ ᠴᠢᠨᠠᠷ᠂ ᠰᠢᠰᠲ᠋ᠧᠮᠲᠦ ᠴᠢᠨᠠᠷ᠂ ᠤᠷᠲᠤ ᠬᠤᠭᠤᠴᠠᠭᠠᠨ ᠤ ᠪᠦᠲᠦᠮᠵᠢᠲᠦ ᠴᠢᠨᠠᠷ ᠢ ᠴᠢᠩᠭᠠᠳᠬᠠᠬᠤ | ᠭᠡᠷᠡᠭᠲᠡᠢ᠃ ᠪᠤᠬᠢᠷᠲᠤᠯ ᠢ ᠰᠡᠷᠭᠡᠶᠢᠯᠡᠡ ᠵᠠᠰᠠᠬᠤ ᠰᠢᠨ᠎ᠠ ᠠᠮᠵᠢᠯᠲᠠ ᠪᠦᠲᠦᠮᠵᠢ ᠤᠯᠵᠤ᠂ ᠬᠦᠭᠡ ᠤᠭᠳᠠᠷᠭᠤᠢ᠂ | ᠴᠡᠩᠬᠡᠭ ᠤᠰᠤ᠂ ᠴᠡᠪᠡᠷ ᠬᠦᠷᠦᠰᠦ ᠶᠢ ᠬᠠᠮᠠᠭᠠᠯᠠᠬᠤ ᠲᠠᠶᠢᠯᠠᠯᠳᠤᠭᠠᠨ ᠢ ᠯᠠᠪᠲᠠᠭᠤᠨ ᠪᠠᠳᠤᠳᠠᠢ ᠠᠬᠢᠭᠤᠯᠵᠦ᠂ | ᠰᠢᠲᠠᠭᠠᠯᠭ᠎ᠠ ᠶᠢᠨ ᠨᠡᠬᠦᠷᠡᠰᠤᠨ ᠤ ᠪᠤᠬᠢᠷᠲᠤᠯ ᠢ ᠶᠡᠷᠦᠩᠭᠡᠶᠢᠯᠡᠡ ᠴᠡᠭᠴᠡᠯᠡᠡ ᠵᠠᠰᠠᠬᠤ᠂ ᠴᠠᠶᠢᠶ᠋ᠢᠦ ᠲᠤᠰᠤ ᠰᠢᠳᠠᠭᠠᠬᠤ | ᠪᠠᠷᠠᠭᠠᠠ ᠤ ᠲᠡᠭᠡᠭᠡᠪᠤᠷᠢ ᠶᠢᠨ ᠮᠠᠰᠢᠨ ᠲᠡᠷᠭᠡᠡ ᠤ ᠪᠤᠬᠢᠷᠲᠤᠯ ᠢ ᠵᠠᠰᠠᠬᠤ᠂ ᠬᠤᠲᠠ ᠶᠢᠨ ᠪᠤᠬᠢᠷ ᠦᠮᠡᠭᠡᠢ ᠤᠰᠤᠨ | ᠴᠤᠭᠴᠠ ᠶᠢ ᠵᠠᠰᠠᠬᠤ᠂ ᠤᠰᠤᠨ ᠤ ᠰᠤᠷᠪᠤᠯᠵᠢ ᠤᠷᠤᠨ ᠢ ᠬᠠᠮᠠᠭᠠᠯᠠᠬᠤ᠂ ᠭᠠᠵᠠᠷ ᠲᠤᠤᠷᠠᠬᠢ ᠤᠰᠤ ᠶᠢ | ᠭᠡᠲᠦᠷᠡᠲᠡᠯᠠ ᠠᠰᠢᠠᠠᠯᠠᠬᠤ ᠶᠢ ᠵᠣᠭᠰᠤᠭᠠᠬᠤ᠂ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠢ ᠴᠡᠭᠴᠡᠯᠡᠡ ᠵᠠᠰᠠᠬᠤ | ᠵᠡᠷᠭᠡ ᠪᠡᠯᠭᠡ ᠲᠡᠮᠲᠡᠭ ᠤᠨ ᠴᠢᠨᠠᠷ ᠲᠠᠢ ᠲᠠᠶᠢᠯᠠᠯᠲᠤᠭᠠᠠ ᠢ ᠰᠠᠶᠢᠲᠤᠷ ᠬᠢᠵᠦ᠂ ᠭᠤᠤᠯᠲᠠᠯᠭ᠎ᠠ ᠲᠠᠢ ᠤᠷᠤᠨ ᠪᠦᠰᠡ | ᠶᠢᠨ ᠤᠷᠴᠢᠨ ᠲᠤᠭᠤᠷᠢᠨ ᠢ ᠶᠡᠷᠦᠩᠭᠡᠶᠢᠯᠡᠡ ᠴᠡᠭᠴᠡᠯᠡᠡ ᠵᠠᠰᠠᠬᠤ ᠶᠢ ᠠᠬᠢᠭᠤᠯᠵᠦ᠂ 2020 ᠣᠨ ᠪᠤᠯᠬᠤ ᠳᠤ | ᠪᠤᠬᠢᠷᠲᠤᠯ ᠢ ᠰᠡᠷᠭᠡᠶᠢᠯᠡᠡ ᠵᠠᠰᠠᠬᠤ ᠠᠵᠢᠯ ᠳᠤ ᠮᠡᠲᠡᠭᠲᠡᠮ᠎ᠠ ᠦᠷ᠎ᠠ ᠪᠦᠲᠦᠮᠵᠢ ᠤᠯᠬᠤ ᠪᠠᠷ ᠴᠢᠷᠮᠠᠶᠢᠬᠤ ᠭᠡᠷᠡᠭᠲᠡᠢ᠃ | ᠠᠮᠢ ᠠᠬᠤᠢ ᠶᠢᠨ ᠪᠤᠯᠪᠠᠰᠤᠨ ᠤ ᠰᠢᠨ᠎ᠠ ᠪᠠᠶᠢᠭᠤᠯᠤᠮᠵᠢ ᠶᠢ ᠴᠤᠭᠴᠠᠯᠠᠵᠤ᠂ ᠪᠠᠶᠢᠭᠠᠯᠢ ᠶᠢᠨ ᠡᠬᠢ ᠪᠠᠶᠠᠯᠢᠭ ᠡᠳ᠋ | ᠬᠦᠷᠦᠩᠭᠡ ᠶᠢᠨ ᠦᠷᠢ ᠦᠭᠴᠡᠭᠡᠨ ᠤ ᠬᠦᠰᠦᠨᠦᠭᠲᠦ ᠶᠢ ᠰᠢᠮᠳᠠᠭᠤᠯᠤᠨ ᠲᠤᠭᠲᠠᠭᠠᠵᠦ᠂ ᠲᠤᠰᠢᠶᠠᠯ ᠠᠴᠠ ᠪᠠᠨ | ᠰᠠᠯᠬᠤ ᠦᠶ᠎ᠠ ᠳᠤ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠬᠢᠨᠠᠠ ᠪᠤᠲᠤᠯᠲᠠ ᠬᠢᠬᠦ᠂ ᠠᠮᠢ ᠠᠬᠤᠢ | ᠤᠷᠴᠢᠨ ᠲᠤᠭᠤᠷᠢᠨ ᠢ ᠡᠪᠳᠡᠭᠰᠡᠨ ᠬᠠᠷᠢᠭᠤᠴᠠᠯᠭ᠎ᠠ ᠶᠢ ᠨᠠᠰᠤᠨ ᠲᠤᠷᠰᠢᠲᠠ ᠨᠡᠭᠡᠮᠵᠢᠯᠡᠬᠦ ᠲᠦᠷᠢᠮ ᠢ ᠪᠦᠬᠦ | ᠲᠠᠯ᠎ᠠ ᠪᠠᠷ ᠨᠠᠶᠢᠲᠠᠪᠤᠷᠢᠵᠢᠭᠤᠯᠤᠨ᠂ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠦᠮᠴᠢᠯᠡᠬᠦ ᠡᠷᠭᠡ᠂ | ᠪᠠᠶᠢᠭᠠᠯᠢ ᠶᠢᠨ ᠡᠬᠢ ᠪᠠᠶᠠᠯᠢᠭ ᠢ ᠦᠨ᠎ᠠ ᠲᠦᠯᠦᠪᠦᠷᠢ ᠲᠠᠢ ᠬᠡᠷᠡᠭᠯᠡᠬᠦ᠂ ᠠᠮᠢ ᠠᠬᠤᠢ ᠶᠢᠨ ᠬᠠᠮᠠᠭᠠᠯᠠᠯᠳᠠ ᠶᠢᠨ | ᠨᠦᠬᠦᠪᠦᠷᠢ ᠤᠯᠭᠤᠬᠤ᠂ ᠠᠮᠢ ᠠᠬᠤᠢ ᠶᠢᠨ ᠦᠪ ᠬᠦᠷᠦᠩᠭᠡ ᠶᠢ ᠵᠠᠬ᠎ᠠ ᠲᠡᠯᠭᠡᠭᠦᠷᠴᠢᠯᠡᠡ ᠡᠵᠡᠩᠨᠡᠬᠦ ᠵᠡᠷᠭᠡ ᠲᠦᠷᠢᠮ | ᠪᠤᠯᠤᠨ ᠳᠤᠭᠳᠠᠴᠠ ᠶᠢ ᠰᠦᠪᠡᠭᠴᠢᠯᠡᠵᠦ᠂ ᠪᠤᠬᠢᠷᠲᠤᠯ ᠦᠭᠡᠢ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ | ᠪᠤᠢ ᠪᠤᠯᠭᠠᠵᠦ᠂ ᠠᠮᠢ ᠠᠬᠤᠢ ᠶᠢ ᠤᠷᠢᠤᠨ ᠢᠶᠠᠷ ᠪᠤᠲᠤᠯᠬᠢᠯᠠᠬᠤ᠂ ᠪᠤᠬᠢᠷᠲᠤᠯ ᠦᠭᠡᠢ ᠬᠥᠭᠵᠢᠭᠦᠯᠬᠦ ᠪᠠᠷ | ᠵᠢᠯᠤᠭᠤᠲᠤᠮᠵᠢ ᠪᠤᠯᠭᠠᠬᠤ ᠶᠢ ᠬᠠᠷᠠᠭᠤᠯᠤᠭᠰᠠᠠ ᠬᠢᠨᠠᠠ ᠰᠢᠯᠭᠠᠵᠤ ᠦᠨᠡᠯᠡᠬᠦ ᠬᠦᠢᠴᠡᠳᠭᠡᠯ ᠲᠤᠭ᠎ᠠ ᠶᠢᠨ ᠰᠢᠰᠲ᠋ᠧᠮ ᠢ | ᠪᠠᠶᠢᠭᠤᠯᠵᠦ᠂ ᠤᠷᠴᠢᠨ ᠲᠤᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠵᠦ᠂ ᠪᠤᠬᠢᠷᠲᠤᠯ ᠦᠭᠡᠢ ᠬᠦᠭᠵᠢᠯᠲᠠ ᠶᠢ ᠲᠤᠯᠭᠠᠭᠤᠷᠢᠯᠠᠬᠤ ᠲᠦᠷᠢᠮ ᠤᠨ ᠰᠢᠰᠲ᠋ᠧᠮ ᠢ ᠰᠢᠮᠳᠠᠭᠤᠯᠤᠨ | ᠪᠦᠷᠢᠯᠲᠦᠭᠦᠯᠵᠦ᠂ ᠠᠭᠤᠯᠠ ᠤᠰᠤ ᠤᠢ ᠮᠤᠳᠤ ᠭᠠᠵᠠᠷ ᠳᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠢᠶᠠᠷ ᠦᠪᠦᠷ | ᠮᠤᠩᠭᠤᠯ ᠤᠨ ᠪᠤᠬᠢᠷᠲᠤᠯ ᠦᠭᠡᠢ ᠪᠠᠶᠠᠠ ᠴᠢᠨᠡᠭᠡᠯᠢᠭ ᠦᠵᠡᠰᠭᠦᠯᠡᠩᠳᠤ ᠰᠠᠶᠢᠬᠠᠠ ᠢ ᠪᠠᠭᠳᠠᠭᠠᠨ ᠲᠦᠯᠵᠢᠭᠦᠯᠬᠦ | ᠭᠡᠷᠡᠭᠲᠡᠢ ᠭᠡᠪᠠ᠃ | ᠪᠦᠬᠦᠲᠠ ᠬᠤᠷᠠᠯ ᠠᠴᠠ ᠵᠢᠭᠠᠭᠰᠠᠨ ᠨᠢ᠂ ᠠᠮᠢ ᠠᠬᠤᠢ ᠶᠢ ᠤᠷᠢᠳ ᠢᠶᠠᠷ ᠪᠤᠲᠤᠯᠬᠢᠯᠠᠬᠤ᠂ ᠪᠤᠬᠢᠷᠲᠤᠯ ᠦᠭᠡᠢ | ᠬᠥᠭᠵᠢᠭᠦᠯᠬᠦ ᠪᠠᠷ ᠵᠢᠯᠤᠭᠤᠲᠤᠮᠵᠢ ᠪᠤᠯᠭᠠᠬᠤ ᠴᠢᠨᠠᠷ ᠰᠠᠶᠢᠲᠠᠢ ᠬᠦᠭᠵᠢᠯᠲᠠ ᠶᠢᠨ ᠰᠢᠨ᠎ᠠ ᠵᠠᠮ ᠢᠶᠠᠷ ᠵᠠᠮᠨᠠᠬᠤ ᠶᠢ | ᠪᠠᠷᠢᠮᠲᠠᠯᠠᠬᠤ ᠳᠤ᠂ ᠡᠷᠭᠡᠪᠰᠢ ᠦᠨᠡᠡ ᠪᠤᠲᠠᠲᠠᠢ ᠠᠷᠭ᠎ᠠ ᠬᠡᠮᠵᠢᠶ᠎ᠠ ᠠᠪᠬᠤ ᠭᠡᠷᠡᠭᠲᠡᠢ᠃ ᠮᠠᠯᠵᠢᠬᠤ ᠲᠠᠷᠢᠶᠠᠯᠠᠬᠤ ᠤᠷᠤᠨ | ᠤ ᠬᠦᠮᠦᠰ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠡ ᠵᠠᠰᠠᠬᠤ ᠠᠵᠢᠯᠯᠠᠭ᠎ᠠ᠂ ᠮᠠᠯ ᠠᠵᠤ | ᠠᠬᠤᠢ ᠳᠠᠷᠢᠶᠠᠯᠠᠩ ᠤᠨ ᠤᠯᠠᠠ ᠡᠬᠢᠲᠦ ᠪᠤᠬᠢᠷᠲᠤᠯ ᠢ ᠰᠡᠷᠭᠡᠶᠢᠯᠡᠡ ᠵᠠᠰᠠᠬᠤ ᠠᠵᠢᠯᠯᠠᠭ᠎ᠠ᠂ ᠬᠠᠤᠯᠢ ᠪᠤᠰᠤ ᠪᠠᠷ ᠲᠠᠯ᠎ᠠ | ᠨᠤᠲᠤᠭ ᠢ ᠡᠵᠡᠯᠡᠭᠰᠡᠡ ᠢ ᠴᠡᠭᠴᠡᠯᠡᠡ ᠵᠠᠰᠠᠬᠤ ᠠᠵᠢᠯᠯᠠᠭ᠎ᠠ᠂ ᠬᠤᠲᠠ ᠪᠠᠯᠭᠠᠰᠤᠨ ᠤ ᠪᠤᠬᠢᠷ ᠤᠰᠤ ᠰᠢᠢᠳᠪᠦᠷᠢᠯᠡᠬᠦ | ᠶᠠᠰᠤ ᠴᠢᠨᠠᠷ ᠦᠷ᠎ᠠ ᠠᠰᠢᠭ ᠢ ᠲᠡᠭᠡᠭᠰᠢᠯᠡᠭᠦᠯᠬᠦ ᠠᠵᠢᠯᠯᠠᠭ᠎ᠠ᠂ ︽ᠲᠠᠷᠠᠬᠠᠢ ᠪᠤᠲᠠᠷᠬᠠᠢ ᠰᠤᠯᠠ ᠵᠠᠳᠠᠭᠠᠢ | ᠪᠤᠬᠢᠷᠲᠤᠯ ᠲᠠᠢ︾ ᠠᠵᠦ ᠠᠬᠤᠶᠢᠯᠠᠯ ᠢ ᠶᠡᠷᠦᠩᠭᠡᠶᠢᠯᠡᠡ ᠴᠡᠭᠴᠡᠯᠡᠡ ᠵᠠᠰᠠᠬᠤ ᠠᠵᠢᠯᠯᠠᠭ᠎ᠠ᠂ ᠠᠵᠦ ᠦᠢᠯᠡᠳᠪᠦᠷᠢ ᠶᠢᠨ | ᠬᠠᠲᠠᠭᠤ ᠪᠡᠶᠡᠲᠦ ᠬᠠᠶᠠᠭᠲᠠᠮᠠᠯ ᠪᠤᠲᠠᠰ ᠢ ᠲᠤᠰᠬᠠᠢ ᠴᠡᠭᠴᠡᠯᠡᠡ ᠵᠠᠰᠠᠬᠤ ᠠᠵᠢᠯᠯᠠᠭ᠎ᠠ᠂ ᠪᠤᠬᠢᠷᠲᠤᠯ ᠦᠭᠡᠢ ᠠᠭᠤᠷᠬᠠᠢ | ᠶᠢ ᠪᠦᠲᠦᠭᠡᠡ ᠪᠠᠶᠢᠭᠤᠯᠬᠤ ᠠᠵᠢᠯᠯᠠᠭ᠎ᠠ᠂ ᠪᠤᠬᠢᠷᠲᠤᠯ ᠦᠭᠡᠢ ᠬᠦᠷᠢᠶᠡᠯᠡᠩ ᠲᠤᠭᠤᠷᠢᠭ ᠢ ᠪᠦᠲᠦᠭᠡᠡ ᠪᠠᠶᠢᠭᠤᠯᠬᠤ | ᠠᠵᠢᠯᠯᠠᠭ᠎ᠠ᠂ ᠭᠤᠤᠯᠲᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠪᠦᠲᠦᠭᠡᠡ ᠪᠠᠶᠢᠭᠤᠯᠬᠤ ᠠᠵᠢᠯᠯᠠᠭ᠎ᠠ᠂ ᠬᠦᠯᠦᠨ | ᠨᠠᠭᠤᠷ᠂ ᠤᠯᠠᠭᠠᠨᠰᠤᠬᠠᠢ᠂ ᠳᠠᠭ᠎ᠠ ᠶᠢᠨ ᠨᠠᠭᠤᠷ ᠤᠨ ᠤᠰᠤᠨ ᠤ ᠠᠮᠢ ᠠᠬᠤᠢ ᠶᠢ ᠶᠡᠷᠦᠩᠭᠡᠶᠢᠯᠡᠡ ᠵᠠᠰᠠᠬᠤ | ᠠᠵᠢᠯᠯᠠᠭ᠎ᠠ ᠶᠢ ᠨᠠᠷᠢᠨ ᠬᠢᠨᠠᠮᠠᠭᠠᠢ ᠵᠤᠬᠢᠶᠠᠠ ᠪᠠᠶᠢᠭᠤᠯᠤᠨ ᠦᠷᠨᠢᠭᠦᠯᠵᠦ᠂ ᠠᠮᠢ ᠠᠬᠤᠢ ᠤᠷᠴᠢᠨ ᠲᠤᠭᠤᠷᠢᠨ ᠤ ᠶᠠᠰᠤ | ᠴᠢᠨᠠᠷ ᠢ ᠲᠠᠰᠤᠷᠠᠯᠳᠠ ᠦᠭᠡᠢ ᠰᠠᠶᠢᠵᠢᠷᠠᠭᠤᠯᠵᠦ᠂ ᠦᠪᠦᠷ ᠮᠤᠩᠭᠤᠯ ᠤᠨ ᠲᠡᠭᠷᠢ ᠶᠢ ᠨᠡᠩ ᠬᠦᠭᠡ᠂ ᠠᠭᠤᠯᠠ ᠶᠢ | ᠨᠡᠩ ᠬᠦᠬᠡᠮᠳᠦᠭ᠂ ᠤᠰᠤ ᠶᠢ ᠨᠡᠩ ᠲᠤᠩᠭᠠᠯᠠᠭ᠂ ᠤᠷᠴᠢᠨ ᠲᠤᠭᠤᠷᠢᠨ ᠢ ᠨᠡᠩ ᠭᠤᠶᠤ ᠰᠠᠶᠢᠬᠠᠠ ᠪᠤᠯᠭᠠᠬᠤ | ᠭᠡᠷᠡᠭᠲᠡᠢ ᠭᠡᠪᠠ᠃ | ᠪᠦᠬᠦᠲᠠ ᠬᠤᠷᠠᠯ ᠠᠴᠠ ᠴᠢᠬᠤᠯᠠᠴᠢᠯᠠᠭᠰᠠᠨ ᠨᠢ᠂ ᠵᠤᠬᠢᠶᠠᠠ ᠪᠠᠶᠢᠭᠤᠯᠤᠯᠲᠠ ᠶᠢᠨ ᠪᠠᠲᠤᠯᠠᠭ᠎ᠠ ᠪᠠ ᠠᠵᠢᠯ ᠤᠨ | ᠨᠠᠶᠢᠲᠠᠪᠤᠷᠢᠵᠢᠭᠤᠯᠤᠯᠲᠠ ᠶᠢ ᠴᠢᠩᠭᠠᠳᠬᠠᠠ᠂ ᠮᠡᠲᠡᠭᠦᠢ ᠬᠢᠭᠦᠢ ᠶᠢ ᠨᠢᠭᠡᠳᠭᠡᠬᠦ ᠶᠢ ᠪᠠᠷᠢᠮᠲᠠᠯᠠᠵᠦ᠂ ᠦᠵᠡᠯ | ᠰᠠᠨᠠᠭ᠎ᠠ ᠪᠠᠨ ᠬᠦᠨᠵᠡᠭᠡᠢ ᠴᠢᠯᠦᠭᠡᠯᠡᠵᠦ᠂ ᠠᠰᠠᠭᠤᠲᠠᠯ ᠢᠶᠠᠷ ᠤᠲᠤᠷᠢᠲᠤᠮᠵᠢ ᠪᠤᠯᠭᠠᠬᠤ ᠶᠢ ᠲᠤᠪᠤᠶᠢᠯᠭᠠᠠ᠂ ᠴᠢᠲᠠᠪᠤᠷᠢ | ᠶᠢᠨ ᠪᠠᠶᠢᠭᠤᠯᠤᠯᠲᠠ ᠶᠢ ᠴᠢᠩᠭᠠᠳᠬᠠᠵᠦ᠂ ᠴᠢᠨᠠᠷ ᠰᠠᠶᠢᠲᠠᠢ ᠬᠦᠭᠵᠢᠯᠲᠠ ᠶᠢᠨ ᠰᠢᠨ᠎ᠠ ᠤᠷᠴᠢᠨ ᠠᠬᠤᠢ ᠶᠢ | ᠲᠠᠰᠤᠷᠠᠯᠲᠠ ᠦᠭᠡᠢ ᠨᠡᠭᠡᠭᠡᠬᠦ ᠬᠡᠷᠡᠭᠲᠡᠢ᠃ ᠤᠲᠤᠬᠠᠠ ᠤ ᠠᠵᠦ ᠠᠬᠤᠢ ᠨᠡᠶᠢᠭᠡᠮ ᠤᠨ ᠬᠦᠭᠵᠢᠯᠲᠠ ᠶᠢᠨ | ᠭᠤᠤᠯᠳᠠᠯᠭ᠎ᠠ ᠲᠠᠢ ᠠᠵᠢᠯ ᠢ ᠯᠠᠪᠲᠠᠭᠤᠨ ᠪᠠᠳᠤᠳᠠᠢ ᠰᠠᠶᠢᠠ ᠬᠢᠵᠦ᠂ ᠠᠵᠦ ᠠᠬᠤᠢ ᠶᠢᠨ ᠲᠤᠭᠲᠠᠭᠤᠨ ᠡᠷᠬᠢᠯᠳᠡ ᠶᠢ | ᠪᠠᠲᠤᠯᠠᠵᠦ᠂ ᠭᠤᠷᠪᠠᠠ ᠶᠡᠭᠡ ᠪᠤᠭᠤᠮᠲᠠ ᠰᠢᠪᠲᠤᠯᠬᠤ ᠲᠠᠶᠢᠯᠠᠯᠲᠤᠭᠠᠠ ᠢ ᠦᠷᠬᠦᠯᠵᠢᠯᠡᠡ ᠰᠠᠶᠢᠲᠤᠷ ᠬᠢᠵᠦ᠂ ᠠᠷᠠᠳ | ᠤᠨ ᠠᠮᠢᠲᠤᠷᠠᠯ ᠢ ᠪᠠᠲᠤᠯᠠᠠ ᠰᠠᠶᠢᠵᠢᠷᠠᠭᠤᠯᠬᠤ ᠠᠵᠢᠯ ᠢ ᠬᠦᠨᠵᠡᠭᠡᠢ ᠪᠦᠭᠡᠳ ᠰᠠᠶᠢᠲᠤᠷ ᠠᠳᠬᠤᠵᠤ᠂ ᠨᠡᠶᠢᠭᠡᠮ ᠤᠨ | ᠶᠡᠭᠡ ᠲᠠᠯ᠎ᠠ ᠶᠢᠨ ᠲᠤᠭᠲᠠᠭᠤᠨ ᠢ ᠬᠦᠴᠤᠯᠠᠨ ᠬᠠᠮᠠᠭᠠᠯᠠᠵᠦ᠂ ᠦᠭᠡᠷᠡᠴᠢᠯᠡᠯᠲᠡ ᠨᠡᠭᠡᠭᠡᠯᠲᠡ ᠶᠢᠨ ᠠᠷᠭ᠎ᠠ ᠬᠡᠮᠵᠢᠶ᠎ᠠ ᠶᠢ | ᠨᠠᠶᠢᠲᠠᠪᠤᠷᠢᠵᠢᠭᠤᠯᠬᠤ ᠶᠢ ᠴᠢᠩᠭ᠎ᠠ ᠠᠳᠬᠤᠵᠦ᠂ ᠦᠨᠡᠡ ᠬᠦ ᠠᠳᠬᠤᠵᠦ ᠪᠤᠲᠠᠲᠠᠢ ᠠᠵᠢᠯᠯᠠᠠ᠂ ᠰᠢᠷᠭᠠᠭᠤ | ᠬᠠᠲᠠᠭᠤᠵᠢᠯᠲᠠᠢ ᠠᠵᠢᠯᠯᠠᠵᠦ᠂ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠠ ᠤ ᠵᠤᠷᠢᠭ ᠰᠠᠨᠠᠭ᠎ᠠ ᠶᠢ | ᠠᠮᠢᠳᠤ ᠪᠤᠳᠠᠳᠠᠢ ᠦᠢᠯᠡᠲᠦᠯᠭᠡ ᠪᠤᠯᠤᠨ ᠪᠤᠲᠠᠳᠤ ᠠᠮᠵᠢᠯᠲᠠ ᠪᠦᠲᠦᠭᠡᠯ ᠪᠤᠯᠭᠠᠨ ᠬᠤᠪᠢᠷᠠᠭᠤᠯᠬᠤ ᠶᠢ ᠠᠬᠢᠭᠤᠯᠬᠤ | ᠭᠡᠷᠡᠭᠲᠡᠢ ᠭᠡᠵᠠᠢ᠃ | ᠪᠦᠬᠦᠲᠠ ᠬᠤᠷᠠᠯ ᠠᠴᠠ ᠱᠠᠭᠠᠷᠳᠠᠭᠰᠠᠨ ᠨᠢ᠂ ᠡᠯ᠎ᠠ ᠱᠠᠲᠤᠨ ᠤ ᠨᠠᠮ ᠤᠨ ᠵᠤᠬᠢᠶᠠᠠ ᠪᠠᠶᠢᠭᠤᠯᠤᠯᠲᠠ ᠰᠤᠷᠲᠠᠯ | ᠤᠨ ᠪᠠᠶᠢᠭᠤᠯᠤᠯᠲᠠ ᠶᠢ ᠦᠨᠡᠡ ᠬᠦ ᠴᠢᠩᠭᠠᠳᠬᠠᠠ᠂ ᠭᠡᠯᠪᠡᠷᠢᠴᠢ ᠦᠵᠡᠯ᠂ ᠨᠤᠶᠠᠠᠴᠢ ᠰᠤᠷᠲᠠᠯ ᠢ ᠲᠦᠪᠯᠡᠷᠡᠭᠦᠯᠦᠨ | ᠴᠡᠭᠴᠡᠯᠡᠡ ᠵᠠᠰᠠᠵᠦ᠂ ᠦᠨᠡᠡ ᠠᠴᠠ ᠵᠦᠪ ᠢ ᠡᠷᠢᠬᠦ ᠶᠢ ᠪᠠᠷᠢᠮᠲᠠᠯᠠᠵᠦ᠂ ᠰᠢᠨᠵᠢᠯᠡᠬᠦ ᠤᠬᠠᠭᠠᠠᠴᠢ ᠬᠠᠷᠠᠯᠲᠠ ᠪᠤᠯᠤᠨ | ᠰᠠᠶᠢᠨ ᠰᠠᠶᠢᠬᠠᠠ ᠢᠷᠡᠭᠡᠳᠦᠢ ᠶᠢᠨ ᠲᠦᠰᠦᠪ ᠢ ᠪᠤᠲᠠᠲᠤ ᠠᠬᠤᠢ ᠪᠤᠯᠭᠠᠨ ᠬᠤᠪᠢᠷᠠᠭᠤᠯᠬᠤ ᠪᠠᠷ ᠯᠠᠪᠳᠠᠭᠤᠨ ᠪᠠᠳᠤᠳᠠᠢ | ᠴᠢᠷᠮᠠᠶᠢᠬᠤ ᠭᠡᠷᠡᠭᠲᠡᠢ᠃ ᠨᠠᠮ ᠤᠨ ᠲᠦᠪ ᠬᠤᠷᠢᠶᠠᠠ ᠤ ︽ᠦᠨᠲᠦᠰᠦᠠ ᠱᠠᠲᠤᠨ ᠤ ᠲᠠᠷᠤᠭᠠᠰᠤ ᠶᠢ ᠬᠦᠩᠭᠡᠷᠡᠭᠦᠯᠬᠦ | ᠣᠨ︾ ᠤ ᠴᠢᠬᠤᠯᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠠ᠂ ᠨᠠᠶᠢᠲᠠᠪᠤᠷᠢᠵᠢᠭᠤᠯᠤᠯᠳᠠ ᠶᠢ ᠨᠡᠩ | ᠡᠷᠴᠢᠮᠳᠠᠢ ᠴᠢᠩᠭ᠎ᠠ ᠠᠳᠬᠤᠬᠤ ᠭᠡᠷᠡᠭᠲᠡᠢ᠃ ︽ᠭᠤᠷᠪᠠ ᠶᠢ ᠢᠯᠭᠠᠬᠤ︾ ᠶᠢ ᠪᠠᠷᠢᠮᠲᠠᠯᠠᠵᠦ᠂ ᠡᠬᠦᠷᠭᠡᠯᠡᠯ ᠲᠠᠢ | ᠵᠢᠳᠭᠦᠯ ᠴᠢᠷᠮᠠᠶᠢᠯᠭ᠎ᠠ ᠲᠠᠢ ᠬᠦᠮᠦᠰ ᠢ ᠤᠷᠮᠠᠰᠢᠭᠤᠯᠤᠨ ᠵᠤᠷᠢᠠᠠᠵᠢᠭᠤᠯᠵᠦ᠂ ᠡᠭᠦᠷᠭᠡᠯᠡᠯ ᠲᠠᠢ ᠬᠦᠮᠦᠨ ᠤ ᠲᠦᠯᠤᠭᠡ | ᠡᠭᠦᠷᠭᠡᠯᠡᠵᠦ᠂ ᠬᠠᠷᠢᠭᠤᠴᠠᠯᠭ᠎ᠠ ᠲᠠᠢ ᠬᠦᠮᠦᠨ ᠳᠤ ᠬᠠᠷᠢᠭᠤᠴᠠᠬᠤ ᠭᠡᠷᠡᠭᠲᠡᠢ᠃ ᠴᠢᠭᠡᠴᠢ ᠰᠤᠷᠳᠠᠯ ᠲᠦᠪ ᠤᠪᠤᠷ ᠢ | ᠪᠠᠳᠠᠷᠠᠭᠤᠯᠤᠨ ᠮᠠᠨᠳᠤᠭᠤᠯᠵᠤ᠂ ᠠᠷᠪᠢᠯᠡᠨ ᠭᠠᠮᠨᠠᠬᠤ ᠶᠤᠰᠤ ᠰᠤᠷᠲᠠᠬᠤᠨ ᠢ ᠬᠦᠮᠦᠵᠢᠭᠦᠯᠵᠦ᠂ ᠠᠷᠢᠭᠤᠠ | ᠴᠢᠭᠡᠴᠢ ᠪᠠᠷ ᠪᠡᠶ᠎ᠠ ᠪᠠᠨ ᠵᠠᠰᠠᠵᠤ᠂ ᠠᠵᠢᠯᠴᠢ ᠬᠦᠲᠡᠯᠮᠦᠷᠢᠴᠢ ᠪᠠᠷ ᠦᠢᠯᠡᠰ ᠢᠶᠠᠨ ᠮᠠᠨᠳᠤᠭᠤᠯᠵᠤ᠂ ᠳᠡᠰᠪᠤᠷᠢ | ᠬᠠᠲᠠᠭᠤᠵᠢᠯᠲᠠᠢ ᠲᠡᠮᠡᠴᠡᠬᠦ᠂ ᠠᠵᠢᠯᠴᠢ ᠠᠷᠪᠢᠴᠢ ᠰᠤᠷᠳᠠᠯ ᠢ ᠪᠠᠳᠠᠷᠠᠭᠤᠯᠤᠨ ᠳᠡᠯᠭᠡᠷᠡᠭᠦᠯᠬᠦ ᠭᠡᠷᠡᠭᠲᠡᠢ ᠭᠡᠵᠡᠢ᠃ | ᠪᠦᠬᠦᠲᠠ ᠬᠤᠷᠠᠯ ᠠᠴᠠ ᠪᠦᠬᠦ ᠤᠷᠤᠨ ᠤ ᠡᠯ᠎ᠠ ᠱᠠᠲᠤᠨ ᠤ ᠨᠠᠮ ᠤᠨ ᠵᠤᠬᠢᠶᠠᠠ ᠪᠠᠶᠢᠭᠤᠯᠤᠯᠲᠠ ᠪᠤᠯᠤᠨ | ᠦᠷᠭᠡᠡ ᠤᠯᠠᠠ ᠨᠠᠮ ᠤᠨ ᠭᠡᠰᠢᠭᠦᠨ ᠺᠠᠳ᠋ᠷ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ | ᠬᠤᠷᠢᠶᠠᠠ ᠤ ᠲᠤᠭᠤᠷᠢᠨ ᠳᠤ ᠨᠡᠩ ᠨᠢᠭᠲᠠᠷᠠᠠ ᠪᠦᠯᠬᠦᠮᠲᠡᠵᠦ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ | ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠲᠤᠯᠭ᠎ᠠ ᠪᠤᠯᠭᠠᠠ᠂ | ᠶᠡᠷᠦᠩᠭᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ | ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠠᠬᠢᠨ ᠪᠠᠷᠠᠯᠠᠵᠦ ᠬᠠᠷᠢᠯᠴᠠᠠ ᠬᠠᠪᠰᠤᠷᠤᠯᠴᠠᠵᠦ᠂ | ᠪᠦᠯᠬᠦᠮᠲᠡᠡ ᠲᠡᠮᠡᠴᠡᠵᠦ᠂ ᠴᠤᠴᠠᠯᠳᠠ ᠦᠭᠡᠢ ᠤᠷᠤᠭᠰᠢᠯᠠᠵᠤ᠂ ᠰᠢᠯᠢᠲᠡᠭ ᠠᠮᠵᠢᠯᠳᠠ ᠪᠠᠷ ᠢᠶᠠᠨ ᠰᠢᠨ᠎ᠠ ᠲᠤᠮᠲᠠᠲᠤ | ᠤᠯᠤᠰ ᠪᠠᠶᠢᠭᠤᠯᠤᠭᠲᠠᠭᠰᠠᠠ 70 ᠵᠢᠯ ᠤᠨ ᠤᠢ ᠶᠢ ᠪᠡᠯᠭᠡᠯᠡᠵᠦ᠂ ᠦᠵᠡᠰᠭᠦᠯᠡᠩᠳᠤ ᠰᠠᠶᠢᠬᠠᠠ ᠦᠪᠦᠷ ᠮᠤᠩᠭᠤᠯ ᠢ | ᠪᠦᠲᠦᠭᠡᠡ ᠪᠠᠶᠢᠭᠤᠯᠵᠦ᠂ ᠠᠭᠤᠤ ᠶᠡᠭᠡ ᠲᠤᠮᠲᠠᠲᠤ ᠶᠢᠨ ᠵᠡᠭᠦᠲᠦ ᠶᠢ ᠬᠠᠮᠳᠤ ᠪᠠᠷ ᠲᠡᠷᠭᠡᠯᠰᠢᠭᠦᠯᠬᠦ ᠳᠤ ᠲᠠᠰᠤᠷᠠᠯᠲᠠ | ᠦᠭᠡᠢ ᠰᠢᠨ᠎ᠠ ᠬᠤᠪᠢ ᠨᠡᠮᠡᠷᠢ ᠦᠵᠡᠭᠦᠯᠬᠦ ᠭᠡᠷᠡᠭᠲᠡᠢ ᠭᠡᠵᠦ ᠤᠷᠢᠶᠠᠯᠠᠵᠠᠢ᠃ |