ᠬᠥᠬᠡᠬᠤᠲᠠ ︽ᠭᠤᠷᠪᠠ ᠶᠢ ᠳᠡᠮᠵᠢᠵᠦ ᠨᠢᠭᠡ ᠶᠢ ᠳᠡᠳᠬᠦᠬᠦ︾᠂ ᠨᠡᠶᠢᠭᠡᠮ ᠲᠣᠭᠤᠷᠢᠭ ᠤᠨ ᠠᠷᠠᠳ ᠤᠨ | ᠠᠮᠢᠳᠤᠷᠠᠯ ᠤᠨ ᠰᠠᠶᠢᠨ ᠳᠤᠷ᠎ᠠ ᠶᠢᠨ ᠠᠵᠢᠯᠯᠠᠭᠴᠢ᠂ ᠳᠤᠮᠳᠠ ᠪᠠᠭ᠎ᠠ ᠠᠵᠤ ᠠᠬᠤᠶᠢᠯᠠᠯ ᠪᠣᠯᠣᠨ ᠨᠡᠶᠢᠲᠡ ᠶᠢᠨ ᠪᠤᠰᠤ | ᠦᠮᠴᠢᠯᠡᠯᠲᠦ ᠴᠢᠳᠠᠪᠤᠷᠢᠲᠠᠨ ᠨᠥᠬᠡᠴᠡᠯᠡᠬᠦ ᠶᠡᠭᠡ ᠳᠡᠭᠡᠳᠦ ᠰᠤᠷᠭᠠᠭᠤᠯᠢ ᠠᠴᠠ ᠲᠠᠭᠦᠰᠦᠭᠰᠡᠳ᠂ ᠶᠡᠭᠡ ᠳᠡᠭᠡᠳᠦ | ᠰᠤᠷᠭᠠᠭᠤᠯᠢ ᠠᠴᠠ ᠲᠡᠭᠦᠰᠦᠭᠡᠳ ᠠᠵᠢᠯ ᠣᠯᠵᠤ ᠲᠠᠳᠤᠯᠭ᠎ᠠ ᠬᠢᠵᠦ ᠪᠠᠶᠢᠭ᠎ᠠ ᠬᠥᠮᠥᠰ ᠢ ᠪᠠᠷᠠᠭᠤᠨ ᠣᠷᠣᠨ ᠤ | ᠴᠢᠳᠠᠪᠤᠷᠢᠲᠠᠨ ᠢ ᠬᠥᠭᠵᠢᠭᠦᠯᠬᠦ ᠪᠠᠶᠢᠯᠳᠤᠬᠤ ᠪᠤᠳᠣᠯᠭ᠎ᠠ ᠶᠢᠨ ᠲᠥᠯᠥᠪᠵᠢᠭᠦᠯᠭᠡ ᠳᠤ ᠣᠷᠣᠭᠤᠯᠵᠤ᠂ ᠣᠯᠠᠨ | ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠨᠥᠬᠦᠪᠦᠷᠢ ᠮᠥᠩᠭᠦ ᠶᠢ ᠬᠦᠷᠲᠡᠭᠡᠬᠦ ᠪᠠᠷ ᠪᠠᠶᠢᠨ᠎ᠠ᠃ | ᠣᠳᠣᠬᠠᠨ ᠪᠣᠯᠲᠠᠯ᠎ᠠ᠂ ᠬᠤᠲᠠ ᠶᠢᠨ ᠴᠢᠳᠠᠪᠤᠷᠢᠲᠠᠨ ᠤ ᠦᠢᠯᠡᠴᠢᠯᠡᠭᠡᠨ ᠤ ᠲᠥᠪ ᠨᠢ ᠨᠥᠬᠦᠴᠡᠯ ᠳᠤ | ᠨᠡᠶᠢᠴᠡᠭᠰᠡᠨ ᠶᠡᠭᠡ ᠳᠡᠭᠡᠳᠦ ᠰᠤᠷᠭᠠᠭᠤᠯᠢ ᠶᠢᠨ 2359 ᠲᠡᠭᠦᠰᠦᠭᠰᠡᠳ ᠲᠤ ᠣᠯᠠᠨ ᠨᠡᠶᠢᠲᠡ ᠶᠢᠨ ᠲᠦᠷᠢᠶᠡᠰᠦᠨ | ᠣᠷᠣᠨ ᠰᠠᠭᠤᠴᠠ ᠶᠢᠨ ᠨᠥᠬᠦᠪᠦᠷᠢ ᠶᠢᠨ ᠭᠠᠷᠳᠠᠮ ᠢ ᠭᠦᠢᠴᠡᠳᠬᠡᠵᠦ ᠥᠭᠭᠦᠭᠰᠡᠨ ᠪᠦᠭᠡᠳ ᠣᠯᠠᠨ ᠨᠡᠶᠢᠲᠡ ᠶᠢᠨ | ᠲᠦᠷᠢᠶᠡᠰᠦᠨ ᠣᠷᠣᠨ ᠰᠠᠭᠤᠴᠠ ᠶᠢᠨ ᠨᠥᠬᠦᠪᠦᠷᠢ ᠣᠯᠭᠤᠬᠤ ᠪᠠᠩᠬᠢ ᠶᠢᠨ ᠺᠠᠷᠲ ᠢ ᠡᠯ᠎ᠡ ᠬᠤᠰᠢᠭᠤ ᠰᠢᠶᠠᠨ | ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠬᠥᠮᠥᠨ ᠤ ᠬᠥᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠳᠤ ᠲᠠᠷᠬᠠᠭᠠᠵᠤ ᠥᠭᠭᠦᠭᠰᠡᠨ ᠪᠠᠶᠢᠨ᠎ᠠ᠃ ᠲᠤᠰ ᠤᠳᠠᠭ᠎ᠠ ᠳᠤ ᠨᠡᠶᠢᠲᠡ 277.128 | ᠲᠦᠮᠡᠨ ᠲᠦᠬᠦᠷᠢᠭ ᠤᠨ ᠨᠥᠬᠦᠪᠦᠷᠢ ᠪᠠᠭᠤᠯᠭᠠᠪᠠ᠂ ᠡᠭᠦᠨ ᠳᠤ ᠴᠢᠳᠠᠪᠤᠷᠢᠲᠠᠨ ᠨᠦᠬᠡᠴᠡᠯᠡᠯᠲᠡ ᠠᠴᠠ 760 | ᠬᠥᠮᠥᠨ ᠳᠤ 88.128 ᠲᠦᠮᠡᠨ ᠲᠦᠬᠦᠷᠢᠭ ; ᠶᠡᠭᠡ ᠳᠡᠭᠡᠳᠦ ᠰᠤᠷᠭᠠᠭᠤᠯᠢ ᠲᠡᠭᠦᠰᠦᠭᠡᠳ ᠠᠵᠢᠯ ᠣᠯᠵᠤ | ᠳᠠᠳᠤᠯᠭ᠎ᠠ ᠬᠢᠵᠦ ᠪᠠᠶᠢᠭ᠎ᠠ 452 ᠬᠥᠮᠥᠨ ᠳᠤ 32.544 ᠲᠦᠮᠡᠨ ᠲᠦᠬᠦᠷᠢᠭ ; ᠨᠡᠶᠢᠭᠡᠮ ᠲᠣᠭᠤᠷᠢᠭ ᠤᠨ | ᠠᠷᠠᠳ ᠤᠨ ᠠᠮᠢᠳᠤᠷᠠᠯ ᠤᠨ ᠰᠠᠶᠢᠨ ᠳᠤᠷ᠎ᠠ ᠶᠢᠨ ᠠᠵᠢᠯᠯᠠᠭᠴᠢ ᠠᠴᠠ 761 ᠬᠥᠮᠥᠨ ᠳᠤ 104.616 ᠲᠦᠮᠡᠨ | ᠲᠦᠬᠦᠷᠢᠭ ; ︽ᠭᠤᠷᠪᠠ ᠶᠢ ᠳᠡᠮᠵᠢᠵᠦ ᠨᠢᠭᠡ ᠶᠢ ᠳᠡᠳᠬᠦᠬᠦ︾ 386 ᠬᠥᠮᠥᠨ ᠳᠤ 51.84 ᠲᠦᠮᠡᠨ | ᠲᠦᠬᠦᠷᠢᠭ ᠤᠨ ᠨᠥᠬᠦᠪᠦᠷᠢ ᠣᠯᠭᠤᠪᠠ᠃ |