ᠯᠢ ᠵᠢᠢ ᠾᠧᠩ ᠵᠦᠸᠧᠽᠢ ᠰᠢᠶᠠᠨ ᠤ ᠳ᠋ᠦᠩ ᠰᠢᠩ ᠬᠢᠮᠢ ᠶᠢᠨ ᠠᠵᠤ ᠦᠢᠯᠡᠳᠪᠦᠷᠢ ᠶᠢᠨ ᠳᠡᠯᠪᠡᠷᠡᠯᠳᠡ ᠶᠢᠨ ᠠᠳᠡᠯ ᠳᠤ ᠰᠢᠷᠠᠭᠳᠠᠭᠰᠠᠳ ᠢ ᠳᠤᠬᠤᠨᠢᠭᠤᠯᠵᠥ ᠠᠳᠡᠯ ᠠᠴᠠ ᠠᠪᠤᠷᠠᠬᠤ ᠵᠢᠴᠢ ᠬᠤᠶᠢᠳᠤᠬᠢ ᠶᠠᠪᠤᠳᠠᠯ ᠢ ᠰᠢᠢᠳᠪᠦᠷᠢᠯᠡᠬᠦ ᠠᠵᠢᠯ ᠢ ᠵᠢᠭᠠᠨ ᠵᠢᠯᠤᠭᠤᠳᠪᠠ
ᠨᠡᠶᠢᠲᠡᠯᠡᠭᠰᠡᠨ ᠴᠠᠭ᠄
2019/4/25
     4 ᠳ᠋ᠦ᠋ᠭᠡᠷ ᠰᠠᠷ᠎ᠠ ᠶᠢᠨ 24᠎ ᠤ ᠡᠳᠦᠷ ᠤᠨ ᠦᠳᠡ ᠶᠢᠨ ᠡᠮᠦᠨ᠎ᠡ᠂ ᠦᠪᠡᠷᠳᠡᠬᠡᠨ ᠵᠠᠰᠠᠬᠤ ᠤᠷᠤᠨ ᠤ ᠨᠠᠮ ᠎ ᠤᠨ ᠬᠤᠷᠢᠶᠠᠨ ᠤ ᠱᠦᠵᠢ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠥᠪᠥᠷ ᠮᠤᠩᠭᠤᠯ ᠤᠨ ᠤᠯᠠᠨ ᠤᠯᠤᠰ ᠤᠨ ᠮᠤᠩᠭᠤᠯ ᠡᠮᠨᠡᠯᠭᠡ ᠶᠢᠨ ᠬᠤᠷᠢᠶ᠎ᠠ ᠳᠤ ᠬᠦᠷᠴᠤ᠂ ᠵᠦᠸᠧᠽᠢ ᠰᠢᠶᠠᠨ ᠤ ᠳ᠋ᠦᠩ ᠰᠢᠩ ᠬᠢᠮᠢ ᠶᠢᠨ ᠠᠵᠤ ᠦᠢᠯᠡᠳᠪᠦᠷᠢ ᠶᠢᠨ ᠳᠡᠯᠪᠡᠷᠡᠯᠳᠡ ᠶᠢᠨ ᠠᠳᠡᠯ ᠳᠤ ᠰᠢᠷᠬᠠᠳᠤᠬᠰᠠᠳ ᠵᠢᠴᠢ ᠳᠡᠳᠡᠨᠡᠷ ᠤᠨ ᠬᠡᠷ ᠤᠨ ᠬᠦᠮᠦᠰ ᠢ ᠪᠤᠯᠭᠤᠭᠠᠨ ᠦᠵᠡᠵᠥ ᠳᠤᠬᠤᠨᠢᠭᠤᠯᠬᠤ ᠶᠢᠨ ᠬᠠᠮᠲᠤ᠂ ᠡᠮᠴᠢ ᠰᠤᠪᠢᠯᠠᠭᠴᠢᠳ ᠠᠴᠠ ᠰᠢᠷᠬᠠᠳᠤᠬᠰᠠᠳ ᠤᠨ ᠰᠢᠷᠬ᠎ᠠ ᠶᠢᠨ ᠪᠠᠶᠢᠳᠠᠯ ᠵᠢᠴᠢ ᠠᠪᠤᠷᠠᠯᠳᠠ ᠶᠢᠨ ᠠᠷᠭ᠎ᠠ ᠬᠡᠮᠵᠢᠶ᠎ᠡ ᠶᠢ ᠨᠠᠷᠢᠨ ᠠᠰᠠᠭᠤᠪᠠ᠃
     4 ᠳ᠋ᠦ᠋ᠭᠡᠷ ᠰᠠᠷ᠎ᠠ ᠶᠢᠨ 24᠎ ᠤ ᠡᠳᠦᠷ ᠤᠨ ᠦᠳᠡ ᠶᠢᠨ ᠡᠮᠦᠨ᠎ᠡ᠂ ᠦᠪᠡᠷᠳᠡᠬᠡᠨ ᠵᠠᠰᠠᠬᠤ ᠤᠷᠤᠨ ᠤ ᠨᠠᠮ ᠎ ᠤᠨ ᠬᠤᠷᠢᠶᠠᠨ ᠤ ᠱᠦᠵᠢ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠡᠮᠨᠡᠯᠭᠡ ᠶᠢᠨ ᠬᠤᠷᠢᠶ᠎ᠠ ᠶᠢ ᠠᠷᠭ᠎ᠠ ᠪᠦᠬᠦᠨ ᠢ ᠰᠦᠪᠡᠭᠴᠢᠯᠡᠨ ᠰᠢᠷᠬᠠᠲᠤᠭᠰᠠᠳ ᠢ ᠠᠪᠤᠷᠠᠨ ᠵᠠᠰᠠᠬᠤ ᠬᠡᠷᠡᠭᠲᠡᠶ ᠭᠡᠵᠦ ᠱᠠᠭᠠᠷᠳᠠᠪᠠ᠃      4 ᠳ᠋ᠦ᠋ᠭᠡᠷ ᠰᠠᠷ᠎ᠠ ᠶᠢᠨ 24᠎ ᠤ ᠡᠳᠦᠷ ᠤᠨ ᠦᠤᠷ ᠤᠨ 2 ᠴᠠᠭ 55 ᠮᠢᠨᠦ᠋ᠲ ᠲᠤ᠂ ᠤᠯᠠᠭᠠᠨᠴᠠᠪ ᠬᠤᠳᠠ ᠶᠢᠨ ᠵᠦᠸᠧᠽᠢ ᠰᠢᠶᠠᠨ ᠤ ᠳ᠋ᠦᠩ ᠰᠢᠩ ᠬᠢᠮᠢ ᠶᠢᠨ ᠠᠵᠤ ᠦᠢᠯᠡᠳᠪᠦᠷᠢ ᠳᠤ ᠳᠡᠯᠪᠡᠷᠡᠯᠳᠡ ᠶᠢᠨ ᠠᠳᠡᠯ ᠡᠬᠦᠰᠴᠤ᠂ ᠬᠦᠮᠤᠨ ᠬᠠᠷ᠎ᠠ ᠠᠳᠡᠵᠥ ᠰᠢᠷᠬᠠᠳᠤᠬᠰᠠᠨ ᠪᠠᠶᠢᠨ᠎ᠠ᠃ ᠠᠳᠡᠯ ᠡᠬᠦᠰᠦᠭᠰᠡᠨ ᠤ ᠳᠠᠷᠠᠭ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠳᠠᠷᠤᠢ ᠳᠦᠷᠬᠡᠨ ᠥᠪᠡᠷᠲᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠤᠳᠤᠷᠢᠳᠬᠤ ᠨᠦᠬᠦᠳ ᠪᠤᠯᠤᠨ ᠤᠯᠠᠭᠠᠨᠴᠠᠪ ᠬᠤᠳᠠ ᠶᠢᠨ ᠨᠠᠮ ᠵᠠᠰᠠᠬ ᠤᠨ ᠭᠤᠤᠯ ᠬᠠᠷᠢᠭᠤᠴᠠᠯᠭᠠᠳᠠᠨ ᠨᠦᠬᠦᠳ ᠲᠤ ᠴᠤᠬᠤᠯᠠᠪᠤᠷᠢ ᠦᠭᠴᠤ᠂ ᠬᠦᠴᠦᠨ ᠢᠶᠠᠨ ᠵᠤᠬᠢᠶᠠᠨ ᠪᠠᠶᠢᠭᠤᠯᠵᠥ ᠰᠢᠷᠬᠠᠳᠤᠬᠰᠠᠳ ᠎ ᠢ ᠪᠦᠬᠦ ᠬᠦᠴᠦᠨ ᠢᠶᠠᠷ ᠢᠶᠠᠨ ᠠᠪᠤᠷᠠᠵᠥ᠂ ᠠᠳᠡᠭᠰᠡᠳ ᠤᠨ ᠬᠤᠶᠢᠳᠤᠬᠢ ᠶᠠᠪᠤᠳᠠᠯ ᠪᠤᠯᠤᠨ ᠬᠡᠷ ᠤᠨ ᠬᠦᠮᠦᠰ ᠢ ᠨᠢ ᠲᠤᠬᠤᠨᠢᠭᠤᠯᠬᠤ ᠠᠵᠢᠯ ᠢ ᠰᠠᠶᠢᠳᠤᠷ ᠬᠢᠬᠦ ᠬᠡᠷᠡᠭᠳᠡᠢ︔ ᠠᠳᠡᠯ ᠤᠨ ᠰᠢᠯᠳᠠᠭᠠᠨ ᠢ ᠪᠠᠶᠢᠴᠠᠭᠠᠨ ᠲᠤᠳᠤᠷᠬᠠᠶᠢᠯᠠᠵᠤ᠂ ᠬᠠᠤᠯᠢ ᠴᠠᠭᠠᠵᠠ ᠬᠠᠤᠯᠢ ᠳᠤᠬᠳᠠᠭᠠᠯ ᠶᠤᠰᠤᠭᠠᠷ ᠬᠠᠮᠢᠶ᠎ᠠ ᠪᠦᠬᠦᠢ ᠬᠠᠷᠢᠭᠤᠴᠠᠯᠭ᠎ᠠ ᠲᠠᠢ ᠬᠦᠮᠦᠰ ᠢ ᠰᠢᠢᠳᠬᠡᠬᠦ ᠬᠡᠷᠡᠭᠳᠡᠢ︔ ᠳᠤᠬᠠᠢ ᠶᠢᠨ ᠳᠠᠯᠠᠪᠠᠢ ᠶᠢᠨ ᠰᠢᠢᠳᠪᠦᠷᠢᠯᠡᠬᠦ ᠠᠵᠢᠯ ᠢ ᠰᠠᠶᠢᠳᠤᠷ ᠬᠢᠵᠥ᠂ ᠭᠠᠮᠰᠢᠬ ᠳᠠᠬᠢᠨ ᠡᠬᠦᠰᠬᠦ ᠠᠴᠠ ᠰᠡᠷᠬᠡᠶᠢᠯᠡᠬᠦ ᠬᠡᠷᠡᠭᠳᠡᠢ︔ ᠨᠢᠬᠡ ᠠᠴᠠ ᠨᠦᠭᠦᠭᠡ ᠶᠢ ᠮᠡᠳᠡᠵᠥ᠂ ᠠᠮᠤᠷ ᠳᠦᠪᠰᠢᠨ ᠤ ᠠᠵᠢᠯ ᠢ ᠨᠡᠩ ᠯᠠᠪᠳᠠᠭᠤᠨ ᠪᠠᠳᠤᠳᠠᠢ᠂ ᠨᠡᠩ ᠴᠢᠩᠭ᠎ᠠ ᠡᠷᠴᠢᠮ ᠲᠠᠢ ᠬᠢᠬᠦ ᠬᠡᠷᠡᠭᠳᠡᠢ ᠬᠡᠵᠥ ᠱᠠᠭᠠᠷᠳᠠᠪᠠ᠃      ᠳᠤᠬᠠᠢ ᠶᠢᠨ ᠡᠳᠤᠷ ᠤᠨ ᠦᠳᠡ ᠶᠢᠨ ᠡᠮᠤᠨ᠎ᠡ᠂ ᠯᠢ ᠵᠢᠢ ᠾᠧᠩ ᠦᠪᠦᠷ ᠮᠤᠩᠭᠤᠯ ᠤᠨ ᠤᠯᠠᠨ ᠤᠯᠤᠰ ᠤᠨ ᠮᠤᠩᠭᠤᠯ ᠡᠮᠨᠡᠯᠬᠡ ᠶᠢᠨ ᠬᠤᠷᠢᠶ᠎ᠠ ᠳᠤ ᠬᠦᠷᠴᠤ ᠰᠢᠷᠬᠠᠳᠤᠬᠰᠠᠳ ᠵᠢᠴᠢ ᠳᠡᠳᠡᠨᠡᠷ ᠤᠨ ᠬᠡᠷ ᠤᠨ ᠬᠦᠮᠦᠰ ᠢ ᠪᠤᠯᠭᠤᠭᠠᠨ ᠦᠵᠡᠵᠥ ᠳᠤᠬᠤᠨᠢᠭᠤᠯᠪᠠ᠃ ᠲᠦᠯᠡᠭᠳᠡᠭᠰᠡᠨ ᠰᠢᠷᠬ᠎ᠠ ᠶᠢᠨ ᠰᠠᠯᠠᠭᠠᠨ ᠤ ᠡᠪᠡᠳᠴᠢᠳᠡᠨ ᠤ ᠦᠷᠦᠬᠡ ᠳᠤ᠂ ᠳᠡᠷᠡ ᠰᠢᠷᠬᠠᠳᠤᠬᠰᠠᠳ ᠤᠨ ᠰᠢᠷᠬ᠎ᠠ ᠶᠢᠨ ᠪᠠᠶᠢᠳᠠᠯ ᠪᠤᠯᠤᠨ ᠠᠪᠤᠷᠠᠯᠳᠠ ᠶᠢᠨ ᠠᠷᠭ᠎ᠠ ᠬᠡᠮᠵᠢᠶ᠎ᠡ ᠶᠢ ᠨᠠᠷᠢᠨ ᠠᠰᠠᠭᠤᠵᠥ᠂ ᠬᠠᠮᠢᠶ᠎ᠠ ᠪᠦᠬᠦᠢ ᠰᠠᠯᠠᠭ᠎ᠠ ᠮᠦᠴᠢᠷ ᠵᠢᠴᠢ ᠡᠮᠨᠡᠯᠬᠡ ᠶᠢᠨ ᠬᠤᠷᠢᠶ᠎ᠠ ᠳᠤ ᠠᠷᠭ᠎ᠠ ᠪᠦᠬᠦᠨ ᠢ ᠰᠦᠪᠡᠭᠴᠢᠯᠡᠵᠥ ᠪᠠᠶᠢᠭᠠᠳ ᠪᠦᠬᠦ ᠬᠦᠴᠦᠨ ᠢᠶᠠᠷ ᠢᠶᠠᠨ ᠡᠮᠨᠡᠨ ᠠᠪᠤᠷᠠᠵᠥ᠂ ᠠᠮᠢ ᠨᠠᠰᠤᠨ ᠤ ᠠᠮᠤᠷ ᠳᠦᠪᠰᠢᠨ ᠢ ᠠᠯᠢ ᠴᠢᠳᠠᠬᠤ ᠪᠠᠷ ᠪᠠᠳᠤᠯᠠᠬᠤ ᠬᠡᠷᠡᠭᠳᠡᠢ ᠬᠡᠵᠥ ᠱᠠᠭᠠᠷᠳᠠᠪᠠ᠃ ᠳᠡᠷᠡ ᠰᠢᠷᠬᠠᠳᠤᠬᠰᠠᠳ ᠤᠨ ᠬᠡᠷ ᠤᠨ ᠬᠦᠮᠦᠰ ᠢ ᠬᠦᠯᠢᠴᠠᠩᠬᠦᠢ ᠪᠠᠷ ᠳᠠᠶᠢᠳᠬᠤᠷᠠᠭᠤᠯᠵᠥ᠂ ᠰᠢᠷᠬᠠᠳᠤᠬᠰᠠᠳ ᠢ ᠰᠠᠶᠢᠳᠤᠷ ᠬᠠᠷᠠᠵᠥ ᠬᠠᠷᠠᠭᠠᠯᠵᠠᠳᠤᠭᠠᠢ ᠬᠡᠵᠤ ᠲᠡᠳᠡᠨᠡᠷ ᠲᠤ ᠨᠠᠶᠢᠳᠠᠪᠠ᠃      ᠪᠤᠯᠭᠤᠭᠠᠨ ᠦᠵᠡᠵᠥ ᠳᠤᠬᠤᠨᠢᠭᠤᠯᠤᠬᠰᠠᠨ ᠤ ᠪᠠᠨ ᠳᠠᠷᠠᠭ᠎ᠠ᠂ ᠯᠢ ᠵᠢᠢ ᠾᠧᠩ ᠡᠮᠨᠡᠯᠬᠡ ᠶᠢᠨ ᠬᠤᠷᠢᠶᠠᠨ ᠳᠤ ᠦᠪᠡᠷᠳᠡᠬᠡᠨ ᠵᠠᠰᠠᠬᠤ ᠤᠷᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠳᠢᠩᠬᠢᠮ᠂ ᠦᠪᠡᠷᠳᠡᠬᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ᠂ ᠦᠪᠦᠷ ᠮᠤᠩᠭᠤᠯ ᠤᠨ ᠤᠯᠠᠨ ᠤᠯᠤᠰ ᠤᠨ ᠮᠤᠩᠭᠤᠯ ᠡᠮᠨᠡᠯᠬᠡ ᠶᠢᠨ ᠬᠤᠷᠢᠶ᠎ᠠ ᠵᠡᠷᠬᠡ ᠶᠢᠨ ᠬᠠᠷᠢᠭᠤ ᠮᠡᠳᠡᠬᠦᠯᠦᠯᠳᠡ ᠶᠢ ᠰᠤᠨᠤᠰᠤᠬᠰᠠᠨ ᠪᠦᠬᠡᠳ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ᠶᠢᠨ ᠭᠤᠤᠯ ᠬᠠᠷᠢᠭᠤᠴᠠᠯᠭᠠᠳᠠᠨ ᠨᠦᠬᠦᠳ ᠲᠠᠢ ᠬᠤᠯᠪᠤᠭ᠎ᠠ ᠠᠪᠴᠤ ᠬᠠᠮᠢᠶ᠎ᠠ ᠪᠦᠬᠦᠢ ᠪᠠᠶᠢᠳᠠᠯ ᠢ ᠠᠰᠠᠭᠤᠨ ᠯᠠᠪᠯᠠᠵᠥ᠂ ᠠᠳᠡᠯ ᠠᠴᠠ ᠠᠪᠤᠷᠠᠬᠤ ᠵᠢᠴᠢ ᠬᠤᠶᠢᠳᠤᠬᠢ ᠶᠠᠪᠤᠳᠠᠯ ᠢ ᠰᠢᠢᠳᠪᠦᠷᠢᠯᠡᠬᠦ ᠠᠵᠢᠯ ᠤᠨ ᠳᠠᠯ᠎ᠠ ᠪᠠᠷ ᠪᠤᠳᠠᠳᠠᠢ ᠱᠠᠭᠠᠷᠳᠠᠯᠭ᠎ᠠ ᠳᠤᠷᠠᠳᠪᠠ᠃ ᠳᠡᠷᠡ ᠴᠢᠬᠤᠯᠠᠴᠢᠯᠠᠭᠰᠠᠨ ᠨᠢ᠂ ᠡᠮᠨᠠᠨ ᠠᠪᠤᠷᠠᠬᠤ ᠠᠵᠢᠯ ᠢ ᠳᠠᠷᠢᠬᠦᠨ ᠪᠠᠶᠢᠷᠢᠨ ᠳᠤ ᠳᠠᠯᠪᠢᠬᠤ ᠬᠡᠷᠡᠭᠳᠡᠢ᠂ ᠦᠪᠡᠷᠳᠡᠬᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠠᠴᠠ ᠰᠢᠯᠢᠳᠡᠭ ᠡᠮᠴᠢᠯᠡᠬᠡᠨ ᠤ ᠡᠬᠢ ᠪᠠᠶᠠᠯᠢᠭ ᠪᠤᠯᠤᠨ ᠬᠦᠴᠦᠨ ᠴᠢᠳᠠᠯ ᠢ ᠵᠤᠬᠢᠶᠠᠨ ᠪᠠᠶᠢᠭᠤᠯᠤᠨ ᠵᠤᠬᠢᠴᠠᠭᠤᠯᠵᠥ᠂ ᠴᠠᠬ ᠳᠤᠬᠠᠢ ᠳᠤ ᠨᠢ ᠪᠦᠳᠦᠮᠵᠢᠳᠡᠢ ᠠᠪᠤᠷᠠᠵᠥ ᠡᠮᠨᠡᠬᠦ ᠶᠢ ᠪᠠᠳᠤᠯᠠᠬᠤ ᠬᠡᠷᠡᠭᠳᠡᠢ᠃ ᠦᠪᠡᠷᠳᠡᠬᠡᠨ ᠵᠠᠰᠠᠬᠤ ᠤᠷᠤᠨ ᠤ ᠪᠠᠴᠢᠮ ᠪᠠᠶᠢᠳᠠᠯ ᠢ ᠠᠷᠭᠠᠴᠠᠭᠠᠬᠤ ᠳᠢᠩᠬᠢᠮ ᠤᠯᠠᠭᠠᠨᠴᠠᠪ ᠬᠤᠳᠠ ᠶᠢᠨ ᠬᠢ ᠲᠠᠢ ᠬᠠᠮᠳᠤᠷᠠᠵᠤ ᠬᠦᠴᠦᠨ ᠢᠶᠠᠨ ᠵᠤᠬᠢᠶᠠᠨ ᠪᠠᠶᠢᠭᠤᠯᠵᠥ ᠰᠢᠨᠵᠢᠯᠡᠬᠦ ᠤᠬᠠᠭᠠᠨᠴᠢ ᠠᠷᠭ᠎ᠠ ᠪᠤᠳᠤᠯᠭ᠎ᠠ ᠬᠡᠷᠡᠭᠵᠢᠬᠦᠯᠵᠥ᠂ ᠠᠳᠡᠯ ᠤᠨ ᠪᠠᠶᠢᠳᠠᠯ ᠢ ᠳᠦᠷᠬᠡᠨ ᠡᠵᠡᠮᠳᠡᠵᠥ ᠰᠠᠶᠢᠳᠤᠷ ᠰᠢᠢᠳᠪᠦᠷᠢᠯᠡᠵᠥ᠂ ᠬᠦᠮᠦᠨ ᠬᠠᠷ᠎ᠠ ᠳᠠᠬᠢᠨᠳᠠ ᠠᠳᠡᠵᠥ ᠰᠢᠷᠬᠠᠳᠤᠬᠤ ᠠᠴᠠ ᠡᠷᠡᠰ ᠰᠠᠷᠬᠡᠶᠢᠯᠡᠬᠦ ᠬᠡᠷᠡᠭᠳᠡᠢ᠃ ᠴᠠᠭ ᠳᠤᠬᠠᠢ ᠳᠤ ᠨᠢ ᠵᠦᠪ ᠤᠨᠤᠪᠴᠢᠳᠠᠢ ᠪᠠᠷ ᠠᠳᠡᠯ ᠢ ᠰᠢᠢᠳᠪᠦᠷᠢᠯᠡᠭᠰᠡᠨ ᠠᠬᠢᠴᠠ ᠶᠢᠨ ᠪᠠᠶᠢᠳᠠᠯ ᠢ ᠨᠡᠶᠢᠳᠡᠯᠡᠵᠥ᠂ ᠨᠡᠶᠢᠬᠡᠮ ᠤᠨ ᠠᠩᠬᠠᠷᠴᠤ ᠪᠠᠶᠢᠭ᠎ᠠ ᠪᠠᠶᠢᠳᠠᠯ ᠳᠤ ᠢᠳᠡᠪᠬᠢᠳᠡᠢ ᠬᠠᠷᠢᠭᠤᠯᠳᠡ ᠦᠭᠭᠦ ᠬᠡᠷᠡᠭᠳᠡᠢ᠃ ᠠᠳᠡᠯ ᠢ ᠪᠠᠶᠢᠴᠠᠭᠠᠬᠤ ᠳᠤᠭᠤᠶᠢᠯᠠᠩ ᠪᠠᠶᠢᠭᠤᠯᠵᠥ᠂ ᠠᠳᠡᠯ ᠤᠨ ᠰᠢᠯᠳᠠᠭᠠᠨ ᠢ ᠳᠦᠷᠬᠡᠨ ᠪᠠᠶᠢᠴᠠᠭᠠᠨ ᠳᠤᠳᠤᠯᠠᠵᠥ᠂ ᠬᠠᠤᠯᠢ ᠴᠠᠭᠠᠵᠠ ᠬᠠᠤᠯᠢ ᠳᠤᠬᠳᠠᠭᠠᠯ ᠶᠤᠰᠤᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ᠃ ᠠᠳᠡᠯ ᠠᠴᠠ ᠬᠦᠨᠵᠡᠬᠡᠢ ᠰᠤᠷᠭᠠᠮᠵᠢ ᠠᠪᠴᠤ᠂ ᠡᠯ᠎ᠡ ᠵᠦᠢᠯ ᠤᠨ ᠠᠮᠤᠷ ᠳᠦᠪᠰᠢᠨ ᠤ ᠬᠡᠮ ᠰᠤᠭᠤᠬ ᠢ ᠰᠢᠭᠰᠢᠨ ᠪᠠᠶᠢᠴᠠᠭᠠᠵᠥ ᠦᠬᠡᠷᠡᠴᠢᠯᠡᠨ ᠵᠠᠰᠠᠬᠤ ᠠᠵᠢᠯ ᠢ ᠦᠷᠬᠦᠯᠵᠢᠯᠡᠨ ᠬᠦᠨᠵᠡᠬᠡᠢ ᠰᠠᠶᠢᠳᠤᠷ ᠬᠢᠵᠥ᠂ ᠰᠡᠷᠡᠮᠵᠢ ᠶᠢᠨ ᠬᠤᠩᠬᠤ ᠶᠢ ᠪᠠᠶᠢᠩᠭᠤ ᠴᠣᠬᠢᠵᠤ᠂ ᠪᠠᠶᠢᠩᠭᠤ ᠰᠤᠯᠠᠷᠠᠭᠤᠯᠤᠰᠢ ᠦᠭᠡᠢ ᠠᠳᠬᠤᠬᠤ ᠬᠡᠷᠡᠭᠳᠡᠢ ᠬᠡᠪᠠ᠃      ᠦᠪᠡᠷᠳᠡᠬᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠡᠸᠤ ᠶᠠᠩ ᠰᠢᠶᠤᠤ ᠬᠤᠢ ᠪᠤᠯᠭᠤᠭᠠᠨ ᠦᠵᠡᠵᠥ ᠳᠤᠬᠤᠨᠢᠭᠤᠯᠬᠤ ᠪᠠ ᠬᠠᠮᠢᠶ᠎ᠠ ᠪᠦᠬᠦᠢ ᠠᠵᠢᠯᠯᠠᠭ᠎ᠠ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号