| | 4 ᠳ᠋ᠦ᠋ᠭᠡᠷ ᠰᠠᠷ᠎ᠠ ᠶᠢᠨ 24 ᠤ ᠡᠳᠦᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ | ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ ᠪᠦ᠋ ᠰᠢᠶᠤᠤ ᠯᠢᠨ ᠴᠢᠯᠤᠬᠡᠯᠡᠬᠦ ᠴᠡᠷᠢᠭ ᠤᠨ ᠬᠤᠯᠪᠤᠭᠠᠳᠤ | ᠪᠠᠳᠤᠯᠠᠪᠤᠷᠢ ᠶᠢᠨ ᠴᠡᠷᠢᠭ ᠠᠩᠬᠢ ᠶᠢᠨ 969 ᠳ᠋ᠤᠬᠡᠷ ᠡᠮᠨᠡᠯᠬᠡ ᠶᠢᠨ ᠬᠤᠷᠢᠶ᠎ᠠ ᠳᠤ ᠬᠦᠷᠴᠤ ᠠᠳᠡᠯ ᠳᠤ | ᠰᠢᠷᠬᠠᠳᠤᠬᠰᠠᠳ ᠢ ᠪᠤᠯᠭᠤᠭᠠᠨ ᠦᠵᠡᠭᠰᠡᠨ ᠪᠦᠬᠡᠳ ᠰᠢᠷᠬᠠᠳᠤᠬᠰᠠᠳ ᠤᠨ ᠪᠠᠶᠢᠳᠠᠯ ᠢ ᠬᠢᠨᠠᠮᠠᠭᠠᠢ ᠪᠠᠶᠢᠴᠠᠭᠠᠨ | ᠦᠵᠡᠪᠡ᠃ | | | | 4 ᠳ᠋ᠦ᠋ᠭᠡᠷ ᠰᠠᠷ᠎ᠠ ᠶᠢᠨ 24 ᠤ ᠡᠳᠦᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ | ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ ᠪᠦ᠋ ᠰᠢᠶᠤᠤ ᠯᠢᠨ ᠤᠯᠠᠭᠠᠨᠴᠠᠪ ᠬᠤᠳᠠ ᠶᠢᠨ ᠵᠦᠸᠧᠽᠢ | ᠰᠢᠶᠠᠨ ᠤ ᠬᠠᠷᠢᠶᠠᠨ ᠳᠤ ᠪᠠᠶᠢᠷᠢᠯᠠᠭ᠎ᠠ ᠦᠪᠦᠷ ᠮᠤᠩᠭᠤᠯ ᠤᠨ ᠢ ᠳ᠋ᠦᠩ ᠪᠦᠯᠦᠭᠯᠡᠯ ᠤᠨ ᠳ᠋ᠦᠩ ᠰᠢᠩ ᠬᠢᠮᠢ ᠶᠢᠨ | ᠦᠢᠯᠡᠳᠪᠦᠷᠢ ᠶᠢᠨ ᠬᠢᠵᠠᠭᠠᠷᠳᠤ ᠺᠤᠮᠫᠠᠨᠢ ᠶᠢᠨ ᠠᠳᠡᠯ ᠡᠭᠦᠰᠦᠭᠰᠡᠨ ᠲᠣᠬᠠᠢ ᠶᠢᠨ ᠭᠠᠵᠠᠷ ᠲᠤ ᠨᠢ ᠬᠦᠷᠴᠦ᠂ ᠠᠪᠤᠷᠠᠨ | ᠳᠤᠰᠠᠯᠠᠬᠤ ᠠᠵᠢᠯ ᠢ ᠵᠢᠭᠠᠨ ᠵᠢᠯᠤᠭᠤᠳᠪᠠ᠃ | 4 ᠳ᠋ᠦ᠋ᠭᠡᠷ ᠰᠠᠷ᠎ᠠ ᠶᠢᠨ 24 ᠤ ᠡᠳᠦᠷ ᠤᠨ ᠦᠤᠷ ᠤᠨ 2 ᠴᠠᠭ 55 ᠮᠢᠨᠦ᠋ᠲ ᠲᠤ᠂ ᠤᠯᠠᠭᠠᠨᠴᠠᠪ | ᠬᠤᠳᠠ ᠶᠢᠨ ᠵᠦᠸᠧᠽᠢ ᠰᠢᠶᠠᠨ ᠤ ᠬᠠᠷᠢᠶᠠᠨ ᠳᠤ ᠪᠠᠶᠢᠷᠢᠯᠠᠭ᠎ᠠ ᠦᠪᠦᠷ ᠮᠤᠩᠭᠤᠯ ᠤᠨ ᠢ ᠳ᠋ᠦᠩ ᠪᠦᠯᠦᠭᠯᠡᠯ ᠤᠨ | ᠳ᠋ᠦᠩ ᠰᠢᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠳᠤ ᠺᠤᠮᠫᠠᠨᠢ ᠶᠢᠨ ᠨᠢᠬᠡ ᠦᠢᠯᠡᠳᠪᠦᠷᠢᠯᠡᠯ ᠤᠨ | ᠳᠠᠰᠤᠭ ᠲᠤ ᠳᠡᠯᠪᠡᠷᠡᠯᠳᠡ ᠶᠢᠨ ᠠᠳᠡᠯ ᠡᠬᠦᠰᠴᠤ᠂ ᠬᠦᠮᠤᠨ ᠬᠠᠷ᠎ᠠ ᠠᠳᠡᠵᠥ ᠰᠢᠷᠬᠠᠳᠤᠪᠠ᠃ ᠠᠳᠡᠯ ᠡᠬᠦᠰᠦᠭᠰᠡᠨ ᠤ | ᠳᠠᠷᠠᠭ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ | ᠤ ᠳᠡᠷᠢᠬᠦᠯᠡᠭᠴᠢ ᠪᠦ᠋ ᠰᠢᠶᠤᠤ ᠯᠢᠨ ᠳᠠᠷᠤᠢ ᠳᠦᠷᠬᠡᠨ ᠴᠤᠬᠤᠯᠠᠪᠤᠷᠢ ᠦᠭᠴᠤ᠂ ᠴᠢᠯᠤᠬᠡᠯᠡᠬᠦ ᠴᠡᠷᠢᠭ ᠤᠨ | ᠬᠤᠯᠪᠤᠭᠠᠳᠤ ᠪᠠᠳᠤᠯᠠᠪᠤᠷᠢ ᠶᠢᠨ ᠴᠡᠷᠢᠭ ᠠᠩᠬᠢ ᠶᠢᠨ 969 ᠳ᠋ᠤᠬᠡᠷ ᠡᠮᠨᠡᠯᠬᠡ ᠶᠢᠨ ᠬᠤᠷᠢᠶ᠎ᠠ ᠳᠤ ᠬᠦᠷᠴᠤ ᠠᠳᠡᠯ ᠳᠤ | ᠰᠢᠷᠬᠠᠳᠤᠬᠰᠠᠳ ᠢ ᠪᠤᠯᠭᠤᠭᠠᠨ ᠦᠵᠡᠭᠰᠡᠨ ᠪᠦᠬᠡᠳ ᠳᠠᠷᠤᠢ ᠳᠦᠷᠬᠡᠨ ᠠᠳᠡᠯ ᠤᠨ ᠳᠤᠬᠠᠢ ᠶᠢᠨ ᠳᠠᠯᠠᠪᠠᠢ ᠳᠤ | ᠬᠦᠷᠴᠤ ᠠᠪᠤᠷᠠᠯᠳᠠ ᠶᠢᠨ ᠠᠵᠢᠯ ᠢ ᠵᠢᠭᠠᠨ ᠵᠢᠯᠤᠭᠤᠳᠪᠠ᠃ | 969 ᠡᠮᠨᠡᠯᠬᠡ ᠶᠢᠨ ᠬᠤᠷᠢᠶᠠᠡ ᠤ ᠡᠪᠡᠳᠴᠢᠳᠡᠨ ᠤ ᠦᠷᠦᠬᠡ ᠳᠤ᠂ ᠪᠦ᠋ ᠰᠢᠶᠤᠤ ᠯᠢᠨ ᠰᠢᠷᠬᠠᠳᠤᠬᠰᠠᠳ ᠤᠨ | ᠪᠠᠶᠢᠳᠠᠯ ᠢ ᠬᠢᠨᠠᠮᠠᠭᠠᠢ ᠪᠠᠶᠢᠴᠠᠭᠠᠨ ᠦᠵᠡᠵᠥ᠂ ᠠᠪᠤᠷᠠᠯᠳᠠ ᠶᠢᠨ ᠪᠠᠶᠢᠳᠠᠯ ᠢ ᠬᠢᠨᠠᠮᠠᠭᠠᠢ ᠦᠢᠯᠠᠭᠠᠵᠥ᠂ ᠳᠡᠳᠡᠨᠡᠷ ᠤᠨ | ᠡᠮᠴᠢᠯᠡᠭᠡ ᠳᠤ ᠢᠳᠡᠪᠬᠢᠳᠡᠢ ᠬᠠᠮᠵᠢᠯᠴᠠᠵᠥ᠂ ᠰᠡᠳᠬᠢᠯ ᠠᠮᠤᠷ ᠡᠪᠡᠳᠴᠢᠨ ᠢᠶᠠᠨ ᠰᠤᠪᠢᠯᠠᠬᠤ ᠶᠢ ᠵᠤᠷᠢᠬᠵᠢᠭᠤᠯᠤᠬᠰᠠᠨ | ᠪᠦᠬᠡᠳ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠵᠡᠷᠬᠡ ᠰᠠᠯᠠᠭ᠎ᠠ ᠮᠦᠴᠢᠷ ᠪᠤᠯᠤᠨ ᠡᠮᠴᠢ | ᠰᠤᠪᠢᠯᠠᠬᠴᠢᠳ ᠲᠤ ᠬᠠᠮᠤᠭ ᠤᠨ ᠰᠠᠶᠢᠨ ᠡᠮᠴᠢᠯᠡᠬᠡᠨ ᠤ ᠬᠦᠴᠦᠨ ᠢᠶᠠᠨ ᠳᠦᠪᠯᠡᠷᠡᠬᠦᠯᠦᠨ ᠪᠦᠬᠦ ᠬᠦᠴᠦᠨ ᠢᠶᠠᠷ ᠢᠶᠠᠨ | ᠳᠦᠷᠬᠡᠨ ᠠᠪᠤᠷᠠᠵᠥ᠂ ᠰᠢᠷᠬᠠᠳᠤᠬᠰᠠᠳ ᠨᠢᠬᠡᠪᠦᠷᠢ ᠶᠢᠨ ᠠᠪᠤᠷᠠᠯᠳᠠ ᠶᠢᠨ ᠠᠬᠢᠴᠠ ᠶᠢᠨ ᠪᠠᠶᠢᠳᠠᠯ ᠢ ᠦᠨᠳᠦᠰᠦᠯᠡᠨ | ᠴᠠᠬ ᠳᠤᠬᠠᠢ ᠳᠤ ᠨᠢ ᠡᠮᠨᠠᠨ ᠠᠪᠤᠷᠠᠬᠤ ᠳᠦᠰᠦᠯ ᠭᠠᠷᠭᠠᠵᠤ᠂ ᠰᠢᠷᠬᠠᠳᠤᠬᠰᠠᠳ ᠨᠢᠬᠡᠪᠦᠷᠢ ᠰᠡᠳᠬᠢᠯ ᠠᠮᠤᠷ | ᠡᠮᠴᠢᠯᠡᠬᠦᠯᠵᠥ᠂ ᠡᠷᠳᠡ ᠡᠳᠦᠷ ᠡᠷᠡᠬᠦᠯᠵᠢᠬᠦ ᠶᠢ ᠪᠠᠳᠤᠯᠠᠬᠤ ᠬᠡᠷᠡᠭᠳᠡᠢ ᠬᠡᠵᠥ ᠵᠠᠬᠢᠪᠠ᠃ | ᠳᠠᠷᠠᠭ᠎ᠠ ᠳᠤ ᠨᠢ᠂ ᠪᠦ᠋ ᠰᠢᠶᠤᠤ ᠯᠢᠨ ᠳᠡᠷᠬᠡᠨ ᠳᠤ ᠰᠠᠭᠤᠵᠥ ᠠᠳᠡᠯ ᠡᠬᠦᠰᠦᠭᠰᠡᠨ ᠭᠠᠵᠠᠷ ᠪᠤᠯᠬᠤ ᠵᠦᠸᠧᠽᠢ | ᠰᠢᠶᠠᠨ ᠳᠤ ᠬᠦᠷᠴᠤ᠂ ᠳᠤᠬᠠᠢ ᠶᠢᠨ ᠳᠠᠯᠠᠪᠠᠢ ᠳᠤ ᠨᠢ ᠠᠪᠤᠷᠠᠨ ᠳᠤᠰᠠᠯᠠᠬᠤ ᠠᠵᠢᠯ ᠢ ᠵᠢᠭᠠᠨ ᠵᠢᠯᠤᠭᠤᠳᠪᠠ᠃ | ᠵᠢᠰᠢᠶ᠎ᠠ ᠠᠶᠢᠯ ᠪᠠᠯᠭᠠᠰᠤᠨ ᠳᠤ᠂ ᠳᠡᠷᠡ ᠳᠤᠬᠠᠢ ᠶᠢᠨ ᠳᠠᠯᠠᠪᠠᠢ ᠶᠢᠨ ᠬᠤᠷᠠᠯ ᠡᠷᠬᠢᠯᠡᠨ ᠬᠤᠷᠠᠯᠳᠤᠭᠤᠯᠵᠥ᠂ | ᠤᠯᠠᠭᠠᠨᠴᠠᠪ ᠬᠤᠳᠠ᠂ ᠰᠢᠶᠠᠨ ᠬᠤᠶᠠᠷ ᠱᠠᠳᠤᠨ ᠤ ᠭᠤᠤᠯ ᠬᠠᠷᠢᠭᠤᠴᠠᠯᠭᠠᠳᠠᠨ ᠨᠦᠬᠦᠳ ᠵᠢᠴᠢ ᠪᠠᠴᠢᠮ ᠪᠠᠶᠢᠳᠠᠯ ᠢ | ᠠᠷᠭᠠᠴᠠᠭᠠᠬᠤ᠂ ᠠᠮᠢ ᠠᠬᠤᠢ ᠤᠷᠴᠢᠨ ᠳᠤᠭᠤᠷᠢᠨ ᠵᠡᠷᠬᠡ ᠰᠠᠯᠠᠭ᠎ᠠ ᠮᠦᠴᠢᠷ ᠤᠨ ᠬᠠᠷᠢᠭᠤ ᠮᠡᠳᠡᠬᠦᠯᠦᠯᠳᠡ ᠶᠢ | ᠬᠦᠯᠢᠶᠠᠨ ᠠᠪᠴᠤ ᠰᠤᠨᠤᠰᠤᠨ᠂ ᠠᠳᠡᠯ ᠡᠬᠦᠰᠦᠭᠰᠡᠨ ᠰᠢᠯᠳᠠᠭᠠᠨ ᠤ ᠪᠠᠶᠢᠴᠠᠭᠠᠯᠳᠠ᠂ ᠳᠤᠬᠠᠢ ᠶᠢᠨ ᠳᠠᠯᠠᠪᠠᠢ ᠶᠢᠨ | ᠰᠢᠢᠳᠪᠦᠷᠢᠯᠡᠯᠳᠡ᠂ ᠬᠦᠮᠦᠨ ᠬᠠᠷ᠎ᠠ ᠶᠢᠨ ᠠᠳᠡᠯ ᠰᠢᠷᠬᠠᠳᠤᠯ᠂ ᠦᠢᠷ᠎ᠠ ᠬᠠᠪᠢ ᠶᠢᠨ ᠤᠯᠠᠨ ᠳᠦᠮᠡᠨ ᠢ | ᠲᠦᠪᠬᠢᠨᠡᠬᠦᠯᠦᠭᠰᠡᠨ ᠵᠡᠷᠬᠡ ᠪᠠᠶᠢᠳᠠᠯ ᠢ ᠨᠠᠷᠢᠨ ᠬᠢᠨᠠᠮᠠᠭᠠᠢ ᠦᠢᠯᠠᠭᠠᠪᠠ᠃ ᠳᠡᠷᠡ ᠴᠢᠬᠤᠯᠠᠴᠢᠯᠠᠭᠰᠠᠨ ᠨᠢ᠂ ᠠᠳᠡᠯ ᠤᠨ | ᠰᠢᠯᠳᠠᠭᠠᠨ ᠢ ᠳᠠᠷᠤᠢ ᠳᠦᠷᠬᠡᠨ ᠪᠠᠶᠢᠴᠠᠭᠠᠨ ᠲᠤᠳᠤᠯᠠᠵᠤ᠂ ᠬᠠᠤᠯᠢ ᠶᠤᠰᠤᠭᠠᠷ ᠬᠠᠮᠢᠶ᠎ᠠ ᠪᠦᠬᠦᠢ ᠬᠦᠮᠦᠰ ᠠᠴᠠ | ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ᠃ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠵᠥ᠂ ᠭᠠᠮᠰᠢᠬ ᠳᠠᠬᠢᠨᠳᠠ | ᠡᠬᠦᠰᠬᠦ ᠦᠬᠡᠢ ᠪᠠᠶᠢᠬᠤ ᠶᠢ ᠪᠠᠳᠤᠯᠠᠵᠥ᠂ ᠠᠳᠡᠭᠰᠡᠳ ᠤᠨ ᠬᠡᠷ ᠤᠨ ᠬᠦᠮᠦᠰ ᠢ ᠲᠤᠬᠤᠨᠢᠭᠤᠯᠬᠤ ᠵᠢᠴᠢ ᠬᠤᠶᠢᠳᠤᠬᠢ | ᠶᠠᠪᠤᠳᠠᠯ ᠢ ᠰᠢᠢᠳᠪᠦᠷᠢᠯᠡᠬᠦ ᠠᠵᠢᠯ ᠢ ᠰᠠᠶᠢᠳᠤᠷ ᠬᠢᠵᠥ᠂ ᠠᠪᠤᠷᠠᠯᠳᠠ ᠶᠢᠨ ᠠᠩᠬᠢ ᠶᠢᠨ ᠬᠦᠮᠦᠰ ᠤᠨ ᠠᠮᠤᠷ | ᠳᠦᠪᠰᠢᠨ ᠢ ᠤᠨᠴᠠᠭᠠᠢᠢᠯᠠᠨ ᠠᠩᠬᠠᠷᠬᠤ ᠬᠡᠷᠡᠭᠳᠡᠢ᠃ ᠳᠤᠬᠠᠢ ᠶᠢᠨ ᠳᠠᠯᠠᠪᠠᠢ ᠪᠤᠯᠤᠨ ᠦᠢᠷ᠎ᠠ ᠬᠠᠪᠢ ᠶᠢᠨ ᠠᠭᠠᠷ | ᠮᠠᠨᠳᠠᠯ᠂ ᠤᠰᠤᠨ ᠤ ᠤᠷᠴᠢᠨ ᠳᠤᠭᠤᠷᠢᠨ ᠤ ᠬᠢᠨᠠᠨ ᠬᠡᠮᠵᠢᠯᠳᠡ ᠶᠢ ᠦᠷᠬᠦᠯᠵᠢᠯᠡᠨ ᠰᠠᠶᠢᠳᠤᠷ ᠬᠢᠵᠥ᠂ ᠠᠶᠤᠯ ᠢ | ᠡᠬᠢ ᠡᠬᠦᠰᠦᠯ ᠠᠴᠠ ᠨᠢ ᠪᠦᠳᠦᠮᠵᠢᠳᠡᠢ ᠰᠡᠷᠬᠡᠶᠢᠯᠡᠬᠦ ᠬᠡᠷᠡᠭᠳᠡᠢ ᠭᠡᠵᠡᠢ᠃ | ᠪᠦ᠋ ᠰᠢᠶᠤᠤ ᠯᠢᠨ ᠠᠳᠡᠯ ᠤᠨ ᠳᠤᠬᠠᠢ ᠶᠢᠨ ᠳᠠᠯᠠᠪᠠᠢ ᠳᠤ ᠬᠦᠨᠵᠡᠬᠡᠶᠢᠷᠡᠵᠥ᠂ ᠠᠪᠤᠷᠠᠯᠳᠠ ᠶᠢᠨ ᠠᠬᠢᠴᠠ | ᠪᠤᠯᠤᠨ ᠠᠳᠡᠯ ᠤᠨ ᠬᠡᠷᠡᠭ ᠢ ᠨᠢᠭᠲᠠᠯᠠᠨ ᠲᠤᠲᠤᠷᠠᠭᠤᠯᠤᠭᠰᠠᠨ ᠪᠠᠶᠢᠳᠠᠯ ᠢ ᠦᠢᠯᠠᠭᠠᠪᠠ᠃ ᠳᠡᠷᠡ ᠳᠤᠬᠠᠢ ᠶᠢᠨ | ᠳᠠᠯᠠᠪᠠᠢ ᠶᠢᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠭᠦᠢᠴᠡᠳ ᠡᠰᠡᠬᠦ︖ ᠳᠠᠬᠢᠨᠳᠠ ᠳᠡᠯᠪᠡᠷᠡᠯᠳᠡ ᠡᠬᠦᠰᠬᠦ | ᠪᠤᠯᠤᠯᠴᠠᠭ᠎ᠠ ᠪᠠᠶᠢᠬᠤ ᠡᠰᠡᠬᠦ︖ ᠳᠤᠬᠠᠢ ᠶᠢᠨ ᠳᠠᠯᠠᠪᠠᠢ ᠶᠢᠨ ᠢᠯᠡ ᠭᠠᠯ ᠬᠡᠳᠤᠢ ᠤᠳᠠᠭᠠᠨ ᠨᠤᠴᠤᠬᠤ︖ ᠬᠡᠬᠦ | ᠮᠡᠳᠤ ᠪᠠᠷ ᠨᠠᠷᠢᠨ ᠬᠢᠨᠠᠮᠠᠭᠠᠢ ᠠᠰᠠᠭᠤᠨ ᠤᠢᠢᠯᠠᠭᠠᠵᠤ᠂ ᠦᠢᠷ᠎ᠠ ᠵᠠᠢ ᠠᠴᠠ ᠳᠤᠬᠠᠢ ᠶᠢᠨ ᠳᠠᠯᠠᠪᠠᠢ ᠶᠢᠨ | ᠠᠪᠤᠷᠠᠯᠳᠠ ᠶᠢᠨ ᠠᠵᠢᠯ ᠢ ᠵᠢᠭᠠᠨ ᠵᠢᠯᠤᠭᠤᠳᠪᠠ᠃ ᠳᠡᠷᠡ ᠪᠠᠰᠠ ᠠᠳᠡᠯ ᠳᠤ ᠨᠦᠯᠦᠬᠡᠯᠡᠭᠳᠡᠭᠰᠡᠨ ᠵᠡᠬᠡᠯᠢ ᠭᠤᠳᠤᠮᠵᠢ᠂ | ᠬᠡᠥᠬᠡᠳ ᠤᠨ ᠴᠡᠴᠡᠷᠯᠢᠭ ᠵᠡᠷᠬᠡ ᠳᠠᠯᠠᠪᠤᠷ ᠢᠶᠠᠷ ᠬᠦᠷᠴᠤ ᠤᠯᠠᠨ ᠳᠦᠮᠡᠨ ᠢ ᠳᠠᠷᠬᠠᠭᠠᠵᠥ ᠳᠦᠪᠬᠢᠨᠡᠬᠦᠯᠦᠭᠰᠡᠡ | ᠪᠠᠶᠢᠳᠠᠯ ᠪᠠ ᠬᠡᠷ ᠪᠠᠶᠢᠰᠢᠩ ᠡᠪᠳᠡᠭᠳᠡᠭᠰᠡᠨ ᠪᠠᠶᠢᠳᠠᠯ ᠢ ᠦᠢᠯᠠᠭᠠᠵᠥ ᠪᠠᠶᠢᠴᠠᠭᠠᠨ ᠦᠵᠡᠪᠡ᠃ ᠳᠡᠷᠡ᠂ ᠠᠶᠤᠯ ᠦᠭᠡᠢ | ᠦᠢᠯᠡᠳᠪᠦᠷᠢᠯᠡᠯ ᠤᠨ ᠰᠡᠷᠡᠮᠵᠢ ᠶᠢᠨ ᠬᠤᠩᠬᠤ ᠶᠢ ᠡᠷᠬᠡᠪᠰᠢ ᠪᠠᠶᠢᠩᠭᠤ ᠴᠣᠬᠢᠵᠤ᠂ ᠪᠠᠶᠢᠩᠭᠤ ᠰᠤᠯᠠᠷᠠᠭᠤᠯᠤᠰᠢ ᠦᠬᠡᠢ | ᠠᠳᠬᠤᠬᠤ ᠬᠡᠷᠡᠭᠲᠡᠢ᠂ ᠦᠴᠦᠬᠡᠨ ᠳᠠᠳᠤᠢ ᠴᠤ ᠬᠠᠶᠢᠩᠭᠤ ᠬᠠᠨᠲᠤᠵᠤ ᠪᠤᠯᠬᠤ ᠦᠬᠡᠢ᠃ ᠡᠯ᠎ᠠ ᠱᠠᠳᠤ ᠡᠯ᠎ᠡ ᠰᠠᠯᠠᠭ᠎ᠠ | ᠮᠦᠴᠢᠷ ᠠᠳᠡᠯ ᠠᠴᠠ ᠬᠦᠨᠵᠡᠬᠡᠢ ᠰᠤᠷᠭᠠᠮᠵᠢ ᠠᠪᠴᠤ᠂ ᠠᠶᠤᠯ ᠦᠭᠡᠢ ᠦᠢᠯᠡᠳᠪᠦᠷᠢᠯᠡᠯ ᠤᠨ ᠰᠢᠭᠰᠢᠨ | ᠪᠠᠶᠢᠴᠠᠭᠠᠯᠳᠠ ᠶᠢ ᠳᠠᠷᠤᠢ ᠳᠦᠷᠬᠡᠨ ᠦᠷᠨᠢᠬᠦᠯᠵᠥ᠂ ᠦᠨᠴᠦᠭ ᠪᠤᠯᠤᠩ ᠦᠯᠡᠳᠡᠬᠡᠯ ᠦᠬᠡᠢ᠂ ᠬᠠᠰᠢ ᠶᠠᠰᠢ | ᠬᠠᠨᠳᠤᠬᠤ ᠦᠬᠡᠢ ᠪᠠᠶᠢᠬᠤ ᠶᠢ ᠪᠠᠳᠤᠯᠠᠬᠤ ᠬᠡᠷᠡᠭᠳᠡᠢ᠃ ᠠᠮᠤᠷ ᠳᠦᠪᠰᠢᠨ ᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠥ᠂ ᠠᠮᠤᠷ ᠳᠦᠪᠰᠢᠨ ᠤ ᠬᠢᠨᠠᠯᠳᠠ ᠪᠠᠶᠢᠴᠠᠭᠠᠯᠳᠠ ᠶᠢ ᠴᠢᠩᠭᠠᠳᠬᠠᠵᠥ᠂ ᠰᠡᠷᠬᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠥ᠂ ᠬᠦᠨᠳᠤ ᠳᠤᠮᠤ ᠶᠡᠭᠡ ᠠᠳᠡᠯ ᠡᠬᠦᠰᠬᠦ ᠶᠢ ᠡᠷᠡᠰ ᠬᠤᠷᠢᠬᠯᠠᠵᠥ᠂ | ᠦᠷᠬᠡᠨ ᠤᠯᠠᠨ ᠠᠷᠠᠳ ᠳᠦᠮᠡᠨ ᠤ ᠠᠮᠢ ᠨᠠᠰᠤ ᠡᠳ᠋ ᠬᠦᠷᠦᠩᠬᠡ ᠶᠢᠨ ᠠᠮᠤᠷ ᠳᠦᠪᠰᠢᠨ ᠢ ᠪᠠᠳᠤᠯᠠᠬᠤ ᠬᠡᠷᠡᠭᠳᠡᠢ | ᠭᠡᠵᠡᠢ᠃ | ᠦᠪᠡᠷᠳᠡᠬᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠡᠸᠤ ᠶᠠᠩ ᠰᠢᠶᠤᠤ ᠬᠤᠢ ᠪᠠᠷ᠎ᠠ ᠪᠤᠯᠵᠥ | ᠰᠢᠷᠬᠠᠳᠤᠬᠰᠠᠳ ᠢ ᠪᠤᠯᠭᠤᠭᠠᠨ ᠦᠵᠡᠪᠡ᠃ | | | | | | | | | | | |