ᠯᠢ ᠵᠢᠢ ᠾᠸᠡᠭ ᠦᠪᠤᠷ ᠮᠤᠩᠭᠤᠯ ᠤᠨ ᠲᠠᠷᠢᠶᠠᠯᠡᠩ ᠤᠨ ᠶᠡᠭᠡ ᠰᠤᠷᠭᠠᠭᠤᠯᠢ ᠳᠤ ᠴᠠᠭ ᠤᠨ ᠪᠠᠶᠢᠳᠠᠯ ᠲᠦᠷᠤ ᠶᠢᠨ ᠪᠤᠳᠤᠯᠭ᠎ᠠ ᠶᠢᠨ ᠮᠡᠳᠡᠭᠦᠯᠤᠯᠳᠠ ᠬᠢᠭᠦ ᠳᠤ ᠪᠠᠨ ᠦᠷᠭᠡᠨ ᠤᠯᠠᠨ ᠪᠠᠭᠰᠢ ᠰᠤᠷᠤᠭᠴᠢ ᠶᠢ ᠵᠤᠷᠢᠭᠵᠢᠭᠤᠯᠤᠭᠰᠠᠨ ᠨᠢ ᠢᠳᠡᠭᠡᠯ ᠪᠢᠰᠢᠷᠠᠯ ᠢᠶᠠᠨ ᠪᠠᠳᠤᠳᠬᠠᠵᠤ ᠢᠳᠡᠬᠡᠯ ᠬᠦᠰᠡᠯ ᠢᠶᠠᠨ ᠬᠦᠪᠴᠢᠯᠠᠵᠤ ᠢᠳᠡᠬᠡᠯ ᠵᠤᠷᠢᠭ ᠢᠶᠠᠨ ᠴᠢᠩᠭᠠᠳᠬᠠᠵᠤ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠳᠠᠯᠠᠨ ᠭᠦᠭᠵᠢᠭᠦᠯᠭᠦ ᠶᠢᠨ ᠲᠦᠯᠤᠭᠡ ᠪᠤᠤᠬᠢᠶ᠎ᠠ ᠳᠠᠮᠵᠢᠭᠤᠯᠤᠨ ᠲᠡᠮᠡᠴᠡᠰᠦᠬᠡᠢ ᠭᠡᠵᠡᠢ
ᠨᠡᠶᠢᠲᠡᠯᠡᠭᠰᠡᠨ ᠴᠠᠭ᠄
2019/4/26
     4 ᠳ᠋ᠦ᠋ᠭᠡᠷ ᠰᠠᠷ᠎ᠠ ᠶᠢᠨ 25᠎ ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠦᠪᠤᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ ᠬᠦᠷᠴᠤ᠂ ᠦᠷᠭᠡᠨ ᠤᠯᠠᠨ ᠪᠠᠭᠰᠢ ᠰᠤᠷᠤᠭᠴᠢ ᠳᠤ ︽ᠢᠳᠡᠭᠡᠯ ᠪᠢᠰᠢᠷᠠᠯ ᠢᠶᠠᠨ ᠪᠠᠳᠤᠳᠬᠠᠵᠤ ᠢᠳᠡᠬᠡᠯ ᠬᠦᠰᠡᠯ ᠢᠶᠠᠨ ᠬᠦᠪᠴᠢᠯᠠᠵᠤ ᠢᠳᠡᠬᠡᠯ ᠵᠤᠷᠢᠭ ᠢᠶᠠᠨ ᠴᠢᠩᠭᠠᠳᠬᠠᠵᠤ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠳᠠᠯᠠᠨ ᠭᠦᠭᠵᠢᠭᠦᠯᠭᠦ ᠶᠢᠨ ᠲᠦᠯᠤᠭᠡ ᠪᠤᠤᠬᠢᠶ᠎ᠠ ᠳᠠᠮᠵᠢᠭᠤᠯᠤᠨ ᠲᠡᠮᠡᠴᠡᠰᠦᠬᠡᠢ︾ ᠭᠡᠭᠦ ᠰᠡᠳᠤᠪ ᠢᠶᠠᠷ ᠮᠡᠳᠡᠭᠦᠯᠦᠯᠲᠡ ᠬᠢᠵᠡᠢ᠃      4 ᠳ᠋ᠦ᠋ᠭᠡᠷ ᠰᠠᠷ᠎ᠠ ᠶᠢᠨ 25᠎ ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠦᠪᠤᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ ᠬᠦᠷᠴᠤ᠂ ᠦᠷᠭᠡᠨ ᠤᠯᠠᠨ ᠪᠠᠭᠰᠢ ᠰᠤᠷᠤᠭᠴᠢ ᠶᠢ ᠪᠤᠯᠭᠤᠭᠠᠨ ᠦᠵᠡᠭᠰᠡᠨ ᠪᠦᠭᠡᠳ ᠴᠠᠭ ᠤᠨ ᠪᠠᠶᠢᠳᠠᠯ ᠲᠦᠷᠤ ᠶᠢᠨ ᠪᠤᠳᠤᠯᠭ᠎ᠠ ᠶᠢᠨ ᠮᠡᠳᠡᠭᠦᠯᠤᠯᠳᠠ ᠬᠢᠵᠤ᠂ ᠲᠠᠪᠤᠨ ᠰᠠᠷ᠎ᠠ ᠶᠢᠨ ᠲᠦᠷᠪᠡᠨ ᠤ ᠭᠦᠳᠡᠯᠭᠡᠭᠡᠨ ᠡᠬᠦᠰᠦᠭᠰᠡᠨ 100 ᠵᠢᠯ ᠤᠨ ᠤᠢ ᠶᠢ ᠲᠤᠷᠠᠰᠬᠠᠪᠠ᠃      ᠮᠡᠳᠡᠭᠦᠯᠤᠯᠳᠠ ᠶᠢᠨ ᠬᠤᠷᠠᠯ ᠳᠤ᠂ ᠯᠢ ᠵᠢᠢ ᠾᠸᠡᠭ ᠬᠡᠯᠡᠭᠰᠡᠨ ᠨᠢ᠂ ᠲᠠᠪᠤᠨ ᠰᠠᠷ᠎ᠠ ᠶᠢᠨ ᠲᠦᠷᠪᠠᠨ ᠤ ᠭᠦᠳᠡᠯᠭᠡᠭᠡᠨ ᠪᠤᠯ ᠮᠠᠨ ᠤ ᠤᠯᠤᠰ ᠤᠨ ᠤᠷᠴᠢᠨ ᠤᠳᠤ ᠦᠶ᠎ᠠ ᠶᠢᠨ ᠲᠡᠤᠭᠡᠨ ᠳᠠᠬᠢ ᠬᠦᠰᠢᠶ᠎ᠡ ᠲᠡᠮᠳᠡᠭ ᠤᠨ ᠠᠴᠢ ᠬᠤᠯᠪᠤᠬᠳᠠᠯ ᠪᠦᠬᠦᠢ ᠴᠢᠬᠤᠯᠠ ᠶᠡᠭᠡ ᠶᠠᠪᠤᠳᠠᠯ ᠪᠤᠯᠤᠨ᠎ᠠ᠂ ᠦᠷᠭᠡᠨ ᠤᠯᠠᠨ ᠵᠠᠯᠠᠭᠤᠴᠤᠳ ᠤᠨ ᠲᠠᠪᠤᠨ ᠰᠠᠷ᠎ᠠ ᠶᠢᠨ ᠳᠦᠷᠪᠡᠨ ᠢ ᠳᠤᠷᠠᠰᠬᠠᠬᠤ ᠬᠠᠮᠤᠭ ᠤᠨ ᠰᠠᠶᠢᠨ ᠠᠷᠭ᠎ᠠ ᠨᠢ ᠲᠤᠮᠳᠠᠳᠤ ᠤᠯᠤᠰ ᠤᠨ ᠡᠪ ᠬᠠᠮᠳᠤ ᠨᠠᠮ ᠶᠠᠭᠤᠨ ᠤ ᠤᠴᠢᠷ ᠠᠴᠠ ︽ᠴᠢᠳᠠᠬᠤ︾᠂ ᠮᠠᠷᠺᠰ ᠤᠨ ᠦᠵᠡᠯ ᠶᠠᠭᠤᠨ ᠤ ᠤᠴᠢᠷ ᠠᠴᠠ ︽ᠪᠤᠯᠬᠤ︾᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠶᠠᠭᠤᠨ ᠤ ᠤᠴᠢᠷ ᠠᠴᠠ ︽ᠰᠠᠶᠢᠨ︾ ᠪᠠᠶᠢᠬᠤ ᠵᠡᠷᠭᠡ ᠴᠢᠬᠤᠯᠠ ᠶᠡᠭᠡ ᠠᠰᠠᠭᠤᠳᠠᠯ ᠤᠨ ᠳᠤᠬᠠᠢ ᠲᠠᠨᠢᠯᠳᠠ ᠪᠤᠯᠤᠨ ᠦᠢᠯᠠᠭᠠᠯᠳᠠ ᠪᠠᠨ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠮᠠᠷᠺᠰ ᠤᠨ ᠦᠵᠠᠯ ᠤᠨ ᠳᠤᠬᠠᠢ ᠢᠳᠡᠭᠡᠯ ᠪᠢᠰᠢᠷᠡᠯ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠳᠤᠬᠠᠢ ᠢᠳᠡᠬᠡᠯ ᠬᠦᠰᠡᠯ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠲᠤᠬᠠᠢ ᠢᠳᠡᠬᠡᠯ ᠵᠤᠷᠢᠭ ᠢᠶᠠᠨ ᠤᠯᠠᠮ ᠪᠠᠳᠤᠳᠬᠠᠵᠤ᠂ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ ᠨᠡᠶᠢᠭᠡᠮ ᠵᠢᠷᠤᠮ ᠢᠶᠠᠨ ᠬᠠᠶᠢᠷᠠᠯᠠᠬᠤ ᠤᠷᠬᠢᠯᠤᠮ᠎ᠠ ᠬᠠᠯᠠᠭᠤᠨ ᠰᠡᠳᠬᠢᠯᠭᠡ ᠪᠠᠨ ᠭᠦᠢᠴᠡᠳ ᠪᠠᠳᠠᠷᠠᠭᠤᠯᠵᠤ᠂ ᠨᠠᠮ ᠤᠨ ᠤᠳᠤᠷᠢᠳᠤᠯᠭ᠎ᠠ ᠲᠤᠤᠷ᠎ᠠ ᠲᠡᠤᠭᠡ ᠶᠢᠨ ᠬᠦᠨᠳᠤ ᠡᠭᠦᠷᠭᠡ ᠶᠢ ᠡᠭᠦᠷᠭᠡᠯᠠᠵᠤ᠂ ᠲᠡᠦᠬᠡᠨ ᠬᠠᠷᠢᠭᠤᠴᠠᠯᠭ᠎ᠠ ᠪᠠᠨ ᠰᠠᠶᠢᠳᠤᠷ ᠭᠦᠢᠴᠡᠳᠭᠡᠭᠦ ᠳᠤ ᠪᠤᠢ ᠭᠡᠵᠡᠢ᠃      ᠯᠢ ᠵᠢᠢ ᠾᠸᠡᠭ ︽ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠳᠠᠯᠠᠨ ᠭᠦᠭᠵᠢᠭᠦᠯᠭᠦ︾ ᠭᠤᠤᠯ ᠰᠡᠳᠤᠪ  ᠎ ᠤᠨ ᠲᠤᠭᠤᠷᠢᠨ ᠳᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠭᠡᠷᠬᠢᠨ ᠢᠷᠡᠭᠰᠠᠨ ᠲᠤᠬᠠᠢ ᠭᠦᠨᠵᠡᠭᠡᠢ ᠪᠦᠭᠡᠳ ᠤᠢᠢᠯᠠᠭᠠᠮᠵᠢᠳᠠᠢ ᠲᠠᠶᠢᠯᠪᠤᠷᠢᠯᠠᠨ ᠶᠠᠷᠢᠵᠤ᠂ ᠦᠷᠭᠡᠨ ᠤᠯᠠᠨ ᠵᠠᠯᠠᠭᠤ ᠰᠤᠷᠤᠭᠴᠢᠳ ᠢ ᠢᠳᠡᠭᠡᠯ ᠵᠤᠷᠢᠭ ᠢᠶᠠᠨ ᠱᠤᠭᠤᠵᠤ᠂ ᠦᠵᠠᠯ ᠤᠬᠠᠮᠰᠠᠷ ᠢᠶᠠᠨ ᠲᠡᠭᠡᠭᠰᠢᠯᠡᠬᠦᠯᠵᠤ᠂ ᠦᠢᠯᠠ ᠠᠵᠢᠯᠯᠠᠭ᠎ᠠ ᠪᠠᠨ ᠪᠠᠳᠤᠳᠬᠠᠵᠤ᠂ ᠨᠠᠮ ᠤᠨ ᠲᠤᠭ ᠤᠨ ᠲᠤᠤᠷ᠎ᠠ ᠴᠢᠩᠭ᠎ᠠ ᠨᠢᠭᠳᠠᠷᠠᠵᠤ᠂ ᠢᠮᠠᠭᠳᠠ ᠬᠠᠮᠳᠤ ᠶᠢᠨ ᠭᠦᠰᠡᠯᠡᠩ ᠢ ᠪᠡᠶᠡᠯᠡᠭᠦᠯᠭᠦ ᠵᠠᠮ ᠳᠡᠭᠡᠷ᠎ᠠ ᠡᠷᠡᠯᠭᠡᠭᠯᠡᠨ ᠲᠡᠮᠡᠴᠡᠭᠦ ᠭᠡᠷᠡᠭᠳᠠᠢ ᠭᠡᠵᠤ ᠵᠤᠷᠢᠭᠵᠢᠭᠤᠯᠪᠠ᠃ ᠯᠢ ᠵᠢᠢ ᠾᠸᠡᠭ ᠬᠡᠯᠡᠭᠰᠡᠨ ᠨᠢ᠂ ᠵᠦᠪ ᠬᠦᠰᠡᠯᠡᠩ ᠢᠳᠡᠭᠡᠯ ᠪᠢᠰᠢᠷᠡᠯ ᠢ ᠪᠤᠢ ᠪᠤᠯᠭᠠᠵᠤ᠂ ᠬᠦᠮᠦᠨ ᠤ ᠠᠮᠢᠳᠤᠷᠠᠯ ᠤᠨ ᠵᠦᠪ ᠴᠢᠭᠯᠡᠯ ᠢ ᠪᠠᠷᠢᠮᠳᠠᠯᠠᠬᠤ ᠳᠤ ᠡᠷᠭᠡᠪᠰᠢ ᠰᠢᠨᠵᠢᠯᠡᠭᠦ ᠤᠬᠠᠭᠠᠨᠴᠢ ᠦᠨᠠᠨ ᠶᠤᠰᠤᠨ ᠤ ᠵᠢᠭᠠᠨ ᠵᠢᠯᠤᠭᠤᠳᠤᠯᠭ᠎ᠠ ᠪᠠᠶᠢᠬᠤ ᠭᠡᠷᠡᠭᠳᠠᠢ ᠭᠡᠵᠡᠢ᠃ ᠳᠡᠷᠡ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭᠠᠨ ᠤ ᠪᠤᠢ ᠪᠤᠯᠵᠥ ᠪᠦᠷᠢᠯᠳᠦᠭᠰᠡᠨ ᠳᠡᠥᠬᠡᠨ ᠨᠦᠬᠦᠴᠡᠯ᠂ ᠡᠬᠦᠳᠦᠨ ᠴᠤᠬᠴᠠᠯᠠᠬᠰᠠᠨ ᠰᠢᠨᠵᠢᠯᠡᠬᠦ ᠤᠬᠠᠭᠠᠨᠴᠢ ᠰᠢᠰᠲ᠋ᠧᠮᠵᠢ᠂ ᠠᠭᠤᠯᠬᠤ ᠴᠢᠬᠤᠯᠠ ᠶᠡᠭᠡ ᠠᠴᠢ ᠬᠤᠯᠪᠤᠬᠳᠠᠯ ᠢ ᠰᠢᠰᠲ᠋ᠧᠮ ᠲᠠᠢ ᠨᠠᠷᠢᠨ ᠳᠤᠳᠤᠷᠬᠠᠢ ᠳᠠᠶᠢᠯᠪᠤᠷᠢᠯᠠᠨ ᠦᠬᠦᠯᠡᠵᠦ᠂ ᠦᠷᠭᠡᠨ ᠤᠯᠠᠨ ᠰᠤᠷᠤᠬᠴᠢᠳ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠶᠤᠰᠤ ᠰᠤᠷᠳᠠᠬᠤᠨ ᠢᠶᠠᠨ ᠪᠤᠢ ᠪᠤᠯᠭᠠᠬᠤ᠂ ᠪᠡᠶ᠎ᠡ ᠪᠠᠨ ᠵᠠᠰᠠᠬᠤ᠂ ᠰᠦᠭ ᠰᠦᠯᠳᠡ ᠪᠠᠨ ᠱᠤᠭᠤᠬᠤ ᠪᠠ ᠦᠰᠦᠨ ᠪᠤᠶᠢᠵᠢᠬᠤ᠂ ᠴᠢᠳᠠᠪᠤᠷᠢᠳᠠᠨ ᠪᠤᠯᠬᠤ᠂ ᠬᠦᠮᠦᠨ ᠪᠤᠯᠬᠤ ᠶᠢᠨ ᠦᠨᠳᠦᠰᠦᠨ ᠵᠦᠭᠯᠡᠬᠦᠷ ᠢᠶᠠᠨ ᠪᠤᠯᠭᠠᠵᠥ᠂ ᠰᠤᠷᠤᠯᠴᠠᠬᠤ ᠶᠢᠨ ᠳᠠᠭᠠᠤ ᠰᠡᠳᠬᠢᠵᠥ ᠦᠢᠯᠡᠳᠦᠯᠬᠡᠵᠢᠬᠦᠯᠬᠦ ᠶᠢᠨ ᠳᠠᠭᠠᠤ ᠤᠢᠢᠯᠠᠭᠠᠵᠤ ᠤᠬᠠᠵᠤ᠂ ᠬᠦᠨᠵᠡᠬᠡᠢ ᠰᠤᠷᠤᠯᠴᠠᠨ ᠯᠠᠪᠳᠠᠭᠤᠨ ᠪᠠᠳᠤᠳᠠᠢ ᠦᠢᠯᠡᠳᠦᠯᠬᠡᠵᠢᠬᠦᠯᠵᠥ᠂ ᠵᠠᠯᠠᠭᠤ ᠨᠠᠰᠤ᠂ ᠬᠠᠯᠠᠭᠤᠨ ᠰᠡᠳᠬᠢᠯᠭᠡ᠂ ᠤᠶᠤᠨ ᠤᠬᠠᠭᠠᠨ ᠪᠤᠯᠤᠨ ᠬᠦᠴᠦ ᠬᠦᠯᠦᠰᠤ ᠪᠠᠷ ᠢᠶᠠᠨ ᠦᠵᠡᠰᠬᠦᠯᠡᠩᠳᠤ ᠰᠠᠶᠢᠬᠠᠨ ᠦᠪᠦᠷ ᠮᠤᠩᠭᠤᠯ ᠢᠶᠠᠨ ᠪᠦᠳᠦᠬᠡᠨ ᠪᠠᠶᠢᠭᠤᠯᠵᠥ᠂ ᠠᠭᠤᠤ ᠶᠡᠭᠡ ᠳᠤᠮᠳᠠᠳᠤ ᠶᠢᠨ ᠵᠡᠬᠦᠳᠤ ᠪᠠᠨ ᠬᠠᠮᠳᠤ ᠪᠠᠷ ᠳᠡᠷᠬᠡᠯᠰᠢᠬᠦᠯᠬᠦ ᠴᠠᠬ ᠦᠶ᠎ᠡ ᠶᠢᠨ ᠢᠷᠡᠭᠤ ᠳᠤᠤᠯᠢᠰ ᠢ ᠪᠢᠴᠢᠭᠯᠡᠬᠦ ᠬᠡᠷᠡᠭᠳᠡᠢ ᠬᠡᠵᠥ ᠰᠤᠷᠭᠠᠨ ᠬᠦᠮᠦᠵᠢᠬᠦᠯᠵᠥ ᠬᠦᠲᠦᠯᠦᠨ ᠵᠢᠯᠤᠭᠤᠳᠪᠠ᠃      ︽ᠵᠠᠯᠠᠭᠤᠴᠤᠳ ᠬᠡᠷᠬᠢᠨ ᠬᠢᠷᠢ ᠳᠡᠩᠴᠡᠭᠰᠡᠨ ᠨᠡᠶᠢᠬᠡᠮ ᠵᠢᠷᠤᠮ ᠤᠨ ᠪᠦᠳᠦᠬᠡᠨ ᠪᠠᠶᠢᠭᠤᠯᠤᠬᠴᠢ ᠪᠠ ᠵᠠᠯᠭᠠᠮᠵᠢᠯᠠᠬᠴᠢ ᠪᠤᠯᠬᠤ ᠪᠤᠢ︖︾ ᠭᠡᠬᠦ ᠠᠰᠠᠭᠤᠯᠳᠠ ᠳᠤ᠂ ᠯᠢ ᠵᠢᠢ ᠾᠧᠩ ᠦᠷᠬᠡᠨ ᠤᠯᠠᠨ ᠵᠠᠯᠠᠭᠤᠴᠤᠳ ᠤᠯᠤᠰ ᠢᠶᠠᠨ ᠬᠠᠶᠢᠷᠠᠯᠠᠬᠤ ᠰᠡᠳᠬᠢᠯᠬᠡ ᠶᠢ ᠬᠦᠨ ᠦᠨᠳᠦᠰᠦᠯᠡᠬᠦᠯᠵᠥ᠂ ᠶᠤᠰᠤ ᠰᠤᠷᠳᠠᠬᠤᠨ ᠤ ᠬᠦᠮᠦᠵᠢᠯ ᠢᠶᠠᠨ ᠴᠢᠩᠭᠠᠳᠬᠠᠵᠥ᠂ ᠮᠡᠳᠡᠯᠬᠡ ᠮᠡᠳᠡᠴᠡ ᠪᠠᠨ ᠨᠡᠮᠡᠭᠳᠡᠬᠦᠯᠵᠥ᠂ ᠳᠡᠮᠡᠴᠡᠯ ᠤᠨ ᠵᠤᠷᠢᠭ ᠰᠠᠨᠠᠭ᠎ᠠ ᠶᠢ ᠬᠦᠮᠦᠵᠢᠬᠦᠯᠵᠥ᠂ ᠪᠤᠳᠠᠳᠠᠢ ᠠᠵᠢᠯᠯᠠᠬᠤ ᠵᠠᠩ ᠴᠢᠨᠠᠷ ᠢ ᠡᠷᠬᠢᠮᠯᠡᠵᠦ᠂ ᠵᠤᠷᠢᠬᠳᠠᠢ ᠪᠠᠷ ᠬᠦᠰᠡᠯ ᠵᠡᠭᠦᠳᠦ ᠪᠠᠨ ᠬᠦᠪᠤᠷᠡᠭᠦᠯᠵᠦ᠂ ᠵᠤᠷᠢᠬᠳᠠᠢ ᠪᠠᠷ ᠬᠦᠰᠡᠯ ᠵᠡᠭᠦᠳᠦ ᠪᠠᠨ ᠬᠦᠭᠡᠭᠡᠴᠡᠯᠳᠦᠵᠦ᠂ ᠬᠦᠰᠡᠯ ᠵᠡᠭᠦᠳᠦ ᠪᠠᠨ ᠳᠡᠷᠬᠡᠯᠰᠢᠬᠦᠯᠬᠦ ᠪᠠᠷ ᠰᠢᠷᠭᠠᠭᠤ ᠲᠡᠮᠡᠴᠡᠵᠦ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ ᠪᠠᠷᠢᠮᠳᠠᠯᠠᠨ ᠬᠦᠭᠵᠢᠭᠦᠯᠬᠦ ᠦᠢᠯᠡᠳᠦᠯᠬᠡ ᠳᠤᠮᠳᠠ ᠬᠦᠮᠦᠨ ᠤ ᠠᠮᠢᠳᠤᠷᠠᠯ ᠤᠨ ᠦᠨ᠎ᠠ ᠦᠷᠳᠡᠭ ᠢᠶᠠᠨ ᠬᠠᠷᠠᠭᠤᠯᠵᠤ᠂ ᠡᠷᠬᠢᠮ ᠳᠡᠬᠡᠳᠤ ᠬᠦᠰᠡᠯᠡᠩ ᠢᠶᠠᠨ ᠪᠡᠶᠡᠯᠡᠬᠦᠯᠬᠦ ᠬᠡᠷᠡᠭᠳᠡᠢ ᠬᠡᠵᠥ ᠵᠤᠷᠢᠬᠵᠢᠭᠤᠯᠪᠠ᠃      ᠮᠡᠳᠡᠬᠦᠯᠦᠯᠳᠡ ᠶᠢᠨ ᠬᠤᠷᠠᠯ ᠨᠢᠵᠢᠬᠢᠨᠡᠭᠰᠡᠨ ᠬᠠᠯᠠᠭᠤᠨ ᠠᠯᠠᠭ᠎ᠠ ᠳᠠᠰᠢᠯᠳᠠ ᠶᠢᠨ ᠳᠤᠮᠳᠠ ᠦᠨᠳᠦᠷᠯᠡᠵᠥ᠂ ᠤᠯᠠᠨ ᠢᠶᠠᠷ ᠢᠶᠠᠨ ᠬᠠᠮᠳᠤ ᠪᠠᠷ ︽ᠪᠢ ᠡᠬᠡ ᠤᠯᠤᠰ ᠲᠠᠢ ᠪᠠᠨ︾ ᠬᠡᠬᠦ ᠳᠠᠭᠤᠤ ᠶᠢ ᠳᠠᠭᠤᠯᠠᠵᠥ᠂ ᠰᠢᠨ᠎ᠡ ᠳᠤᠮᠳᠠᠳᠤ ᠤᠯᠤᠰ ᠪᠠᠶᠢᠭᠤᠯᠤᠬᠳᠠᠬᠰᠠᠨ 70 ᠵᠢᠯ ᠤᠨ ᠤᠢ ᠳᠤ ᠬᠦᠨᠳᠤᠳᠬᠡᠯ ᠢᠶᠠᠨ ᠳᠡᠪᠰᠢᠬᠦᠯᠪᠡ᠃ ᠮᠡᠳᠡᠬᠦᠯᠦᠯᠳᠡ ᠶᠢᠨ ᠬᠤᠷᠠᠯ ᠠᠴᠠ ᠡᠮᠤᠨ᠎ᠡ᠂ ᠯᠢ ᠵᠢᠢ ᠾᠧᠩ ᠳᠠᠷᠢᠶᠠᠯᠠᠩ ᠤᠨ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠬᠡᠳᠤ ᠰᠤᠷᠭᠠᠭᠤᠯᠢ ᠳᠤ ᠬᠦᠷᠴᠤ ᠲᠤᠭᠤᠷᠢᠨ ᠦᠵᠡᠵᠥ ᠪᠠᠶᠢᠴᠠᠭᠠᠨ ᠰᠤᠳᠤᠯᠪᠠ᠂ ᠳᠡᠷᠡ ᠵᠢᠭᠠᠨ ᠰᠤᠳᠤᠯᠬᠤ ᠳᠠᠰᠤᠭ᠂ ᠪᠠᠭᠰᠢ ᠶᠢᠨ ᠠᠯᠪᠠᠨ ᠬᠡᠷ ᠢᠶᠠᠷ ᠤᠷᠤᠵᠥ᠂ ᠦᠵᠡᠯ ᠰᠠᠨᠠᠭ᠎ᠠ ᠤᠯᠤᠰ ᠳᠦᠷᠦ ᠶᠢᠨ ᠬᠢᠴᠢᠶᠡᠯ ᠤᠨ ᠪᠠᠭᠰᠢ ᠨᠠᠷ ᠢ ᠡᠷᠬᠢᠨ ᠦᠵᠡᠵᠥ᠂ ᠵᠢᠭᠠᠬᠤ ᠳᠦᠰᠦᠪ᠂ ᠵᠢᠭᠠᠬᠤ ᠮᠠᠲ᠋ᠧᠷᠢᠶᠠᠯ ᠢ ᠤᠷᠪᠠᠭᠤᠯᠵᠤ ᠦᠵᠡᠨ᠂ ᠬᠢᠴᠢᠶᠡᠯ ᠳᠦᠷᠦᠯ ᠤᠨ ᠳᠤᠬᠢᠷᠠᠭᠤᠯᠤᠯᠳᠠ ᠵᠡᠷᠬᠡ ᠰᠤᠷᠭᠠᠨ ᠬᠦᠮᠦᠵᠢᠯ ᠵᠢᠭᠠᠨ ᠰᠤᠷᠭᠠᠯᠳᠠ ᠶᠢᠨ ᠪᠠᠶᠢᠳᠠᠯ ᠤᠨ ᠲᠤᠬᠠᠢ ᠦᠢᠯᠠᠭᠠᠪᠠ᠃ ᠳᠡᠷᠡ ᠦᠵᠡᠯ ᠰᠠᠨᠠᠭ᠎ᠠ ᠤᠯᠤᠰ ᠳᠦᠷᠦ ᠶᠢᠨ ᠬᠢᠴᠢᠶᠡᠯ ᠤᠨ ᠪᠠᠭᠰᠢ ᠨᠠᠷ ᠤᠬᠠᠮᠰᠠᠷ ᠠᠴᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ︽ᠤᠯᠤᠰ ᠲᠦᠷᠦ ᠪᠠᠳᠤ ᠴᠢᠩᠭ᠎ᠠ᠂ ᠬᠠᠶᠢᠷ᠎ᠠ ᠰᠡᠳᠬᠢᠯᠭᠡ ᠭᠦᠨ ᠵᠤᠵᠠᠭᠠᠨ᠂ ᠰᠡᠳᠬᠢᠬᠦᠢ ᠰᠢᠨ᠎ᠡ ᠰᠡᠪᠡᠬᠦᠨ᠂ ᠬᠠᠷᠠᠭ᠎ᠠ ᠦᠷᠭᠡᠨ ᠲᠡᠨᠢᠬᠡᠷ᠂ ᠪᠡᠶ᠎ᠡ ᠪᠠᠨ ᠴᠢᠩᠭ᠎ᠠ ᠱᠠᠭᠠᠷᠳᠠᠬᠤ᠂ ᠵᠠᠩ ᠰᠤᠷᠳᠠᠯ ᠲᠦᠪ ᠴᠢᠭᠡᠴᠢ︾ ᠪᠠᠶᠢᠬᠤ ᠱᠠᠭᠠᠷᠳᠠᠯᠭ᠎ᠠ ᠶᠤᠰᠤᠭᠠᠷ᠂ ᠪᠡᠶ᠎ᠠ ᠪᠠᠨ ᠱᠠᠭᠠᠷᠳᠠᠵᠤ᠂ ᠰᠤᠷᠭᠠᠨ ᠬᠦᠮᠦᠵᠢᠯ ᠡᠷᠬᠢᠯᠡᠬᠦ ᠪᠠ ᠵᠢᠭᠠᠨ ᠰᠤᠷᠭᠠᠵᠤ᠂ ᠨᠠᠮ ᠤᠨ ᠳᠦᠯᠦᠬᠡ ᠬᠦᠮᠦᠨ ᠢ ᠬᠦᠮᠦᠵᠢᠬᠦᠯᠵᠥ᠂ ᠤᠯᠤᠰ ᠤᠨ ᠳᠦᠯᠦᠬᠡ ᠴᠢᠳᠠᠪᠤᠷᠢᠳᠠᠨ ᠢ ᠬᠦᠮᠦᠵᠢᠬᠦᠯᠬᠦ ᠬᠡᠷᠡᠭᠳᠡᠢ ᠬᠡᠵᠥ ᠵᠠᠬᠢᠪᠠ᠃      ᠦᠪᠡᠷᠳᠡᠬᠡᠨ ᠵᠠᠰᠠᠬᠤ ᠤᠷᠤᠨ ᠤ ᠤᠳᠤᠷᠢᠳᠤᠯᠭ᠎ᠠ ᠯᠢᠨ ᠱᠤᠤ ᠴᠦᠨ᠂ ᠪᠠᠢ ᠢᠥᠢ ᠭᠠᠩ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠠᠵᠢᠯᠯᠠᠭ᠎ᠠ ᠳᠤ ᠤᠷᠤᠯᠴᠠᠪᠠ᠃ ᠦᠪᠡᠷᠳᠡᠬᠡᠨ ᠵᠠᠰᠠᠬᠤ ᠤᠷᠤᠨ ᠤ ᠶᠡᠭᠡ ᠳᠡᠬᠡᠳᠤ ᠰᠤᠷᠭᠠᠭᠤᠯᠢ ᠶᠢᠨ ᠪᠠᠭᠰᠢ ᠰᠤᠷᠤᠬᠴᠢᠳ ᠤᠨ ᠳᠦᠯᠦᠬᠡᠯᠡᠭᠴᠢ 700 ᠭᠠᠷᠤᠢ ᠬᠦᠮᠦᠨ ᠮᠡᠳᠡᠬᠦᠯᠦᠯᠳᠡ ᠶᠢ ᠰᠤᠨᠤᠰᠪᠠ᠃      
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号