4 ᠳ᠋ᠦ᠋ᠭᠡᠷ ᠰᠠᠷ᠎ᠠ ᠶᠢᠨ 14 ᠤ ᠡᠳᠦᠷ ᠪᠣᠯᠲᠠᠯ᠎ᠠ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ | ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ 388.83 ᠲᠦᠮᠡᠨ ᠲᠣᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 7.3% ᠨᠡᠮᠡᠭᠳᠡᠪᠡ᠃ ᠡᠭᠦᠨ ᠳᠤ᠂ | ᠭᠠᠳᠠᠭᠠᠳᠤ ᠣᠷᠤᠭᠤᠯᠤᠯᠲᠠ ᠶᠢᠨ ᠲᠡᠭᠡᠭᠡᠪᠦᠷᠢ ᠶᠢᠨ ᠬᠡᠮᠵᠢᠶ᠎ᠡ ᠨᠢ 326.65 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 7.8% ᠪᠠᠷ ᠨᠡᠮᠡᠭᠳᠡᠪᠡ︔ ᠭᠠᠳᠠᠭᠠᠳᠤ ᠭᠠᠷᠭᠠᠯᠲᠠ ᠶᠢᠨ ᠲᠡᠭᠡᠭᠡᠪᠦᠷᠢ ᠶᠢᠨ ᠬᠡᠮᠵᠢᠶ᠎ᠡ ᠨᠢ | 35.78 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.2% ᠢᠶᠠᠷ ᠨᠡᠮᠡᠭᠳᠡᠪᠡ᠃ | ᠬᠢᠯᠢ ᠪᠠᠷ ᠥᠩᠭᠡᠷᠡᠭᠰᠡᠨ ᠳᠤᠮᠳᠠᠳᠤ ᠧᠦ᠋ᠷᠣᠫᠠ ᠶᠢᠨ ᠵᠢᠱᠢᠶᠡᠨ ᠤ ᠭᠠᠯᠲᠤ ᠲᠡᠷᠭᠡ 390 ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 25% ᠪᠠᠷ ᠨᠡᠮᠡᠭᠳᠡᠪᠡ᠃ | ᠡᠨᠡ ᠵᠢᠯ ᠠᠴᠠ ᠨᠠᠭᠠᠰᠢ᠂ ᠮᠣᠩᠭᠤᠯ ᠤᠯᠤᠰ᠂ ᠣᠷᠣᠰ ᠵᠡᠷᠭᠡ ᠬᠢᠯᠢ ᠶᠢᠨ ᠭᠠᠳᠠᠨᠠᠬᠢ ᠡᠳ᠋ ᠪᠠᠷᠠᠭ᠎ᠠ ᠶᠢ | ᠲᠦᠷᠭᠡᠨ ᠭᠠᠳᠠᠭᠰᠢ ᠲᠡᠭᠡᠭᠡᠪᠦᠷᠢᠯᠡᠬᠦ ᠬᠡᠷᠡᠭᠴᠡᠭᠡ ᠳᠤ ᠴᠢᠭᠯᠡᠭᠦᠯᠦᠨ᠂ ᠡᠷᠢᠶᠡᠨ ᠬᠤᠲᠠ ᠶᠢᠨ ᠲᠡᠮᠦᠷ ᠵᠠᠮ ᠤᠨ | ᠪᠣᠭᠤᠮᠲᠠ ᠨᠢ ᠡᠯ᠎ᠡ ᠰᠠᠯᠠᠭ᠎ᠠ ᠮᠦᠴᠢᠷ ᠤᠨ ᠢᠶᠠᠨ ᠵᠣᠬᠢᠴᠠᠭᠤᠯᠤᠨ ᠬᠠᠮᠲᠤᠷᠠᠯᠴᠠᠬᠤ ᠪᠠᠨ ᠴᠢᠩᠭᠠᠳᠬᠠᠵᠤ᠂ | ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠪᠠᠨ ᠲᠠᠰᠤᠷᠠᠯᠲᠠ ᠥᠬᠡᠶ ᠰᠢᠯᠢᠳᠡᠭᠵᠢᠭᠦᠯᠦᠨ᠂ ᠲᠡᠭᠡᠭᠡᠪᠦᠷᠢ ᠶᠢᠨ ᠦᠷ᠎ᠡ | ᠪᠦᠲᠦᠮᠵᠢ ᠪᠠᠨ ᠳᠡᠭᠡᠭᠰᠢᠯᠡᠭᠦᠯᠵᠦ᠂ ᠡᠷᠢᠶᠡᠨ ᠬᠤᠲᠠ ᠶᠢᠨ ᠪᠣᠭᠤᠮᠲᠠ ᠶᠢᠨ ᠭᠠᠳᠠᠭᠠᠳᠤ ᠣᠷᠤᠭᠤᠯᠤᠯᠲᠠ | ᠭᠠᠷᠭᠠᠯᠲᠠ ᠶᠢᠨ ᠲᠡᠭᠡᠭᠡᠪᠦᠷᠢ ᠶᠢᠨ ᠬᠡᠮᠵᠢᠶ᠎ᠡ ᠶᠢᠨ ᠰᠢᠷᠦᠭᠦᠨ ᠨᠡᠮᠡᠭᠳᠡᠬᠦ ᠪᠠᠶᠢᠳᠠᠯ ᠢ ᠪᠠᠲᠤᠯᠠᠪᠠ᠃ ᠲᠤᠰ ᠥᠷᠲᠡᠭᠡ ᠨᠢ | ᠤᠯᠤᠰ ᠤᠨ ︽ᠬᠥᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ︾ ᠪᠠ ︽ᠵᠠᠰᠠᠮᠠᠯ ᠵᠠᠮ ᠠᠴᠠ ᠲᠡᠮᠦᠷ ᠵᠠᠮ ᠳᠤ | ᠰᠢᠯᠵᠢᠬᠦ︾ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ᠂ ︽ | ᠬᠡᠷᠡᠭᠯᠡᠭᠴᠢᠳ ᠢ ᠨᠠᠩ ᠬᠠᠨᠤᠮᠵᠢᠲᠠᠢ ᠪᠣᠯᠭᠠᠬᠤ ᠪᠣᠯ ᠳᠠᠷᠤᠢ ᠮᠠᠨ ᠤ ᠦᠢᠯᠡᠴᠢᠯᠡᠭᠡᠨ ᠤ ᠬᠥᠭᠡᠭᠡᠴᠡᠯᠳᠦᠯ ᠮᠥᠨ︾ | ᠭᠡᠬᠦ ᠣᠨᠣᠯᠵᠢᠬᠤᠨ ᠢ ᠪᠠᠷᠢᠮᠳᠠᠯᠠᠨ᠂ ᠬᠢᠯᠢ ᠶᠢᠨ ᠪᠠᠶᠢᠴᠠᠭᠠᠬᠤ ᠲᠠᠯᠠᠪᠤᠷ ᠤᠨ ᠲᠡᠷᠭᠡ ᠲᠤᠰᠴᠤ ᠶᠠᠪᠤᠭᠤᠯᠬᠤ | ᠠᠵᠢᠯ ᠤᠨ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠵᠦ᠂ ᠬᠥᠮᠦᠨ ᠤ ᠬᠦᠴᠦ᠂ ᠮᠠᠰᠢᠨ ᠪᠠᠭᠠᠵᠢ ᠶᠢ ᠵᠣᠬᠢᠰᠲᠠᠢ | ᠲᠣᠬᠢᠷᠠᠭᠤᠯᠤᠨ᠂ ᠠᠵᠢᠯ ᠤᠨ ᠵᠣᠬᠢᠶᠠᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ | ᠳᠡᠭᠡᠭᠰᠢᠯᠡᠭᠦᠯᠦᠭᠰᠡᠨ ᠪᠠᠶᠢᠨ᠎ᠠ︔ ᠲᠣᠰᠴᠤ ᠠᠪᠬᠤ ᠬᠦᠷᠭᠡᠬᠦ ᠱᠤᠭᠤᠮ ᠤᠨ ᠬᠡᠷᠡᠭᠯᠡᠯᠲᠡ ᠶᠢ ᠴᠢᠩᠭᠠᠳᠬᠠᠵᠤ᠂ | ᠮᠣᠩᠭᠤᠯ ᠤᠯᠤᠰ ᠠᠴᠠ 6000 ᠲᠣᠨ ᠤ ᠭᠠᠯᠲᠤ ᠲᠡᠷᠭᠡ ᠶᠢᠨ ᠲᠡᠭᠡᠭᠡᠪᠦᠷᠢ ᠶᠢᠨ ᠪᠠᠶᠢᠩᠭᠤᠵᠢᠭᠤᠯᠤᠨ ᠵᠠᠯᠭᠠᠨ | ᠲᠡᠭᠡᠭᠡᠪᠦᠷᠢᠯᠡᠬᠦ ᠶᠢ ᠪᠡᠶᠡᠯᠡᠭᠦᠯᠪᠡ︔ ᠲᠡᠷᠭᠡᠨ ᠲᠡᠳᠡᠨ ᠬᠦᠷᠭᠡᠬᠦ ᠠᠵᠢᠯ ᠤᠨ ᠳᠤᠭᠤᠶᠢᠯᠠᠩ ᠨᠢ ᠶᠡᠭᠡ ᠳᠤᠭᠤᠶᠢᠯᠠᠩ ᠢ | ᠳᠠᠭᠠᠬᠤ ᠵᠠᠷᠴᠢᠮ ᠢᠶᠠᠨ ᠦᠷᠭᠦᠯᠵᠢᠯᠡᠨ ᠪᠠᠷᠢᠮᠲᠠᠯᠠᠵᠤ᠂ ᠲᠡᠷᠭᠡ ᠲᠣᠬᠢᠷᠠᠭᠤᠯᠬᠤ ᠴᠢᠳᠠᠪᠤᠷᠢ ᠪᠠᠨ ᠪᠦᠲᠦᠮᠵᠢᠲᠡᠢ | ᠪᠠᠳᠠᠷᠠᠭᠤᠯᠪᠠ︔ ᠪᠣᠭᠤᠮᠲᠠ ᠯᠤᠭ᠎ᠠ ᠲᠣᠭᠲᠠᠮᠠᠯ ᠬᠤᠭᠤᠴᠠᠭ᠎ᠠ ᠲᠠᠢ ᠪᠠᠷ ᠵᠣᠬᠢᠴᠠᠭᠤᠯᠤᠨ ᠪᠠᠲᠤᠯᠠᠬᠤ ᠲᠣᠭᠲᠠᠴᠠ ᠶᠢ | ᠨᠠᠶᠢᠳᠠᠪᠤᠷᠢᠵᠢᠭᠤᠯᠵᠦ᠂ ᠲᠡᠭᠡᠭᠡᠪᠦᠷᠢ ᠶᠢᠨ ᠪᠠᠭᠠᠵᠢ ᠬᠡᠷᠡᠭᠰᠡᠯ ᠢ 24 ᠴᠠᠭ ᠢᠶᠠᠷ ᠪᠣᠭᠤᠮᠲᠠ ᠪᠠᠷ ᠥᠩᠭᠡᠷᠡᠭᠦᠯᠬᠦ ᠶᠢ | ᠪᠡᠶᠡᠯᠡᠭᠦᠯᠪᠡ︔ ᠳᠤᠮᠳᠠᠳᠤ ᠮᠣᠩᠭᠤᠯ ᠤᠨ ᠬᠢᠯᠢ ᠶᠢᠨ ᠥᠷᠲᠡᠭᠡ ᠶᠢᠨ ︽ᠡᠳᠦᠷ ᠲᠤ ᠪᠠᠨ ᠤᠲᠠᠰᠤ ᠪᠠᠷ ᠶᠠᠷᠢᠯᠴᠠᠵᠦ᠂ | ᠰᠠᠷ᠎ᠠ ᠳᠤ ᠪᠠᠨ ᠠᠭᠤᠯᠵᠠᠯᠲᠠ ᠬᠢᠬᠦ︾ ᠲᠣᠭᠲᠠᠴᠠ ᠶᠢ ᠠᠰᠢᠭᠯᠠ᠂ ᠮᠣᠩᠭᠤᠯ ᠤᠯᠤᠰ ᠠᠴᠠ ᠢᠷᠡᠬᠦ ᠭᠠᠯᠲᠤ | ᠲᠡᠷᠭᠡᠨ ᠤ ᠵᠣᠬᠢᠶᠠᠨ ᠪᠠᠶᠢᠭᠤᠯᠤᠯᠲᠠ ᠶᠢᠨ ᠶᠠᠰᠤ ᠴᠢᠨᠠᠷ ᠢ ᠰᠠᠶᠢᠵᠢᠷᠠᠭᠤᠯᠵᠤ᠂ ᠪᠠᠷᠢᠮᠵᠢᠶᠠᠲᠤ ᠵᠠᠮ ᠢᠶᠠᠷ ᠭᠠᠳᠠᠭᠰᠢ | ᠭᠠᠷᠬᠤ ᠭᠠᠯᠲᠤ ᠲᠡᠷᠭᠡᠨ ᠤ ᠵᠣᠬᠢᠶᠠᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠣᠭᠤᠮᠲᠠ ᠶᠢᠨ | ᠡᠳ᠋ ᠪᠠᠷᠠᠭ᠎ᠠ ᠶᠢ ᠲᠦᠷᠭᠡᠨ ᠭᠠᠷᠭᠠᠵᠤ ᠲᠦᠷᠭᠡᠨ ᠣᠷᠤᠭᠤᠯᠬᠤ ᠶᠢ ᠴᠢᠷᠮᠠᠶᠢᠨ ᠪᠡᠶᠡᠯᠡᠭᠦᠯᠵᠦ ᠪᠣᠢ᠃ |