| 4 ᠳ᠋ᠦ᠋ᠭᠡᠷ ᠰᠠᠷ᠎ᠠ ᠶᠢᠨ 23 ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ | ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ ᠪᠦ᠋ ᠰᠢᠶᠤᠤ ᠯᠢᠨ ᠦᠪᠦᠷ ᠮᠤᠩᠭᠤᠯ ᠤᠨ ᠨᠤᠮ ᠤᠨ | ᠰᠠᠩ ᠤᠨ ᠡᠷᠬᠢᠯᠡᠭᠰᠡᠨ ︽ᠰᠤᠩᠭᠤᠳᠠᠬ ᠪᠦᠳᠦᠬᠡᠯ ᠤᠩᠰᠢᠨ ᠰᠢᠨ᠎ᠡ ᠮᠡᠳᠡᠯᠬᠡ ᠡᠵᠡᠮᠰᠢᠵᠥ ᠰᠠᠶᠢᠨ ᠰᠠᠶᠢᠬᠠᠨ | ᠠᠮᠢᠳᠤᠷᠠᠯ ᠢᠶᠠᠨ ᠴᠤᠬᠴᠠᠯᠠᠶ᠎ᠠ︾ — ︽ᠳᠡᠯᠡᠬᠡᠢ ᠶᠢᠨ ᠨᠤᠮ ᠤᠩᠰᠢᠬᠤ ᠡᠳᠤᠷ︾ ᠤᠨ ᠪᠦᠬᠦ ᠠᠷᠠᠳ ᠤᠨ ᠨᠤᠮ | ᠤᠩᠰᠢᠬᠤ ᠠᠵᠢᠯᠯᠠᠭ᠎ᠠ ᠳᠤ ᠣᠷᠤᠯᠴᠠᠪᠠ᠃ | | 4 ᠳ᠋ᠦ᠋ᠭᠡᠷ ᠰᠠᠷ᠎ᠠ ᠶᠢᠨ 23 ᠤ ᠡᠳᠤᠷ᠂ ᠦᠪᠦᠷ ᠮᠤᠩᠭᠤᠯ ᠤᠨ ᠨᠤᠮ ᠤᠨ ᠰᠠᠩ ︽ᠰᠤᠩᠭᠤᠳᠠᠬ ᠪᠦᠳᠦᠬᠡᠯ | ᠤᠩᠰᠢᠨ ᠰᠢᠨ᠎ᠡ ᠮᠡᠳᠡᠯᠬᠡ ᠡᠵᠡᠮᠰᠢᠵᠥ ᠰᠠᠶᠢᠨ ᠰᠠᠶᠢᠬᠠᠨ ᠠᠮᠢᠳᠤᠷᠠᠯ ᠢᠶᠠᠨ ᠴᠤᠬᠴᠠᠯᠠᠶ᠎ᠠ︾ — ︽ᠳᠡᠯᠡᠬᠡᠢ ᠶᠢᠨ | ᠨᠤᠮ ᠤᠩᠰᠢᠬᠤ ᠡᠳᠤᠷ︾ ᠤᠨ ᠪᠦᠬᠦ ᠠᠷᠠᠳ ᠤᠨ ᠨᠤᠮ ᠤᠩᠰᠢᠬᠤ ᠠᠵᠢᠯᠯᠠᠭ᠎ᠠ ᠦᠷᠨᠢᠬᠦᠯᠪᠡ᠃ ᠦᠪᠡᠷᠳᠡᠬᠡᠨ | ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ ᠪᠦ᠋ | ᠰᠢᠶᠤᠤ ᠯᠢᠨ ᠤᠷᠤᠯᠴᠠᠬᠰᠠᠨ ᠪᠦᠬᠡᠳ ᠤᠷᠤᠨ ᠤ ᠳᠦᠪ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢ᠂ | ᠡᠯ᠎ᠡ ᠠᠵᠢᠯ ᠳᠦᠷᠦᠯ ᠤᠨ ᠳᠦᠯᠦᠬᠡᠯᠡᠭᠴᠢᠳ ᠲᠠᠢ ᠬᠠᠮᠳᠤ ᠰᠢᠯᠦᠭ ᠤᠶᠠᠩᠭᠠᠯᠠᠬᠤ ᠳᠦᠷᠬᠡᠨ ᠦᠵᠡᠬᠦᠯᠬᠡ ᠶᠢᠨ | ᠠᠵᠢᠯᠯᠠᠭ᠎ᠠ ᠳᠤ ᠤᠷᠤᠯᠴᠠᠪᠠ᠃ | ︽ᠴᠡᠯᠡᠭᠡᠷ ᠳᠠᠯ᠎ᠠ᠂ ᠮᠤᠨᠠ ᠠᠭᠤᠯᠠ ᠶᠢᠨ ᠬᠤᠷᠮᠤᠢ ᠳᠤ᠃ ᠬᠦᠬᠡ ᠳᠡᠭᠷᠢ ᠶᠢᠨ ᠳᠤᠤᠷ᠎ᠠ᠂ ᠬᠦᠳᠡᠭᠡ ᠳᠠᠯ᠎ᠠ | ᠨᠡᠯᠦᠶᠢᠨᠠᠮ ᠁︾ ᠬᠡᠥᠬᠡᠳ ︽ᠴᠡᠯᠡᠬᠡᠷ ᠲᠠᠯ᠎ᠠ ᠶᠢᠨ ᠲᠠᠭᠤᠤ︾ ᠶᠢ ᠮᠤᠩᠭᠤᠯ ᠢᠶᠠᠷ ᠤᠶᠠᠩᠭᠠᠯᠠᠬᠤ ᠶᠢ | ᠳᠠᠭᠠᠯᠳᠤᠨ᠂ ᠬᠦᠮᠦᠰ ᠢ ᠰᠢᠯᠦᠭ ᠤᠶᠠᠩᠭᠠᠯᠠᠬᠤ ᠳᠦᠷᠬᠡᠨ ᠦᠵᠡᠬᠦᠯᠬᠡ ᠶᠢᠨ ᠤᠷᠴᠢᠨ ᠪᠠᠶᠢᠳᠠᠯ ᠳᠤ ᠤᠷᠤᠭᠤᠯᠪᠠ᠃ | ᠰᠢᠯᠦᠭ ︽ᠦᠪᠦᠷ ᠮᠤᠩᠭᠤᠯ ᠤᠨ ᠮᠠᠬᠳᠠᠭᠠᠯ︾ ᠨᠢ ᠳᠠᠯ᠎ᠠ ᠨᠤᠳᠤᠭ ᠤᠨ ᠬᠦᠪᠡᠬᠦᠳ ᠦᠬᠢᠳ ᠤᠨ ᠢᠳᠡᠬᠡᠯ | ᠳᠦᠬᠦᠷᠡᠩ ᠤᠮᠤᠬ ᠵᠤᠷᠢᠭ ᠢᠶᠠᠷ ᠡᠬᠡ ᠤᠯᠤᠰ ᠤᠨ ᠤᠮᠠᠷᠠᠳᠤ ᠶᠢᠨ ᠡᠨᠡ ᠬᠦ ᠦᠵᠡᠮᠵᠢ ᠶᠢᠨ ᠤᠷᠤᠨ ᠢᠶᠠᠨ ᠨᠡᠩ | ᠦᠵᠡᠰᠬᠦᠯᠡᠩᠳᠤ ᠰᠠᠶᠢᠬᠠᠨ ᠪᠤᠯᠭᠠᠨ ᠪᠦᠳᠦᠬᠡᠨ ᠪᠠᠶᠢᠭᠤᠯᠬᠤ ᠠᠤᠭ᠎ᠠ ᠬᠦᠰᠡᠯᠡᠩ ᠢ ᠢᠯᠡᠷᠡᠬᠦᠯᠪᠡ︔ ︽ᠳᠤᠮᠳᠠᠳᠤ | ᠤᠯᠤᠰ ᠢ ᠤᠩᠰᠢᠬᠤᠢ︾ ᠨᠢ ︽ᠰᠠᠷᠠᠭᠤᠯ ᠰᠠᠶᠢᠬᠠᠨ ᠳᠤᠷᠭᠠᠨ ᠵᠠᠮ ᠢ ᠳᠡᠪᠢᠰᠴᠤ ᠳᠡᠯᠡᠬᠡᠢ ᠳᠤ ᠨᠡᠪᠳᠡᠷᠡᠬᠦᠯᠦᠨ᠂ | ᠳᠡᠯᠡᠬᠡᠢ ᠨᠡᠶᠢᠳᠡ ᠶᠢ ︿ᠨᠢᠬᠡ ᠪᠦᠰᠡ ᠨᠢᠬᠡ ᠵᠠᠮ﹀ ᠲᠠᠢ ᠨᠡᠬᠡᠬᠡᠯᠳᠡᠳᠤ ᠳᠤᠮᠳᠠᠳᠤ ᠤᠯᠤᠰ ᠲᠤ ᠦᠢᠷᠠᠳᠤᠭᠤᠯᠤᠨᠠᠮ︾ | ᠬᠡᠬᠦ ᠤᠷᠬᠢᠯᠤᠮ᠎ᠠ ᠰᠡᠳᠬᠢᠯᠬᠡ ᠶᠢ ᠢᠯᠡᠳᠬᠡᠵᠥ ᠴᠢᠳᠠᠪᠠ᠃ ᠬᠠᠮᠤᠭ ᠰᠡᠬᠦᠯ ᠳᠤ᠂ ᠳᠤᠬᠠᠢ ᠶᠢᠨ ᠳᠠᠯᠠᠪᠠᠢ ᠶᠢᠨ 400 | ᠭᠠᠷᠤᠢ ᠬᠦᠮᠦᠨ ᠤᠯᠠᠭᠠᠨ ᠳᠤᠭ ᠬᠤᠷᠤᠶᠢᠯᠠᠵᠤ᠂ ᠤᠷᠮ᠎ᠠ ᠰᠡᠳᠬᠢᠯᠬᠡ ᠪᠢᠯᠬᠠᠮ᠎ᠠ ᠪᠠᠷ᠄ ︽ᠳᠤᠮᠳᠠᠳᠤ ᠤᠯᠤᠰ ᠢᠶᠠᠨ | ᠤᠩᠰᠢᠬᠤᠢ᠂ ᠪᠢᠳᠠ ᠬᠠᠮᠳᠤ ᠪᠠᠷ ᠦᠷᠦᠴᠡ ᠵᠢᠷᠤᠬᠡᠨ ᠠᠴᠠ ᠪᠠᠨ ᠲᠤᠷᠤᠨ᠎ᠠ ᠵᠦᠭ ᠬᠠᠰᠬᠢᠷᠤᠨᠠᠮ᠂ ᠪᠢ | ᠲᠠᠨ ᠳᠤ ᠪᠠᠨ ᠬᠠᠶᠢᠷᠠᠳᠠᠢ᠂ ᠳᠤᠮᠳᠠᠳᠤ ᠤᠯᠤᠰ ᠮᠢᠨᠢ︕ ᠪᠢᠳᠡ ᠲᠠᠨ ᠳᠤ ᠪᠠᠨ ᠬᠠᠶᠢᠷᠠᠳᠠᠢ᠂ ᠳᠤᠮᠳᠠᠳᠤ ᠤᠯᠤᠰ | ᠮᠢᠨᠢ︕︾ ᠬᠡᠵᠤ ᠠᠵᠢᠯᠯᠠᠭ᠎ᠠ ᠶᠢ ᠤᠷᠬᠢᠯ ᠳᠤ ᠨᠢ ᠬᠦᠷᠬᠡᠵᠥ᠂ ᠦᠵᠡᠭᠴᠢ ᠤᠯᠠᠨ ᠬᠠᠯᠠᠭᠤᠨ ᠢᠶᠠᠷ ᠠᠯᠠᠭ᠎ᠠ | ᠳᠠᠰᠢᠵᠥ ᠪᠠᠶᠢᠯ᠎ᠠ᠃ | 4 ᠳ᠋ᠦ᠋ᠭᠡᠷ ᠰᠠᠷ᠎ᠠ ᠶᠢᠨ 23 ᠤ ᠡᠳᠤᠷ ᠪᠤᠯ ︽ᠳᠡᠯᠡᠬᠡᠢ ᠶᠢᠨ ᠨᠤᠮ ᠤᠩᠰᠢᠬᠤ ᠡᠳᠤᠷ︾ ᠪᠤᠯᠤᠨ᠎ᠡ᠂ ᠦᠪᠦᠷ | ᠮᠤᠩᠭᠤᠯ ᠤᠨ ᠨᠠᠮ ᠤᠨ ᠰᠠᠩ ᠳᠠᠯ᠎ᠠ ᠨᠤᠳᠤᠭ ᠤᠨ ᠳᠠᠶᠢᠯᠤᠮᠵᠢ ︽ᠳᠤᠷᠭᠠᠨ ᠵᠠᠮ ᠳᠡᠬᠡᠷᠡᠬᠢ ᠦᠪᠦᠷ ᠮᠤᠩᠭᠤᠯ︾᠂ | ︽ᠤᠩᠰᠢᠯᠭ᠎ᠠ ᠨᠢ ᠪᠢᠳᠠᠨ ᠤ ᠶᠢᠷᠳᠢᠨᠴᠤ ᠶᠢ ᠨᠡᠩ ᠭᠤᠶᠢᠳᠠ ᠰᠠᠶᠢᠬᠠᠨ ᠪᠤᠯᠭᠠᠨᠠᠮ︾ ᠬᠡᠬᠦ ᠮᠤᠩᠭᠤᠯ ᠨᠤᠮ ᠤᠨ | ᠰᠠᠩ ᠤᠨ ᠤᠩᠰᠢᠯᠭ᠎ᠠ ᠶᠢ ᠳᠦᠬᠡᠮᠡᠯᠵᠢᠬᠦᠯᠬᠦ ᠵᠡᠷᠬᠡ ᠠᠵᠢᠯᠯᠠᠭ᠎ᠠ ᠦᠷᠨᠢᠬᠦᠯᠵᠥ᠂ ᠵᠠᠯᠠᠭᠤᠴᠤᠳ ᠪᠠᠭᠠᠴᠤᠳ ᠤᠨ | ᠰᠤᠩᠭᠤᠳᠠᠭ ᠨᠤᠮ ᠤᠩᠰᠢᠵᠥ᠂ ᠰᠤᠩᠭᠤᠳᠠᠬ ᠵᠦᠢᠯ ᠢ ᠤᠯᠠᠮᠵᠢᠯᠠᠵᠤ᠂ ᠳᠤᠮᠳᠠᠳᠤ ᠶᠢᠨ ᠤᠯᠠᠮᠵᠢᠯᠠᠯᠳᠤ ᠰᠢᠯᠢᠳᠡᠭ | ᠰᠤᠶᠤᠯ ᠢ ᠪᠠᠳᠠᠷᠠᠭᠤᠯᠵᠥ᠂ ᠨᠤᠮ ᠤᠩᠰᠢᠬᠤ ᠳᠤᠷᠠᠳᠠᠢ᠂ ᠰᠤᠩᠭᠤᠳᠠᠬ ᠨᠤᠮ ᠳᠤ ᠪᠠᠭ᠋ᠠᠳᠠᠢ ᠦᠳᠬᠡᠨ ᠵᠤᠵᠠᠭᠠᠨ | ᠤᠷᠴᠢᠨ ᠠᠬᠤᠢ ᠶᠢ ᠪᠦᠷᠢᠯᠳᠦᠬᠦᠯᠬᠦ ᠶᠢ ᠬᠦᠳᠦᠯᠦᠨ ᠵᠢᠯᠤᠭᠤᠳᠪᠠ᠃ | ᠠᠵᠢᠯᠯᠠᠭ᠎ᠠ ᠳᠠᠭᠤᠰᠤᠬᠰᠠᠨ ᠤ ᠳᠠᠷᠠᠭ᠎ᠠ᠂ ᠪᠦ᠋ ᠰᠢᠶᠤᠤ ᠯᠢᠨ ᠦᠪᠦᠷ ᠮᠤᠩᠭᠤᠯ ᠤᠨ ᠨᠤᠮ ᠤᠨ ᠰᠠᠩ ᠳᠤ | ᠬᠦᠷᠴᠤ᠂ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠬᠡᠨ ᠤ ᠰᠢᠨ᠎ᠡ ᠶᠢ ᠡᠬᠦᠳᠦᠭᠰᠡᠨ ᠳᠦᠷᠦᠯ ᠵᠦᠢᠯ ︽ | ᠰᠤᠯᠤᠩᠭᠠᠨ ᠦᠢᠯᠡᠴᠢᠯᠡᠭᠡ︾ ᠪᠤᠯᠤᠨ ︽ᠳᠤᠭᠠᠴᠢᠯᠠᠬᠰᠠᠨ ᠰᠤᠶᠤᠯ ᠮᠤᠩᠭᠤᠯ ᠬᠡᠷ ᠲᠤ ᠤᠷᠤᠬᠤ ᠢᠨᠵᠧᠨᠧᠷᠢᠩ︾ | ᠢ ᠪᠠᠶᠢᠴᠠᠭᠠᠨ ᠰᠤᠳᠤᠯᠵᠥ᠂ ᠬᠡᠥᠬᠡᠳ ᠤᠨ ᠨᠤᠮ ᠤᠨ ᠰᠠᠩ ᠤᠨ ᠳᠤᠨᠤᠭ ᠳᠦᠬᠦᠬᠡᠷᠤᠮᠵᠢ᠂ ᠨᠤᠮ ᠤᠨ ᠰᠠᠩ ᠤᠨ | ᠡᠷᠳᠡᠨ ᠤ ᠰᠤᠩᠭᠤᠳᠠᠬ ᠨᠤᠮ ᠤᠨ ᠬᠠᠮᠠᠭᠠᠯᠠᠯᠳᠠ ᠵᠡᠷᠬᠡ ᠪᠠᠶᠢᠳᠠᠯ ᠢ ᠪᠠᠶᠢᠴᠠᠭᠠᠨ ᠦᠵᠡᠪᠡ᠃ ᠪᠦ᠋ ᠰᠢᠶᠤᠤ ᠯᠢᠨ | ᠵᠢᠭᠠᠭᠰᠠᠨ ᠨᠢ᠂ ᠤᠳᠤ ᠦᠶ᠎ᠡ ᠶᠢᠨ ᠤᠯᠠᠨ ᠨᠡᠶᠢᠳᠡ ᠶᠢᠨ ᠨᠤᠮ ᠤᠨ ᠰᠠᠩ ᠤᠨ ᠨᠡᠶᠢᠬᠡᠮ ᠤᠨ ᠴᠢᠳᠠᠪᠬᠢ ᠶᠢ | ᠳᠠᠰᠤᠷᠠᠯᠳᠠ ᠦᠬᠡᠢ ᠪᠠᠶᠠᠯᠢᠬᠵᠢᠭᠤᠯᠵᠤ᠂ ᠤᠯᠠᠨ ᠳᠦᠮᠡᠨ ᠳᠤ ᠦᠢᠯᠡᠴᠢᠯᠡᠬᠦ ᠵᠠᠮ ᠰᠤᠪᠠᠭ ᠢᠶᠠᠨ ᠦᠷᠬᠡᠳᠬᠡᠵᠥ᠂ | ᠰᠤᠶᠤᠯ ᠤᠨ ᠳᠠᠮᠵᠢᠭᠤᠯᠭ᠎ᠠ ᠶᠢᠨ ᠦᠢᠯᠡᠴᠢᠯᠡᠬᠡᠨ ᠤ ᠴᠢᠳᠠᠪᠤᠷᠢ ᠪᠠᠨ ᠳᠡᠬᠡᠭᠰᠢᠯᠡᠬᠦᠯᠵᠥ᠂ ᠠᠷᠠᠳ ᠤᠯᠠᠨ ᠤ ᠡᠳᠤᠷ | ᠢᠷᠡᠬᠦᠶ᠎ᠠ ᠨᠡᠮᠡᠭᠳᠡᠵᠥ ᠪᠠᠶᠢᠭ᠎ᠠ ᠤᠶᠤᠨ ᠰᠠᠨᠠᠭ᠎ᠠ ᠰᠤᠶᠤᠯ ᠤᠨ ᠱᠠᠭᠠᠷᠳᠠᠯᠭ᠎ᠠ ᠶᠢ ᠨᠡᠩ ᠰᠠᠶᠢᠳᠤᠷ ᠬᠠᠨᠭ᠍ᠭᠠᠬᠤ ᠬᠡᠷᠡᠭᠳᠡᠢ | ᠬᠡᠪᠠ᠃ |